| | | ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠷᠴᠢᠨ ᠲᠤᠭᠤᠷᠢᠨ ᠤ | ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠬᠤ ᠲᠤᠬᠠᠢ ᠴᠢᠬᠤᠯᠠ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ | ᠬᠦᠨᠵᠡᠭᠡᠢ ᠲᠤᠭᠤᠰᠢᠯᠠᠭᠤᠯᠤᠨ ᠨᠡᠶᠢᠳᠡᠪᠦᠷᠢᠵᠢᠭᠤᠯᠬᠤ ᠶᠢᠨ ᠲᠦᠯᠦᠭᠡ᠂ 2018 ᠣᠨ ᠤ 6 ᠳ᠋ᠤᠭᠠᠷ ᠰᠠᠷ᠎ᠠ ᠶᠢᠨ | 6 ᠤ ᠡᠳᠦᠷ ᠠᠴᠠ 7 ᠳ᠋ᠤᠭᠠᠷ ᠰᠠᠷ᠎ᠠ ᠶᠢᠨ 6 ᠤ ᠡᠳᠦᠷ ᠪᠤᠯᠳᠠᠯ᠎ᠠ᠂ ᠲᠦᠪ ᠤᠨ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠬᠤᠶᠠᠳᠤᠭᠠᠷ ᠰᠢᠮᠳᠠᠭᠤᠯᠤᠨ ᠪᠠᠶᠢᠴᠠᠭᠠᠬᠤ ᠲᠤᠭᠤᠶᠢᠯᠠᠩ ︵ᠲᠤᠷᠤᠬᠰᠢ ᠰᠢᠮᠳᠠᠭᠤᠯᠤᠨ | ᠪᠠᠶᠢᠴᠠᠭᠠᠬᠤ ᠲᠤᠭᠤᠶᠢᠯᠠᠩ ᠬᠡᠵᠤ ᠲᠦᠭᠦᠮᠴᠢᠯᠡᠪᠡ︶ ᠠᠴᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠨᠢᠭᠡᠳᠦᠭᠡᠷ ᠡᠭᠡᠯᠵᠢ ᠶᠢᠨ ᠰᠢᠮᠳᠠᠭᠤᠯᠤᠨ ᠪᠠᠶᠢᠴᠠᠭᠠᠯᠳᠠ ᠪᠠᠷ | ᠴᠡᠭᠴᠡᠯᠡᠨ ᠰᠠᠶᠢᠵᠢᠷᠠᠭᠤᠯᠤᠬᠰᠠᠨ ᠪᠠᠶᠢᠳᠠᠯ ᠳᠤ ᠪᠣᠴᠠᠵᠤ ᠪᠠᠶᠢᠴᠠᠭᠠᠨ ᠦᠵᠡᠬᠦ ᠠᠵᠢᠯᠯᠠᠭ᠎ᠠ ᠦᠷᠨᠢᠭᠦᠯᠵᠤ᠂ ᠨᠤᠳᠤᠭ | ᠪᠡᠯᠴᠢᠭᠡᠷ ᠤᠨ ᠠᠮᠢ ᠠᠬᠤᠢ ᠶᠢᠨ ᠤᠷᠴᠢᠨ ᠲᠤᠭᠤᠷᠢᠨ ᠤ ᠠᠰᠠᠭᠤᠳᠠᠯ ᠳᠤ ᠴᠢᠭᠯᠡᠭᠦᠯᠦᠨ ᠲᠤᠰᠬᠠᠢ ᠰᠢᠮᠳᠠᠭᠤᠯᠤᠨ | ᠪᠠᠶᠢᠴᠠᠭᠠᠯᠳᠠ ᠶᠢ ᠨᠢᠭᠡᠳᠦᠯᠳᠡᠢ ᠲᠤᠬᠢᠷᠠᠭᠤᠯᠤᠬᠰᠠᠨ ᠪᠦᠭᠡᠳ ᠰᠢᠮᠳᠠᠭᠤᠯᠤᠨ ᠪᠠᠶᠢᠴᠠᠭᠠᠬᠰᠠᠨ ᠰᠠᠨᠠᠯ ᠢ | ᠪᠦᠷᠢᠯᠳᠦᠭᠦᠯᠵᠡᠢ᠃ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠦᠪᠰᠢᠶᠡᠷᠡᠯ ᠢᠶᠠᠷ᠂ | ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠬᠢᠨ 2018 ᠣᠨ ᠤ 10 ᠳ᠋ᠤᠭᠠᠷ ᠰᠠᠷ᠎ᠠ ᠶᠢᠨ 17 ᠤ ᠡᠳᠦᠷ᠂ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠤ ᠬᠠᠷᠢᠭᠤ ᠲᠤᠰᠬᠠᠪᠠ᠃ ᠲᠦᠪ ᠤᠨ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠶᠠᠳᠤᠭᠠᠷ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠲᠠᠷᠤᠭ᠎ᠠ | ᠡᠦ ᠰᠢᠨ ᠰᠢᠶᠥ᠋ᠩ ᠰᠢᠮᠳᠠᠭᠤᠯᠤᠨ ᠪᠠᠶᠢᠴᠠᠭᠠᠬᠰᠠᠨ ᠰᠠᠨᠠᠯ ᠢ ᠵᠠᠷᠯᠠᠨ ᠨᠡᠶᠢᠳᠡᠯᠡᠵᠤ᠂ ᠦᠪᠡᠷᠳᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠤᠪᠤᠷ ᠢᠶᠠᠨ ᠢᠯᠡᠳᠭᠡᠭᠦ ᠦᠭᠡ ᠬᠡᠯᠡᠵᠤ᠂ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ | ᠯᠢᠨ ᠬᠠᠷᠢᠭᠤ ᠲᠤᠰᠬᠠᠬᠤ ᠬᠤᠷᠠᠯ ᠢ ᠡᠷᠬᠢᠯᠡᠵᠤ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠬᠤᠶᠠᠳᠤᠭᠠᠷ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠲᠡᠳ᠋ ᠲᠠᠷᠤᠭ᠎ᠠ ᠵᠠᠢ ᠴᠢᠩ᠂ ᠰᠢᠮᠳᠠᠭᠤᠯᠤᠨ | ᠪᠠᠶᠢᠴᠠᠭᠠᠬᠤ ᠲᠤᠭᠤᠶᠢᠯᠠᠩ ᠤᠨ ᠬᠠᠮᠢᠶ᠎ᠠ ᠪᠦᠬᠦᠢ ᠬᠦᠮᠦᠰ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠠᠷᠠᠳ ᠤᠨ ᠵᠠᠰᠠᠭ ᠤᠨ ᠤᠷᠳᠤᠨ᠂ | ᠤᠯᠤᠰ ᠲᠦᠷᠦ ᠶᠢᠨ ᠵᠦᠪᠯᠡᠯᠭᠡᠨ ᠤ ᠬᠠᠮᠢᠶ᠎ᠠ ᠪᠦᠬᠦᠢ ᠤᠳᠤᠷᠢᠳᠬᠤ ᠨᠦᠬᠦᠳ ᠵᠢᠴᠢ ᠡᠯ᠎ᠠ ᠬᠠᠮᠢᠶ᠎ᠠ ᠪᠦᠬᠦᠢ | ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠬᠤᠷᠠᠯ ᠳᠤ ᠤᠷᠤᠯᠴᠠᠵᠠᠢ᠃ | ᠰᠢᠮᠳᠠᠭᠤᠯᠤᠨ ᠪᠠᠶᠢᠴᠠᠭᠠᠭᠰᠠᠨ ᠰᠠᠨᠠᠯ ᠳᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ | ᠵᠠᠰᠠᠭ ᠤᠨ ᠤᠷᠳᠤᠨ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠤᠯᠤᠨ ᠨᠠᠮ ᠤᠨ ᠲᠦᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ | ᠬᠢᠨᠠᠮᠠᠭᠠᠢ ᠲᠤᠭᠤᠰᠢᠯᠠᠭᠤᠯᠤᠨ ᠨᠡᠶᠢᠳᠡᠪᠦᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠡᠷᠬᠢᠮ ᠨᠠᠨᠳᠢᠨ | ᠬᠦᠰᠡᠯ ᠨᠡᠶᠢᠳᠡᠯᠭ᠎ᠠ ᠶᠢ ᠪᠠᠳᠤ ᠴᠡᠭᠡᠵᠢᠯᠡᠵᠤ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ | ᠪᠠᠶᠢᠴᠠᠭᠠᠯᠳᠠ ᠪᠠᠷ ᠴᠡᠭᠴᠡᠯᠡᠨ ᠰᠠᠶᠢᠵᠢᠷᠠᠭᠤᠯᠬᠤ ᠶᠢ ᠶᠡᠭᠡ ᠪᠠᠷ ᠠᠬᠢᠭᠤᠯᠵᠤ᠂ ᠴᠢᠬᠤᠯᠠ ᠠᠬᠢᠴᠠ ᠪᠠ ᠦᠷ᠎ᠡ | ᠪᠦᠳᠦᠮᠵᠢ ᠶᠢ ᠤᠯᠤᠭᠰᠠᠨ ᠪᠠᠶᠢᠨ᠎ᠠ ᠭᠡᠵᠦ ᠦᠵᠡᠵᠡᠢ᠃ | 2016 ᠣᠨ ᠳᠤ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠬᠤ | ᠠᠵᠢᠯ ᠦᠷᠨᠢᠭᠰᠡᠨ ᠠᠴᠠ ᠨᠠᠭᠠᠰᠢ᠂ ᠦᠪᠡᠷᠳᠡᠭᠡᠨ ᠵᠠᠰᠠᠬᠤ ᠤᠷᠤᠨ ᠵᠤᠬᠢᠶᠠᠨ ᠪᠠᠶᠢᠭᠤᠯᠵᠤ ᠪᠠᠶᠢᠷᠢᠯᠠᠭᠤᠯᠬᠤ ᠪᠠᠨ | ᠲᠠᠰᠤᠷᠠᠯᠳᠠ ᠦᠭᠡᠢ ᠴᠢᠩᠭᠠᠳᠬᠠᠨ᠂ ᠨᠠᠮ ᠵᠠᠰᠠᠭ ᠤᠨ ᠭᠤᠤᠯ ᠤᠳᠤᠷᠢᠳᠤᠯᠭ᠎ᠠ ᠠᠮᠢ ᠠᠬᠤᠢ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠠᠵᠢᠯ ᠤᠨ ᠲᠤᠬᠠᠢ 130 ᠭᠠᠷᠤᠢ ᠤᠳᠠᠭ᠎ᠠ ᠴᠤᠬᠤᠯᠠᠪᠤᠷᠢ ᠦᠭᠪᠡ︔ ᠴᠡᠭᠴᠡᠯᠡᠨ | ᠰᠠᠶᠢᠵᠢᠷᠠᠭᠤᠯᠬᠤ ᠠᠵᠢᠯ ᠤᠨ ᠤᠳᠤᠷᠢᠳᠬᠤ ᠲᠤᠭᠤᠶᠢᠯᠠᠩ ᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠲᠦᠰᠦᠯ ᠢ | ᠲᠤᠬᠳᠠᠭᠠᠨ᠂ ᠴᠡᠭᠴᠡᠯᠡᠨ ᠰᠠᠶᠢᠵᠢᠷᠠᠭᠤᠯᠬᠤ ᠨᠠᠷᠢᠨ ᠲᠠᠩᠰᠠ ᠪᠠᠶᠢᠭᠤᠯᠵᠤ᠂ ᠲᠠᠩᠰᠠ ᠬᠠᠷ᠎ᠠ ᠶᠢᠨ ᠬᠠᠮᠢᠶᠠᠷᠤᠯᠳᠠ ᠶᠢ | ᠬᠡᠷᠡᠭᠵᠢᠭᠦᠯᠪᠡ᠃ ᠬᠦᠯᠦᠨ ᠨᠠᠭᠤᠷ᠂ ᠤᠯᠠᠭᠠᠨᠰᠤᠬᠠᠢ᠂ ᠲᠠᠭ᠎ᠠ ᠶᠢᠨ ᠨᠠᠭᠤᠷ ᠵᠡᠷᠭᠡ ᠶᠢ ᠵᠠᠰᠠᠵᠤ᠂ ︽ᠭᠤᠤᠯ ᠤᠨ | ᠤᠰᠤ ᠶᠢ ᠨᠠᠭᠤᠷ ᠲᠤ ᠲᠠᠳᠠᠬᠤ︾ ᠵᠢᠴᠢ ︽ᠭᠤᠤᠯ ᠮᠦᠷᠡᠨ ᠨᠠᠭᠤᠷ ᠴᠦᠭᠦᠷᠦᠮ ᠢ ᠬᠤᠯᠪᠤᠨ ᠨᠡᠪᠳᠡᠷᠡᠭᠦᠯᠭᠦ︾ | ᠢᠨᠵᠧᠨᠧᠷᠢᠩ ᠢ ᠬᠡᠷᠡᠭᠵᠢᠭᠦᠯᠵᠤ᠂ ᠬᠦᠯᠦᠨ ᠨᠠᠭᠤᠷ ᠲᠤ ᠤᠷᠤᠭᠤᠯᠬᠤ ᠵᠢᠯ ᠤᠨ ᠤᠰᠤᠨ ᠤ ᠬᠡᠮᠵᠢᠶ᠎ᠠ 11 | ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠪᠤᠯᠤᠨ ᠨᠡᠮᠡᠭᠳᠡᠵᠤ᠂ ᠤᠰᠤᠨ ᠲᠦᠪᠰᠢᠨ ᠪᠤᠯᠤᠨ ᠤᠰᠤᠨ | ᠭᠠᠳᠠᠷᠭᠤ ᠶᠢᠨ ᠲᠠᠯᠠᠪᠠᠢ ᠨᠢ ᠲᠤᠰ ᠲᠤᠰ 543.1 ᠮᠧᠲᠷ ᠪᠠ 2041 ᠲᠡᠭᠰᠢ ᠲᠦᠷᠪᠡᠯᠵᠢᠨ ᠺᠢᠯᠦᠮᠧᠳ᠋ᠷ ᠲᠤ | ᠬᠦᠷᠪᠡ︔ ᠤᠯᠠᠭᠠᠨᠰᠤᠬᠠᠢ ᠶᠢᠨ ᠲᠤᠤᠷᠵᠢᠬᠰᠠᠨ ᠤᠰᠤᠨ ᠵᠠᠮ ᠤᠨ ᠪᠠᠷᠢᠯᠭ᠎ᠠ ᠶᠢ ᠬᠡᠷᠡᠭᠵᠢᠭᠦᠯᠵᠤ᠂ ᠠᠮᠢ ᠠᠬᠤᠢ ᠶᠢᠨ | ᠤᠰᠤ ᠨᠦᠬᠦᠪᠦᠷᠢᠯᠡᠭᠰᠡᠨ ᠠᠴᠠ ᠨᠠᠭᠤᠷ ᠤᠨ ᠤᠰᠤᠨ ᠲᠦᠪᠰᠢᠨ ᠲᠡᠭᠡᠭᠰᠢᠯᠡᠵᠤ᠂ ᠤᠰᠤᠨ ᠤ ᠴᠢᠨᠠᠷ 2015 ᠣᠨ ᠤ | ᠮᠠᠭᠤ V ᠲᠦᠷᠦᠯ ᠠᠴᠠ ᠪᠠᠨ V ᠲᠦᠷᠦᠯ ᠪᠤᠯᠵᠤ ᠲᠡᠭᠡᠭᠰᠢᠯᠡᠵᠠᠢ︔ ᠲᠠᠭ᠎ᠠ ᠶᠢᠨ ᠨᠠᠭᠤᠷ ᠤᠨ ᠠᠮᠢ ᠠᠬᠤᠢ ᠶᠢ | ᠵᠠᠰᠠᠬᠤ ᠠᠵᠢᠯ ᠤᠨ ᠲᠤᠭᠤᠷᠢᠨ ᠳᠤ᠂ 2016 ᠣᠨ ᠠᠴᠠ 2017 ᠣᠨ ᠳᠤ 12 ᠲᠦᠮᠡᠨ ᠮᠦ ᠲᠠᠷᠢᠶᠠᠨ | ᠭᠠᠵᠠᠷ ᠤᠨ ᠤᠰᠤᠯᠠᠯᠳᠠ ᠶᠢ ᠵᠤᠬᠰᠤᠭᠠᠵᠤ᠂ 3 ᠲᠦᠮᠡᠨ ᠮᠦ ᠲᠠᠷᠢᠶᠠᠨ ᠭᠠᠵᠠᠷ ᠲᠤ ᠠᠷᠪᠢᠳᠠᠢ ᠤᠰᠤᠯᠠᠯᠳᠠ ᠶᠢᠨ | ᠦᠭᠡᠷᠡᠴᠢᠯᠡᠯᠳᠡ ᠬᠢᠵᠤ᠂ 40 ᠺᠢᠯᠦᠮᠧᠳ᠋ᠷ ᠤᠨ ᠭᠠᠵᠠᠷ ᠲᠤ ᠲᠤᠤᠷ ᠲᠠᠳᠠᠪᠠ᠃ ᠲᠠᠯᠠᠨ ᠬᠠᠷ᠎ᠠ ᠠᠭᠤᠯᠠ ᠶᠢᠨ ᠠᠮᠢ | ᠠᠬᠤᠢ ᠶᠢ ᠵᠠᠰᠠᠵᠤ ᠰᠡᠷᠭᠦᠭᠡᠭᠦ ᠶᠢ ᠴᠢᠩᠭᠠᠳᠬᠠᠵᠤ᠂ ᠠᠮᠢ ᠠᠬᠤᠢ ᠶᠢᠨ ᠢᠯᠡᠷᠬᠡᠢ ᠦᠷ᠎ᠠ ᠠᠰᠢᠭ ᠤᠯᠵᠠᠢ᠃ | ᠲᠦᠩᠯᠢᠶᠤᠤ ᠬᠤᠳᠠ ᠶᠢᠨ ᠬᠤᠤᠯᠢᠨ ᠭᠤᠣᠯ ᠤᠨ ᠬᠦᠩᠭᠡᠨᠴᠠᠭᠠᠨ ᠤ 3 ᠠᠵᠤ ᠠᠬᠤᠶᠢᠯᠠᠯ ᠨᠢ 9 ᠢᠵᠢ ᠤᠳᠤᠭ᠎ᠠ | ᠴᠡᠪᠡᠷᠰᠢᠭᠦᠯᠭᠦ ᠰᠢᠰᠲ᠋ᠧᠮ ᠢ ᠪᠠᠶᠢᠭᠤᠯᠵᠤ᠂ ᠴᠠᠬᠢᠯᠭᠠᠨ ᠢᠶᠠᠷ ᠢᠯᠭᠠᠷᠠᠭᠤᠯᠬᠤ ᠤᠳᠤᠭ᠎ᠠ ᠭᠠᠳᠠᠬᠰᠢᠯᠠᠭᠤᠯᠬᠤ | ᠦᠳᠭᠡᠴᠡ ᠶᠢ ᠶᠡᠭᠡ ᠪᠠᠷ ᠪᠠᠭᠤᠷᠠᠭᠤᠯᠵᠠᠢ᠃ ᠭᠤᠤᠯᠳᠠᠯᠭ᠎ᠠ ᠲᠠᠢ ᠠᠵᠢᠯ ᠲᠦᠷᠦᠯ ᠳᠠᠬᠢ ᠲᠤᠭᠤᠰᠤ ᠶᠢ ᠠᠷᠢᠯᠭᠠᠬᠤ | ᠦᠭᠡᠷᠡᠴᠢᠯᠡᠯᠳᠡ ᠶᠢᠨ ᠲᠦᠷᠦᠯ ᠵᠦᠢᠯ ᠢ 130 ᠪᠡᠶᠡᠯᠡᠭᠦᠯᠵᠤ᠂ ᠢᠯᠴᠢ ᠶᠢᠨ ᠴᠠᠬᠢᠯᠭᠠᠨ ᠤ ᠮᠠᠰᠢᠨ | ᠴᠤᠬᠴᠠᠯᠠᠪᠤᠷᠢ ᠶᠢᠨ ᠬᠡᠳᠦ ᠲᠤᠤᠷ᠎ᠠ ᠭᠠᠳᠠᠬᠰᠢᠯᠠᠭᠤᠯᠬᠤ ᠦᠭᠡᠷᠡᠴᠢᠯᠡᠯᠳᠡ ᠶᠢ 4684 ᠲᠦᠮᠡᠨ ᠺᠢᠯᠦᠸᠠᠲ | ᠪᠡᠶᠡᠯᠡᠭᠦᠯᠵᠤ᠂ ᠬᠤᠳᠠ ᠪᠠᠯᠭᠠᠰᠦᠨ ᠤ ᠪᠤᠬᠢᠷ ᠤᠰᠤ ᠶᠢ ᠰᠢᠢᠳᠪᠦᠷᠢᠯᠡᠭᠦ 65 ᠦᠢᠯᠡᠳᠪᠦᠷᠢ ᠶᠢ ᠪᠠᠶᠢᠭᠤᠯᠤᠬᠰᠠᠨ | ᠪᠣᠶᠣ ᠥᠭᠡᠷᠡᠴᠢᠯᠡᠵᠡᠢ᠃ | ᠦᠪᠡᠷᠳᠡᠭᠡᠨ ᠵᠠᠰᠠᠬᠤ ᠤᠷᠤᠨ ᠨᠢ ᠮᠠᠨ ᠤ ᠤᠯᠤᠰ ᠤᠨ ᠤᠮᠠᠷᠠᠳᠦ ᠶᠢᠨ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠴᠤᠬᠴᠠᠯᠠᠬᠤ ᠶᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ 7% ᠶᠢᠨ ᠤᠯᠤᠰ ᠤᠨ | ᠭᠠᠵᠠᠷ ᠰᠢᠷᠤᠢ ᠶᠢ ᠪᠦᠳᠦᠭᠡᠨ ᠪᠠᠶᠢᠭᠤᠯᠬᠤ ᠴᠠᠭᠠᠵᠠᠳᠤ ᠤᠷᠤᠨ ᠪᠤᠯᠭᠠᠬᠤ ᠪᠠᠷ ᠲᠤᠳᠤᠷᠬᠠᠶᠢᠯᠠᠬᠰᠠᠨ ᠪᠦᠭᠡᠳ | ᠤᠯᠠᠭᠠᠨ ᠱᠤᠭᠤᠮ ᠤᠨ ᠬᠠᠮᠠᠭᠠᠯᠠᠯᠳᠠ ᠳᠤ ᠤᠷᠤᠭᠤᠯᠬᠤ ᠴᠢᠬᠤᠯᠠᠳᠠᠢ ᠲᠠᠯᠠᠪᠠᠢ ᠶᠢ ᠶᠡᠭᠡ ᠪᠠᠷ ᠨᠡᠮᠡᠭᠳᠡᠭᠦᠯᠵᠤ᠂ | ᠢᠯᠭᠠᠨ ᠲᠤᠬᠳᠠᠭᠠᠬᠤ ᠴᠢᠬᠤᠯᠠᠳᠠᠢ ᠶᠢ ᠨᠢ ᠢᠯᠭᠠᠨ ᠲᠤᠬᠳᠠᠭᠠᠵᠤ᠂ ᠬᠠᠮᠠᠭᠠᠯᠠᠬᠤ ᠴᠢᠬᠤᠯᠠᠳᠠᠢ ᠶᠢ ᠨᠢ ᠬᠠᠮᠠᠭᠠᠯᠠᠵᠠᠢ᠃ | ᠨᠤᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠨᠦᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠶᠢ | ᠬᠡᠷᠡᠭᠵᠢᠭᠦᠯᠵᠤ᠂ ᠦᠨᠳᠦᠰᠦᠨ ᠨᠤᠳᠤᠭ ᠪᠡᠯᠴᠢᠭᠡᠷ ᠢ 8.84 ᠳ᠋ᠦᠩᠰᠢᠭᠤᠷ ᠮᠦ ᠢᠯᠭᠠᠨ ᠲᠤᠬᠳᠠᠭᠠᠵᠤ᠂ 4.05 | ᠳ᠋ᠦᠩᠰᠢᠭᠤᠷ ᠮᠦ ᠨᠤᠳᠤᠭ ᠪᠡᠯᠴᠢᠬᠡᠷ ᠲᠤ ᠪᠡᠯᠴᠢᠭᠡᠷᠯᠡᠭᠦᠯᠭᠦ ᠶᠢ ᠵᠤᠭᠰᠤᠭᠠᠬᠤ ᠪᠠ 6.15 ᠳ᠋ᠦᠩᠰᠢᠭᠤᠷ ᠮᠦ ᠨᠤᠳᠤᠭ | ᠪᠡᠯᠴᠢᠬᠡᠷ ᠲᠤ ᠮᠠᠯ ᠪᠡᠯᠴᠢᠭᠡᠷ ᠢ ᠲᠡᠩᠴᠡᠭᠦᠷᠢᠰᠢᠭᠦᠯᠭᠦ ᠶᠢ ᠬᠡᠷᠡᠭᠵᠢᠭᠦᠯᠵᠡᠢ︔ ᠪᠡᠭᠡᠵᠢᠩ ᠲᠢᠶᠠᠨᠵᠢᠨ ᠤ ᠡᠷᠬᠢᠨ | ᠲᠤᠭᠤᠷᠢᠨ ᠤ ᠡᠯᠡᠰᠦ ᠪᠠ ᠰᠠᠯᠬᠢᠨ ᠤ ᠡᠬᠢ ᠶᠢ ᠵᠠᠰᠠᠬᠤ᠂ ︽ᠤᠮᠠᠷᠠᠳᠦ ᠭᠤᠷᠪᠠᠨ ᠤᠷᠤᠨ︾ ᠤ ᠬᠠᠯᠬᠠᠪᠴᠢ ᠤᠢ ᠶᠢ | ᠪᠦᠳᠦᠭᠡᠨ ᠪᠠᠶᠢᠭᠤᠯᠬᠤ᠂ ᠲᠠᠷᠢᠶᠠᠯᠠᠬᠤ ᠶᠢ ᠵᠤᠬᠰᠤᠭᠠᠨ ᠤᠢ ᠮᠤᠳᠦ ᠲᠠᠷᠢᠬᠤ ᠵᠡᠷᠭᠡ ᠭᠤᠤᠯᠳᠠᠯᠭ᠎ᠠ ᠲᠠᠢ | ᠢᠨᠵᠧᠨᠧᠷᠢᠩ ᠢ ᠬᠦᠨᠵᠡᠭᠡᠢ ᠬᠡᠷᠡᠭᠵᠢᠭᠦᠯᠵᠦ᠂ 2016 ᠣᠨ ᠠᠴᠠ ᠨᠠᠭᠠᠰᠢ ᠨᠡᠶᠢᠳᠡ 3511 ᠲᠦᠮᠡᠨ ᠮᠦ ᠮᠤᠳᠦ | ᠲᠠᠷᠢᠵᠦ᠂ 2017 ᠣᠨ ᠳᠤ ᠪᠦᠬᠦ ᠤᠷᠤᠨ ᠤ ᠤᠢ ᠰᠢᠭᠤᠢ ᠶᠢᠨ ᠪᠦᠷᠭᠦᠴᠡ 21.03% ᠳᠤ ᠬᠦᠷᠴᠠᠢ︔ | ᠦᠯᠡᠭᠦᠳᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠬᠠᠰᠤᠬᠤ ᠠᠵᠢᠯ ᠢ ᠢᠳᠡᠪᠬᠢᠳᠡᠢ ᠨᠡᠶᠢᠳᠡᠪᠦᠷᠢᠵᠢᠭᠤᠯᠵᠦ᠂ | 2016 ᠣᠨ ᠠᠴᠠ ᠨᠠᠭᠠᠰᠢ ᠨᠡᠶᠢᠳᠡ 1410 ᠦᠢᠯᠡᠳᠪᠤᠷᠢᠯᠡᠯ ᠤᠨ ᠴᠢᠳᠠᠪᠤᠷᠢ ᠲᠠᠢ 35 ᠨᠡᠭᠦᠷᠡᠰᠦᠨ | ᠠᠭᠤᠷᠬᠠᠢ ᠶᠢ ᠵᠤᠬᠰᠤᠭᠠᠪᠠ︔ ︽ᠪᠦᠳᠦᠭᠦᠯᠢᠭ ᠪᠤᠯᠤᠳ︾ ᠢ 243 ᠲᠦᠮᠡᠨ ᠲᠤᠨ ᠪᠠᠭᠠᠰᠬᠠᠵᠦ᠂ ᠪᠤᠯᠤᠳ | ᠲᠡᠮᠦᠷ ᠤᠨ ᠦᠯᠡᠭᠦᠳᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ 346 ᠲᠦᠮᠡᠨ ᠲᠤᠨ ᠰᠢᠢᠳᠪᠦᠷᠢᠯᠡᠵᠠᠢ᠃ | ᠦᠪᠡᠷᠳᠡᠭᠡᠨ ᠵᠠᠰᠠᠬᠤ ᠤᠷᠤᠨ ᠨᠢ ᠲᠤᠰ ᠤᠳᠠᠭ᠎ᠠ ᠶᠢᠨ ᠪᠣᠴᠠᠵᠤ ᠪᠠᠶᠢᠴᠠᠭᠠᠨ ᠦᠵᠡᠬᠦ ᠠᠵᠢᠯᠯᠠᠭ᠎ᠠ ᠶᠢ | ᠲᠡᠭᠡᠳᠦ ᠬᠡᠮᠵᠢᠶ᠎ᠠ ᠪᠠᠷ ᠴᠢᠬᠤᠯᠠᠴᠢᠯᠠᠵᠦ᠂ ᠪᠠᠷᠢᠨ ᠰᠢᠮᠳᠠᠭᠤᠯᠤᠨ ᠪᠠᠷᠢᠨ ᠰᠠᠶᠢᠵᠢᠷᠠᠭᠤᠯᠵᠦ᠂ ᠪᠠᠷᠢᠨ ᠬᠡᠷᠡᠭᠵᠢᠭᠦᠯᠦᠨ | ᠪᠠᠷᠢᠨ ᠰᠠᠶᠢᠵᠢᠷᠠᠭᠤᠯᠵᠦ᠂ ᠤᠯᠠᠨ ᠲᠦᠮᠡᠨ ᠤ ᠲᠡᠷᠬᠡᠳᠡᠬᠢ ᠠᠮᠢ ᠠᠬᠤᠢ ᠤᠷᠴᠢᠨ ᠲᠤᠭᠤᠷᠢᠨ ᠤ ᠦᠯᠡᠮᠵᠢ | ᠠᠰᠠᠭᠤᠳᠠᠯ ᠢ ᠠᠬᠢᠭᠤᠯᠤᠨ ᠰᠢᠢᠳᠪᠤᠷᠢᠯᠡᠵᠠᠢ᠃ 2018 ᠣᠨ ᠤ 8 ᠳ᠋ᠤᠭᠠᠷ ᠰᠠᠷ᠎ᠠ ᠶᠢᠨ 31 ᠤ ᠡᠳᠦᠷ ᠪᠤᠯᠳᠠᠯ᠎ᠠ᠂ | ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠬᠦᠢᠴᠡᠳᠭᠡᠬᠦᠯᠬᠦ ᠪᠠᠷ ᠲᠤᠰᠢᠶᠠᠬᠰᠠᠨ ᠠᠮᠢ ᠠᠬᠤᠢ ᠤᠷᠴᠢᠨ | ᠲᠤᠭᠤᠷᠢᠨ ᠤ 2574 ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠵᠦ ᠲᠠᠭᠤᠰᠬᠠᠪᠠ᠃ 1672 ᠨᠢᠭᠡᠴᠢ ᠶᠢ | ᠵᠠᠷᠯᠢᠬᠳᠠᠨ ᠴᠡᠭᠴᠡᠯᠡᠨ ᠰᠠᠶᠢᠵᠢᠷᠠᠭᠤᠯᠵᠦ᠂ 336 ᠨᠢᠭᠡᠴᠢ ᠶᠢ ᠬᠡᠷᠡᠭ ᠪᠤᠯᠭᠠᠨ ᠲᠠᠩᠰᠠᠯᠠᠨ ᠰᠢᠢᠳᠭᠡᠵᠦ᠂ 3791 | ᠲᠦᠮᠡᠨ ᠲᠦᠭᠦᠷᠢᠭ ᠢᠶᠠᠷ ᠲᠤᠷᠭᠠᠪᠠ︔ 99 ᠶᠢ ᠨᠢ ᠬᠡᠷᠡᠭ ᠪᠤᠯᠭᠠᠨ ᠲᠠᠩᠰᠠᠯᠠᠨ ᠪᠠᠶᠢᠴᠠᠭᠠᠵᠦ᠂ 22 ᠬᠦᠮᠦᠨ ᠢ | ᠲᠦᠷ ᠬᠤᠷᠢᠵᠦ᠂ 223 ᠬᠦᠮᠦᠨ ᠢ ᠪᠤᠯᠵᠤᠨ ᠶᠠᠷᠢᠯᠴᠠᠵᠦ᠂ 583 ᠬᠦᠮᠦᠨ ᠳᠤ ᠬᠠᠷᠢᠭᠤᠴᠠᠯᠭ᠎ᠠ ᠲᠤᠯᠭᠠᠵᠠᠢ᠃ | ᠰᠢᠮᠳᠠᠭᠤᠯᠤᠨ ᠪᠠᠶᠢᠴᠠᠭᠠᠭᠰᠠᠨ ᠰᠠᠨᠠᠯ ᠳᠤ ᠵᠢᠭᠠᠵᠤ ᠭᠠᠷᠭᠠᠭᠰᠠᠨ ᠨᠢ᠂ ᠦᠪᠡᠷᠳᠡᠭᠡᠨ ᠵᠠᠰᠠᠬᠤ ᠤᠷᠤᠨ ᠨᠢ | ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠨᠢᠭᠡᠳᠦᠭᠡᠷ ᠡᠭᠡᠯᠵᠢ ᠶᠢᠨ ᠰᠢᠮᠳᠠᠭᠤᠯᠤᠨ ᠪᠠᠶᠢᠴᠠᠭᠠᠯᠳᠠ ᠪᠠᠷ | ᠴᠡᠭᠴᠡᠯᠡᠨ ᠰᠠᠶᠢᠵᠢᠷᠠᠭᠤᠯᠤᠬᠰᠠᠨ ᠠᠵᠢᠯ ᠬᠡᠳᠦ᠋ᠢᠪᠡᠷ ᠴᠢᠬᠤᠯᠠ ᠠᠬᠢᠴᠠ ᠲᠠᠢ ᠪᠤᠯᠪᠠᠴᠦ ᠬᠦᠭᠵᠢᠯᠳᠡ ᠪᠠ | ᠬᠠᠮᠠᠭᠠᠯᠠᠯᠳᠠ ᠶᠢᠨ ᠬᠠᠷᠢᠴᠠᠭ᠎ᠠ ᠶᠢ ᠰᠢᠢᠳᠪᠦᠷᠢᠯᠡᠭᠦ ᠳᠡᠭᠡᠨ ᠤᠪᠤᠷ ᠨᠢ ᠮᠦᠨ ᠬᠦ ᠡᠷᠡᠰ ᠰᠢᠭᠤᠷᠬᠠᠢ ᠪᠢᠰᠢ᠂ ᠵᠠᠷᠢᠮ | ᠴᠢᠬᠤᠯᠠ ᠡᠭᠦᠷᠭᠡ ᠶᠢ ᠲᠤᠭᠤᠰᠢᠳᠠᠢ ᠴᠡᠭᠴᠡᠯᠡᠨ ᠰᠠᠶᠢᠵᠢᠷᠠᠭᠤᠯᠤᠬᠰᠠᠨ ᠦᠭᠡᠢ᠂ ᠨᠡᠩ ᠴᠢᠨᠠᠬᠰᠢᠯᠠᠪᠠᠯ ᠵᠠᠷᠢᠮ ᠭᠠᠵᠠᠷ | ᠤᠷᠤᠨ ᠪᠠ ᠰᠠᠯᠠᠭ᠎ᠠ ᠮᠦᠴᠢᠷ ᠲᠤ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠤᠬᠰᠠᠨ᠂ ᠦᠩᠭᠡᠨ ᠲᠡᠳᠦᠢ | ᠴᠡᠭᠴᠡᠯᠡᠨ ᠰᠠᠶᠢᠵᠢᠷᠠᠭᠤᠯᠤᠬᠰᠠᠨ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠬᠰᠠᠨ ᠠᠰᠠᠭᠤᠳᠠᠯ | ᠤᠷᠤᠰᠢᠵᠦ ᠪᠠᠶᠢᠨ᠎ᠠ ᠬᠡᠪᠠ᠃ | ᠨᠢᠭᠡ ᠳᠤ᠂ ᠦᠵᠡᠯ ᠰᠠᠨᠠᠭ᠎ᠠ ᠲᠠᠨᠢᠯᠳᠠ ᠮᠦᠨ ᠬᠦ ᠬᠦᠷᠦᠯᠴᠡᠭᠦ ᠦᠭᠡᠢ ᠪᠠᠶᠢᠨ᠎ᠠ᠃ ᠬᠡᠰᠡᠭ ᠤᠳᠤᠷᠢᠳᠬᠤ | ᠺᠠᠳ᠋ᠷ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠤᠨ | ᠨᠡᠶᠢᠳᠡᠪᠦᠷᠢᠵᠢᠭᠤᠯᠬᠤ ᠲᠠᠯ᠎ᠠ ᠪᠠᠷ ᠮᠦᠨ ᠬᠦ ᠵᠦᠷᠢᠶ᠎ᠡ ᠲᠠᠢ ᠪᠠᠶᠢᠵᠦ᠂ ᠬᠦᠭᠵᠢᠯᠳᠡ ᠶᠢ ᠴᠢᠬᠤᠯᠠᠴᠢᠯᠠᠨ | ᠬᠠᠮᠠᠭᠠᠯᠠᠯᠳᠠ ᠶᠢ ᠬᠦᠩᠭᠡᠪᠴᠢᠯᠡᠭᠦ ᠦᠵᠡᠯᠳᠡ ᠪᠠᠨ ᠦᠨᠳᠦᠰᠦᠨ ᠠᠴᠠ ᠨᠢ ᠬᠤᠪᠢᠷᠠᠭᠤᠯᠤᠭᠠᠳᠤᠢ ᠪᠠᠶᠢᠭᠰᠠᠭᠠᠷ᠃ | ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ︽ᠬᠦᠯᠦᠨ ᠨᠠᠭᠤᠷ | ᠤᠯᠠᠭᠠᠨᠰᠤᠬᠠᠢ ᠨᠠᠭᠤᠷ ᠲᠠᠭ᠎ᠠ ᠶᠢᠨ ᠨᠠᠭᠤᠷ︾ ᠢ ᠴᠡᠭᠴᠡᠯᠡᠨ ᠰᠠᠶᠢᠵᠢᠷᠠᠭᠤᠯᠬᠤ ᠲᠤᠯᠤᠭᠠᠶᠢᠯᠠᠬᠴᠢ ᠨᠢᠭᠡᠴᠢ | ᠪᠤᠯᠤᠬᠰᠠᠨ ᠤ ᠬᠤᠪᠢ ᠳᠤ᠂ ᠨᠢᠭᠡᠳᠦᠯᠳᠡᠢ ᠲᠦᠯᠦᠪᠵᠢᠭᠦᠯᠦᠨ ᠠᠬᠢᠭᠤᠯᠬᠤ ᠪᠠ ᠡᠯ᠎ᠠ ᠬᠠᠮᠢᠶ᠎ᠠ ᠪᠦᠬᠦᠢ ᠰᠠᠯᠠᠭ᠎ᠠ | ᠮᠦᠴᠢᠷ ᠲᠠᠢ ᠬᠠᠮᠵᠢᠯᠴᠠᠬᠤ ᠲᠠᠯ᠎ᠠ ᠪᠠᠷ ᠬᠦᠷᠦᠯᠴᠡᠭᠦ ᠦᠭᠡᠢ ᠮᠦᠷᠳᠡᠭᠡᠨ ᠵᠠᠰᠠᠯᠳᠠ ᠶᠢᠨ ᠲᠦᠯᠦᠪᠵᠢᠭᠦᠯᠭᠡ ᠶᠢ | ᠨᠠᠶᠢᠷᠠᠭᠤᠯᠵᠦ ᠬᠢᠨᠠᠨ ᠬᠠᠷᠭᠤᠭᠤᠯᠬᠤ ᠲᠠᠯ᠎ᠠ ᠪᠠᠷ ᠬᠠᠰᠢ ᠶᠠᠰᠢ ᠪᠠᠷ ᠠᠷᠭᠠᠴᠠᠬᠰᠠᠨ ᠪᠦᠭᠡᠳ ᠢᠨᠵᠧᠨᠧᠷᠢᠩ ᠤᠨ | ᠲᠦᠷᠦᠯ ᠵᠦᠢᠯ ᠤᠨ ᠬᠠᠮᠢᠶᠠᠷᠤᠯᠳᠠ ᠶᠢᠨ ᠲᠠᠯ᠎ᠠ ᠪᠠᠷ ᠬᠡᠯᠪᠡᠷᠢ ᠶᠢᠨ ᠲᠡᠳᠦᠢ ᠪᠠᠶᠢᠵᠦ᠂ ᠠᠯᠪᠠ ᠬᠠᠰᠢᠵᠦ ᠠᠷᠭᠠᠯᠠᠨ | ᠦᠩᠭᠡᠷᠡᠬᠦᠯᠵᠡᠢ᠃ ᠲᠦᠩᠯᠢᠶᠤᠦ ᠬᠤᠳᠠ ᠶᠢᠨ ᠬᠤᠤᠯᠢᠨ ᠭᠤᠤᠯ ᠤᠯᠤᠰ ᠤᠨ ᠦᠯᠡᠭᠦᠳᠡᠭᠰᠡᠨ ᠦᠢᠯᠡᠳᠪᠦᠷᠢᠯᠡᠯ ᠤᠨ | ᠴᠢᠳᠠᠪᠤᠷᠢ ᠶᠢ ᠬᠠᠰᠤᠬᠤ ᠲᠦᠷᠦ ᠶᠢᠨ ᠪᠤᠳᠤᠯᠭ᠎ᠠ ᠶᠢ ᠵᠦᠷᠢᠴᠡᠨ ᠴᠠᠬᠢᠯᠭᠠᠨ ᠵᠠᠳᠠᠯᠤᠯ ᠤᠨ ᠬᠦᠩᠬᠡᠨᠴᠠᠭᠠᠨ ᠤ | ᠦᠢᠯᠡᠰ ᠢ ᠶᠡᠭᠡ ᠪᠠᠷ ᠲᠦᠪᠯᠡᠷᠡᠭᠦᠯᠦᠨ ᠬᠦᠭᠵᠢᠭᠦᠯᠵᠦ᠂ ᠨᠢᠭᠡᠳᠦᠭᠡᠷ ᠡᠭᠡᠯᠵᠢ ᠶᠢᠨ ᠰᠢᠮᠳᠠᠭᠤᠯᠤᠨ ᠪᠠᠶᠢᠴᠠᠭᠠᠯᠳᠠ ᠶᠢᠨ | ᠵᠢᠭᠠᠵᠦ ᠭᠠᠷᠭᠠᠬᠰᠠᠨ ᠲᠤᠬᠳᠠᠭᠠᠯ ᠠᠴᠠ ᠵᠦᠷᠢᠴᠡᠭᠰᠡᠨ ᠦᠢᠯᠡᠳᠪᠤᠷᠢᠯᠡᠯ ᠤᠨ ᠴᠢᠳᠠᠪᠤᠷᠢ ᠶᠢᠨ ᠲᠤᠮᠳᠠ ᠮᠦᠨ ᠬᠦ | 50 ᠭᠠᠷᠤᠢ ᠲᠦᠮᠡᠨ ᠲᠤᠨ ᠴᠠᠬᠢᠯᠭᠠᠨ ᠵᠠᠳᠠᠯᠤᠯ ᠤᠨ ᠬᠦᠩᠭᠡᠨᠴᠡᠭᠠᠨ ᠤ ᠦᠢᠯᠡᠳᠪᠦᠷᠢᠯᠡᠯ ᠤᠨ ᠴᠢᠳᠠᠪᠤᠷᠢ ᠶᠢ | ᠵᠢᠭᠠᠯᠳᠠ ᠲᠤᠭ᠎ᠠ ᠶᠢᠨ ᠰᠤᠯᠢᠯᠳᠠ ᠶᠢ ᠨᠡᠶᠢᠳᠡᠪᠦᠷᠢᠵᠢᠭᠤᠯᠤᠬᠰᠠᠨ ᠦᠭᠡᠢ ᠪᠠᠶᠢᠳᠠᠯ ᠲᠤᠤᠷ᠎ᠠ ᠲᠤᠬᠳᠠᠭᠠᠯ ᠢ | ᠵᠦᠷᠢᠴᠡᠵᠦ ᠪᠦᠳᠦᠭᠡᠨ ᠪᠠᠶᠢᠭᠤᠯᠤᠬᠰᠠᠨ ᠪᠤᠶᠦ ᠲᠠᠬᠢᠨ ᠪᠦᠳᠦᠬᠡᠨ ᠪᠠᠶᠢᠭᠤᠯᠵᠠᠢ᠃ | ᠦᠪᠡᠷᠳᠡᠭᠡᠨ ᠵᠠᠰᠠᠬᠤ ᠤᠷᠤᠨ ᠤ ᠤᠰᠤᠨ ᠠᠰᠢᠬᠯᠠᠯᠳᠠ ᠶᠢᠨ ᠲᠢᠩᠬᠢᠮ ᠨᠢ ᠭᠠᠵᠠᠷ ᠲᠤᠤᠷ᠎ᠠ ᠠᠴᠠ ᠤᠰᠦ | ᠲᠠᠲᠠᠬᠤ ᠶᠢ ᠪᠠᠭᠠᠰᠬᠠᠬᠤ ᠠᠵᠢᠯ ᠤᠨ ᠲᠤᠯᠤᠭᠠᠶᠢᠯᠠᠬᠴᠢ ᠰᠠᠯᠠᠭ᠎ᠠ ᠮᠦᠴᠢᠷ ᠪᠤᠯᠤᠬᠰᠠᠨ ᠤ ᠬᠤᠪᠢ ᠳᠤ᠂ ᠠᠶᠢᠮᠠᠭ | ᠬᠤᠳᠠ ᠶᠢᠨ ᠴᠡᠭᠴᠡᠯᠡᠨ ᠰᠠᠶᠢᠵᠢᠷᠠᠭᠤᠯᠬᠤ ᠲᠦᠰᠦᠯ ᠢ ᠬᠢᠨᠠᠨ ᠬᠠᠷᠭᠤᠭᠤᠯᠤᠬᠰᠠᠨ ᠨᠢ ᠴᠢᠩᠭ᠎ᠠ ᠪᠢᠰᠢ᠂ ᠬᠡᠳᠦᠷᠡᠳᠡᠯ᠎ᠠ | ᠲᠠᠳᠠᠭᠰᠠᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠭᠰᠡᠨ ᠲᠠᠯ᠎ᠠ ᠪᠠᠷ ᠬᠦᠷᠦᠯᠴᠡᠭᠦ ᠦᠭᠡᠢ᠂ ᠠᠵᠦ ᠠᠬᠤᠶᠢᠯᠠᠯ ᠤᠨ | ᠲᠤᠬᠳᠠᠭᠠᠯ ᠠᠴᠠ ᠵᠦᠷᠢᠴᠡᠨ ᠭᠠᠵᠠᠷ ᠲᠤᠤᠷᠠᠬᠢ ᠤᠰᠦ ᠶᠢ ᠬᠡᠷᠡᠭᠯᠡᠭᠰᠡᠨ ᠠᠰᠠᠭᠤᠳᠠᠯ ᠢ ᠦᠨᠡᠨ ᠬᠦ ᠴᠢᠩᠭ᠎ᠠ | ᠰᠢᠢᠳᠭᠡᠭᠰᠡᠨ ᠦᠭᠡᠢ᠃ ᠰᠢᠮᠳᠠᠭᠤᠯᠤᠨ ᠪᠠᠶᠢᠴᠠᠭᠠᠯᠳᠠ ᠪᠠᠷ ᠲᠡᠮᠵᠢᠨ᠂ ᠪᠤᠭᠤᠳᠦ ᠬᠤᠳᠠ ᠶᠢᠨ ᠬᠦᠨᠳᠡᠯᠡᠨ | ᠲᠤᠭᠤᠷᠢᠭ ᠤᠨ ᠬᠡᠳᠦᠷᠡᠳᠡᠯ᠎ᠠ ᠲᠠᠳᠠᠭᠰᠠᠨ ᠤᠷᠤᠨ ᠤ ᠭᠠᠵᠠᠷ ᠲᠤᠤᠷ᠎ᠠ ᠠᠴᠠ ᠤᠰᠦ ᠲᠠᠳᠠᠬᠤ ᠶᠢ ᠪᠠᠭᠠᠰᠬᠠᠭᠰᠠᠨ | ᠬᠡᠮᠵᠢᠶ᠎ᠠ 152 ᠲᠦᠮᠠᠨ ᠪᠤᠰᠤᠭ᠎ᠠ ᠲᠦᠷᠪᠡᠯᠵᠢᠨ ᠮᠧᠲᠷ ᠲᠤ ᠬᠦᠷᠴᠦ᠂ ᠳ᠋ᠦᠩ ᠾᠧ ᠲᠤᠭᠤᠷᠢᠭ ᠤᠨ ᠬᠡᠳᠦᠷᠡᠳᠡᠯ᠎ᠠ | ᠲᠠᠳᠠᠭᠰᠠᠨ ᠤᠷᠤᠨ ᠤ ᠭᠠᠵᠠᠷ ᠲᠤᠤᠷ᠎ᠠ ᠠᠴᠠ ᠤᠰᠦ ᠲᠠᠳᠠᠬᠤ ᠶᠢ ᠪᠠᠭᠠᠰᠬᠠᠭᠰᠠᠨ ᠬᠡᠮᠵᠢᠶ᠎ᠠ 94 ᠲᠦᠮᠡᠨ ᠪᠤᠰᠤᠭ᠎ᠠ | ᠲᠦᠷᠪᠡᠯᠵᠢᠨ ᠮᠧᠲᠷ ᠲᠤ ᠬᠦᠷᠴᠦ᠂ ᠲᠤᠰ ᠪᠦᠷᠢ ᠤᠰᠦ ᠲᠠᠳᠠᠬᠤ ᠶᠢ ᠪᠠᠭᠠᠰᠬᠠᠬᠤ ᠬᠠᠷᠠᠯᠳᠠ ᠶᠢᠨ 48% ᠪᠠ | 43.9% ᠶᠢ ᠡᠵᠡᠯᠡᠪᠡ᠃ ᠤᠯᠠᠭᠠᠨᠬᠠᠳᠠ᠂ ᠤᠷᠳᠤᠰ᠂ ᠰᠢᠯᠢ ᠶᠢᠨ ᠭᠤᠤᠯ ᠵᠡᠷᠭᠡ ᠠᠶᠢᠮᠠᠭ ᠬᠤᠳᠠ ᠭᠠᠵᠠᠷ | ᠲᠤᠤᠷ᠎ᠠ ᠠᠴᠠ ᠤᠰᠦ ᠲᠠᠳᠠᠬᠤ ᠶᠢ ᠪᠠᠭᠠᠰᠬᠠᠬᠤ ᠠᠵᠢᠯ ᠢ ᠴᠦᠮ ᠰᠠᠶᠢᠳᠤᠷ ᠨᠡᠶᠢᠳᠡᠪᠦᠷᠢᠵᠢᠭᠤᠯᠤᠬᠰᠠᠨ ᠦᠭᠡᠢ︔ | ᠦᠬᠠᠢ ᠬᠤᠳᠠ ᠶᠢᠨ ᠦᠬᠠᠢ ᠴᠠᠬᠢᠯᠭᠠᠨ ᠤ ᠦᠢᠯᠡᠳᠪᠦᠷᠢ᠂ ᠬᠠᠶᠢᠷᠤᠪ ᠤᠨ ᠲᠤᠬᠤᠢ ᠴᠠᠬᠢᠯᠭᠠᠨ ᠤ ᠦᠢᠯᠡᠳᠪᠦᠷᠢ ︵ | ᠭᠤᠷᠪᠠᠳᠤᠭᠠᠷ ᠬᠤᠭᠤᠴᠠᠭ᠎ᠠ︶᠂ ᠪᠠᠶᠠᠨᠨᠠᠭᠤᠷ ᠬᠤᠳᠠ ᠶᠢᠨ ᠲᠧᠮᠢᠯ ᠢᠯᠴᠢ ᠶᠢᠨ ᠴᠠᠬᠢᠯᠭᠠᠨ ᠤ ᠺᠤᠮᠫᠠᠨᠢ ᠵᠡᠷᠭᠡ | ᠤᠯᠠᠨ ᠠᠵᠦ ᠠᠬᠤᠶᠢᠯᠠᠯ ᠮᠦᠨ ᠬᠦ ᠲᠤᠬᠳᠠᠭᠠᠯ ᠠᠴᠠ ᠵᠦᠷᠢᠴᠡᠨ ᠭᠠᠵᠠᠷ ᠲᠤᠤᠷᠠᠬᠢ ᠤᠰᠦ ᠶᠢ ᠶᠡᠭᠡ ᠪᠠᠷ ᠬᠡᠷᠡᠭᠯᠡᠵᠦ | ᠪᠤᠢ᠃ | ᠬᠦᠬᠡᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠢ ᠠᠭᠠᠷ ᠮᠠᠨᠳᠠᠯ ᠤᠨ ᠪᠤᠬᠢᠷᠳᠤᠯ ᠢ ᠵᠠᠰᠠᠬᠰᠠᠨ | ᠲᠠᠯ᠎ᠠ ᠪᠠᠷ ᠴᠢᠩᠭ᠎ᠠ ᠪᠢᠰᠢ᠂ ᠠᠵᠢᠯ ᠨᠢ ᠬᠦᠴᠦᠨ ᠲᠡᠭᠦᠯᠳᠡᠷ ᠪᠤᠰᠦ᠂ ᠬᠦᠴᠢᠷᠳᠡᠯ ᠲᠠᠢ ᠪᠤᠯᠤᠭᠰᠠᠭᠠᠷ | ᠵᠤᠬᠰᠤᠴᠢᠬᠠᠳᠠᠭ᠃ ᠴᠡᠭᠴᠡᠯᠡᠨ ᠰᠠᠶᠢᠵᠢᠷᠠᠭᠤᠯᠬᠤ ᠲᠦᠰᠦᠯ ᠳᠤ 2017 ᠣᠨ ᠳᠤ ᠭᠡᠷᠡᠭᠵᠢᠬᠦᠯᠬᠦ ᠪᠠᠷ | ᠱᠠᠭᠠᠷᠳᠠᠬᠰᠠᠨ ᠳ᠋ᠠ ᠲᠠᠩ ᠤᠨ ᠲᠤᠬᠳᠠᠬᠤ ᠰᠢᠶᠠᠨ ᠤ ᠺᠤᠮᠫᠠᠨᠢ ᠶᠢᠨ ᠢᠯᠴᠢ ᠡᠬᠦᠰᠭᠡᠭᠴᠢ ᠶᠢ ᠬᠦᠬᠡᠬᠤᠳᠠ ᠳᠤ | ᠤᠷᠤᠭᠤᠯᠬᠤ ᠢᠨᠵᠧᠨᠧᠷᠢᠩ ᠢ ᠰᠢᠮᠳᠠᠭᠤᠯᠤᠨ ᠪᠠᠶᠢᠴᠠᠭᠠᠯᠳᠠ ᠬᠢᠬᠦ ᠪᠤᠯᠳᠠᠯ᠎ᠠ ᠮᠦᠨ ᠡᠬᠢᠯᠡᠬᠦᠯᠦᠭᠡᠳᠦᠢ ᠪᠠᠶᠢᠵᠦ᠂ | ᠪᠦᠬᠦ ᠬᠤᠳᠠ ᠶᠢᠨ ᠶᠡᠭᠡ ᠭᠡᠮᠵᠢᠶᠡᠨ ᠤ ᠢᠯᠴᠢ ᠬᠠᠩᠭᠠᠬᠤ ᠠᠵᠦ ᠠᠬᠤᠶᠢᠯᠠᠯ ᠳᠤ ᠴᠦᠮ ᠠᠳᠠᠯᠢ ᠪᠤᠰᠦ ᠭᠡᠮᠵᠢᠶᠠᠨ ᠤ | ᠪᠠᠷᠢᠮᠵᠢᠶ᠎ᠠ ᠠᠴᠠ ᠭᠡᠳᠦᠷᠡᠬᠦᠯᠦᠨ ᠭᠠᠳᠠᠬᠰᠢᠯᠠᠭᠤᠯᠬᠤ ᠠᠰᠠᠭᠤᠳᠠᠯ ᠤᠷᠤᠰᠢᠵᠦ᠂ ᠭᠡᠰᠡᠭ ᠨᠡᠬᠦᠷᠡᠰᠦ ᠰᠢᠳᠠᠭᠠᠬᠤ ᠪᠠᠭ᠎ᠠ | ᠵᠤᠤᠬ᠎ᠠ ᠶᠢ ᠱᠠᠭᠠᠷᠳᠠᠯᠭ᠎ᠠ ᠶᠤᠰᠤᠭᠠᠷ ᠰᠢᠭᠰᠢᠭᠳᠡᠬᠦᠯᠬᠦ ᠶᠢ ᠪᠤᠳᠠᠳᠠᠢ ᠳᠤ ᠨᠠᠶᠢᠳᠠᠪᠤᠷᠢᠵᠢᠭᠤᠯᠤᠭᠰᠠᠨ ᠦᠭᠡᠢ ᠪᠠᠷ | ᠲᠤᠷ᠎ᠠ ᠪᠠᠷ ᠡᠵᠡᠨ ᠮᠡᠳᠡᠵᠦ ᠳ᠋ᠤᠭᠠᠷ ᠢ ᠨᠢ ᠬᠤᠰᠤᠵᠦ ᠬᠠᠶᠠᠪᠠ᠃ 2017 ᠣᠨ ᠳᠤ ᠪᠦᠬᠦ ᠬᠤᠳᠠ ᠶᠢᠨ ᠠᠭᠠᠷ | ᠮᠠᠨᠳᠠᠯ ᠤᠨ ᠶᠠᠰᠦ ᠴᠢᠨᠠᠷ ᠤᠨ ᠵᠢᠭᠠᠯᠳᠠ ᠲᠤᠭ᠎ᠠ ᠦᠷᠬᠦᠯᠵᠢᠯᠡᠨ ᠪᠠᠭᠤᠷᠠᠬᠰᠠᠨ ᠦᠭᠡᠢ ᠬᠠᠷᠢᠨ ᠳᠡᠭᠡᠭᠰᠢᠯᠡᠵᠦ᠂ | ᠰᠢᠯᠢᠳᠡᠭ ᠰᠠᠶᠢᠨ ᠠᠭᠤᠷ ᠠᠮᠢᠰᠬᠤᠯ ᠲᠠᠢ ᠡᠳᠦᠷ ᠤᠨ ᠲᠤᠭ᠎ᠠ 2016 ᠣᠨ ᠤ ᠬᠢ ᠠᠴᠠ 28 ᠡᠳᠦᠷ | ᠬᠠᠰᠤᠬᠳᠠᠵᠠᠢ᠃ | ᠬᠤᠶᠠᠷ ᠲᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠲᠠᠯ᠎ᠠ ᠪᠠᠷ ᠮᠦᠨ | ᠬᠦ ᠵᠦᠷᠢᠶ᠎ᠠ ᠤᠷᠤᠰᠢᠵᠦ ᠪᠠᠶᠢᠨ᠎ᠠ᠃ ᠰᠢᠮᠳᠠᠭᠤᠯᠤᠨ ᠪᠠᠶᠢᠴᠠᠭᠠᠯᠳᠠ ᠪᠠᠷ ᠴᠡᠭᠴᠡᠯᠡᠨ ᠵᠠᠰᠠᠯᠳᠠ ᠶᠢ ᠠᠬᠢᠭᠤᠯᠬᠤ | ᠦᠶ᠎ᠠ ᠳᠤ᠂ ᠵᠠᠷᠢᠮ ᠤᠷᠤᠨ ᠨᠤᠳᠤᠭ ᠪᠠ ᠰᠠᠯᠠᠭ᠎ᠠ ᠮᠦᠴᠢᠷ ᠤᠨ ᠤᠬᠠᠮᠰᠠᠷᠳᠦ ᠴᠢᠨᠠᠷ᠂ ᠰᠠᠨᠠᠭᠠᠴᠢᠯᠠᠭᠠᠳᠦ ᠴᠢᠨᠠᠷ | ᠬᠦᠷᠦᠯᠴᠡᠬᠦ ᠦᠭᠡᠢ᠂ ᠴᠡᠭᠴᠡᠯᠡᠨ ᠰᠠᠶᠢᠵᠢᠷᠠᠭᠤᠯᠤᠯᠳᠠ ᠶᠢ ᠠᠬᠢᠭᠤᠯᠬᠤ ᠲᠠᠯ᠎ᠠ ᠪᠠᠷ ᠤᠯᠠᠩᠬᠢ ᠨᠢ | ᠲᠤᠬᠢᠷᠠᠭᠤᠯᠤᠯᠳᠠ ᠪᠠᠷ ᠭᠤᠤᠯᠳᠠᠭᠤᠯᠵᠦ᠂ ᠳᠡᠭᠡᠭᠰᠢ ᠮᠡᠳᠡᠬᠦᠯᠦᠭᠰᠡᠨ ᠪᠠᠶᠢᠳᠠᠯ ᠢ ᠬᠢᠨᠡᠨ ᠲᠣᠳᠤᠯᠠᠭᠰᠠᠨ ᠲᠠᠯ᠎ᠠ ᠪᠠᠷ | ᠬᠦᠷᠦᠯᠴᠡᠬᠦ ᠦᠭᠡᠢ᠂ ᠡᠬᠦᠷᠭᠡ ᠶᠢᠨ ᠠᠬᠢᠴᠠ ᠤᠳᠠᠭᠠᠰᠢᠷᠠᠭᠰᠠᠨ ᠭᠠᠵᠠᠷ ᠤᠷᠤᠨ ᠳᠤ ᠰᠢᠮᠳᠠᠭᠤᠯᠤᠭᠠ | ᠵᠢᠯᠤᠭᠤᠳᠤᠯᠭ᠎ᠠ ᠪᠠ ᠬᠢᠨᠡᠨ ᠰᠢᠯᠭᠠᠯᠳᠠ ᠲᠤᠳᠠᠭᠤᠳᠠᠵᠠᠢ᠃ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠦ | ᠠᠬᠤᠢ ᠶᠢᠨ ᠲᠢᠩᠬᠢᠮ ᠨᠢ ᠨᠤᠳᠤᠭ ᠪᠡᠯᠴᠢᠭᠡᠷ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠯᠤᠭᠰᠠᠨ ᠤ | ᠬᠤᠪᠢ ᠳᠤ᠂ ᠲᠦᠷᠢᠮ ᠲᠤᠭᠳᠠᠭᠠᠯ ᠢ ᠵᠦᠷᠢᠴᠡᠨ ᠨᠤᠳᠤᠭ ᠪᠡᠯᠴᠢᠭᠡᠷ ᠢ ᠡᠵᠡᠯᠡᠨ ᠭᠡᠷᠡᠭᠯᠡᠭᠰᠡᠨ ᠠᠰᠠᠭᠤᠳᠠᠯ ᠤᠨ | ᠲᠠᠯ᠎ᠠ ᠪᠠᠷ ᠬᠢ ᠰᠠᠭᠤᠷᠢ ᠲᠤᠭ᠎ᠠ ᠨᠢ ᠳᠤᠳᠤᠷᠬᠠᠢ ᠦᠭᠡᠢ᠂ ᠦᠪᠡᠷᠲᠡᠭᠡᠨ ᠵᠠᠰᠠᠬᠤ ᠤᠷᠤᠨ ᠠᠴᠠ ᠤᠷᠢᠳ ᠬᠤᠵᠢᠳ | ᠬᠤᠶᠠᠷ ᠤᠳᠠᠭ᠎ᠠ ᠪᠢᠴᠢᠭ ᠮᠠᠲ᠋ᠧᠷᠢᠶᠠᠯ ᠪᠠᠭᠤᠯᠭᠠᠨ ᠡᠯ᠎ᠠ ᠠᠶᠢᠮᠠᠬ ᠬᠤᠳᠠ ᠶᠢᠨ ᠨᠤᠳᠤᠭ ᠪᠡᠯᠴᠢᠭᠡᠷ ᠢ ᠬᠠᠤᠯᠢ | ᠪᠤᠰᠦ ᠪᠠᠷ ᠳᠠᠳᠠᠪᠤᠷᠢᠯᠡᠨ ᠡᠵᠡᠯᠡᠭᠰᠡᠨ ᠪᠠᠶᠢᠳᠠᠯ ᠢ ᠤᠶᠢᠯᠠᠭᠠᠬᠤ ᠪᠠᠶᠢᠴᠠᠭᠠᠯᠳᠠ ᠬᠢᠬᠦ ᠶᠢ ᠱᠠᠭᠠᠷᠳᠠᠪᠠ᠂ ᠭᠡᠪᠡᠴᠦ | ᠰᠤᠭᠤᠴᠢᠨ ᠪᠠᠶᠢᠴᠠᠭᠠᠵᠦ ᠬᠢᠨᠡᠨ ᠳᠤᠳᠤᠯᠠᠭᠰᠠᠨ ᠨᠢ ᠬᠦᠷᠦᠯᠴᠡᠬᠦ ᠦᠭᠡᠢ ᠪᠠᠶᠢᠵᠦ᠂ ᠨᠢᠭᠤᠭᠠᠳ ᠮᠡᠳᠡᠬᠦᠯᠬᠦ ᠦᠭᠡᠢ | ᠪᠤᠶᠦ ᠲᠤᠳᠠᠭᠤ ᠲᠤᠷᠭᠤᠨ ᠮᠡᠳᠡᠬᠦᠯᠬᠦ ᠠᠰᠠᠭᠤᠳᠠᠯ ᠲᠤᠪᠤᠶᠢᠮ᠎ᠠ ᠤᠷᠤᠰᠢᠵᠦ᠂ ᠲᠤᠭ᠎ᠠ ᠪᠠᠷᠢᠮᠳᠠ ᠨᠢ ᠦᠨᠡᠨ ᠪᠤᠳᠠᠳᠦ | ᠴᠢᠨᠠᠷ ᠢᠶᠠᠨ ᠬᠦᠨᠳᠦ ᠨᠤᠴᠢᠳᠠᠢ ᠠᠯᠳᠠᠵᠦ᠂ ᠴᠡᠭᠴᠡᠯᠡᠨ ᠰᠠᠶᠢᠵᠢᠷᠠᠭᠤᠯᠤᠯᠳᠠ ᠶᠢᠨ ᠠᠬᠢᠴᠠ ᠤᠳᠠᠭᠠᠰᠢᠷᠠᠵᠠᠢ᠃ | ᠦᠪᠡᠷᠲᠡᠭᠡᠨ ᠵᠠᠰᠠᠬᠤ ᠤᠷᠤᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠰᠠᠯᠠᠭ᠎ᠠ ᠮᠦᠴᠢᠷ ᠨᠢ | ᠠᠭᠤᠷᠬᠠᠢ ᠶᠢᠨ ᠬᠢᠨ ᠤ ᠨᠤᠳᠤᠭ ᠪᠡᠯᠴᠢᠭᠡᠷ ᠢ ᠡᠪᠳᠡᠭᠰᠡᠨ ᠠᠰᠠᠭᠤᠳᠠᠯ ᠳᠤ ᠨᠤᠳᠤᠭ ᠪᠡᠯᠴᠢᠭᠡᠷ ᠢ ᠤᠷᠢᠳᠴᠢᠯᠠᠨ | ᠬᠢᠨᠡᠬᠤ ᠲᠦᠷᠢᠮ ᠢ ᠴᠢᠩᠭ᠎ᠠ ᠭᠡᠷᠡᠭᠵᠢᠬᠦᠯᠦᠭᠰᠡᠨ ᠦᠭᠡᠢ ᠪᠦᠭᠡᠳ ᠪᠠᠰᠠ ᠠᠮᠢ ᠠᠬᠤᠢ ᠶᠢᠨ ᠰᠡᠷᠬᠦᠭᠡᠯᠳᠠ ᠶᠢ | ᠪᠦᠳᠦᠮᠵᠢᠳᠠᠢ ᠵᠤᠬᠢᠶᠠᠨ ᠪᠠᠶᠢᠭᠤᠯᠤᠭᠰᠠᠨ ᠦᠭᠡᠢ᠂ ᠭᠡᠳᠦ᠋ᠢᠪᠡᠷ 2014 ᠣᠨ ᠳᠤ ᠪᠢᠴᠢᠭ ᠮᠠᠲ᠋ᠧᠷᠢᠶᠠᠯ ᠪᠠᠭᠤᠯᠭᠠᠨ | ᠲᠠᠷᠢᠶᠠᠨ ᠭᠠᠵᠠᠷ ᠢ ᠪᠦᠳᠦᠭᠡᠨ ᠪᠠᠶᠢᠭᠤᠯᠤᠯᠳᠠ ᠶᠢᠨ ᠭᠠᠵᠠᠷ ᠪᠤᠯᠭᠠᠨ ᠰᠢᠯᠵᠢᠬᠦᠯᠬᠦ ᠦᠶ᠎ᠠ ᠳᠤ ᠨᠤᠳᠤᠭ ᠪᠡᠯᠴᠢᠭᠡᠷ ᠤᠨ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠵᠢᠱᠢᠨ ᠬᠢᠨᠡᠬᠰᠠᠨ ᠰᠠᠨᠠᠯ ᠢ ᠲᠤᠰᠢᠶᠠᠬᠤ ᠪᠠᠷ ᠱᠠᠭᠠᠷᠳᠠᠭᠰᠠᠨ ᠴᠦ᠂ | ᠪᠢᠴᠢᠭ ᠮᠠᠲ᠋ᠧᠷᠢᠶᠠᠯ ᠢ ᠨᠡᠶᠢᠳᠡᠯᠡᠭᠰᠡᠨ ᠤ ᠲᠠᠷᠠᠭ᠎ᠠ᠂ ᠲᠦᠷᠢᠮ ᠲᠤᠭᠳᠠᠭᠠᠯ ᠠᠴᠠ ᠵᠦᠷᠢᠴᠡᠨ ᠨᠤᠳᠤᠭ ᠪᠡᠯᠴᠢᠭᠡᠷ ᠢ | ᠡᠵᠡᠯᠡᠨ ᠬᠡᠷᠡᠭᠯᠡᠬᠦ ᠶᠢ ᠬᠢᠨᠠᠨ ᠵᠦᠪᠰᠢᠶᠡᠷᠡᠭᠰᠡᠨ 246 ᠭᠡᠷᠡᠭ ᠭᠠᠷᠴᠦ᠂ 4.51 ᠲᠦᠮᠡᠨ ᠮᠤ᠋ ᠨᠤᠳᠤᠭ | ᠪᠡᠯᠴᠢᠭᠡᠷ ᠲᠤ ᠬᠤᠯᠪᠤᠭᠳᠠᠪᠠ᠃ ᠤᠯᠤᠰ ᠤᠨ ᠴᠠᠬᠢᠯᠭᠠᠨ ᠲᠤᠤᠷ ᠤᠨ ᠪᠡᠯᠡ ᠤᠷᠤᠭᠤᠯᠤᠯᠳᠠ ᠶᠢᠨ ᠪᠦᠯᠦᠭᠯᠡᠯ ᠤᠨ | ᠬᠤᠤᠯᠢᠨ ᠭᠤᠤᠯ ᠵᠠᠳᠠᠭᠠᠢ ᠨᠡᠬᠦᠷᠡᠰᠦᠨ ᠠᠭᠤᠷᠬᠠᠢ ᠨᠢ 2013 ᠣᠨ ᠠᠴᠠ ᠨᠠᠭᠠᠰᠢ ᠤᠷᠢᠳ ᠬᠤᠵᠢᠳ ᠶᠡᠭᠡ | ᠭᠡᠮᠵᠢᠶᠠᠨ ᠤ ᠨᠤᠳᠤᠭ ᠪᠡᠯᠴᠢᠭᠡᠷ ᠢ ᠡᠵᠡᠯᠡᠵᠦ᠂ ᠵᠠᠰᠠᠨ ᠰᠡᠷᠬᠦᠭᠡᠬᠦ ᠠᠵᠢᠯ ᠢ ᠦᠨᠳᠦᠰᠦᠨ ᠳᠡᠭᠡᠨ ᠬᠢᠭᠰᠡᠨ ᠦᠭᠡᠢ᠂ | ᠭᠡᠪᠡᠴᠦ ᠲᠤᠬᠠᠢ ᠶᠢᠨ ᠭᠠᠵᠠᠷ ᠤᠨ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠰᠠᠯᠠᠭ᠎ᠠ ᠮᠦᠴᠢᠷ ᠠᠴᠠ 6 | ᠵᠢᠯ ᠤᠨ ᠲᠤᠷᠰᠢ ᠨᠢᠬᠡ ᠴᠦ ᠰᠢᠢᠳᠭᠡᠯ ᠵᠠᠯᠬᠠᠭᠠᠯ ᠥᠭᠭᠦᠭᠰᠡᠨ ᠦᠭᠡᠢ᠃ | ᠦᠪᠡᠷᠲᠡᠭᠡᠨ ᠵᠠᠰᠠᠬᠤ ᠤᠷᠤᠨ ᠤ ᠶᠠᠰᠦ ᠴᠢᠨᠠᠷ ᠲᠤ ᠮᠡᠷᠭᠡᠵᠢᠯ ᠤᠨ ᠬᠢᠨᠠᠯᠳᠠ ᠲᠠᠯᠪᠢᠬᠤ ᠪᠠ ᠦᠢᠯᠡᠳᠪᠤᠷᠢ | ᠬᠤᠳᠠᠯᠳᠤᠭ᠎ᠠ ᠵᠡᠷᠭᠡ ᠰᠠᠯᠠᠭ᠎ᠠ ᠮᠦᠴᠢᠷ ᠤᠨ ᠬᠢᠨ ᠴᠢᠨᠠᠷ ᠮᠠᠭᠤᠳᠠᠢ ᠨᠡᠬᠦᠷᠡᠰᠦ ᠶᠢᠨ ᠵᠠᠬ᠎ᠠ ᠳᠡᠯᠭᠡᠬᠦᠷ ᠲᠤ | ᠤᠷᠤᠬᠤ ᠶᠢ ᠪᠦᠳᠦᠮᠵᠢᠳᠠᠢ ᠬᠢᠨᠡᠨ ᠬᠠᠮᠢᠶᠠᠷᠤᠭᠰᠠᠨ ᠦᠭᠡᠢ᠂ ᠰᠢᠮᠳᠠᠭᠤᠯᠤᠨ ᠪᠠᠶᠢᠴᠠᠭᠠᠵᠦ ᠴᠡᠭᠴᠡᠯᠡᠨ | ᠰᠠᠶᠢᠵᠢᠷᠠᠭᠤᠯᠬᠤ ᠲᠦᠰᠦᠯ ᠤᠨ ᠱᠠᠭᠠᠷᠳᠠᠯᠭ᠎ᠠ ᠶᠤᠰᠤᠭᠠᠷ ᠶᠠᠰᠦ ᠴᠢᠨᠠᠷ ᠲᠤ ᠮᠡᠷᠭᠡᠵᠢᠯ ᠤᠨ ᠬᠢᠨᠡᠯᠳᠠ ᠲᠠᠯᠪᠢᠬᠤ ᠪᠠ | ᠦᠢᠯᠡᠳᠪᠤᠷᠢ ᠬᠤᠳᠠᠯᠳᠤᠭᠠᠨ ᠤ ᠰᠠᠯᠠᠭ᠎ᠠ ᠮᠦᠴᠢᠷ ᠨᠢ ᠨᠡᠬᠦᠷᠡᠰᠦᠨ ᠤ ᠵᠠᠬ᠎ᠠ ᠳᠡᠯᠭᠡᠬᠦᠷ ᠤᠨ ᠬᠢᠨᠡᠯᠳᠠ ᠬᠠᠮᠢᠶᠠᠷᠤᠯᠳᠠ | ᠪᠤᠯᠤᠨ ᠴᠢᠨᠠᠷ ᠮᠠᠭᠤᠳᠠᠢ ᠨᠡᠬᠦᠷᠡᠰᠦᠨ ᠤ ᠪᠤᠷᠤᠯᠠᠭᠤᠯᠤᠯᠳᠠ ᠶᠢ ᠴᠠᠭᠠᠵᠠᠯᠠᠬᠤ ᠠᠵᠢᠯ ᠢ ᠡᠬᠦᠷᠭᠡᠯᠡᠨ᠎ᠠ ᠬᠡᠵᠦ | ᠱᠠᠭᠠᠷᠳᠠᠭᠰᠠᠨ ᠪᠤᠯᠪᠠᠴᠦ ᠶᠠᠰᠦ ᠴᠢᠨᠠᠷ ᠲᠤ ᠮᠡᠷᠭᠡᠵᠢᠯ ᠤᠨ ᠬᠢᠨᠠᠯᠳᠠ ᠲᠠᠯᠪᠢᠬᠤ ᠰᠠᠯᠠᠭ᠎ᠠ ᠮᠦᠴᠢᠷ ᠤᠨ ᠬᠢᠨ ᠭᠠᠭᠴᠠ | ᠬᠦ ᠬᠦᠬᠡᠬᠤᠳᠠ ᠵᠡᠷᠭᠡ ᠤᠷᠤᠨ ᠪᠦᠰᠡ ᠳᠤ ᠨᠡᠬᠦᠷᠡᠰᠦᠨ ᠤ ᠶᠠᠰᠦ ᠴᠢᠨᠠᠷ ᠤᠨ ᠠᠶᠤᠯ ᠲᠦᠭᠰᠢᠬᠦᠷᠢ ᠶᠢᠨ ᠬᠢᠨᠡᠨ | ᠭᠡᠮᠵᠢᠯᠳᠠ ᠬᠢᠵᠦ᠂ ᠦᠢᠯᠡᠳᠪᠤᠷᠢ ᠬᠤᠳᠠᠯᠳᠤᠭᠠᠨ ᠤ ᠰᠠᠯᠠᠭ᠎ᠠ ᠮᠦᠴᠢᠷ ᠬᠤᠯᠪᠤᠭᠳᠠᠯ ᠪᠦᠬᠦᠢ ᠠᠵᠢᠯ ᠢ ᠶᠡᠷᠦ ᠨᠢ | ᠥᠷᠨᠢᠭᠦᠯᠦᠭᠰᠡᠨ ᠦᠭᠡᠢ᠃ | ᠭᠤᠷᠪᠠ ᠳᠤ᠂ ᠠᠯᠪᠠ ᠬᠠᠰᠢᠵᠦ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠨᠡᠯᠢᠶᠡᠳ ᠤᠯᠠᠨ ᠪᠠᠶᠢᠨ᠎ᠠ᠃ | ᠦᠪᠡᠷᠲᠡᠭᠡᠨ ᠵᠠᠰᠠᠬᠤ ᠤᠷᠤᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ᠂ ᠡᠳ᠋ ᠤᠨ ᠵᠠᠰᠠᠭ ᠤᠨ | ᠲᠢᠩᠬᠢᠮ ᠪᠣᠴᠠᠵᠤ ᠪᠠᠶᠢᠴᠠᠭᠠᠨ ᠦᠵᠡᠬᠦ ᠠᠵᠢᠯᠯᠠᠭ᠎ᠠ ᠡᠬᠢᠯᠡᠬᠦ ᠠᠴᠠ ᠡᠮᠦᠨᠡᠬᠡᠨ ᠰᠠᠶ᠋ᠢ ᠪᠠᠶᠢᠭᠠᠯᠢ ᠶᠢᠨ | ᠬᠠᠮᠠᠭᠠᠯᠠᠯᠳᠠ ᠶᠢᠨ ᠤᠷᠤᠨ ᠤ ᠠᠭᠤᠷᠬᠠᠢ ᠶᠢᠨ ᠦᠢᠯᠡᠰ ᠤᠨ ᠡᠷᠭᠡ ᠶᠢ ᠬᠠᠰᠤᠬᠤ ᠨᠦᠬᠦᠪᠦᠷᠢ ᠦᠭᠬᠦ ᠵᠢᠯᠤᠭᠤᠳᠬᠤ | ᠰᠠᠨᠠᠯ ᠪᠤᠯᠤᠨ ᠠᠭᠤᠷᠬᠠᠢ ᠶᠢᠨ ᠠᠵᠦ ᠠᠬᠤᠶᠢᠯᠠᠯ ᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠠᠴᠠ ᠭᠠᠷᠭᠠᠬᠰᠠᠨ ᠤ | ᠳᠠᠷᠠᠭ᠎ᠠ ᠤᠤᠯ ᠤᠨ ᠠᠭᠤᠷᠬᠠᠢ ᠶᠢᠨ ᠤᠷᠤᠨ ᠤ ᠭᠠᠵᠠᠷ ᠵᠦᠢ ᠶᠢᠨ ᠤᠷᠴᠢᠨ ᠲᠤᠭᠤᠷᠢᠨ ᠢ ᠰᠡᠷᠬᠦᠭᠡᠨ ᠵᠠᠰᠠᠬᠤ | ᠲᠦᠰᠦᠯ ᠢ ᠪᠠᠴᠢᠮ ᠲᠦᠷᠭᠡᠨ ᠲᠤᠭᠳᠠᠭᠠᠵᠦ᠂ ᠠᠵᠦ ᠦᠢᠯᠡᠳᠪᠤᠷᠢ ᠠᠭᠤᠷᠬᠠᠢ ᠶᠢᠨ ᠠᠵᠦ ᠠᠬᠤᠶᠢᠯᠠᠯ ᠢ ᠭᠠᠷᠭᠠᠬᠤ | ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠠᠴᠠ ᠪᠠ ᠰᠡᠷᠬᠦᠭᠡᠨ ᠵᠠᠰᠠᠬᠤ ᠠᠵᠢᠯ ᠤᠨ ᠠᠬᠢᠴᠠ ᠶᠢ ᠬᠦᠨᠳᠦ ᠨᠤᠴᠢᠳᠠᠢ | ᠨᠦᠯᠦᠭᠡᠯᠡᠪᠡ᠃ ᠬᠢᠩᠭᠠᠨ ᠠᠶᠢᠮᠠᠭ᠂ ᠬᠦᠯᠦᠨ ᠪᠤᠶᠢᠷ ᠬᠤᠳᠠ᠂ ᠤᠷᠳᠤᠰ ᠬᠤᠳᠠ ᠵᠡᠷᠭᠡ ᠠᠶᠢᠮᠠᠭ ᠬᠤᠳᠠ ᠶᠢᠨ | ᠬᠤᠳᠠ ᠪᠠᠯᠭᠠᠰᠦ ᠶᠢᠨ ᠠᠮᠢᠳᠤᠷᠠᠯ ᠤᠨ ᠪᠤᠬᠢᠷ ᠤᠰᠦ ᠶᠢ ᠰᠢᠢᠳᠪᠦᠷᠢᠯᠡᠬᠦ ᠦᠢᠯᠡᠳᠪᠦᠷᠢ ᠨᠦᠭᠦᠳ ᠤᠨ ᠪᠤᠬᠢᠷ | ᠤᠰᠦ ᠶᠢ ᠬᠤᠷᠢᠶᠠᠨ ᠴᠤᠭᠯᠠᠭᠤᠯᠵᠦ ᠪᠠᠶᠢᠬᠤ ᠨᠢ ᠭᠦᠢᠴᠡᠳ ᠪᠢᠰᠢ᠂ ᠬᠢᠩᠭᠠᠨ ᠠᠶᠢᠮᠠᠭ ᠤᠨ ᠲᠦᠴᠢᠤᠸᠠᠨ ᠰᠢᠶᠠᠨ ᠤ | ᠴᠢᠩᠶᠤᠸᠠᠨ ᠪᠤᠬᠢᠷ ᠤᠰᠦ ᠰᠢᠢᠳᠪᠦᠷᠢᠯᠡᠬᠦ ᠬᠢᠵᠠᠭᠠᠷᠳᠦ ᠺᠤᠮᠫᠠᠨᠢ ᠶᠢᠨ ᠳᠠᠭᠠᠭᠠᠴᠠ ᠶᠢᠨ ᠨᠤᠷᠮ᠎ᠠ ᠲᠦᠡᠭᠭᠡᠵᠢ 15% | ᠰᠢᠬᠠᠮ ᠳᠤ ᠬᠦᠷᠴᠦ ᠪᠠᠶᠢᠨ᠎ᠠ︔ ᠬᠦᠯᠦᠨ ᠪᠤᠶᠢᠷ ᠬᠤᠳᠠ ᠶᠢᠨ ᠭᠡᠭᠡᠨ ᠭᠤᠤᠯ ᠬᠤᠳᠠ ᠶᠢᠨ ᠪᠤᠬᠢᠷ ᠤᠰᠦ | ᠰᠢᠢᠳᠪᠦᠷᠢᠯᠡᠬᠦ ᠦᠢᠯᠡᠳᠪᠦᠷᠢ ᠶᠢᠨ ᠳᠠᠭᠠᠭᠠᠴᠠ ᠶᠢᠨ ᠨᠤᠷᠮ᠎ᠠ 24% ᠰᠢᠬᠠᠮ ᠳᠤ ᠬᠦᠷᠴᠦ ᠪᠠᠶᠢᠨ᠎ᠠ︔ ᠤᠷᠳᠤᠰ | ᠬᠤᠳᠠ ᠶᠢᠨ ᠤᠳᠤᠭ ᠤᠨ ᠡᠮᠦᠨᠡᠳᠦ ᠬᠤᠰᠢᠭᠤᠨ ᠤ ᠤᠯᠵᠠᠴᠢ ᠪᠠᠯᠭᠠᠰᠦ ᠶᠢᠨ ᠪᠤᠬᠢᠷ ᠤᠰᠦ ᠰᠢᠢᠳᠪᠦᠷᠢᠯᠡᠬᠦ | ᠦᠢᠯᠡᠳᠪᠦᠷᠢ ᠶᠢᠨ ᠳᠠᠭᠠᠭᠠᠴᠠ ᠶᠢᠨ ᠨᠤᠷᠮ᠎ᠠ ᠲᠦᠡᠭᠭᠡᠵᠢ 15% ᠰᠢᠬᠠᠮ ᠳᠤ ᠬᠦᠷᠴᠦ ᠪᠠᠶᠢᠨ᠎ᠠ᠃ | ᠬᠦᠯᠦᠨ ᠪᠤᠶᠢᠷ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠢ ᠬᠦᠯᠦᠨ ᠨᠠᠭᠤᠷ ᠤᠨ | ᠶᠡᠷᠦᠩᠬᠡᠶᠢᠯᠡᠭᠰᠡᠨ ᠵᠠᠰᠠᠯᠳᠠ ᠶᠢᠨ ᠲᠦᠯᠦᠪᠵᠢᠭᠦᠯᠭᠡ ᠶᠢ ᠵᠤᠬᠢᠶᠠᠨ ᠪᠠᠶᠢᠭᠤᠯᠵᠦ ᠬᠡᠷᠡᠭᠵᠢᠭᠦᠯᠬᠦ ᠳᠡᠭᠡᠨ | ᠳᠤᠷ᠎ᠠ ᠪᠠᠷ ᠢᠶᠠᠨ ᠲᠤᠬᠢᠷᠠᠭᠤᠯᠤᠯᠳᠠ ᠬᠢᠵᠦ᠂ 2017 ᠣᠨ ᠤ ᠰᠡᠭᠦᠯᠴᠢ ᠪᠠᠷ ᠪᠡᠶᠡᠯᠡᠭᠦᠯᠬᠦ ᠶᠤᠰᠤᠳᠠᠢ 20 | ᠵᠠᠰᠠᠯᠳᠠ ᠶᠢᠨ ᠢᠨᠵᠧᠨᠧᠷᠢᠩ ᠤᠨ 2 ᠢ ᠨᠢ ᠲᠦᠯᠦᠪᠵᠢᠭᠦᠯᠭᠡ ᠠᠴᠠ ᠭᠠᠷᠭᠠᠪᠠ︔ ᠦᠯᠡᠳᠡᠭᠰᠡᠨ 18 ᠲᠦᠷᠦᠯ | ᠵᠦᠢᠯ ᠤᠨ 16 ᠳᠤ ᠨᠢ ᠶᠡᠭᠡ ᠪᠠᠷ ᠲᠤᠬᠢᠷᠠᠭᠤᠯᠤᠯᠳᠠ ᠬᠢᠵᠦ᠂ ᠲᠤᠬᠢᠷᠠᠭᠤᠯᠤᠯᠳᠠ ᠬᠢᠵᠦ ᠬᠤᠪᠢᠷᠠᠭᠤᠯᠤᠭᠰᠠᠨ | ᠬᠡᠮᠵᠢᠶ᠎ᠠ ᠨᠢ 90% ᠳᠤ ᠬᠦᠷᠴᠠᠢ᠃ ᠪᠠᠶᠠᠨᠨᠠᠭᠤᠷ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ | ᠤᠯᠠᠭᠠᠨᠰᠤᠬᠠᠢ ᠶᠢ ᠵᠠᠰᠠᠵᠦ ᠬᠠᠮᠠᠭᠠᠯᠠᠭᠰᠠᠨ ᠡᠷᠴᠢᠮ ᠴᠢᠩᠭ᠎ᠠ ᠪᠢᠰᠢ᠂ ᠶᠡᠷᠦᠩᠬᠡᠶᠢᠯᠡᠭᠰᠡᠨ ᠵᠠᠰᠠᠯᠳᠠ ᠶᠢᠨ | ᠲᠦᠯᠦᠪᠵᠢᠭᠦᠯᠬᠡ ᠳᠤ ᠤᠷᠤᠭᠤᠯᠤᠭᠰᠠᠨ 96 ᠲᠦᠷᠦᠯ ᠵᠦᠢᠯ ᠤᠨ 37 ᠶᠢ ᠯᠠ ᠬᠡᠷᠡᠭᠵᠢᠭᠦᠯᠤᠨ 19 ᠲᠦᠷᠦᠯ | ᠵᠦᠢᠯ ᠢ ᠯᠠ ᠪᠡᠶᠡᠯᠡᠭᠦᠯᠪᠡ︔ 2016 ᠣᠨ ᠤ ᠰᠡᠭᠦᠯᠴᠢ ᠪᠠᠷ ᠪᠡᠶᠡᠯᠡᠭᠦᠯᠬᠦ ᠪᠠᠷ ᠱᠠᠭᠠᠷᠳᠠᠭᠰᠠᠨ 31 ᠲᠦᠷᠦᠯ | ᠵᠦᠢᠯ ᠠᠴᠠ 8 ᠶᠢ ᠯᠠ ᠪᠡᠶᠡᠯᠡᠭᠦᠯᠵᠠᠢ᠃ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ | ᠳᠠᠭ᠎ᠠ ᠶᠢᠨ ᠨᠠᠭᠤᠷ ᠤᠨ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠵᠤᠷᠢᠭ ᠡᠷᠡᠰ ᠪᠠᠳᠦ ᠪᠢᠰᠢ᠂ | ᠠᠮᠠᠷᠬᠠᠨ ᠢ ᠨᠢ ᠬᠢᠵᠦ ᠬᠦᠴᠢᠷᠳᠠᠢ ᠶᠢ ᠨᠢ ᠬᠤᠶᠢᠰᠢᠯᠠᠭᠤᠯᠪᠠ︔ ᠲᠦᠷᠦᠯ ᠵᠦᠢᠯ ᠤᠨ ᠬᠤᠭᠤᠷᠤᠨᠳᠦ ᠨᠢᠭᠡᠳᠦᠯᠳᠠᠢ | ᠲᠦᠯᠦᠪᠵᠢᠭᠦᠯᠵᠦ ᠵᠤᠬᠢᠴᠠᠭᠤᠯᠤᠭᠰᠠᠨ ᠡᠷᠴᠢᠮ ᠮᠠᠭᠤ ᠠᠴᠠ ᠪᠤᠯᠤᠭᠠᠳ ᠵᠠᠰᠠᠯᠳᠠ ᠶᠢᠨ ᠦᠷ᠎ᠠ ᠪᠦᠲᠦᠮᠵᠢ ᠶᠢ | ᠰᠢᠭᠤᠳ ᠬᠠᠷᠰᠢᠯᠠᠵᠦ᠂ ᠳᠠᠭ᠎ᠠ ᠶᠢᠨ ᠨᠠᠭᠤᠷ ᠤᠨ ᠤᠰᠤᠨ ᠤ ᠴᠢᠨᠠᠷ ᠢ ᠰᠡᠷᠭᠦᠭᠡᠬᠦ ᠳᠤ ᠬᠤᠯᠪᠤᠭᠳᠠᠭᠰᠠᠨ 4 ᠲᠦᠷᠦᠯ | ᠵᠦᠢᠯ ᠠᠴᠠ 1 ᠶᠢ ᠯᠡ ᠲᠤᠭᠳᠠᠭᠰᠠᠨ ᠬᠤᠭᠤᠴᠠᠭᠠᠨ ᠳᠤ ᠪᠡᠶᠡᠯᠡᠭᠦᠯᠪᠡ᠃ | ᠦᠪᠡᠷᠳᠡᠭᠡᠨ ᠵᠠᠰᠠᠬᠤ ᠤᠷᠤᠨ ᠤ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠳᠠ᠂ | ᠤᠷᠴᠢᠨ ᠲᠤᠭᠤᠷᠢᠨ ᠤ ᠬᠠᠮᠠᠭᠠᠯᠠᠯᠳᠠ ᠵᠡᠷᠭᠡ ᠰᠠᠯᠠᠭ᠎ᠠ ᠮᠦᠴᠢᠷ ᠤᠨ ᠨᠡᠭᠦᠷᠡᠰᠦ ᠰᠢᠳᠠᠭᠠᠬᠤ ᠪᠠᠭ᠎ᠠ ᠵᠤᠤᠬ᠎ᠠ ᠶᠢ | ᠰᠢᠭᠰᠢᠭᠳᠡᠬᠦᠯᠬᠦ ᠲᠤᠬᠠᠢ ᠲᠠᠨᠢᠯᠳᠠ ᠭᠦᠢᠴᠡᠳ ᠪᠢᠰᠢ᠂ ᠴᠡᠭᠴᠡᠯᠡᠨ ᠰᠠᠶᠢᠵᠢᠷᠠᠭᠤᠯᠬᠤ ᠲᠦᠰᠦᠯ ᠤᠨ ᠱᠠᠭᠠᠷᠳᠠᠯᠭ᠎ᠠ | ᠶᠤᠰᠤᠭᠠᠷ ᠲᠤᠭᠳᠠᠭᠠᠯ ᠢ ᠵᠦᠷᠢᠴᠡᠨ ᠰᠢᠨ᠎ᠠ ᠪᠠᠷ ᠪᠠᠶᠢᠭᠤᠯᠤᠭᠰᠠᠨ ᠪᠠᠭ᠎ᠠ ᠵᠤᠤᠬ᠎ᠠ ᠶᠢ ᠰᠢᠭᠰᠢᠭᠳᠡᠬᠦᠯᠬᠦ ᠬᠡᠪᠴᠢᠶᠠᠨ ᠳᠤ | ᠤᠷᠤᠭᠤᠯᠤᠭᠰᠠᠨ ᠦᠭᠡᠢ᠂ ᠪᠦᠬᠦ ᠤᠷᠤᠨ ᠤ 5 ᠠᠶᠢᠮᠠᠭ ᠬᠤᠳᠠ ᠶᠢᠨ ᠪᠦᠲᠦᠭᠡᠨ ᠪᠠᠶᠢᠭᠤᠯᠤᠯᠳᠠ ᠶᠢᠨ | ᠲᠤᠭᠤᠷᠢᠭ ᠲᠤ 10 T/H ᠵᠢᠴᠢ ᠡᠭᠦᠨ ᠠᠴᠠ ᠪᠠᠭ᠎ᠠ ᠬᠡᠮᠵᠢᠶᠠᠨ ᠤ 127 ᠨᠡᠭᠦᠷᠡᠰᠦ ᠰᠢᠳᠠᠭᠠᠬᠤ ᠪᠠᠭ᠎ᠠ | ᠵᠤᠤᠬ᠎ᠠ ᠶᠢ ᠰᠢᠭᠰᠢᠭᠳᠡᠭᠦᠯᠦᠭᠰᠡᠨ ᠦᠭᠡᠢ᠃ | ᠳᠦᠷᠪᠡ ᠳᠤ᠂ ᠦᠩᠭᠡᠨ ᠲᠠᠯ᠎ᠠ ᠶᠢ ᠯᠠ ᠴᠡᠭᠴᠡᠯᠡᠨ ᠰᠠᠶᠢᠵᠢᠷᠠᠭᠤᠯᠵᠦ᠂ ᠬᠤᠳᠠᠯ ᠬᠠᠭᠤᠷᠮᠠᠭ ᠢᠶᠠᠷ ᠴᠡᠭᠴᠡᠯᠡᠨ | ᠰᠠᠶᠢᠵᠢᠷᠠᠭᠤᠯᠵᠦ ᠪᠠᠶᠢᠨ᠎ᠠ᠃ ᠦᠪᠡᠷᠳᠡᠭᠡᠨ ᠵᠠᠰᠠᠬᠤ ᠤᠷᠤᠨ ᠤ ᠠᠵᠦ ᠠᠬᠤᠢ ᠪᠤᠯᠤᠨ ᠮᠡᠳᠡᠭᠡ ᠵᠠᠩᠭᠢᠵᠢᠯᠲᠠ ᠶᠢᠨ | ᠵᠦᠪᠯᠡᠯ ᠨᠢ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠰᠢᠭᠠᠷᠦ ᠶᠢᠨ ᠲᠠᠯᠠᠪᠤᠷ ᠤᠨ ᠪᠦᠲᠦᠭᠡᠨ | ᠪᠠᠶᠢᠭᠤᠯᠤᠯᠳᠠ ᠶᠢ ᠬᠠᠮᠢᠶᠠᠷᠬᠤ ᠬᠠᠷᠢᠭᠤᠴᠠᠯᠭ᠎ᠠ ᠲᠠᠢ ᠰᠠᠯᠠᠭ᠎ᠠ ᠮᠦᠴᠢᠷ ᠪᠤᠯᠤᠭᠰᠠᠨ ᠤ ᠬᠤᠪᠢ ᠳᠤ᠂ ᠵᠤᠬᠢᠴᠠᠭᠤᠯᠤᠨ | ᠲᠤᠬᠢᠷᠠᠭᠤᠯᠤᠭᠰᠠᠨ ᠠᠴᠠ ᠪᠢᠰᠢ ᠰᠢᠮᠳᠠᠭᠤᠯᠤᠨ ᠬᠢᠯᠭᠡᠭᠰᠡᠨ ᠦᠭᠡᠢ ᠠᠴᠠ ᠪᠤᠯᠤᠭᠠᠳ ᠪᠦᠬᠦ ᠤᠷᠤᠨ ᠤ 64 | ᠲᠤᠭᠤᠷᠢᠭ ᠤᠨ ᠳᠡᠰ ᠵᠢᠴᠢ ᠲᠤᠭᠤᠷᠢᠭ ᠤᠨ ᠳᠡᠰ ᠠᠴᠠ ᠳᠡᠭᠡᠭᠰᠢᠬᠢ ᠠᠵᠦ ᠦᠢᠯᠡᠳᠪᠦᠷᠢ ᠶᠢᠨ ᠬᠦᠷᠢᠶᠡᠯᠡᠩ | ᠲᠤᠭᠤᠷᠢᠭ ᠳᠤᠳᠤᠷ᠎ᠠ᠂ ᠪᠦᠳᠦᠬᠡᠨ ᠪᠠᠶᠢᠭᠤᠯᠬᠤ ᠶᠤᠰᠤᠳᠠᠢ 25 ᠰᠢᠭᠠᠷᠦ ᠶᠢᠨ ᠲᠠᠯᠠᠪᠤᠷ ᠢ ᠪᠦᠳᠦᠬᠡᠨ ᠪᠠᠶᠢᠭᠤᠯᠵᠦ | ᠲᠠᠭᠤᠰᠤᠭᠠᠲᠤᠢ ᠮᠦᠷᠳᠡᠭᠡᠨ 23 ᠨᠢ ᠲᠦᠷᠦᠭᠦᠴᠢ ᠶᠢᠨ ᠱᠠᠳᠤᠨ ᠳᠤ ᠪᠠᠨ ᠪᠠᠶᠢᠭᠰᠠᠭᠠᠷ᠃ ᠪᠤᠭᠤᠳᠦ ᠬᠤᠳᠠ ᠳᠤ | ᠨᠡᠶᠢᠳᠡ 9 ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠲᠠᠢ᠂ ᠡᠭᠦᠨ ᠳᠤ 8 ᠨᠢ ᠴᠦᠮ ᠶᠡᠭᠡ ᠬᠡᠮᠵᠢᠶᠡᠨ ᠤ | ᠠᠵᠦ ᠦᠢᠯᠡᠳᠪᠦᠷᠢ ᠶᠢᠨ ᠰᠢᠭᠠᠷᠦ ᠲᠠᠢ ᠶᠤᠮ᠂ ᠭᠡᠳᠡᠯ᠎ᠠ ᠴᠡᠭᠴᠡᠯᠡᠨ ᠰᠠᠶᠢᠵᠢᠷᠠᠭᠤᠯᠬᠤ ᠲᠦᠰᠦᠯ ᠳᠤ 5 ᠬᠦᠷᠢᠶᠡᠯᠡᠩ | ᠲᠤᠭᠤᠷᠢᠭ ᠲᠤ ᠯᠡ ᠬᠠᠳᠠᠭᠤ ᠪᠡᠶᠡᠳᠦ ᠬᠠᠶᠠᠭᠳᠠᠮᠠᠯ ᠪᠤᠳᠠᠰ ᠢ ᠰᠢᠢᠳᠪᠦᠷᠢᠯᠡᠬᠦ ᠲᠠᠯᠠᠪᠤᠷ ᠢ ᠪᠦᠳᠦᠬᠡᠨ | ᠪᠠᠶᠢᠭᠤᠯᠬᠤ ᠪᠠᠷ ᠲᠦᠯᠦᠪᠯᠡᠵᠦ᠂ ᠪᠤᠰᠤᠳ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠨᠢ ᠠᠵᠦ | ᠠᠬᠤᠶᠢᠯᠠᠯ ᠤᠨ ᠬᠢᠨ ᠤ ᠬᠠᠳᠠᠭᠤ ᠪᠡᠶᠡᠳᠦ ᠬᠠᠶᠠᠭᠳᠠᠮᠠᠯ ᠪᠤᠳᠠᠰ ᠢ ᠰᠢᠢᠳᠪᠦᠷᠢᠯᠡᠬᠦ ᠲᠠᠯᠠᠪᠤᠷ ᠤᠨ ᠪᠦᠳᠦᠬᠡᠨ | ᠪᠠᠶᠢᠭᠤᠯᠤᠯᠳᠠ ᠪᠠᠷ ᠤᠷᠤᠯᠠᠭᠤᠯᠪᠠ᠃ ᠰᠢᠮᠳᠠᠭᠤᠯᠤᠨ ᠪᠠᠶᠢᠴᠠᠭᠠᠵᠦ ᠢᠯᠡᠷᠡᠭᠦᠯᠦᠭᠰᠡᠨ ᠢᠶᠠᠷ᠂ ᠪᠦᠬᠦ ᠬᠤᠲᠠ ᠳᠤ | ᠲᠤᠭᠳᠠᠭᠠᠯ ᠠᠴᠠ ᠭᠠᠳᠠᠭᠤᠷ ᠠᠵᠦ ᠦᠢᠯᠡᠳᠪᠦᠷᠢ ᠶᠢᠨ ᠰᠢᠭᠠᠷᠦ ᠬᠠᠶᠠᠵᠦ ᠪᠠᠶᠢᠭ᠎ᠠ ᠠᠰᠠᠭᠤᠳᠠᠯ ᠳᠤᠪᠤᠶᠢᠮ᠎ᠠ ᠪᠠᠶᠢᠵᠦ | ᠂ ᠲᠤᠰ ᠬᠤᠳᠠ ᠶᠢᠨ G6 ᠳᠡᠭᠡᠳᠦ ᠬᠤᠷᠳᠤ ᠶᠢᠨ ᠵᠠᠰᠠᠮᠠᠯ ᠵᠠᠮ ᠠᠴᠠ ᠡᠮᠦᠨᠡᠰᠢ 9 ᠡᠯᠡᠰᠤᠨ ᠨᠦᠬᠡᠨ ᠳᠤ ᠠᠵᠦ | ᠦᠢᠯᠡᠳᠪᠦᠷᠢ ᠶᠢᠨ ᠰᠢᠭᠠᠷᠦ ᠬᠠᠶᠠ ᠦᠭᠡᠢ ᠬᠠᠷᠠᠭᠳᠠᠨ ᠬᠡᠮᠵᠢᠶ᠎ᠠ ᠨᠢ ᠯᠤᠳᠦ ᠶᠡᠭᠡ ᠪᠠᠶᠢᠪᠠ᠃ | ᠤᠯᠠᠭᠠᠨᠴᠠᠪ ᠬᠤᠳᠠ ᠶᠢᠨ ᠠᠵᠦ ᠠᠬᠤᠢ ᠪᠤᠯᠤᠨ ᠮᠡᠳᠡᠭᠡ ᠵᠠᠩᠭᠢᠵᠢᠯᠳᠠ ᠶᠢᠨ ᠰᠠᠯᠠᠭ᠎ᠠ ᠮᠦᠴᠢᠷ ᠵᠢᠴᠢ | ᠬᠤᠯᠪᠤᠭᠳᠠᠯ ᠪᠦᠬᠦᠢ ᠰᠢᠶᠠᠨ ᠲᠤᠭᠤᠷᠢᠭ ᠤᠨ ᠵᠠᠰᠠᠭ ᠤᠨ ᠤᠷᠳᠤᠨ ᠨᠢ ᠤᠷᠳᠦ ᠬᠤᠭᠤᠴᠠᠭ᠎ᠠ ᠪᠠᠷ ᠠᠵᠢᠯ ᠢᠶᠠᠨ | ᠰᠠᠶᠢᠳᠤᠷ ᠬᠢᠭᠰᠡᠨ ᠦᠭᠡᠢ᠂ ᠰᠠᠶᠢᠳᠤᠷ ᠬᠢᠨᠠᠨ ᠬᠠᠮᠢᠶᠠᠷᠤᠭᠰᠠᠨ ᠦᠭᠡᠢ ᠠᠴᠠ ᠪᠤᠯᠤᠭᠠᠳ ᠰᠢᠩ ᠾᠧ ᠰᠢᠶᠠᠨ ᠤ | ᠸᠠᠩᠵᠢᠶᠤᠦ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ᠂ ᠹᠧᠩᠵᠧᠨ ᠬᠤᠲᠠ ᠶᠢᠨ ᠹᠯᠤᠷ ᠤᠨ ᠬᠢᠮᠢ ᠶᠢᠨ | ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠵᠡᠷᠭᠡ ᠤᠯᠠᠨ ᠬᠦᠷᠢᠶᠡᠯᠡᠩ ᠲᠤᠭᠤᠷᠢᠭ ᠤᠨ ᠰᠢᠭᠠᠷᠦ ᠶᠢᠨ | ᠲᠠᠯᠠᠪᠤᠷ ᠤᠨ ᠪᠦᠳᠦᠭᠡᠨ ᠪᠠᠶᠢᠭᠤᠯᠤᠯᠳᠠ ᠵᠤᠭᠰᠤᠩᠭᠢᠷᠠᠵᠦ᠂ ᠠᠵᠦ ᠠᠬᠤᠶᠢᠯᠠᠯ ᠤᠨ ᠬᠢᠨ ᠳᠤᠷ᠎ᠠ ᠪᠠᠷ ᠢᠶᠠᠨ ᠠᠵᠦ | ᠦᠢᠯᠡᠳᠪᠦᠷᠢ ᠶᠢᠨ ᠰᠢᠭᠠᠷᠦ ᠶᠢ ᠤᠪᠤᠭᠠᠯᠠᠬᠤ ᠪᠤᠶᠦ ᠬᠠᠶᠠᠵᠦ ᠪᠠᠶᠢᠨ᠎ᠠ᠃ ᠤᠯᠠᠭᠠᠨᠬᠠᠳᠠ ᠬᠤᠳᠠ ᠶᠢᠨ ᠬᠢᠨ | ᠦᠪᠡᠷᠳᠡᠭᠡᠨ ᠵᠠᠰᠠᠬᠤ ᠤᠷᠤᠨ ᠤ ᠴᠡᠭᠴᠡᠯᠡᠨ ᠰᠠᠶᠢᠵᠢᠷᠠᠭᠤᠯᠬᠤ ᠲᠦᠰᠦᠯ ᠶᠤᠰᠤᠭᠠᠷ ᠦᠩᠭᠡᠳᠦ ᠲᠡᠮᠦᠷᠯᠢᠭ | ᠬᠠᠶᠢᠯᠤᠭᠤᠯᠤᠨ ᠪᠤᠯᠪᠠᠰᠤᠷᠠᠭᠤᠯᠬᠤ ᠠᠴᠠ ᠡᠭᠦᠰᠦᠭᠰᠡᠨ ᠰᠢᠭᠠᠷᠦ ᠪᠤᠯᠤᠨ ᠠᠷᠰᠧᠨ ᠠᠭᠤᠯᠤᠭᠰᠠᠨ ᠰᠢᠭᠠᠷᠦ ᠶᠢ | ᠶᠡᠷᠦᠩᠬᠡᠶᠢᠯᠡᠨ ᠠᠰᠢᠬᠯᠠᠬᠤ ᠪᠠ ᠰᠢᠢᠳᠪᠦᠷᠢᠯᠡᠬᠦ ᠲᠦᠰᠦᠯ ᠢ ᠲᠤᠭᠳᠠᠭᠠᠭᠰᠠᠨ ᠦᠭᠡᠢ᠂ ᠬᠡᠰᠡᠭ ᠠᠵᠦ ᠠᠬᠤᠶᠢᠯᠠᠯ ᠤᠨ | ᠬᠠᠶᠢᠯᠤᠭᠤᠯᠤᠨ ᠪᠤᠯᠪᠠᠰᠤᠷᠠᠭᠤᠯᠬᠤ ᠠᠴᠠ ᠡᠭᠦᠰᠦᠭᠰᠡᠨ ᠰᠢᠭᠠᠷᠦ ᠵᠡᠷᠭᠡ ᠠᠶᠤᠯᠳᠦ ᠬᠠᠶᠠᠭᠳᠠᠮᠠᠯ ᠪᠤᠳᠠᠰ ᠤᠨ ᠲᠤᠬᠠᠢ | ᠬᠠᠮᠢᠶᠠᠷᠤᠯᠳᠠ ᠴᠢᠩᠭ᠎ᠠ ᠪᠢᠰᠢ᠃ ᠤᠯᠠᠭᠠᠨᠬᠠᠳᠠ ᠬᠤᠳᠠ ᠶᠢᠨ ᠱᠠᠨᠵᠢᠨ ᠮᠦᠩᠭᠦ ᠲᠤᠭᠤᠯᠭ᠎ᠠ ᠶᠢᠨ ᠬᠢᠵᠠᠭᠠᠷᠳᠦ | ᠺᠤᠮᠫᠠᠨᠢ᠂ ᠶᠦᠨᠲ᠋ᠥ᠋ᠩ ᠦᠩᠭᠡᠳᠦ ᠲᠡᠮᠦᠷᠯᠢᠭ ᠤᠨ ᠬᠢᠵᠠᠭᠠᠷᠳᠦ ᠺᠤᠮᠫᠠᠨᠢ ᠵᠡᠷᠭᠡ ᠤᠯᠠᠨ ᠠᠵᠦ ᠠᠬᠤᠶᠢᠯᠠᠯ ᠤᠨ | ᠠᠶᠤᠯᠳᠦ ᠬᠠᠶᠠᠭᠳᠠᠮᠠᠯ ᠪᠤᠳᠠᠰ ᠤᠨ ᠬᠠᠮᠢᠶᠠᠷᠤᠯᠳᠠ ᠪᠠ ᠬᠠᠳᠠᠭᠠᠯᠠᠯᠳᠠ ᠶᠢᠨ ᠠᠰᠠᠭᠤᠳᠠᠯ ᠳᠤᠪᠤᠶᠢᠮ᠎ᠠ ᠪᠠᠶᠢᠨ᠎ᠠ᠃ | ᠬᠦᠬᠡᠬᠤᠳᠠ ᠶᠢᠨ ᠬᠤᠷᠢᠨᠬᠡᠷ ᠰᠢᠶᠡᠨ ᠤ ᠺᠠᠢ ᠳ᠋ᠢ ᠰᠸᠠ ᠮᠤᠳᠤᠨ ᠬᠡᠷᠡᠭᠰᠡᠯ ᠦᠢᠯᠡᠳᠪᠤᠷᠢᠯᠡᠬᠦ ᠦᠢᠯᠡᠳᠪᠤᠷᠢ | ᠬᠤᠳᠠᠯ ᠬᠠᠭᠤᠷᠮᠠᠬ ᠢᠶᠠᠷ ᠴᠡᠭᠴᠡᠯᠡᠨ ᠰᠠᠶᠢᠵᠢᠷᠠᠭᠤᠯᠤᠯᠳᠠ ᠬᠢᠭᠰᠡᠨ ᠪᠤᠯᠬᠤᠷ ᠳᠤᠬᠠᠢ ᠶᠢᠨ ᠭᠠᠵᠠᠷ ᠤᠨ ᠵᠠᠰᠠᠬ ᠤᠨ | ᠤᠷᠳᠤᠨ ᠠᠴᠠ 2016 ᠣᠨ ᠳᠤ ᠳᠤᠰ ᠠᠵᠦ ᠠᠬᠤᠶᠢᠯᠠᠯ ᠢ ᠪᠢᠳᠡᠬᠦᠮᠵᠢᠯᠡᠬᠦ ᠶᠢᠨ ᠬᠠᠮᠳᠦ᠂ ᠨᠢᠬᠡᠨᠳᠡ ᠬᠦᠴᠦᠨ | ᠦᠬᠡᠢ ᠪᠤᠯᠭᠠᠬᠰᠠᠨ ᠢ ᠨᠡᠶᠢᠭᠡᠮ ᠨᠡᠶᠢᠳᠡ ᠳᠤ ᠵᠠᠷᠯᠠᠨ ᠨᠡᠶᠢᠳᠡᠯᠡᠵᠡᠢ᠃ ᠬᠡᠪᠡᠴᠦ ᠦᠨᠡᠨᠳᠡᠬᠡᠨ ︽ᠢᠯᠡ ᠪᠠᠷ ᠨᠢᠭᠤᠨ | ᠲᠠᠯᠳᠠᠯᠠᠵᠦ᠂ ᠬᠤᠳᠠᠯ ᠢᠶᠠᠷ ᠴᠡᠭᠴᠡᠯᠡᠨ ᠰᠠᠶᠢᠵᠢᠷᠠᠭᠤᠯᠵᠦ︾᠂ ᠠᠵᠦ ᠠᠬᠤᠶᠢᠯᠠᠯ ᠨᠢ ᠬᠠᠤᠯᠢ ᠪᠤᠰᠦ ᠪᠠᠷ | ᠦᠢᠯᠡᠳᠪᠤᠷᠢᠯᠡᠯ ᠤᠨ ᠠᠵᠢᠯᠯᠠᠭ᠎ᠠ ᠪᠠᠨ ᠦᠷᠬᠦᠯᠵᠢᠯᠡᠬᠦᠯᠵᠦ᠂ ᠪᠣᠴᠠᠵᠤ ᠪᠠᠶᠢᠴᠠᠭᠠᠨ ᠦᠵᠡᠬᠦ ᠠᠵᠢᠯᠯᠠᠭ᠎ᠠ ᠶᠢᠨ | ᠳᠤᠭᠤᠶᠢᠯᠡᠩ ᠤᠷᠤᠵᠦ ᠰᠠᠭᠤᠬᠤ ᠠᠴᠠ ᠡᠮᠤᠨ᠎ᠠ ᠨᠢᠬᠡ ᠭᠠᠷᠠᠬ ᠲᠤ ᠰᠠᠶ᠋ᠢ ︽ᠪᠢᠳᠡᠬᠦᠮᠵᠢ ᠶᠢᠨ ᠬᠠᠭᠤᠳᠠᠰᠦ︾ | ᠨᠠᠭᠠᠵᠠᠢ᠃ | ᠳᠤᠰᠬᠠᠢ ᠳᠦᠷᠦᠯ ᠢᠶᠠᠷ ᠰᠢᠮᠳᠠᠭᠤᠯᠤᠨ ᠪᠠᠶᠢᠴᠠᠭᠠᠭᠰᠠᠨ ᠰᠠᠨᠠᠯ ᠳᠤ ᠵᠢᠭᠠᠵᠤ ᠭᠠᠷᠭᠠᠭᠰᠠᠨ ᠨᠢ᠂ ᠦᠪᠡᠷᠳᠡᠬᠡᠨ | ᠵᠠᠰᠠᠬᠤ ᠤᠷᠤᠨ ᠤ ᠨᠤᠳᠤᠬ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠮᠦᠨ ᠬᠦ ᠬᠡᠪᠡᠷᠡᠭ ᠪᠠᠶᠢᠬᠰᠠᠭᠠᠷ᠂ | 2016 ᠣᠨ ᠤ ᠪᠦᠬᠦ ᠤᠷᠤᠨ ᠤ ᠨᠤᠳᠤᠬ ᠪᠡᠯᠴᠢᠭᠡᠷ ᠤᠨ ᠡᠬᠢ ᠪᠠᠶᠠᠯᠢᠬ ᠡᠳ᠋ ᠬᠦᠷᠦᠩᠬᠡ ᠶᠢᠨ ᠳᠠᠷᠬᠠᠯᠳᠠ ᠶᠢᠨ | ᠳᠤᠬᠠᠢ ᠪᠠᠶᠢᠴᠠᠭᠠᠯᠳᠠ ᠶᠢᠨ ᠮᠡᠳᠡᠬᠦᠯᠦᠯᠳᠡ ᠳᠤ ᠬᠠᠷᠠᠭᠤᠯᠤᠬᠰᠠᠨ ᠢᠶᠠᠷ᠂ ᠰᠢᠯᠢ ᠶᠢᠨ ᠭᠤᠤᠯ᠂ ᠤᠷᠳᠤᠰ᠂ ᠬᠦᠯᠦᠨ | ᠪᠤᠶᠢᠷ ᠵᠡᠷᠬᠡ 7 ᠠᠶᠢᠮᠠᠬ ᠬᠤᠳᠠ ᠶᠢᠨ ᠨᠤᠳᠤᠬ ᠪᠡᠯᠴᠢᠭᠡᠷ ᠤᠨ ᠳᠠᠯᠠᠪᠠᠢ ᠪᠠᠭᠠᠰᠬᠤ ᠬᠠᠨᠳᠤᠰᠢ ᠲᠠᠢ ᠪᠤᠯᠵᠦ ᠪᠠᠶᠢᠨ᠎ᠠ | ᠬᠡᠪᠠ᠃ | ᠠᠭᠤᠷᠬᠠᠢ ᠮᠠᠯᠳᠠᠬᠤ ᠠᠵᠢᠯᠯᠠᠭ᠎ᠠ ᠨᠢ ᠨᠤᠳᠤᠬ ᠪᠡᠯᠴᠢᠭᠡᠷ ᠢ ᠬᠦᠨᠳᠦ ᠨᠤᠴᠢᠳᠠᠢ ᠡᠪᠳᠡᠵᠦ ᠪᠠᠶᠢᠨ᠎ᠠ᠃ | ᠳᠦᠩᠯᠢᠶᠤᠦ ᠬᠤᠳᠠ ᠵᠢᠴᠢ ᠬᠤᠤᠯᠢᠨ ᠭᠤᠤᠯ ᠬᠤᠳᠠ ᠶᠢᠨ ᠨᠠᠮ ᠤᠨ ᠬᠤᠷᠢᠶ᠎ᠠ᠂ ᠵᠠᠰᠠᠬ ᠤᠨ ᠤᠷᠳᠤᠨ ᠠᠴᠠ | ᠨᠤᠳᠤᠬ ᠪᠡᠯᠴᠢᠭᠡᠷ ᠢ ᠬᠦᠨᠳᠦ ᠨᠤᠴᠢᠳᠠᠢ ᠡᠪᠳᠡᠭᠰᠡᠨ ᠠᠵᠢᠯᠯᠠᠭ᠎ᠠ ᠶᠢ ᠭᠦᠢᠴᠡᠳ ᠴᠢᠬᠤᠯᠠᠴᠢᠯᠠᠭᠰᠠᠨ ᠦᠬᠡᠢ ᠠᠴᠠ | ᠪᠤᠯᠤᠭᠠᠳ ᠬᠤᠤᠯᠢᠨ ᠭᠤᠤᠯ ᠵᠠᠳᠠᠭᠠᠢ ᠨᠡᠬᠦᠷᠡᠰᠦᠨ ᠠᠭᠤᠷᠬᠠᠢ ᠶᠢᠨ ᠡᠮᠤᠨ᠎ᠠ᠂ ᠬᠤᠶᠢᠨ᠎ᠠ ᠬᠤᠶᠠᠷ ᠠᠭᠤᠷᠬᠠᠢ ᠨᠢ | 2013 ᠣᠨ ᠠᠴᠠ ᠤᠳᠦ ᠪᠤᠯᠳᠠᠯ᠎ᠠ ᠨᠡᠶᠢᠳᠡ 5436 ᠳᠦᠮᠡᠨ ᠮᠦ ᠨᠤᠳᠤᠬ ᠪᠡᠯᠴᠢᠭᠡᠷ ᠢ ᠬᠠᠤᠯᠢ ᠪᠤᠰᠦ ᠪᠠᠷ | ᠡᠵᠡᠯᠡᠨ ᠬᠡᠷᠡᠭᠯᠡᠵᠦ᠂ 1.4 ᠳᠦᠮᠡᠨ ᠮᠦ ᠭᠠᠵᠠᠷ ᠰᠢᠷᠦᠢ ᠶᠢ ᠳᠠᠯᠬᠢᠬᠳᠠᠬᠰᠠᠨ ᠪᠠᠶᠢᠨ᠎ᠠ᠂ ᠬᠡᠪᠡᠴᠦ ᠳᠠᠬᠢᠨ ᠠᠳᠠᠷ | ᠬᠠᠭᠠᠯᠪᠤᠷᠢᠯᠠᠬᠤ ᠳᠤ ᠵᠥᠪᠬᠡᠨ 419 ᠳᠦᠮᠡᠨ ᠳᠦᠬᠦᠷᠢᠭ ᠤᠨ ᠪᠡᠯᠡ ᠤᠷᠤᠭᠤᠯᠵᠦ᠂ ᠳᠠᠬᠢᠨ ᠠᠳᠠᠷ | ᠬᠠᠭᠠᠯᠪᠤᠷᠢᠯᠠᠬᠰᠠᠨ ᠳᠠᠯᠠᠪᠠᠢ ᠨᠢ 1483 ᠮᠦ ᠳᠤ ᠯᠡ ᠬᠦᠷᠴᠦ ᠪᠤᠢ᠃ ᠰᠢᠯᠢ ᠶᠢᠨ ᠭᠤᠤᠯ ᠤᠨ ᠰᠦᠨᠢᠳ ᠤᠨ | ᠬᠤᠵᠢᠷ ᠤᠨ ᠦᠢᠯᠡᠰ ᠤᠨ ᠺᠤᠮᠫᠠᠨᠢ ᠳᠤ ᠬᠠᠷᠢᠶᠠᠯᠠᠬᠳᠠᠬᠤ ᠬᠤᠵᠢᠷ ᠤᠨ ᠠᠭᠤᠷᠬᠠᠢ ᠨᠢ ᠬᠠᠤᠯᠢ ᠪᠤᠰᠦ ᠪᠠᠷ 11667 | ᠮᠦ ᠨᠤᠳᠤᠬ ᠪᠡᠯᠴᠢᠭᠡᠷ ᠢ ᠡᠵᠡᠯᠡᠵᠦ᠂ ᠠᠭᠤᠷᠬᠠᠢ ᠶᠢᠨ ᠤᠷᠤᠨ ᠤ ᠬᠠᠮᠢᠶᠠᠷᠤᠯᠳᠠ ᠨᠢ ᠡᠮᠬᠢ ᠵᠠᠮᠪᠠᠷᠠᠭ᠎ᠠ ᠪᠠᠨ ᠠᠯᠳᠠᠨ᠂ | ᠦᠵᠡᠬᠦ ᠶᠢᠨ ᠳᠦᠷᠢ ᠦᠬᠡᠢ ᠪᠤᠯᠵᠦ᠂ ᠶᠡᠭᠡ ᠬᠡᠮᠵᠢᠶᠡᠨ ᠤ ᠬᠤᠵᠢᠷᠯᠢᠬ ᠬᠦᠷᠦᠰᠦ ᠶᠢ ᠠᠳᠡ ᠳᠡᠨᠳᠡ | ᠳᠤᠷ᠎ᠠ ᠪᠠᠷ ᠢᠶᠠᠨ ᠤᠪᠤᠭᠠᠯᠡᠵᠦ᠂ ᠱᠠᠭᠠᠷᠳᠠᠯᠭ᠎ᠠ ᠶᠤᠰᠤᠭᠠᠷ ᠬᠦᠷᠦᠰᠦ ᠶᠢ ᠰᠡᠷᠬᠦᠬᠡᠨ ᠡᠪᠡᠰᠦ ᠳᠠᠷᠢᠬᠤ ᠪᠡ ᠭᠠᠵᠠᠷ | ᠳᠤᠤᠷᠠᠬᠢ ᠤᠰᠤᠨ ᠳᠤ ᠰᠢᠯᠭᠠᠨ ᠬᠡᠮᠵᠢᠭᠦ ᠠᠵᠢᠯ ᠬᠢᠭᠰᠡᠨ ᠦᠬᠡᠢ᠃ ᠳᠤᠰ ᠺᠤᠮᠫᠠᠨᠢ ᠪᠠᠰᠠ ᠤᠷᠴᠢᠨ ᠳᠤᠭᠤᠷᠢᠨ ᠤ | ᠦᠨᠡᠯᠡᠯᠳᠡ ᠰᠢᠯᠭᠠᠯᠳᠠ ᠶᠢᠨ ᠵᠦᠪᠰᠢᠶᠡᠷᠡᠯ ᠢ ᠠᠪᠤᠬᠰᠠᠨ ᠦᠭᠡᠢ ᠪᠠᠷ ᠬᠡᠰᠡᠭ ᠦᠢᠯᠡᠳᠪᠤᠷᠢᠯᠡᠯ ᠤᠨ ᠤᠷ᠎ᠠ | ᠮᠡᠷᠬᠡᠵᠢᠯ ᠢ ᠳᠤᠷ᠎ᠠ ᠪᠠᠷ ᠢᠶᠠᠨ ᠬᠤᠪᠢᠷᠠᠭᠤᠯᠵᠦ᠂ ᠤᠤᠯ ᠤᠨ ᠠᠭᠤᠷᠬᠠᠢ ᠮᠡᠯᠳᠠᠬᠰᠠᠨ ᠨᠦᠬᠡ ᠶᠢ ᠠᠰᠢᠬᠯᠠᠨ ᠤᠰᠦ ᠶᠢ | ᠬᠤᠷᠢᠶᠠᠨ ᠳᠠᠬᠢᠨ ᠠᠰᠢᠬᠯᠠᠬᠤ ᠰᠢᠰᠲ᠋ᠧᠮ ᠢ ᠪᠠᠶᠢᠭᠤᠯᠤᠬᠰᠠᠨ ᠪᠤᠯᠪᠠᠴᠦ ᠤᠰᠦ ᠨᠡᠪᠴᠢᠬᠦ ᠶᠢ ᠰᠡᠷᠬᠡᠶᠢᠯᠡᠬᠦ ᠠᠷᠭ᠎ᠠ | ᠬᠡᠮᠵᠢᠶ᠎ᠠ ᠠᠪᠤᠬᠰᠠᠨ ᠦᠬᠡᠢ᠃ ᠳᠤᠰ ᠺᠤᠮᠫᠠᠨᠢ ᠳᠤ ᠤᠷᠤᠰᠢᠵᠦ ᠪᠠᠶᠢᠭ᠎ᠠ ᠡᠳᠡᠬᠡᠷ ᠠᠰᠠᠭᠤᠳᠠᠯ ᠤᠳ ᠲᠤ᠂ ᠰᠢᠯᠢ ᠶᠢᠨ | ᠭᠤᠤᠯ ᠠᠶᠢᠮᠠᠬ ᠤᠨ ᠤᠯᠤᠰ ᠤᠨ ᠭᠠᠵᠠᠷ ᠰᠢᠷᠤᠢ ᠡᠬᠢ ᠪᠠᠶᠠᠯᠢᠬ ᠤᠨ ᠰᠠᠯᠠᠭ᠎ᠠ ᠮᠦᠴᠢᠷ ᠨᠢ ᠬᠢᠨᠡᠨ ᠬᠠᠮᠢᠶᠠᠷᠬᠤ | ᠡᠬᠦᠷᠬᠡ ᠬᠠᠷᠢᠭᠤᠴᠠᠯᠭ᠎ᠠ ᠪᠠᠨ ᠠᠯᠳᠠᠵᠦ᠂ ᠵᠦᠪᠬᠡᠨ ᠬᠡᠰᠡᠭ ᠠᠭᠤᠷᠬᠠᠢ ᠶᠢᠨ ᠭᠠᠵᠠᠷ ᠰᠢᠨᠵᠢᠯᠡᠬᠡᠨ ᠤ ᠤᠷᠴᠢᠨ | ᠳᠤᠭᠤᠷᠢᠨ ᠤ ᠵᠠᠰᠠᠯᠳᠠ ᠶᠢᠨ ᠢᠨᠵᠧᠨᠧᠷᠢᠩ ᠢ ᠬᠦᠢᠴᠡᠳᠬᠡᠭᠰᠡᠨ ᠪᠠᠶᠢᠳᠠᠯ ᠳᠤᠤᠷ᠎ᠠ᠂ ᠳᠤᠰ ᠪᠦᠷᠢ 2014 ᠣᠨ ᠤ | 7 ᠳ᠋ᠤᠭᠠᠷ ᠰᠠᠷ᠎ᠠ ᠪᠠ 2016 ᠣᠨ ᠤ 4 ᠳ᠋ᠦ᠋ᠭᠡᠷ ᠰᠠᠷ᠎ᠠ ᠳᠤ ᠠᠵᠦ ᠠᠬᠤᠶᠢᠯᠡᠯ ᠤᠨ ᠭᠠᠵᠠᠷ ᠰᠢᠨᠵᠢᠯᠡᠬᠡᠨ ᠤ | ᠤᠷᠴᠢᠨ ᠳᠤᠭᠤᠷᠢᠨ ᠤ ᠵᠠᠰᠠᠯᠳᠠ ᠶᠢᠨ ᠠᠵᠢᠯ ᠢ ᠰᠢᠯᠭᠠᠨ ᠠᠪᠤᠬᠰᠠᠨ ᠪᠠᠶᠢᠨ᠎ᠠ᠃ | ᠵᠤᠭᠠᠴᠠᠯ ᠢ ᠡᠮᠬᠢ ᠳᠢᠭᠯᠢᠮ ᠦᠬᠡᠢ ᠨᠡᠬᠡᠬᠡᠨ ᠬᠦᠭᠵᠢᠬᠦᠯᠦᠬᠡᠳ ᠨᠤᠳᠤᠬ ᠪᠡᠯᠴᠢᠭᠡᠷ ᠢ ᠡᠵᠡᠯᠡᠨ ᠬᠡᠷᠡᠭᠯᠡᠵᠦ | ᠪᠠᠶᠢᠨ᠎ᠠ᠃ ᠰᠢᠮᠳᠠᠭᠤᠯᠤᠨ ᠪᠠᠶᠢᠴᠠᠭᠠᠬᠤ ᠳᠤᠭᠤᠶᠢᠯᠡᠩ ᠤᠨ ᠬᠢᠨ ᠤ ᠢᠯᠡᠷᠡᠬᠦᠯᠦᠭᠰᠡᠨ ᠢᠶᠠᠷ᠂ ᠦᠪᠡᠷᠳᠡᠬᠡᠨ ᠵᠠᠰᠠᠬᠤ | ᠤᠷᠤᠨ ᠳᠤ ᠨᠤᠳᠤᠬ ᠪᠡᠯᠴᠢᠭᠡᠷ ᠢ ᠡᠵᠡᠯᠡᠨ ᠬᠡᠷᠡᠭᠯᠡᠵᠦ ᠪᠠᠶᠢᠭ᠎ᠠ A ᠳᠡᠰ ᠠᠴᠠ ᠳᠡᠬᠡᠭᠰᠢᠬᠢ ᠵᠤᠭᠠᠴᠠᠯ ᠤᠨ | ᠦᠵᠡᠮᠵᠢ ᠶᠢᠨ ᠤᠷᠤᠨ ᠨᠡᠶᠢᠳᠡ 71 ᠪᠤᠢ᠂ ᠳᠡᠬᠦᠨ ᠤ ᠳᠤᠳᠤᠷᠠᠬᠢ 57 ᠨᠢ ᠨᠤᠳᠤᠬ ᠪᠡᠯᠴᠢᠭᠡᠷ ᠢ ᠳᠠᠳᠠᠪᠤᠷᠢᠯᠡᠨ | ᠬᠡᠷᠡᠭᠯᠡᠬᠦ ᠭᠠᠷᠳᠠᠮ ᠦᠬᠡᠢ ᠪᠠᠶᠢᠵᠦ᠂ 24.7 ᠳᠦᠮᠡᠨ ᠮᠦ ᠨᠤᠳᠤᠬ ᠪᠡᠯᠴᠢᠭᠡᠷ ᠢ ᠡᠵᠡᠯᠡᠵᠦ ᠪᠠᠶᠢᠨ᠎ᠠ᠃ ᠬᠦᠯᠦᠨ | ᠪᠤᠶᠢᠷ ᠬᠤᠳᠠ ᠳᠤ ᠪᠠᠶᠢᠭ᠎ᠠ A ᠳᠡᠰ ᠠᠴᠠ ᠳᠡᠬᠡᠭᠰᠢᠬᠢ 51 ᠦᠵᠡᠮᠵᠢ ᠶᠢᠨ ᠤᠷᠤᠨ ᠤ 18 ᠨᠢ ᠨᠤᠳᠤᠬ | ᠪᠡᠯᠴᠢᠭᠡᠷ ᠢ ᠡᠵᠡᠯᠡᠵᠦ᠂ ᠳᠡᠬᠦᠨ ᠤ ᠳᠤᠳᠤᠷ᠎ᠠ ᠠᠴᠠ ᠵᠦᠪᠬᠡᠨ 3 ᠨᠢ ᠨᠤᠳᠤᠬ ᠪᠡᠯᠴᠢᠭᠡᠷ ᠢ ᠬᠡᠷᠡᠭᠯᠡᠬᠦ ᠭᠠᠷᠳᠠᠮ | ᠬᠦᠢᠴᠡᠳᠬᠡᠭᠰᠡᠨ ᠪᠠᠶᠢᠨ᠎ᠠ᠃ ᠤᠯᠠᠭᠠᠨᠬᠠᠳᠠ ᠬᠤᠳᠠ ᠶᠢᠨ ᠬᠡᠰᠢᠭᠳᠡᠨ ᠬᠤᠰᠢᠭᠤᠨ ᠤ ᠵᠠᠰᠠᠬ ᠤᠨ ᠤᠷᠳᠤᠨ 2016 | ᠣᠨ ᠠᠴᠠ 2017 ᠣᠨ ᠤ ᠬᠤᠭᠤᠷᠤᠨᠳᠦ ᠵᠠᠯᠭᠠᠭ᠎ᠠ ᠪᠠᠷ ᠤᠯᠠᠭᠠᠨᠪᠤᠳᠤᠩ ᠤᠨ ᠪᠠᠶᠢᠭᠠᠯᠢ ᠶᠢᠨ ᠬᠠᠮᠠᠭᠠᠯᠠᠯᠳᠠ ᠶᠢᠨ | ᠤᠷᠤᠨ ᠳᠤ 24 ᠨᠤᠳᠤᠬ ᠪᠡᠯᠴᠢᠭᠡᠷ ᠤᠨ ᠵᠤᠭᠠᠴᠠᠯ ᠤᠨ ᠳᠦᠷᠦᠯ ᠵᠦᠢᠯ ᠢ ᠤᠷᠤᠭᠤᠯᠤᠨ ᠠᠪᠴᠢᠷᠠᠵᠦ᠂ 573 ᠮᠦ | ᠨᠤᠳᠤᠬ ᠪᠡᠯᠴᠢᠭᠡᠷ ᠢ ᠡᠵᠡᠯᠡᠵᠡᠢ᠃ | ᠳᠠᠭᠠᠭᠠᠴᠠ ᠠᠴᠠ ᠬᠡᠳᠦᠷᠡᠬᠦᠯᠦᠨ ᠮᠠᠯ ᠮᠠᠯᠵᠢᠬᠤ ᠶᠢ ᠪᠦᠳᠦᠮᠵᠢᠳᠡᠢ ᠬᠤᠷᠢᠬᠯᠠᠵᠦ ᠳᠠᠶᠢᠯᠦᠬᠡᠳᠦᠢ ᠪᠠᠶᠢᠨ᠎ᠠ᠃ | ᠦᠪᠡᠷᠳᠡᠬᠡᠨ ᠵᠠᠰᠠᠬᠤ ᠤᠷᠤᠨ ᠤ ᠳᠠᠷᠢᠶᠠᠯᠠᠩ ᠮᠠᠯ ᠠᠬᠤᠢ ᠶᠢᠨ ᠰᠠᠯᠠᠭ᠎ᠠ ᠮᠦᠴᠢᠷ ᠨᠢ ᠪᠡᠯᠴᠢᠬᠡᠷ ᠤᠨ ᠳᠠᠭᠠᠭᠠᠴᠠ | ᠪᠤᠯᠤᠨ ᠮᠠᠯ ᠤᠨ ᠳᠤᠭ᠎ᠠ ᠶᠢ ᠳᠡᠩᠴᠡᠬᠦᠯᠬᠦ ᠪᠡ ᠪᠡᠯᠴᠢᠬᠡᠷᠯᠡᠬᠦᠯᠬᠦ ᠶᠢ ᠵᠤᠬᠰᠤᠭᠠᠵᠦ ᠪᠡᠯᠴᠢᠬᠡᠷ ᠢ ᠰᠡᠷᠬᠦᠬᠡᠬᠦ ᠵᠡᠷᠬᠡ | ᠨᠤᠳᠤᠬ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠳᠦᠷᠦ ᠶᠢᠨ ᠪᠤᠳᠤᠯᠭ᠎ᠠ ᠶᠢ ᠴᠢᠩᠭ᠎ᠠ | ᠬᠡᠷᠡᠭᠵᠢᠬᠦᠯᠦᠭᠰᠡᠨ ᠦᠬᠡᠢ ᠠᠴᠠ ᠪᠤᠯᠤᠭᠠᠳ ᠪᠡᠯᠴᠢᠬᠡᠷ ᠤᠨ ᠳᠠᠭᠠᠭᠠᠴᠠ ᠠᠴᠠ ᠬᠡᠳᠦᠷᠡᠬᠦᠯᠦᠨ ᠮᠠᠯ ᠮᠠᠯᠵᠢᠬᠤ | ᠦᠵᠡᠭᠳᠡᠯ ᠢ ᠪᠦᠳᠦᠮᠵᠢᠳᠡᠢ ᠬᠤᠷᠢᠬᠯᠠᠵᠦ ᠴᠢᠳᠠᠬᠰᠠᠨ ᠦᠬᠡᠢ᠂ ᠲᠦᠩᠯᠢᠶᠣᠣ᠂ ᠤᠯᠠᠭᠠᠨᠬᠠᠳᠠ᠂ ᠤᠷᠳᠤᠰ ᠪᠤᠯᠤᠨ | ᠪᠠᠶᠠᠨᠨᠠᠭᠤᠷ ᠵᠡᠷᠬᠡ ᠠᠶᠢᠮᠠᠬ ᠬᠤᠳᠠ ᠶᠢᠨ ᠬᠡᠰᠡᠭ ᠭᠠᠵᠠᠷ ᠤᠷᠤᠨ ᠳᠤ ᠪᠡᠯᠴᠢᠬᠡᠷ ᠤᠨ ᠳᠠᠭᠠᠭᠠᠴᠠ ᠠᠴᠠ | ᠬᠡᠳᠦᠷᠡᠬᠦᠯᠦᠨ ᠮᠠᠯ ᠮᠠᠯᠵᠢᠬᠤ ᠠᠰᠠᠭᠤᠳᠠᠯ ᠨᠡᠯᠢᠶᠡᠳ ᠳᠤᠪᠤᠶᠢᠮ᠎ᠠ ᠤᠷᠤᠰᠢᠵᠦ ᠪᠠᠶᠢᠨ᠎ᠠ᠃ ᠰᠢᠮᠳᠠᠭᠤᠯᠤᠨ | ᠪᠠᠶᠢᠴᠠᠭᠠᠬᠤ ᠳᠤᠭᠤᠶᠢᠯᠠᠩ ᠤᠨ ᠬᠢᠨ ᠪᠠᠰᠠ᠂ 2016 ᠣᠨ ᠠᠴᠠ ᠨᠠᠭᠠᠰᠢ ᠮᠠᠨᠵᠤᠤᠷ ᠬᠤᠳᠠ ᠪᠤᠯᠤᠨ ᠵᠠᠯᠠᠶᠢᠨᠠᠭᠤᠷ | ᠳᠤᠭᠤᠷᠢᠬ ᠤᠨ ᠬᠢᠨ ᠳᠤᠬᠳᠠᠭᠠᠯ ᠶᠤᠰᠤᠭᠠᠷ ᠨᠤᠳᠤᠬ ᠪᠡᠯᠴᠢᠭᠡᠷ ᠤᠨ ᠠᠮᠢ ᠠᠬᠤᠢ ᠳᠤ ᠦᠭᠬᠦᠭᠰᠡᠨ ᠨᠦᠬᠦᠪᠤᠷᠢ | ᠪᠤᠯᠤᠨ ᠱᠠᠩᠨᠠᠯ ᠤᠨ ᠮᠦᠩᠬᠦ ᠶᠢ ᠳᠦᠬᠡᠬᠡᠵᠦ ᠦᠭᠬᠦᠭᠰᠡᠨ ᠦᠬᠡᠢ ᠠᠴᠠ ᠪᠤᠯᠤᠭᠠᠳ ᠬᠡᠰᠡᠭ ᠨᠤᠳᠤᠬ ᠪᠡᠯᠴᠢᠭᠡᠷ ᠲᠤ | ᠪᠡᠯᠴᠢᠬᠡᠷ ᠤᠨ ᠳᠠᠭᠠᠭᠠᠴᠠ ᠠᠴᠠ ᠬᠡᠳᠦᠷᠡᠬᠦᠯᠦᠨ ᠮᠠᠯ ᠮᠠᠯᠵᠢᠬᠤ ᠦᠵᠡᠭᠳᠡᠯ ᠮᠦᠨ ᠬᠦ ᠬᠦᠨᠳᠦ ᠨᠤᠴᠢᠳᠠᠢ ᠤᠷᠤᠰᠢᠵᠦ | ᠪᠠᠶᠢᠬᠤ ᠶᠢ ᠤᠯᠵᠦ ᠮᠡᠳᠡᠪᠡ᠃ | ᠰᠢᠮᠳᠠᠭᠤᠯᠤᠨ ᠪᠠᠶᠢᠴᠠᠭᠠᠭᠰᠠᠨ ᠰᠠᠨᠠᠯ ᠳᠤ ᠱᠠᠭᠠᠷᠳᠠᠭᠰᠠᠨ ᠨᠢ᠂ ᠦᠪᠡᠷᠳᠡᠬᠡᠨ ᠵᠠᠰᠠᠬᠤ ᠤᠷᠤᠨ ᠤ ᠨᠠᠮ ᠤᠨ | ᠬᠤᠷᠢᠶ᠎ᠠ᠂ ᠵᠠᠰᠠᠬ ᠤᠨ ᠤᠷᠳᠤᠨ ᠡᠷᠬᠡᠪᠰᠢ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ | ᠡᠷᠡᠰ ᠳᠤᠭᠤᠰᠢᠯᠠᠭᠤᠯᠤᠨ ᠨᠠᠶᠢᠳᠠᠪᠤᠷᠢᠵᠢᠭᠤᠯᠵᠦ᠂ ︽ᠳᠦᠷᠪᠡᠨ ᠤᠬᠠᠮᠰᠠᠷ︾ ᠢ ᠪᠠᠳᠦ ᠪᠤᠢ ᠪᠤᠯᠭᠠᠨ᠂ ᠤᠯᠤᠰ | ᠳᠦᠷᠦ ᠶᠢᠨ ᠵᠤᠬᠰᠤᠴᠠ ᠪᠠᠨ ᠳᠠᠰᠤᠷᠠᠯᠳᠠ ᠦᠬᠡᠢ ᠳᠡᠬᠡᠭᠰᠢᠯᠡᠬᠦᠯᠵᠦ᠂ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠳᠠ ᠶᠢᠨ ᠤᠯᠤᠰ ᠳᠦᠷᠦ ᠶᠢᠨ ᠬᠠᠷᠢᠭᠤᠴᠠᠯᠭ᠎ᠠ ᠶᠢ ᠵᠤᠷᠢᠬᠳᠠᠢ ᠡᠬᠦᠷᠬᠡᠯᠡᠨ᠂ ᠠᠮᠢ ᠠᠬᠤᠢ ᠤᠷᠴᠢᠨ | ᠳᠤᠭᠤᠷᠢᠨ ᠤ ᠬᠠᠮᠠᠭᠠᠯᠠᠯᠳᠠ ᠶᠢᠨ ᠳᠠᠯ᠎ᠠ ᠪᠠᠷ ᠬᠢ ᠨᠠᠮ ᠵᠠᠰᠠᠬ ᠵᠡᠷᠭᠡ ᠪᠠᠷ ᠬᠠᠷᠢᠭᠤᠴᠠᠯᠭ᠎ᠠ ᠡᠬᠦᠷᠬᠡᠯᠡᠬᠦ ᠪᠠ ᠨᠢᠬᠡ | ᠠᠵᠢᠯ ᠤᠨ ᠪᠠᠶᠢᠷᠢᠨ ᠳᠤ ᠬᠤᠤᠰ ᠬᠠᠷᠢᠭᠤᠴᠠᠯᠭ᠎ᠠ ᠲᠠᠢ ᠪᠠᠶᠢᠬᠤ ᠶᠢ ᠬᠦᠨᠵᠡᠬᠡᠶᠢᠷᠡᠬᠦᠯᠬᠦ ᠬᠡᠷᠡᠭᠳᠡᠢ᠃ ᠬᠦᠭᠵᠢᠯᠲᠡ | ᠪᠤᠯᠤᠨ ᠬᠠᠮᠠᠭᠠᠯᠠᠯᠲᠠ ᠶᠢᠨ ᠬᠠᠷᠢᠴᠠᠭ᠎ᠠ ᠶᠢ ᠦᠨᠡᠨ ᠬᠦ ᠰᠠᠶᠢᠲᠤᠷ ᠰᠢᠢᠳᠪᠦᠷᠢᠯᠡᠵᠦ᠂ ᠬᠦᠯᠦᠨ ᠨᠠᠭᠤᠷ᠂ | ᠤᠯᠠᠭᠠᠨᠰᠤᠬᠠᠢ᠂ ᠳᠠᠭ᠎ᠠ ᠶᠢᠨ ᠨᠠᠭᠤᠷ ᠵᠡᠷᠭᠡ ᠭᠤᠤᠯᠳᠠᠯᠭᠠᠲᠦ ᠨᠠᠭᠤᠷ ᠴᠦᠬᠦᠷᠡᠮ ᠤᠨ ᠶᠡᠷᠦᠩᠬᠡᠶᠢᠯᠡᠭᠰᠡᠨ ᠵᠠᠰᠠᠯᠲᠠ ᠶᠢ | ᠦᠨᠡᠨ ᠬᠦ ᠰᠠᠶᠢᠲᠤᠷ ᠠᠳᠬᠤᠬᠤ ᠬᠡᠷᠡᠭᠲᠡᠢ︔ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠡᠷᠴᠢᠮ ᠢᠶᠠᠨ | ᠴᠢᠩᠭᠠᠷᠠᠭᠤᠯᠵᠦ᠂ ᠨᠤᠲᠤᠭ ᠪᠡᠯᠴᠢᠭᠡᠷ ᠢ ᠡᠵᠡᠯᠡᠵᠦ ᠡᠪᠳᠡᠬᠦ ᠠᠵᠢᠯᠯᠠᠭ᠎ᠠ ᠳᠤ ᠴᠢᠩᠭ᠎ᠠ ᠴᠤᠬᠢᠯᠲᠠ ᠦᠭᠬᠦ ᠬᠡᠷᠡᠭᠲᠡᠢ︔ | ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠭᠠᠵᠠᠷ | ᠳᠤᠤᠷᠠᠬᠢ ᠤᠰᠦ ᠶᠢ ᠬᠡᠲᠦᠷᠡᠲᠡᠯ᠎ᠠ ᠲᠠᠳᠠᠬᠤ ᠶᠢ ᠬᠤᠷᠢᠬᠯᠠᠬᠤ ᠬᠡᠷᠡᠭᠲᠡᠢ᠃ ᠲᠦᠪ ᠤᠨ ᠤᠷᠴᠢᠨ ᠲᠤᠭᠤᠷᠢᠨ ᠤ | ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠪᠠᠷ ᠠᠵᠠ | ᠲᠤᠬᠢᠶᠠᠯ ᠪᠤᠯᠭᠠᠨ ᠡᠬᠡ ᠤᠯᠤᠰ ᠤᠨ ᠤᠮᠠᠷᠠᠳᠦ ᠶᠢᠨ ᠲᠦᠮᠡᠨ ᠭᠠᠵᠠᠷ ᠤᠨ ᠨᠤᠮᠢᠨ ᠨᠤᠭᠤᠭᠠᠨ ᠤᠷᠳᠦ ᠴᠠᠭᠠᠨ | ᠬᠡᠷᠡᠮ ᠢ ᠲᠠᠰᠤᠷᠠᠯᠲᠠ ᠦᠭᠡᠢ ᠴᠤᠬᠴᠠᠯᠠᠬᠤ ᠬᠡᠷᠡᠭᠲᠡᠢ᠃ ᠬᠠᠤᠯᠢ ᠲᠤᠬᠲᠠᠭᠠᠯ ᠶᠤᠰᠤᠭᠠᠷ ᠬᠠᠷᠢᠭᠤᠴᠠᠯᠭ᠎ᠠ ᠶᠢ ᠲᠦᠪ | ᠴᠢᠩᠭ᠎ᠠ ᠪᠠᠷ ᠨᠡᠬᠡᠮᠵᠢᠯᠡᠵᠦ᠂ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠤᠬᠰᠠᠨ ᠦᠭᠡᠢ ᠠᠰᠠᠭᠤᠳᠠᠯ ᠳᠤ ᠬᠠᠮᠢᠶ᠎ᠠ | ᠪᠦᠬᠦᠢ ᠰᠠᠯᠠᠭ᠎ᠠ ᠮᠦᠴᠢᠷ ᠢ ᠱᠠᠭᠠᠷᠳᠠᠵᠦ ᠴᠢᠨᠠᠬᠰᠢᠲᠠ ᠭᠦᠨᠵᠡᠭᠡᠢ ᠪᠠᠶᠢᠴᠠᠭᠠᠯᠲᠠ ᠬᠢᠯᠬᠡᠵᠦ᠂ ᠡᠭᠦᠷᠭᠡ ᠶᠢ | ᠲᠤᠲᠤᠷᠬᠠᠶᠢᠯᠠᠬᠤ ᠬᠡᠷᠡᠭᠳᠠᠢ᠂ ᠡᠭᠦᠨ ᠤ ᠵᠡᠷᠭᠡ ᠪᠠᠷ ᠬᠠᠮᠢᠶ᠎ᠠ ᠪᠦᠬᠦᠢ ᠲᠤᠬᠲᠠᠭᠠᠯ ᠶᠤᠰᠤᠭᠠᠷ ᠲᠦᠪ ᠴᠢᠩᠭ᠎ᠠ᠂ ᠨᠠᠷᠢᠨ | ᠤᠨᠤᠪᠴᠢᠲᠠᠢ᠂ ᠪᠦᠲᠦᠮᠵᠢᠲᠡᠢ ᠪᠠᠷ ᠬᠠᠷᠢᠭᠤᠴᠠᠯᠭ᠎ᠠ ᠲᠤᠯᠭᠠᠬᠤ ᠬᠡᠷᠡᠭᠲᠡᠢ ᠭᠡᠪᠠ᠃ | ᠰᠢᠮᠳᠠᠭᠤᠯᠤᠨ ᠪᠠᠶᠢᠴᠠᠭᠠᠭᠰᠠᠨ ᠰᠠᠨᠠᠯ ᠳᠤ ᠴᠢᠬᠤᠯᠠᠴᠢᠯᠠᠭᠰᠠᠨ ᠨᠢ᠂ ᠦᠪᠡᠷᠲᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠢ ᠰᠢᠮᠳᠠᠭᠤᠯᠤᠨ ᠪᠠᠶᠢᠴᠠᠭᠠᠵᠦ ᠬᠠᠷᠢᠭᠤ ᠲᠤᠰᠬᠠᠬᠰᠠᠨ ᠰᠠᠨᠠᠯ ᠢ | ᠦᠨᠳᠦᠰᠦᠯᠡᠨ ᠴᠡᠭᠴᠡᠯᠡᠨ ᠰᠠᠶᠢᠵᠢᠷᠠᠭᠤᠯᠬᠤ ᠲᠦᠰᠦᠯ ᠢ ᠳᠠᠷᠤᠢ ᠲᠦᠷᠭᠡᠨ ᠰᠤᠳᠤᠯᠤᠨ ᠲᠤᠬᠲᠠᠭᠠᠵᠦ᠂ 30 | ᠠᠵᠢᠯ ᠤᠨ ᠡᠳᠦᠷ ᠲᠤᠲᠤᠷ᠎ᠠ ᠲᠦᠷᠦ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠬᠦ ᠬᠡᠷᠡᠭᠲᠡᠢ᠃ ᠴᠡᠭᠴᠡᠯᠡᠨ | ᠰᠠᠶᠢᠵᠢᠷᠠᠭᠤᠯᠬᠤ ᠲᠦᠰᠦᠯ ᠪᠤᠯᠤᠨ ᠴᠡᠭᠴᠡᠯᠡᠨ ᠰᠠᠶᠢᠵᠢᠷᠠᠭᠤᠯᠵᠦ ᠨᠠᠶᠢᠳᠠᠪᠤᠷᠢᠵᠢᠭᠤᠯᠤᠬᠰᠠᠨ ᠪᠠᠶᠢᠳᠠᠯ ᠢ ᠬᠠᠮᠢᠶ᠎ᠠ | ᠪᠦᠬᠦᠢ ᠲᠤᠬᠲᠠᠭᠠᠯ ᠶᠤᠰᠤᠭᠠᠷ ᠨᠡᠶᠢᠭᠡᠮ ᠳᠤ ᠢᠯᠡ ᠵᠠᠷᠯᠠᠬᠤ ᠬᠡᠷᠡᠭᠲᠡᠢ ᠭᠡᠪᠠ᠃ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠢᠯᠡᠷᠡᠭᠦᠯᠦᠭᠰᠡᠨ ᠠᠮᠢ ᠠᠬᠤᠢ ᠤᠷᠴᠢᠨ | ᠲᠤᠭᠤᠷᠢᠨ ᠢ ᠬᠤᠬᠢᠷᠠᠭᠤᠯᠤᠨ ᠡᠪᠳᠡᠭᠰᠡᠨ ᠬᠠᠷᠢᠭᠤᠴᠠᠯᠭ᠎ᠠ ᠨᠡᠬᠡᠮᠵᠢᠯᠡᠬᠦ ᠠᠰᠠᠭᠤᠳᠠᠯ ᠢ ᠡᠮᠬᠢᠯᠡᠵᠦ᠂ ᠬᠠᠮᠢᠶ᠎ᠠ ᠪᠦᠬᠦᠢ | ᠲᠤᠬᠲᠠᠭᠠᠯ ᠶᠤᠰᠤᠭᠠᠷ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠤ | ᠰᠢᠯᠵᠢᠭᠦᠯᠦᠨ ᠲᠤᠰᠢᠶᠠᠵᠦ ᠰᠢᠢᠳᠪᠦᠷᠢᠯᠡᠭᠦᠯᠬᠦ ᠪᠠᠷ ᠪᠤᠯᠪᠠ᠃ | ᠯᠢ ᠵᠢᠢ ᠾᠧᠩ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠤᠯᠤᠨ | ᠵᠠᠰᠠᠭ ᠤᠨ ᠤᠷᠳᠤᠨ ᠤ ᠡᠮᠦᠨ᠎ᠠ ᠠᠴᠠ ᠤᠪᠤᠷ ᠢᠶᠠᠨ ᠢᠯᠡᠳᠭᠡᠬᠦ ᠦᠭᠡ ᠬᠡᠯᠡᠪᠡ᠃ ᠲᠡᠷᠡ᠂ ᠲᠦᠪ ᠤᠨ ᠤᠷᠴᠢᠨ | ᠲᠤᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ | ᠲᠤᠰᠬᠠᠬᠰᠠᠨ ᠪᠣᠴᠠᠵᠤ ᠪᠠᠶᠢᠴᠠᠭᠠᠨ ᠦᠵᠡᠬᠦ ᠠᠵᠢᠯᠯᠠᠭ᠎ᠠ ᠵᠢᠴᠢ ᠨᠤᠲᠤᠭ ᠪᠡᠯᠴᠢᠭᠡᠷ ᠤᠨ ᠠᠮᠢ ᠠᠬᠤᠢ ᠤᠷᠴᠢᠨ | ᠲᠤᠭᠤᠷᠢᠨ ᠤ ᠬᠠᠮᠠᠭᠠᠯᠠᠯᠲᠠ ᠶᠢᠨ ᠲᠤᠰᠬᠠᠢ ᠰᠢᠮᠳᠠᠭᠤᠯᠤᠨ ᠪᠠᠶᠢᠴᠠᠭᠠᠬᠰᠠᠨ ᠰᠠᠨᠠᠯ ᠨᠢ᠂ ᠤᠶᠢᠷ᠎ᠠ ᠶᠢᠨ ᠵᠢᠯ ᠠᠴᠠ | ᠨᠠᠭᠠᠰᠢᠬᠢ ᠦᠪᠦᠷ ᠮᠤᠩᠭᠤᠯ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠳᠤ ᠤᠯᠤᠬᠰᠠᠨ | ᠠᠮᠵᠢᠯᠳᠠ ᠪᠦᠲᠦᠮᠵᠢ ᠶᠢ ᠭᠦᠢᠴᠡᠳ ᠨᠤᠲᠠᠯᠠᠬᠰᠠᠨ ᠢᠶᠠᠷ ᠪᠠᠷᠠᠬᠤ ᠦᠭᠡᠢ ᠪᠠᠰᠠ ᠰᠢᠮᠳᠠᠭᠤᠯᠤᠨ ᠪᠠᠶᠢᠴᠠᠭᠠᠵᠦ | ᠢᠯᠡᠷᠡᠭᠦᠯᠦᠭᠰᠡᠨ ᠭᠤᠤᠯ ᠠᠰᠠᠭᠤᠳᠠᠯ ᠢ ᠲᠦᠪ ᠴᠢᠩᠭ᠎ᠠ ᠪᠠᠷ ᠵᠢᠭᠠᠨ ᠭᠠᠷᠭᠠᠵᠦ᠂ ᠮᠠᠨ ᠤ ᠤᠷᠤᠨ ᠤ ᠠᠮᠢ ᠠᠬᠤᠢ | ᠤᠷᠴᠢᠨ ᠲᠤᠭᠤᠷᠢᠨ ᠤ ᠠᠵᠢᠯ ᠢ ᠴᠢᠨᠠᠬᠰᠢᠲᠠ ᠰᠠᠶᠢᠲᠤᠷ ᠬᠢᠬᠦ ᠳᠤ ᠴᠢᠬᠤᠯᠠ ᠵᠢᠯᠤᠭᠤᠳᠬᠤ ᠠᠴᠢ ᠬᠤᠯᠪᠤᠬᠳᠠᠯ ᠲᠠᠢ | ᠰᠠᠨᠠᠯ ᠢ ᠳᠤᠷᠠᠳᠤᠬᠰᠠᠨ ᠪᠠᠶᠢᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ | ᠤᠷᠳᠤᠨ ᠴᠢᠩ ᠦᠨᠡᠨᠴᠢ ᠪᠠᠷ ᠬᠦᠯᠢᠶᠡᠨ ᠠᠪᠴᠦ᠂ ᠡᠷᠡᠰ ᠢᠶᠠᠷ ᠴᠡᠭᠴᠡᠯᠡᠨ ᠰᠠᠶᠢᠵᠢᠷᠠᠭᠤᠯᠤᠨ᠎ᠠ᠃ ᠪᠦᠬᠦ ᠤᠷᠤᠨ ᠤ | ᠳᠡᠭᠡᠳᠦ ᠳᠤᠤᠷᠠᠳᠦ ᠱᠠᠲᠦ ᠪᠠᠷ ᠢᠶᠠᠨ ᠤᠯᠤᠰ ᠲᠦᠷᠦ ᠶᠢᠨ ᠵᠤᠬᠰᠤᠴᠠ ᠪᠠᠨ ᠳᠡᠭᠡᠭᠰᠢᠯᠡᠭᠦᠯᠵᠦ᠂ ᠤᠯᠤᠰ | ᠲᠦᠷᠦ ᠶᠢᠨ ᠤᠬᠠᠮᠰᠠᠷ ᠢᠶᠠᠨ ᠴᠢᠩᠭᠠᠳᠬᠠᠨ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ | ᠮᠤᠩᠭᠤᠯ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠲᠤᠬᠠᠢ ᠡᠷᠬᠢᠮ ᠨᠠᠨᠳᠢᠨ ᠬᠦᠰᠡᠯ ᠨᠠᠶᠢᠳᠠᠯᠭ᠎ᠠ ᠶᠢ | ᠢᠮᠠᠬᠲᠠ ᠪᠠᠲᠦ ᠴᠡᠭᠡᠵᠢᠯᠡᠵᠦ᠂ ᠨᠠᠮ ᠤᠨ ᠲᠦᠪ ᠬᠤᠷᠢᠶ᠎ᠠ ᠶᠢᠨ ᠵᠤᠷᠢᠭ ᠰᠠᠨᠠᠭ᠎ᠠ ᠲᠠᠢ ᠪᠦᠬᠦ ᠲᠠᠯ᠎ᠠ ᠪᠠᠷ | ᠬᠠᠷᠢᠴᠠᠭᠤᠯᠵᠦ᠂ ᠲᠦᠪ ᠤᠨ ᠤᠷᠴᠢᠨ ᠲᠤᠭᠤᠷᠢᠨ ᠤ ᠰᠢᠮᠳᠠᠭᠤᠯᠤᠨ ᠪᠠᠶᠢᠴᠠᠭᠠᠵᠦ ᠬᠠᠷᠢᠭᠤ ᠲᠤᠰᠬᠠᠬᠰᠠᠨ | ᠰᠠᠨᠠᠯ ᠲᠠᠢ ᠬᠠᠷᠢᠴᠠᠭᠤᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ᠂ | ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠤᠨ ᠬᠦᠭᠵᠢᠯᠲᠡ ᠶᠢᠨ ᠠᠵᠠ ᠲᠤᠬᠢᠶᠠᠯ ᠢᠶᠠᠨ ᠪᠤᠯᠭᠠᠵᠦ᠂ ᠴᠡᠭᠴᠡᠯᠡᠨ | ᠰᠠᠶᠢᠵᠢᠷᠠᠭᠤᠯᠤᠯᠳᠠ ᠶᠢ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠦ᠂ ᠰᠢᠮᠳᠠᠭᠤᠯᠤᠨ ᠪᠠᠶᠢᠴᠠᠭᠠᠵᠦ | ᠴᠡᠭᠴᠡᠯᠡᠨ ᠰᠠᠶᠢᠵᠢᠷᠠᠭᠤᠯᠬᠤ ᠪᠤᠳᠠᠳᠦ ᠠᠵᠢᠯᠯᠠᠭ᠎ᠠ ᠪᠤᠯᠤᠨ ᠦᠷ᠎ᠠ ᠪᠦᠲᠦᠮᠵᠢ ᠪᠠᠷ ᠤᠯᠤᠰ ᠲᠦᠷᠦ ᠶᠢᠨ ᠦᠨᠡᠨᠴᠢ | ᠰᠢᠳᠤᠷᠭᠤ ᠪᠠᠨ ᠲᠤᠲᠤᠷᠬᠠᠶᠢᠯᠠᠨ ᠲᠠᠶᠢᠯᠪᠤᠷᠢᠯᠠᠵᠦ᠂ ︽ᠬᠤᠶᠠᠷ ᠢ ᠡᠷᠡᠰ ᠬᠠᠮᠠᠭᠠᠯᠠᠬᠤ︾ ᠶᠢ ᠦᠢᠯᠡᠳᠦᠯᠭᠡᠵᠢᠭᠦᠯᠤᠨᠡ | ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ ᠦᠷ᠎ᠠ ᠪᠦᠲᠦᠮᠵᠢ ᠪᠠᠷ ᠤᠳᠤᠷᠢᠳᠤᠮᠵᠢ ᠪᠤᠯᠭᠠᠬᠤ ᠶᠢ | ᠳᠤᠪᠤᠶᠢᠯᠭᠠᠵᠦ᠂ ᠳᠡᠭᠡᠳᠦ ᠱᠠᠲᠦ ᠨᠢ ᠳᠤᠤᠷᠠᠳᠦ ᠱᠠᠲᠦ ᠪᠠᠨ ᠳᠠᠶᠢᠴᠢᠯᠠᠨ ᠪᠦᠬᠦ ᠲᠠᠯ᠎ᠠ ᠪᠠᠷ ᠠᠬᠢᠭᠤᠯᠵᠦ᠂ | ᠡᠴᠦᠰ ᠲᠤ ᠨᠢ ᠲᠤᠯᠲᠠᠯ᠎ᠠ ᠠᠳᠬᠤᠨ᠂ ᠬᠠᠷᠢᠭᠤᠴᠠᠯᠭ᠎ᠠ ᠶᠢ ᠴᠢᠩᠭ᠎ᠠ ᠨᠡᠭᠡᠮᠵᠢᠯᠡᠵᠦ᠂ ᠲᠡᠮᠦᠷ ᠮᠡᠳᠦ ᠬᠠᠳᠠᠨ ᠵᠤᠷᠢᠬ᠂ | ᠲᠡᠮᠦᠷ ᠮᠡᠳᠦ ᠬᠠᠳᠠᠭᠤ ᠠᠷᠭ᠎ᠠ ᠬᠡᠮᠵᠢᠶ᠎ᠠ᠂ ᠲᠡᠮᠦᠷ ᠮᠡᠳᠦ ᠬᠠᠲᠠᠭᠤ ᠰᠠᠬᠢᠯᠭ᠎ᠠ ᠪᠠᠲᠦ ᠪᠠᠷ ᠡᠷᠡᠰ ᠴᠡᠭᠴᠡᠯᠡᠨ | ᠰᠠᠶᠢᠵᠢᠷᠠᠭᠤᠯᠵᠦ᠂ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠤᠨ᠎ᠠ᠃ ᠴᠡᠭᠴᠡᠯᠡᠨ ᠰᠠᠶᠢᠵᠢᠷᠠᠭᠤᠯᠤᠯᠳᠠ ᠶᠢ | ᠨᠠᠶᠢᠳᠠᠪᠦᠷᠢᠵᠢᠭᠤᠯᠬᠤ ᠶᠢ ᠠᠬᠢᠭᠤᠯᠬᠤ ᠪᠠᠷ ᠠᠵᠠ ᠲᠤᠬᠢᠶᠠᠯ ᠢᠶᠠᠨ ᠪᠤᠯᠭᠠᠵᠦ᠂ ᠭᠤᠤᠯᠳᠠᠯᠭ᠎ᠠ ᠲᠠᠢ ᠬᠦᠴᠢᠷ | ᠠᠰᠠᠭᠤᠳᠠᠯ ᠳᠤ ᠴᠢᠭᠯᠡᠭᠦᠯᠦᠨ᠂ ᠲᠦᠷᠦ ᠶᠢᠨ ᠪᠤᠳᠤᠯᠭ᠎ᠠ ᠶᠢ ᠰᠢᠨᠵᠢᠯᠡᠬᠦ ᠤᠬᠠᠭᠠᠨᠴᠢ ᠨᠠᠷᠢᠯᠢᠭ ᠤᠨᠤᠪᠴᠢᠲᠠᠢ ᠪᠠᠷ | ᠬᠡᠷᠡᠭᠵᠢᠭᠦᠯᠵᠦ᠂ ᠪᠤᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ | ᠮᠠᠨ ᠤ ᠤᠷᠤᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠭᠡᠮ ᠠᠷᠬᠠᠭ ᠢ ᠬᠦᠴᠦᠯᠡᠨ | ᠰᠢᠢᠳᠪᠦᠷᠢᠯᠡᠵᠦ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ᠳᠤᠪᠤᠶᠢᠮ᠎ᠠ ᠳᠤᠲᠠᠭᠤᠳᠠᠯ ᠢᠶᠠᠨ | ᠭᠦᠢᠴᠡᠳ ᠨᠦᠬᠦᠪᠦᠷᠢᠯᠡᠵᠦ᠂ ᠡᠬᠡ ᠤᠯᠤᠰ ᠤᠨ ᠤᠮᠠᠷᠠᠳᠦ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ | ᠪᠤᠯᠤᠨ ᠲᠦᠮᠡᠨ ᠭᠠᠵᠠᠷ ᠤᠨ ᠨᠤᠮᠢᠨ ᠨᠤᠭᠤᠭᠠᠨ ᠤᠷᠲᠦ ᠴᠠᠭᠠᠨ ᠬᠡᠷᠡᠮ ᠢ ᠰᠠᠶᠢᠲᠤᠷ ᠴᠤᠬᠴᠠᠯᠠᠨ᠎ᠠ᠃ ᠴᠡᠭᠴᠡᠯᠡᠨ | ᠰᠠᠶᠢᠵᠢᠷᠠᠭᠤᠯᠤᠬᠰᠠ ᠦᠷ᠎ᠠ ᠪᠦᠲᠦᠮᠵᠢ ᠶᠢ ᠰᠠᠶᠢᠲᠤᠷ ᠠᠰᠢᠬᠯᠠᠵᠦ᠂ ᠴᠡᠭᠴᠡᠯᠡᠨ ᠰᠠᠶᠢᠵᠢᠷᠠᠭᠤᠯᠤᠬᠰᠠᠨ | ᠲᠤᠷᠰᠢᠯᠭ᠎ᠠ ᠶᠢ ᠰᠠᠶᠢᠲᠤᠷ ᠳ᠋ᠦᠡᠭᠨᠡᠨ᠂ ᠪᠤᠬᠢᠷᠲᠤᠯ ᠦᠭᠡᠢ ᠬᠦᠭᠵᠢᠯᠲᠡ ᠶᠢ ᠪᠦᠬᠦ ᠲᠠᠯ᠎ᠠ ᠪᠠᠷ ᠠᠬᠢᠭᠤᠯᠵᠦ᠂ ᠠᠮᠢ | ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠪᠤᠯᠤᠨ ᠰᠡᠷᠭᠦᠭᠡᠯᠲᠡ ᠶᠢ ᠴᠢᠩᠭᠠᠳᠬᠠᠨ᠂ ᠤᠷᠴᠢᠨ ᠲᠤᠭᠤᠷᠢᠨ ᠤ | ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠵᠦ ᠠᠬᠤᠢ ᠶᠢᠨ ᠴᠢᠨᠠᠷ ᠰᠠᠶᠢᠲᠠᠢ ᠭᠦᠭᠵᠢᠯᠲᠡ ᠪᠤᠯᠤᠨ ᠠᠮᠢ | ᠠᠬᠤᠢ ᠤᠷᠴᠢᠨ ᠲᠤᠭᠤᠷᠢᠨ ᠤ ᠦᠨᠳᠦᠷ ᠲᠦᠪᠰᠢᠨ ᠲᠠᠢ ᠬᠠᠮᠠᠭᠠᠯᠠᠯᠲᠠ ᠶᠢ ᠬᠠᠮᠵᠢᠯᠴᠠᠭᠤᠯᠤᠨ ᠠᠬᠢᠭᠤᠯᠤᠨ᠎ᠠ ᠭᠡᠵᠠᠢ | ᠃ |