| | | | | | | 10 ᠳ᠋ᠤᠭᠠᠷ ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ | ᠣᠷᠳᠣᠨ ᠤ ᠰᠢᠶᠠᠨ ᠤ ᠳᠠᠷᠤᠭ᠎ᠠ ᠺᠠᠩ ᠶᠦᠩ ᠴᠢᠶᠠᠩ ᠰᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ | ᠬᠠᠷᠢᠭᠤᠴᠠᠯᠭᠠᠲᠠᠨ ᠢ ᠳᠠᠭᠠᠭᠤᠯᠤᠨᠤᠯᠢᠶᠠᠰᠤᠲᠠᠢ ᠰᠢᠶᠠᠩ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠺᠠᠩ ᠶᠦᠩ ᠴᠢᠶᠠᠩ ᠨᠠᠷ ᠤᠷᠢᠳ ᠬᠤᠵᠢᠳ ᠤᠯᠢᠶᠠᠰᠤᠲᠠᠢ | ᠰᠢᠶᠠᠩ ᠤᠨ ᠴᠢᠳᠧᠩ ᠤᠨ ᠭᠤᠤ ᠲᠣᠰᠬᠤᠨ᠂ ᠴᠠᠭᠠᠨ ᠬᠤᠰᠢᠭᠤᠴᠢ ᠠᠶᠢᠯ ᠤᠨ ᠨᠡᠭᠦᠳᠡᠯ ᠠᠷᠠᠳ ᠤᠨ ᠰᠢᠨ᠎ᠡ | ᠲᠣᠰᠬᠤᠨ᠂ 8 ᠳ᠋ᠤᠭᠠᠷ ᠲᠣᠰᠬᠤᠨ᠂ ᠯᠢᠦ ᠯᠣᠣ ᠫᠦᠸᠧ ᠶᠣᠣ ᠲᠣᠰᠬᠤᠨ᠂ ᠺᠠᠩ ᠱᠧᠩ ᠵᠤᠸᠠᠩ ᠲᠣᠰᠬᠤᠨ ᠵᠡᠷᠭᠡ | ᠭᠠᠵᠠᠷ ᠲᠤ ᠭᠦᠨᠵᠡᠭᠡᠶᠢᠷᠡᠪᠡ᠃ ᠭᠠᠵᠠᠷ ᠪᠣᠯᠭᠠᠨ ᠳᠤ ᠬᠦᠷᠦᠮᠡᠭᠴᠡ᠂ ᠺᠠᠩ ᠶᠦᠩ ᠴᠢᠶᠠᠩ ᠴᠥᠮ ᠶᠠᠳᠠᠭᠤ ᠶᠢ | ᠲᠡᠳᠬᠦᠬᠦ ᠺᠠᠳ᠋ᠷ ᠲᠠᠢ ᠳᠣᠲᠣᠨᠣ ᠪᠠᠷ ᠶᠠᠷᠢᠯᠴᠠᠵᠤ᠂ ᠶᠠᠳᠠᠭᠤ ᠶᠢ ᠲᠡᠳᠬᠦᠬᠦ ᠲᠠᠩᠰᠠ ᠡᠪᠬᠡᠮᠡᠯ ᠮᠠᠲ᠋ᠧᠷᠢᠶᠠᠯ ᠢ ᠨᠠᠷᠠᠯᠢᠭ | ᠪᠠᠶᠢᠴᠠᠭᠠᠨ ᠦᠵᠡᠪᠡ᠃ | ᠺᠠᠩ ᠶᠦᠩ ᠴᠢᠶᠠᠩ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠠᠳᠠᠭᠤ | ᠬᠦᠴᠢᠷᠳᠡᠯᠲᠡᠢ ᠡᠷᠦᠭᠡ ᠳᠤ ᠭᠦᠨᠵᠡᠭᠡᠶᠢᠷᠡᠨ ᠲᠦᠷᠤ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ | ᠳᠠᠷᠠᠭᠠᠴᠢ ᠶᠢᠨ ᠠᠯᠬᠤᠮ ᠤᠨ ᠠᠵᠢᠯ ᠢ ᠠᠶᠢᠵᠠᠮ ᠴᠣᠬᠢᠯᠭ᠎ᠠ ᠲᠠᠢ᠂ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ | ᠬᠡᠷᠡᠭᠲᠡᠢ᠃ ᠣᠨᠳᠣᠣ ᠭᠠᠵᠠᠷ ᠲᠤ ᠨᠡᠭᠦᠯᠭᠡᠬᠦ᠂ ᠬᠦᠷᠢᠶ᠎ᠡ ᠬᠠᠰᠢᠶ᠎ᠠ ᠶᠢ ᠴᠡᠭᠴᠡᠯᠡᠨ ᠵᠠᠰᠠᠬᠤ ᠠᠵᠢᠯ ᠢ ᠲᠦᠷᠭᠡᠳᠬᠡᠨ | ᠠᠬᠢᠭᠤᠯᠵᠤ᠂ ᠲᠦᠷᠦ ᠶᠢᠨ ᠪᠤᠳᠤᠯᠭ᠎ᠠ ᠶᠢ ᠪᠣᠳᠠᠲᠠᠶ ᠳᠤᠨᠢ ᠨᠠᠶᠢᠳᠠᠪᠤᠷᠢᠵᠢᠭᠤᠯᠵᠤ᠂ ᠴᠥᠬᠦᠷᠡᠰᠢ ᠦᠭᠡᠢ ᠴᠢᠷᠮᠠᠶᠢᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ | ᠭᠡᠵᠡᠢ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠺᠠᠩ ᠶᠦᠩ ᠴᠢᠶᠠᠩ ᠪᠠᠰᠠ ᠶᠠᠳᠠᠭᠤ ᠬᠦᠴᠢᠷᠳᠡᠯᠲᠡᠢ ᠡᠷᠦᠭᠡ ᠶᠢ | ᠬᠤ᠋ ᠵᠢᠢ ᠷᠦᠩ ᠪᠣᠯᠣᠨ ᠰᠢᠶᠣᠣ ᠵᠠᠨ ᠴᠧᠩ ᠢ ᠪᠣᠯᠭᠤᠭᠠᠨ ᠲᠣᠬᠤᠨᠢᠭᠤᠯᠪᠠ᠃ | |