ᠰᠢ ᠶᠢᠨ ᠫᠢᠩ ᠲᠦᠪ ᠤᠨ ᠴᠡᠷᠢᠭ ᠠᠷᠠᠳ ᠤᠨ ᠭᠡᠷᠡᠭᠯᠡᠭᠡ ᠶᠢ ᠠᠭᠤᠰᠤᠯᠴᠠᠭᠤᠯᠤᠨ ᠬᠦᠭᠵᠢᠬᠦᠯᠬᠦ ᠵᠦᠪᠯᠡᠯ ᠤᠨ ᠬᠤᠶᠠᠳᠤᠭᠠᠷ  ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-10-18
       ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠳ᠋ᠤᠭᠠᠷ ᠰᠠᠷ᠎ᠠ ᠶᠢᠨ 15 ᠤ ᠴᠠᠬᠢᠯᠭᠠᠨ ᠮᠡᠳᠡᠭᠡ ᠨᠠᠮ ᠤᠨ ᠲᠦᠪ ᠬᠤᠷᠢᠶ᠎ᠠ ᠶᠢᠨ  ᠶᠡᠷᠦᠩᠭᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠬᠦᠯᠡᠭᠴᠢ᠂ ᠲᠦᠪ ᠤᠨ  ᠴᠡᠷᠢᠭ ᠠᠷᠠᠳ ᠤᠨ ᠭᠡᠷᠡᠭᠯᠡᠭᠡ ᠶᠢ ᠠᠭᠤᠰᠤᠯᠴᠠᠭᠤᠯᠤᠨ ᠬᠦᠭᠵᠢᠬᠦᠯᠬᠦ ᠵᠦᠪᠯᠡᠯ ᠤᠨ ᠡᠷᠬᠢᠯᠡᠭᠴᠢ ᠰᠢ ᠶᠢᠨ ᠫᠢᠩ 10 ᠳ᠋ᠤᠭᠠᠷ ᠰᠠᠷ᠎ᠠ ᠶᠢᠨ 15 ᠤ ᠡᠳᠦᠷ ᠲᠦᠪ ᠤᠨ ᠴᠡᠷᠢᠭ ᠠᠷᠠᠳ ᠤᠨ ᠭᠡᠷᠡᠭᠯᠡᠭᠡ ᠶᠢ ᠠᠭᠤᠰᠤᠯᠴᠠᠭᠤᠯᠤᠨ ᠬᠦᠭᠵᠢᠬᠦᠯᠬᠦ ᠵᠦᠪᠯᠡᠯ ᠤᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠬᠠᠮᠳᠦ ᠴᠢᠬᠤᠯᠠ ᠶᠠᠷᠢᠶ᠎ᠠ ᠲᠠᠯᠪᠢᠵᠠᠢ᠃ ᠬᠤᠷᠠᠯ ᠠᠴᠠ ︽ᠴᠡᠷᠢᠭ  ᠠᠷᠠᠳ ᠤᠨ ᠭᠡᠷᠡᠭᠯᠡᠭᠡ ᠶᠢ ᠠᠭᠤᠰᠤᠯᠴᠠᠭᠤᠯᠤᠨ ᠬᠦᠭᠵᠢᠬᠦᠯᠬᠦ ᠬᠠᠤᠯᠢᠵᠢᠯ ᠤᠨ ᠪᠠᠶᠢᠭᠤᠯᠤᠯᠳᠠ ᠶᠢ ᠴᠢᠩᠭᠠᠳᠬᠠᠬᠤ ᠲᠤᠬᠠᠢ ᠰᠠᠨᠠᠯ︾ ᠢ ᠬᠢᠨᠡᠨ ᠵᠦᠪᠯᠡᠵᠦ ᠪᠠᠳᠤᠯᠠᠪᠠ᠃ ᠰᠢ ᠶᠢᠨ ᠫᠢᠩ᠂ ᠬᠠᠷᠢᠭᠤᠴᠠᠯᠭ᠎ᠠ ᠡᠬᠦᠷᠭᠡᠯᠡᠯ ᠢᠶᠠᠨ ᠴᠢᠩᠭᠠᠳᠬᠠᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠦᠴᠦᠳᠠᠢ ᠠᠳᠬᠤᠵᠦ᠂ ᠬᠠᠤᠯᠢᠵᠢᠯ ᠤᠨ ᠲᠦᠪᠰᠢᠨ ᠢ ᠳᠡᠭᠡᠭᠰᠢᠯᠡᠬᠦᠯᠤᠨ᠂ ᠪᠠᠶᠢᠭᠤᠯᠤᠮᠵᠢ ᠶᠢᠨ ᠦᠭᠡᠷᠡᠴᠢᠯᠡᠯᠳᠠ ᠶᠢ ᠬᠦᠨᠵᠡᠭᠡᠶᠢᠷᠡᠬᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠵᠢᠯᠴᠠᠨ ᠰᠢᠨ᠎ᠠ ᠶᠢ ᠡᠬᠦᠳᠬᠦ ᠶᠢ ᠠᠬᠢᠭᠤᠯᠵᠦ᠂  ᠴᠡᠷᠢᠭ ᠠᠷᠠᠳ ᠤᠨ ᠭᠡᠷᠡᠭᠯᠡᠭᠡ ᠶᠢᠨ ᠬᠦᠨᠵᠡᠭᠡᠢ ᠠᠭᠤᠰᠤᠯᠴᠠᠨ ᠬᠦᠭᠵᠢᠬᠦ ᠶᠢ ᠲᠦᠷᠭᠡᠳᠭᠡᠨ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃      ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠭᠡᠰᠢᠬᠦᠨ᠂ ᠲᠦᠪ ᠤᠨ ᠴᠡᠷᠢᠭ  ᠠᠷᠠᠳ ᠤᠨ ᠭᠡᠷᠡᠭᠯᠡᠭᠡ ᠶᠢ ᠠᠭᠤᠰᠤᠯᠴᠠᠭᠤᠯᠤᠨ ᠬᠦᠭᠵᠢᠬᠦᠯᠬᠦ ᠵᠦᠪᠯᠡᠯ ᠤᠨ ᠳᠡᠳ᠋ ᠡᠷᠬᠢᠯᠡᠭᠴᠢ ᠸᠠᠩ ᠬᠤ᠋ ᠨᠢᠩ᠂ ᠬᠠᠨ ᠵᠧᠩ  ᠬᠤᠷᠠᠯ ᠳᠤ ᠤᠷᠤᠯᠴᠠᠵᠠᠢ᠃              ᠬᠤᠷᠠᠯ ᠠᠴᠠ᠂ ᠲᠦᠪ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠦᠭᠵᠢᠭᠦᠯᠬᠦ ᠵᠦᠪᠯᠡᠯ ᠤᠨ ᠠᠩᠬᠠᠳᠤᠭᠠᠷ ᠬᠤᠷᠠᠯ ᠠᠴᠠ ᠨᠠᠭᠠᠰᠢ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ  ᠪᠠᠷᠢᠮᠳᠠᠯᠠᠨ᠂ ᠦᠵᠦ ᠲᠦᠯᠦᠪᠯᠡᠭᠡ ᠪᠠᠨ ᠴᠢᠩᠭᠠᠳᠬᠠᠵᠦ᠂ ᠪᠦᠬᠦ ᠲᠠᠯ᠎ᠠ ᠪᠠᠷ ᠦᠭᠡᠷᠡᠴᠢᠯᠡᠯᠳᠡ ᠬᠢᠵᠤ ᠰᠢᠨ᠎ᠠ ᠶᠢ ᠡᠭᠦᠳᠤᠨ᠂  ᠢᠳᠡᠪᠬᠢᠳᠠᠢ ᠪᠠᠷ ᠬᠠᠶᠢᠨ ᠰᠦᠪᠡᠭᠴᠢᠯᠡᠵᠤ ᠦᠢᠯᠡᠳᠦᠯᠭᠡᠵᠢᠭᠦᠯᠦᠬᠡᠳ ᠡᠯ᠎ᠠ ᠲᠠᠯ᠎ᠠ ᠶᠢᠨ ᠠᠵᠢᠯ ᠰᠢᠨ᠎ᠠ ᠠᠬᠢᠴᠠ ᠲᠠᠢ ᠪᠤᠯᠪᠠ ᠭᠡᠵᠤ  ᠦᠵᠡᠵᠠᠢ᠃              ᠬᠤᠷᠠᠯ ᠠᠴᠠ᠂ ︽ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠦᠭᠵᠢᠭᠦᠯᠬᠦ ᠬᠠᠤᠯᠢᠵᠢᠯ ᠤᠨ  ᠪᠠᠶᠢᠭᠤᠯᠤᠯᠳᠠ ᠶᠢ ᠴᠢᠩᠭᠠᠳᠬᠠᠬᠤ ᠲᠤᠬᠠᠢ ᠰᠠᠨᠠᠯ︾ ᠢ ᠲᠤᠭᠤᠰᠢᠯᠠᠭᠤᠯᠤᠨ ᠭᠡᠷᠡᠭᠵᠢᠬᠦᠯᠬᠦ ᠶᠢ ᠰᠠᠶᠢᠳᠤᠷ ᠠᠳᠬᠤᠵᠤ᠂ ᠬᠠᠤᠯᠢ  ᠳᠦᠷᠢᠮ ᠢ ᠲᠡᠭᠦᠯᠳᠡᠷᠵᠢᠭᠦᠯᠤᠨ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠬᠦᠷᠢᠶᠡᠨ ᠤ ᠬᠠᠤᠯᠢ ᠲᠤᠭᠳᠠᠭᠠᠬᠤ  ᠠᠵᠢᠯ ᠢ ᠠᠬᠢᠭᠤᠯᠵᠤ᠂ ᠭᠤᠤᠯᠳᠠᠯᠭ᠎ᠠ ᠲᠠᠢ ᠬᠦᠷᠢᠶᠡᠨ ᠳᠠᠬᠢ ᠬᠠᠤᠯᠢ ᠲᠤᠭᠳᠠᠭᠠᠯᠳᠠ ᠶᠢ ᠪᠦᠬᠦᠨ ᠢ ᠪᠦᠷᠬᠦᠭᠦᠯᠬᠦ ᠶᠢ ᠲᠦᠷᠭᠡᠳᠭᠡᠨ  ᠪᠡᠶᠡᠯᠡᠭᠦᠯᠬᠦ ᠬᠡᠷᠡᠭᠳᠠᠢ᠃ ᠬᠠᠤᠯᠢ ᠲᠤᠭᠳᠠᠭᠠᠬᠤ ᠶᠠᠰᠤ ᠴᠢᠨᠠᠷ ᠢ ᠳᠡᠭᠡᠭᠰᠢᠯᠡᠭᠦᠯᠵᠤ᠂ ᠬᠠᠤᠯᠢ ᠲᠤᠭᠳᠠᠭᠠᠬᠤ ᠬᠠᠤᠯᠢ ᠳᠤ ᠵᠠᠰᠠᠪᠤᠷᠢ  ᠤᠷᠤᠭᠤᠯᠬᠤ ᠬᠠᠤᠯᠢ ᠶᠢ ᠬᠦᠴᠦᠨ ᠦᠭᠡᠢ ᠪᠤᠯᠭᠠᠬᠤ ᠬᠠᠤᠯᠢ ᠴᠠᠭᠠᠵᠠ ᠶᠢᠨ ᠲᠠᠶᠢᠯᠪᠤᠷᠢ ᠬᠢᠬᠦ ᠶᠢ ᠵᠡᠷᠭᠡ ᠪᠠᠷ ᠴᠢᠬᠤᠯᠠᠴᠢᠯᠠᠵᠤ᠂  ᠦᠢᠯᠡᠳᠦᠯᠭᠡ ᠶᠢᠨ ᠬᠡᠷᠡᠭᠴᠡᠭᠡ ᠳᠤ ᠵᠤᠬᠢᠴᠠᠬᠤ ᠦᠭᠡᠢ ᠬᠠᠤᠯᠢ ᠲᠤᠭᠳᠠᠭᠠᠯ ᠤᠨ ᠪᠢᠴᠢᠭ ᠮᠠᠲ᠋ᠧᠷᠢᠶᠠᠯ ᠢ ᠴᠠᠭ ᠲᠤᠬᠠᠢ ᠳᠤᠨᠢ  ᠵᠠᠰᠠᠪᠤᠷᠢ ᠤᠷᠤᠭᠤᠯᠬᠤ ᠪᠤᠶᠤ ᠬᠦᠴᠦᠨ ᠦᠭᠡᠢ ᠪᠤᠯᠭᠠᠵᠤ᠂ ᠬᠠᠤᠯᠢ ᠳᠦᠷᠢᠮ ᠤᠨ ᠴᠠᠭᠴᠢ ᠴᠢᠨᠠᠷ᠂ ᠵᠤᠬᠢᠴᠠᠬᠤ ᠴᠢᠨᠠᠷ᠂  ᠬᠡᠷᠡᠭᠵᠢᠭᠦᠯᠵᠦ ᠪᠤᠯᠬᠤ ᠴᠢᠨᠠᠷ ᠢ ᠴᠢᠩᠭᠠᠳᠬᠠᠬᠤ ᠬᠡᠷᠡᠭᠳᠠᠢ᠃ ᠳᠦᠷᠢᠮ ᠲᠤᠭᠳᠠᠴᠠ ᠪᠠᠨ ᠲᠡᠭᠦᠯᠳᠡᠷᠵᠢᠭᠦᠯᠵᠤ᠂ ᠬᠠᠤᠯᠢ  ᠴᠠᠭᠠᠵᠠ ᠶᠢᠨ ᠬᠦᠷᠢᠶᠡᠨ ᠳᠤ ᠠᠰᠠᠭᠤᠳᠠᠯ ᠢ ᠪᠤᠳᠤᠯᠬᠢᠯᠠᠬᠤ᠂ ᠰᠢᠢᠳᠪᠤᠷᠢᠳᠦ ᠪᠤᠳᠤᠯᠭ᠎ᠠ ᠲᠤᠭᠳᠠᠭᠠᠬᠤ᠂ ᠠᠵᠢᠯ ᠶᠠᠪᠤᠳᠠᠯ ᠬᠢᠬᠦ ᠶᠢ  ᠪᠠᠳᠤᠯᠠᠬᠤ ᠬᠡᠷᠡᠭᠳᠠᠢ᠃ ᠬᠢᠨᠠᠨ ᠵᠦᠪᠰᠢᠶᠡᠷᠡᠬᠦ ᠵᠦᠢᠯ ᠢ ᠶᠡᠭᠡ ᠬᠡᠮᠵᠢᠶ᠎ᠠ ᠪᠠᠷ ᠴᠤᠮᠬᠠᠳᠬᠠᠵᠤ᠂ ᠵᠦᠪᠰᠢᠶᠡᠷᠡᠯ ᠤᠨ ᠨᠦᠬᠦᠴᠠᠯ  ᠪᠠᠷᠢᠮᠵᠢᠶ᠎ᠠ ᠶᠢ ᠳᠤᠷᠤᠭᠰᠢᠯᠠᠭᠤᠯᠵᠤ᠂ ᠳᠦᠷᠢᠮ ᠤᠨ ᠴᠢᠨᠠᠷᠳᠠᠢ ᠦᠪᠡᠷ ᠤᠨ ᠦᠷᠳᠡᠭ ᠢ ᠪᠠᠭᠤᠷᠠᠭᠤᠯᠤᠨ᠂ ᠨᠡᠶᠢᠭᠡᠮ ᠤᠨ  ᠦᠢᠯᠡᠳᠪᠦᠷᠢᠯᠡᠯ ᠤᠨ ᠬᠦᠴᠦᠨ ᠢ ᠴᠢᠯᠦᠭᠡᠯᠡᠬᠦ ᠬᠡᠷᠡᠭᠳᠠᠢ᠃ ᠬᠠᠤᠯᠢ ᠶᠤᠰᠤᠭᠠᠷ ᠰᠢᠢᠳᠪᠤᠷᠢᠳᠦ ᠪᠤᠳᠤᠯᠭ᠎ᠠ ᠲᠤᠭᠳᠠᠭᠠᠬᠤ ᠶᠢ  ᠪᠠᠷᠢᠮᠳᠠᠯᠠᠵᠦ᠂ ᠰᠢᠢᠳᠪᠤᠷᠢᠳᠦ ᠪᠤᠳᠤᠯᠭ᠎ᠠ ᠨᠢ ᠰᠢᠨᠵᠢᠯᠡᠬᠦ ᠤᠬᠠᠭᠠᠨᠴᠢ᠂ ᠳᠡᠰ ᠳᠠᠷᠠᠭᠠᠯᠠᠯ ᠨᠢ ᠵᠦᠢ ᠵᠤᠬᠢᠰᠳᠠᠢ᠂ ᠬᠠᠷᠢᠭᠤᠴᠠᠯᠭ᠎ᠠ  ᠳᠤᠳᠤᠷᠬᠠᠢ ᠪᠠᠶᠢᠬᠤ ᠶᠢ ᠪᠠᠳᠤᠯᠠᠬᠤ ᠬᠡᠷᠡᠭᠳᠠᠢ ᠭᠡᠵᠦ ᠴᠢᠬᠤᠯᠠᠴᠢᠯᠠᠪᠠ᠃              ᠬᠤᠷᠠᠯ ᠠᠴᠠ᠂ ᠡᠬᠦᠷᠭᠡ ᠴᠢᠳᠠᠪᠬᠢ ᠶᠢᠨ ᠬᠤᠪᠢᠷᠠᠯᠳᠠ ᠶᠢ ᠲᠦᠷᠭᠡᠳᠭᠡᠨ᠂ ᠵᠦᠪᠰᠢᠶᠡᠷᠡᠯ ᠤᠨ ᠨᠦᠬᠦᠴᠡᠯ ᠪᠠᠷᠢᠮᠵᠢᠶ᠎ᠠ ᠶᠢ  ᠲᠤᠷᠤᠬᠰᠢᠯᠠᠭᠤᠯᠵᠦ᠂ ᠲᠤᠭᠠᠴᠠᠭ᠎ᠠ ᠬᠢᠬᠦ᠂ ᠭᠠᠶᠢᠯᠢ ᠪᠤᠴᠠᠭᠠᠬᠤ᠂ ᠬᠢᠷᠢ ᠬᠡᠮ ᠤᠯᠭᠤᠬᠤ ᠵᠡᠷᠬᠡ ᠠᠵᠢᠯ ᠢ ᠰᠢᠯᠢᠳᠡᠭᠵᠢᠬᠦᠯᠵᠦ᠂  ᠳᠦᠷᠢᠮ ᠤᠨ ᠴᠢᠨᠠᠷᠳᠠᠢ ᠦᠪᠡᠷ ᠤᠨ ᠦᠷᠳᠡᠭ ᠢ ᠪᠠᠭᠤᠷᠠᠭᠤᠯᠤᠨ᠂ ᠨᠡᠶᠢᠭᠡᠮ ᠤᠨ ᠦᠢᠯᠡᠳᠪᠤᠷᠢᠯᠡᠯ ᠤᠨ ᠬᠦᠴᠦᠨ ᠢ ᠴᠢᠯᠦᠭᠡᠯᠡᠬᠦ  ᠬᠡᠷᠡᠭᠳᠡᠢ᠃ ᠤᠯᠠᠨ ᠨᠡᠶᠢᠳᠡ ᠪᠠᠷ ᠢᠶᠠᠨ ᠤᠷᠤᠯᠴᠠᠬᠤ ᠴᠢᠬᠤᠯᠠ ᠲᠠᠢ ᠬᠡᠷᠡᠭ ᠶᠠᠪᠤᠳᠠᠯ ᠤᠳ ᠢ ᠡᠷᠬᠡᠪᠰᠢ ᠬᠠᠤᠯᠢ ᠶᠤᠰᠤᠭᠠᠷ ᠡᠮᠬᠢ  ᠵᠢᠷᠦᠮ ᠲᠠᠢ ᠪᠠᠷ ᠢᠯᠡ ᠨᠡᠶᠢᠳᠡᠯᠡᠬᠦ ᠬᠡᠷᠡᠭᠳᠡᠢ᠃ ᠡᠷᠬᠡ ᠳᠡᠭᠰᠢ ᠤᠷᠴᠢᠨ ᠪᠠᠶᠢᠳᠠᠯ ᠢ ᠡᠬᠦᠳᠴᠤ᠂ ᠦᠷᠢᠰᠦᠯᠳᠦᠬᠦ ᠴᠢᠨᠠᠷᠳᠠᠢ  ᠬᠤᠳᠠᠯᠳᠤᠨ ᠠᠪᠬᠤ ᠶᠢ ᠬᠡᠷᠡᠭᠵᠢᠬᠦᠯᠤᠨ᠂ ᠤᠯᠤᠰ ᠤᠨ ᠦᠮᠴᠢᠯᠡᠯ ᠤᠨ ᠴᠡᠷᠢᠭ ᠤᠨ ᠠᠵᠤ ᠦᠢᠯᠡᠳᠪᠤᠷᠢ ᠶᠢᠨ ᠠᠵᠦ ᠠᠬᠤᠢᠢᠯᠡᠯ ᠢ  ᠬᠦᠳᠦᠯᠦᠨ ᠵᠢᠯᠤᠭᠤᠳᠴᠤ ᠪᠠᠶᠢᠭᠠᠳ ᠡᠮᠬᠢ ᠵᠢᠷᠦᠮ ᠲᠠᠢ ᠨᠡᠬᠡᠬᠡᠯᠳᠡ ᠬᠢᠵᠦ᠂ ᠠᠷᠠᠳ ᠤᠨ ᠬᠡᠷᠡᠭᠴᠡᠭᠡᠨ ᠤ ᠰᠢᠰᠲ᠋ᠧᠮ ᠤᠨ ᠪᠠ  ᠠᠷᠠᠳ ᠠᠴᠠ ᠡᠵᠡᠩᠨᠡᠭᠰᠡᠨ ᠠᠵᠦ ᠠᠬᠤᠢᠢᠯᠡᠯ ᠤᠨ ᠦᠷᠢᠰᠦᠯᠳᠦᠬᠡᠨ ᠳᠤ ᠤᠷᠤᠯᠴᠠᠬᠤ ᠬᠠᠷᠢᠴᠠᠯ ᠢ ᠳᠡᠬᠡᠭᠰᠢᠯᠡᠬᠦᠯᠬᠦ ᠬᠡᠷᠡᠭᠳᠡᠢ᠃  ᠳᠦᠷᠢᠮ ᠳᠤᠬᠳᠠᠭᠠᠯ ᠡᠷᠬᠡ ᠳᠡᠭᠰᠢ ᠪᠠᠶᠢᠬᠤ ᠱᠠᠭᠠᠷᠳᠠᠯᠭ᠎ᠠ ᠶᠤᠰᠤᠭᠠᠷ ᠪᠡᠯᠡ ᠤᠷᠤᠭᠤᠯᠬᠤ᠂ ᠭᠠᠶᠢᠯᠢ ᠳᠠᠳᠠᠪᠤᠷᠢᠯᠡᠬᠤ ᠂  ᠳᠠᠭᠠᠭᠠᠴᠢᠯᠠᠯᠳᠠ ᠲᠤᠭᠳᠠᠭᠠᠬᠤ ᠵᠡᠷᠬᠡ ᠳᠠᠯ᠎ᠠ ᠶᠢᠨ ᠳᠦᠷᠦ ᠶᠢᠨ ᠪᠤᠳᠤᠯᠭ᠎ᠠ ᠶᠢ ᠳᠡᠬᠦᠯᠳᠡᠷᠵᠢᠬᠦᠯᠵᠦ᠂ ᠡᠷᠬᠡ ᠶᠢᠨ ᠬᠠᠮᠠᠭᠠᠯᠠᠯᠳᠠ ᠶᠢ  ᠴᠡᠷᠢᠭ ᠠᠷᠠᠳ ᠤᠨ ᠭᠡᠷᠡᠭᠯᠡᠭᠡ ᠶᠢ ᠠᠭᠤᠰᠤᠯᠴᠠᠭᠤᠯᠤᠨ ᠬᠦᠭᠵᠢᠬᠦᠯᠬᠦ ᠶᠢᠨ ᠬᠠᠤᠯᠢ ᠳᠤᠬᠳᠠᠭᠠᠬᠤ᠂ ᠰᠢᠢᠳᠪᠤᠷᠢᠳᠦ ᠪᠤᠳᠤᠯᠭ᠎ᠠ  ᠳᠤᠭᠳᠠᠭᠠᠬᠤ᠂ ᠬᠠᠤᠯᠢ ᠬᠡᠷᠡᠭᠵᠢᠬᠦᠯᠬᠦ᠂ ᠬᠠᠤᠯᠢ ᠶᠠᠪᠤᠭᠤᠯᠬᠤ ᠵᠡᠷᠬᠡ ᠡᠯ᠎ᠠ ᠭᠤᠬᠴᠤᠭ᠎ᠠ ᠳᠤ ᠲᠤᠭᠤᠰᠢᠯᠠᠭᠤᠯᠵᠤ᠂ ᠡᠯ᠎ᠠ  ᠳᠦᠷᠦᠯ ᠤᠨ ᠭᠤᠤᠯ ᠴᠤᠬᠴᠠ ᠶᠢᠨ ᠬᠠᠤᠯᠢ ᠶᠤᠰᠤᠨ ᠤ ᠡᠷᠬᠡ ᠠᠰᠢᠬ ᠢ ᠪᠦᠳᠦᠮᠵᠢᠳᠡᠢ ᠬᠠᠮᠠᠭᠠᠯᠠᠬᠤ ᠬᠡᠷᠡᠭᠳᠡᠢ ᠬᠡᠵᠦ ᠵᠢᠭᠠᠵᠦ  ᠭᠠᠷᠭᠠᠪᠠ᠃              ᠬᠤᠷᠠᠯ ᠠᠴᠠ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠴᠢᠬᠤᠯᠠ ᠶᠡᠭᠡ ᠢᠨᠵᠧᠨᠧᠷᠢᠩ ᠪᠤᠯ ᠰᠢᠨᠵᠢᠯᠡᠬᠦ ᠤᠬᠠᠭᠠᠨ  ᠮᠡᠷᠬᠡᠵᠢᠯ ᠤᠨ ᠰᠢᠨ᠎ᠠ ᠶᠢ ᠡᠬᠦᠳᠬᠦ ᠶᠢ ᠠᠬᠢᠭᠤᠯᠬᠤ ᠪᠦᠳᠦᠮᠵᠢᠳᠡᠢ ᠠᠷᠭ᠎ᠠ ᠵᠠᠮ ᠮᠦᠨ᠃ ᠵᠠᠩᠬᠢᠯᠠᠭ᠎ᠠ ᠶᠢᠨ ᠭᠤᠤᠯᠯᠠᠬᠤ ᠮᠡᠷᠬᠡᠵᠢᠯ ᠢ  ᠰᠢᠪᠳᠤᠯᠬᠤ ᠪᠠᠷ ᠬᠦᠴᠦᠯᠡᠨ ᠴᠢᠷᠮᠠᠶᠢᠵᠤ᠂ ᠬᠠᠮᠤᠬ ᠤᠨ ᠪᠤᠳᠤᠯᠢᠶᠡᠠᠲᠠᠢ᠂ ᠬᠠᠮᠤᠬ ᠤᠨ ᠬᠦᠴᠢᠷ ᠪᠡᠷᠬᠡᠲᠠᠢ ᠪᠠᠶᠢᠳᠠᠯ ᠠᠴᠠ ᠭᠠᠷᠳᠠᠨ᠂  ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠪᠠᠷ ᠵᠢᠯᠤᠭᠤᠳᠤᠮᠵᠢ ᠪᠤᠯᠭᠠᠵᠦ᠂ ᠳᠠᠪᠠᠭᠤᠯᠢᠬ ᠬᠦᠴᠦᠨ ᠢᠶᠠᠨ ᠳᠦᠪᠯᠡᠷᠡᠬᠦᠯᠵᠦ  ᠬᠠᠮᠵᠢᠯᠴᠠᠨ ᠪᠤᠭᠤᠮᠳᠠ ᠰᠢᠪᠳᠤᠯᠵᠦ᠂ ᠡᠷᠳᠡᠬᠡᠨ ᠰᠢᠪᠳᠤᠯᠤᠯᠳᠠ ᠲᠠᠢ ᠪᠤᠯᠬᠤ ᠬᠡᠷᠡᠭᠳᠡᠢ᠃ ᠤᠯᠤᠰ ᠤᠨ ᠳᠤᠳᠤᠭᠠᠳᠤ ᠶᠢᠨ ᠮᠡᠷᠬᠡᠵᠢᠯ  ᠪᠤᠯᠤᠨ ᠦᠢᠯᠡᠳᠬᠦᠨ ᠢ ᠬᠡᠪᠴᠢᠶᠠᠵᠢᠬᠦᠯᠦᠨ ᠬᠡᠷᠡᠭᠯᠡᠬᠦ ᠶᠢ ᠦᠷᠬᠡᠳᠬᠡᠵᠦ᠂ ᠤᠯᠤᠰ ᠤᠨ ᠳᠤᠳᠤᠭᠠᠳᠤ ᠶᠢᠨ ᠦᠢᠯᠡᠳᠬᠦᠨ ᠳᠤ ᠨᠡᠩ  ᠢᠯᠡᠭᠦᠦ ᠰᠠᠭᠤᠷᠢᠯᠠᠵᠦ ᠪᠠᠶᠢᠭᠠᠳ ᠰᠤᠳᠤᠯᠤᠨ ᠦᠢᠯᠡᠳᠬᠦ ᠠᠵᠢᠯ ‍ᠦᠷᠨᠢᠬᠦᠯᠵᠦ᠂ ᠬᠡᠷᠡᠭᠯᠡᠬᠦ ᠶᠠᠪᠤᠴᠠ ᠳᠠᠭᠠᠨ ᠳᠠᠰᠤᠷᠠᠯᠳᠠ ᠦᠬᠡᠢ  ᠤᠯᠠᠷᠢᠭᠤᠯᠤᠨ ᠰᠢᠯᠢᠳᠡᠭᠵᠢᠬᠦᠯᠵᠦ᠂ ᠡᠬᠦᠨ ᠤ ᠤᠯᠠᠮ ᠢᠶᠠᠷ ᠤᠯᠤᠰ ᠤᠨ ᠪᠦᠬᠦᠯᠢ ᠴᠤᠬᠴᠠ ᠶᠢᠨ ᠰᠢᠨ᠎ᠠ ᠶᠢ ᠡᠬᠦᠳᠬᠦ ᠪᠤᠳᠠᠳᠤ  ᠬᠦᠴᠦᠨ ᠢ ᠳᠡᠬᠡᠭᠰᠢᠯᠡᠬᠦᠯᠬᠦ ᠬᠡᠷᠡᠭᠳᠡᠢ᠃ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠶᠢᠨ ᠦᠷ᠎ᠠ ᠠᠰᠢᠬ ᠢ ᠳᠡᠬᠡᠭᠰᠢᠯᠡᠬᠦᠯᠵᠦ᠂  ᠡᠬᠢ ᠪᠠᠶᠠᠯᠢᠬ ᠢ ᠨᠢᠬᠡᠳᠦᠯᠳᠡᠢ ᠳᠦᠯᠦᠪᠵᠢᠬᠦᠯᠦᠨ ᠳᠤᠬᠢᠷᠠᠭᠤᠯᠵᠦ᠂ ᠪᠦᠬᠦᠯᠢ ᠴᠤᠬᠴᠠ ᠶᠢᠨ ᠴᠢᠳᠠᠪᠬᠢ ᠪᠠᠷ ᠬᠠᠮᠤᠬ ᠤᠨ ᠰᠢᠯᠢᠳᠡᠭ᠂ ᠶᠡᠷᠦᠩᠬᠡᠶᠢᠯᠡᠭᠰᠡᠨ ᠦᠷ᠎ᠠ ᠠᠰᠢᠬ ᠢᠶᠠᠷ ᠬᠠᠮᠤᠬ ᠤᠨ ᠵᠩᠡ ᠪᠠᠶᠢᠬᠤ ᠶᠢ ᠴᠢᠷᠮᠠᠶᠢᠨ ᠪᠠᠶᠡᠯᠡᠬᠦᠯᠬᠦ ᠬᠡᠷᠡᠭᠳᠡᠢ ᠬᠡᠵᠦ ᠴᠢᠬᠤᠯᠠᠴᠢᠯᠠᠪᠠ᠃                ᠬᠤᠷᠠᠯ ᠠᠴᠠ᠂ ᠨᠠᠮ ᠤᠨ ᠲᠦᠪ ᠬᠤᠷᠢᠶ᠎ᠠ ᠶᠢᠨ ᠲᠦᠪᠯᠡᠷᠡᠩᠭᠦᠢ ᠨᠢᠭᠡᠲᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠮᠠᠨ ᠤ  ᠤᠯᠤᠰ ᠤᠨ ᠨᠡᠶᠢᠭᠡᠮ ᠵᠢᠷᠦᠮ ᠤᠨ ᠪᠠᠶᠢᠭᠤᠯᠤᠯ ᠤᠨ ᠬᠦᠴᠦᠨ ᠢ ᠲᠦᠪᠯᠡᠷᠡᠭᠦᠯᠤᠨ ᠲᠤᠮᠤ ᠶᠠᠪᠤᠳᠠᠯ ᠢ ᠪᠦᠲᠦᠭᠡᠵᠦ ᠳᠡᠶᠢᠯᠬᠦ ᠤᠯᠤᠰ  ᠲᠦᠷᠦ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠠᠮᠢᠶ᠎ᠠ ᠪᠦᠬᠦᠢ ᠴᠢᠬᠤᠯᠠ ᠶᠡᠭᠡ ᠢᠨᠵᠧᠨᠧᠷᠢᠩ᠂ ᠴᠢᠬᠤᠯᠠ ᠶᠡᠭᠡ  ᠲᠦᠯᠦᠪᠯᠡᠭᠡ᠂ ᠴᠢᠬᠤᠯᠠ ᠶᠡᠭᠡ ᠲᠦᠷᠦᠯ ᠵᠦᠢᠯ ᠢ ᠨᠢᠭᠡᠲᠦᠯᠲᠡᠢ ᠵᠤᠬᠢᠴᠠᠭᠤᠯᠤᠨ᠂ ᠬᠡᠷᠡᠭᠴᠡᠭᠡ ᠪᠦᠬᠦᠢ ᠬᠦᠮᠦᠨ᠂ ᠪᠡᠯᠡ ᠮᠦᠡᠭᠭᠦ᠂  ᠡᠳ᠋ ᠪᠤᠳᠠᠰ ᠵᠡᠷᠭᠡ ᠰᠢᠨ᠎ᠠ ᠶᠢ ᠡᠭᠦᠳᠬᠦ ᠡᠬᠢ ᠪᠠᠶᠠᠯᠢᠭ ᠢ ᠨᠢᠭᠡᠲᠦᠯᠲᠡᠢ ᠲᠤᠬᠢᠷᠠᠭᠤᠯᠵᠦ᠂ ᠪᠦᠬᠦᠯᠢ ᠴᠤᠬᠴᠠ ᠶᠢᠨ ᠬᠠᠮᠳᠤᠷᠠᠯ  ᠬᠦᠴᠦᠨ ᠢ ᠪᠦᠷᠢᠯᠳᠦᠭᠦᠯᠬᠦ ᠬᠡᠷᠡᠭᠲᠡᠢ᠃ ᠡᠯ᠎ᠠ ᠬᠤᠯᠪᠤᠬᠳᠠᠯ ᠪᠦᠬᠦᠢ ᠰᠠᠯᠠᠭ᠎ᠠ ᠮᠦᠴᠢᠷ ᠪᠤᠯᠤᠨ ᠭᠠᠵᠠᠷ ᠤᠷᠤᠨ ᠤ ᠬᠢᠨ ︽ ᠳᠦᠷᠪᠡᠨ ᠤᠬᠠᠮᠰᠠᠷ ︾ ᠢᠶᠠᠨ ᠴᠢᠩᠭᠠᠳᠬᠠᠨ᠂ ︽ᠳᠦᠷᠪᠡᠨ ᠢᠲᠡᠭᠡᠯ︾ ᠢᠶᠠᠨ ᠪᠠᠲᠤᠳᠬᠠᠵᠤ᠂ ᠬᠠᠳᠠᠭᠠᠰᠤ ᠬᠠᠲᠠᠬᠤ ᠵᠤᠷᠢᠭ  ᠰᠠᠨᠠᠭ᠎ᠠ ᠶᠢ ᠪᠠᠳᠠᠷᠠᠭᠤᠯᠤᠨ᠂ ᠪᠤᠳᠠᠲᠠᠢ ᠪᠠᠷ ᠠᠵᠢᠯᠯᠠᠵᠤ ᠰᠢᠷᠭᠠᠭᠤ ᠬᠠᠲᠠᠭᠤᠵᠢᠯᠲᠠᠢ ᠠᠵᠢᠯᠯᠠᠵᠤ᠂ ᠴᠡᠷᠢᠭ ᠠᠷᠠᠳ ᠤᠨ ᠬᠡᠷᠡᠭᠯᠡᠭᠡ ᠶᠢ  ᠠᠭᠤᠰᠤᠯᠴᠠᠭᠤᠯᠤᠨ ᠬᠦᠭᠵᠢᠭᠦᠯᠬᠦ ᠰᠢᠨ᠎ᠠ ᠦᠷ᠎ᠠ ᠪᠦᠲᠦᠮᠵᠢ ᠶᠢ ᠲᠠᠰᠤᠷᠠᠯᠲᠠ ᠦᠭᠡᠢ ᠤᠯᠬᠤ ᠬᠡᠷᠡᠭᠲᠡᠢ᠃ ᠠᠵᠢᠯ ᠤᠨ  ᠪᠠᠶᠢᠭᠤᠯᠤᠮᠵᠢ ᠶᠢᠨ ᠪᠠᠶᠢᠭᠤᠯᠤᠯᠲᠠ ᠶᠢ ᠲᠦᠷᠭᠡᠳᠭᠡᠵᠦ᠂ ᠪᠠᠶᠢᠭᠤᠯᠤᠮᠵᠢ ᠪᠦᠷᠢᠨ ᠲᠡᠭᠦᠯᠳᠡᠷ ᠂ ᠡᠭᠦᠷᠭᠡ ᠴᠢᠳᠠᠪᠬᠢ ᠪᠦᠷᠢᠨ ᠲᠡᠭᠦᠯᠲᠡᠷ  ᠂ ᠠᠵᠢᠯᠲᠠᠨ ᠪᠦᠷᠢᠨ ᠭᠦᠢᠴᠡᠳ ᠪᠠᠶᠢᠳᠠᠯ ᠢ ᠲᠦᠷᠭᠡᠪᠴᠢᠯᠡᠨ ᠪᠡᠶᠡᠯᠡᠭᠦᠯᠵᠦ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ  ᠴᠢᠩᠭᠠᠳᠬᠠᠬᠤ ᠬᠡᠷᠡᠭᠲᠡᠢ᠃ ᠵᠤᠷᠢᠬᠲᠠᠢ ᠪᠠᠷ ᠬᠦᠴᠢᠷ ᠠᠰᠠᠭᠤᠳᠠᠯ ᠢ ᠬᠦᠨᠳᠡᠵᠦ᠂ ᠰᠢᠨ᠎ᠠ ᠶᠢ ᠡᠭᠦᠳᠬᠦ ᠦᠢᠯᠡᠳᠦᠯᠭᠡ ᠶᠢ  ᠢᠳᠡᠪᠬᠢᠲᠡᠢ ᠪᠠᠷ ᠦᠷᠨᠢᠭᠦᠯᠬᠦ ᠬᠡᠷᠡᠭᠲᠡᠢ᠃ ᠡᠯ᠎ᠠ ᠱᠠᠲᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠴᠡᠷᠢᠭ ᠠᠷᠠᠳ ᠤᠨ  ᠬᠡᠷᠡᠭᠯᠡᠭᠡ ᠶᠢ ᠠᠭᠤᠰᠤᠯᠴᠠᠭᠤᠯᠤᠨ ᠬᠦᠭᠵᠢᠭᠦᠯᠬᠦ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠴᠢᠬᠤᠯᠠ ᠶᠡᠭᠡ ᠤᠯᠤᠰ  ᠲᠦᠷᠦ ᠶᠢᠨ ᠬᠠᠷᠢᠭᠤᠴᠠᠯᠭ᠎ᠠ ᠪᠠᠨ ᠪᠤᠯᠭᠠᠵᠤ᠂ ᠤᠬᠠᠮᠰᠠᠷ ᠠᠴᠠ ᠪᠠᠨ ᠶᠡᠭᠡ ᠲᠠᠯ᠎ᠠ ᠶᠢ ᠲᠠᠭᠠᠨ ᠴᠢᠭᠯᠡᠯ ᠢᠶᠠᠨ ᠡᠵᠡᠮᠳᠡᠵᠤ ᠲᠦᠷᠦ ᠶᠢᠨ  ᠪᠤᠳᠤᠯᠭ᠎ᠠ ᠲᠤᠬᠲᠠᠭᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠤᠷᠢᠬᠲᠠᠢ ᠪᠠᠷ ᠦᠭᠡᠷᠡᠴᠢᠯᠡᠨ ᠰᠢᠨᠡᠴᠢᠯᠡᠵᠦ᠂ ᠰᠢᠷᠭᠠᠭᠤ  ᠬᠠᠲᠠᠭᠤᠵᠢᠯᠲᠠᠢ ᠪᠠᠷ ᠠᠵᠢᠯᠯᠠᠬᠤ ᠶᠢ ᠪᠠᠷᠢᠮᠲᠠᠯᠠᠵᠤ᠂ ᠴᠡᠷᠢᠭ ᠠᠷᠠᠳ ᠤᠨ ᠬᠡᠷᠡᠭᠯᠡᠭᠡ ᠶᠢᠨ ᠬᠦᠨᠵᠡᠭᠡᠢ ᠠᠭᠤᠰᠤᠯᠴᠠᠨ ᠬᠦᠭᠵᠢᠭᠰᠡᠨ  ᠰᠢᠨ᠎ᠠ ᠪᠠᠶᠢᠳᠠᠯ ᠢ ᠲᠠᠰᠤᠷᠠᠯᠲᠠ ᠦᠭᠡᠢ ᠡᠬᠦᠳᠬᠦ ᠬᠡᠷᠡᠭᠲᠡᠢ ᠭᠡᠵᠦ ᠱᠠᠭᠠᠷᠳᠠᠪᠠ᠃                ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                ᠲᠦᠪ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠦᠭᠵᠢᠭᠦᠯᠬᠦ ᠵᠦᠪᠯᠡᠯ ᠤᠨ ᠳᠡᠳ᠋ ᠡᠷᠬᠢᠯᠡᠭᠴᠢ᠂  ᠭᠡᠰᠢᠭᠦᠳ ᠬᠤᠷᠠᠯ ᠳᠤ ᠤᠷᠤᠯᠴᠠᠵᠤ᠂ ᠲᠦᠪ ᠪᠠ ᠲᠦᠷᠦ ᠶᠢᠨ ᠪᠠᠶᠢᠭᠤᠯᠭ᠎ᠠ ᠵᠢᠴᠢ ᠴᠡᠷᠢᠭ ᠤᠨ ᠶᠠᠪᠤᠳᠠᠯ ᠤᠨ ᠬᠤᠷᠢᠶ᠎ᠠ ᠶᠢᠨ  ᠪᠠᠶᠢᠭᠤᠯᠭ᠎ᠠ ᠶᠢᠨ ᠬᠤᠯᠪᠤᠬᠳᠠᠯ ᠪᠦᠬᠦᠢ ᠬᠠᠷᠢᠭᠤᠴᠠᠯᠭᠠᠲᠠᠨ ᠨᠦᠭᠦᠳ ᠬᠤᠷᠠᠯ ᠳᠤ ᠰᠤᠯᠠ ᠤᠷᠤᠯᠴᠠᠪᠠ᠃  
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1