ᠰᠢ ᠶᠢᠨ ᠫᠢᠩ᠄ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠡᠮᠡᠭᠳᠡᠶᠢᠴᠤᠳ ᠤᠨ ᠬᠦᠭᠵᠢᠯᠳᠡ ᠶᠢᠨ  ᠵᠠᠮ ᠢ ᠪᠠᠷᠢᠮᠳᠠᠯᠠᠵᠥ ᠡᠮᠡᠭᠳᠡᠶᠢᠴᠤᠳ ᠢ ᠵᠤᠬᠢᠶᠠᠨ ᠪᠠᠶᠢᠭᠤᠯᠵᠤ ᠳᠠᠶᠢᠴᠢᠯᠠᠨ ᠴᠠᠬ ᠦᠶ᠎ᠡ ᠶᠢᠨ ᠡᠮᠤᠨ᠎ᠡ ᠡᠩᠨᠡᠬᠡᠨ ᠳᠤ  ᠭᠠᠪᠰᠢᠭᠠᠢᠢᠯᠠᠵᠥ ᠭᠠᠪᠢᠶ᠎ᠠ ᠪᠠᠶᠢᠭᠤᠯᠵᠥ ᠦᠢᠯᠡᠰ ᠪᠦᠳᠦᠬᠡᠬᠦ ᠬᠡᠷᠡᠭᠳᠡᠢ
ᠨᠡᠶᠢᠲᠡᠯᠡᠭᠰᠡᠨ ᠴᠠᠭ᠄
2018-11-05
      ᠰᠢᠨᠬᠤᠸᠠ ᠬᠤᠷᠢᠶᠠᠨ ᠤ ᠪᠡᠬᠡᠵᠢᠩ ᠤᠨ 11 ᠳ᠋ᠦ᠋ᠭᠡᠷ ᠰᠠᠷ᠎ᠠ ᠶᠢᠨ 2 ᠤᠨ ᠴᠠᠬᠢᠯᠭᠠᠨ ᠮᠡᠳᠡᠭᠡ  ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ ᠰᠢ ᠶᠢᠨ ᠫᠢᠩ 2 ᠤᠨ ᠡᠳᠤᠷ ᠤᠨ ᠦᠳᠡ ᠶᠢᠨ ᠡᠮᠤᠨ᠎ᠡ ᠵᠦᠩ ᠨᠠᠨ ᠬᠠᠢ ᠳᠤ ᠪᠦᠬᠦ ᠤᠯᠤᠰ ᠤᠨ ᠡᠮᠡᠭᠳᠡᠶᠢᠴᠤᠳ ᠤᠨ ᠬᠤᠯᠪᠤᠭ᠎ᠠ ᠶᠢᠨ ᠰᠢᠨ᠎ᠡ  ᠨᠢᠬᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠬᠦᠨ ᠲᠠᠢ ᠬᠠᠮᠳᠤ ᠶᠢᠨ ᠶᠠᠷᠢᠯᠴᠠᠭ᠎ᠠ ᠬᠢᠬᠦ ᠶᠢᠨ ᠬᠠᠮᠳᠤ ᠴᠢᠬᠤᠯᠠ ᠶᠠᠷᠢᠶ᠎ᠠ ᠳᠠᠯᠪᠢᠵᠠᠢ᠃ ᠰᠢ ᠶᠢᠨ ᠫᠢᠩ᠂ ᠨᠠᠮ ᠤᠨ ᠡᠮᠡᠭᠳᠡᠶᠢᠴᠤᠳ ᠤᠨ ᠠᠵᠢᠯ ᠢ ᠰᠠᠶᠢᠳᠤᠷ ᠬᠢᠬᠦ ᠨᠢ ᠮᠠᠨ ᠤ ᠤᠯᠤᠰ ᠤᠨ ᠬᠦᠮᠦᠨ ᠠᠮᠠ ᠶᠢᠨ  ᠬᠠᠭᠠᠰ ᠳᠤᠭ᠎ᠠ ᠶᠢ ᠡᠵᠡᠯᠡᠬᠦ ᠡᠮᠡᠭᠳᠡᠶᠢᠴᠤᠳ ᠢ ᠪᠦᠯᠬᠦᠮᠳᠡᠬᠦᠯᠦᠨ ᠨᠢᠬᠳᠠᠷᠠᠭᠤᠯᠬᠤ ᠲᠠᠢ ᠬᠤᠯᠪᠤᠬᠳᠠᠨ᠎ᠠ᠂ ᠨᠠᠮ ᠪᠤᠯᠤᠨ ᠠᠷᠠᠳ ᠳᠦᠮᠡᠨ ᠤ ᠠᠵᠢᠯ ᠦᠢᠯᠡᠰ ᠤᠨ ᠬᠦᠭᠵᠢᠯᠳᠡ ᠳᠤ ᠴᠢᠩᠭ᠎ᠠ ᠬᠦᠴᠦᠷᠬᠡᠭ ᠬᠦᠴᠦᠨ ᠬᠠᠩᠭᠠᠬᠤ ᠳᠤ ᠬᠤᠯᠪᠤᠬᠳᠠᠨ᠎ᠠ᠃ ᠡᠶᠢᠨ ᠬᠦ ᠨᠠᠮ ᠤᠨ ᠡᠮᠡᠭᠳᠡᠶᠢᠴᠤᠳ ᠤᠨ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠵᠥ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠡᠮᠡᠭᠳᠡᠶᠢᠴᠤᠳ ᠤᠨ ᠬᠦᠭᠵᠢᠯᠳᠡ ᠶᠢᠨ ᠵᠠᠮ ᠢ ᠪᠠᠷᠢᠮᠳᠠᠯᠠᠵᠥ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠤ ᠶᠢ ᠳᠡᠷᠬᠡᠯᠰᠢᠬᠦᠯᠬᠦ ᠡᠨᠡ ᠬᠦ ᠤᠳᠤ ᠦᠶ᠎ᠡ ᠶᠢᠨ ᠳᠤᠮᠳᠠᠳᠤ ᠤᠯᠤᠰ ᠤᠨ ᠡᠮᠡᠭᠳᠡᠶᠢᠴᠤᠳ ᠤᠨ ᠬᠦᠳᠡᠯᠬᠡᠬᠡᠨ ᠤ ᠴᠠᠬ ᠦᠶ᠎ᠡ ᠶᠢᠨ ᠭᠤᠤᠯ ᠰᠡᠳᠦᠪ ᠢ ᠡᠵᠡᠮᠳᠡᠵᠤ᠂ ᠡᠷᠡᠭᠳᠡᠢ ᠡᠮᠡᠭᠳᠡᠢ ᠡᠷᠬᠡ ᠳᠡᠭᠰᠢ ᠪᠠᠶᠢᠬᠤ ᠶᠢ ᠠᠬᠢᠭᠤᠯᠵᠥ᠂ ᠡᠮᠡᠭᠳᠡᠶᠢᠴᠤᠳ ᠤᠨ ᠡᠯ᠎ᠡ ᠳᠠᠯ᠎ᠠ ᠶᠢᠨ ᠠᠵᠢᠯ ᠳᠠᠬᠢ ᠢᠳᠡᠪᠬᠢ ᠦᠢᠯᠡᠳᠦᠯ ᠢ ᠪᠠᠳᠠᠷᠠᠭᠤᠯᠵᠥ᠂ ᠡᠮᠡᠭᠳᠡᠶᠢᠴᠤᠳ ᠢ ᠵᠤᠬᠢᠶᠠᠨ ᠪᠠᠶᠢᠭᠤᠯᠵᠤ ᠳᠠᠶᠢᠴᠢᠯᠠᠨ ᠴᠠᠬ ᠦᠶ᠎ᠡ ᠶᠢᠨ ᠡᠮᠤᠨ᠎ᠡ ᠭᠠᠪᠰᠢᠭᠠᠢᠢᠯᠠᠵᠥ᠂ ᠦᠬᠡᠷᠡᠴᠢᠯᠡᠯᠳᠡ ᠬᠦᠭᠵᠢᠯᠳᠡ ᠳᠤᠬᠳᠠᠭᠤᠨ ᠤ  ᠡᠮᠤᠨ᠎ᠡ ᠹᠷᠤᠨᠲ ᠲᠤ ᠭᠠᠪᠢᠶ᠎ᠠ ᠪᠠᠶᠢᠭᠤᠯᠵᠥ ᠦᠢᠯᠡᠰ ᠪᠦᠳᠦᠬᠡᠬᠦ ᠬᠡᠷᠡᠭᠳᠡᠢ ᠬᠡᠵᠥ ᠴᠢᠬᠤᠯᠠᠴᠢᠯᠠᠪᠠ᠃  
     ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶ᠎ᠠ ᠶᠢᠨ ᠪᠠᠶᠢᠩᠭᠤ ᠶᠢᠨ ᠬᠡᠰᠢᠬᠦᠨ᠂ ᠳᠦᠪ ᠤᠨ ᠱᠦᠵᠢ  ᠨᠠᠷ ᠤᠨ ᠭᠠᠵᠠᠷ ᠤᠨ ᠱᠦᠵᠢ ᠸᠠᠩ ᠬᠤ᠋ ᠨᠢᠩ ᠬᠠᠮᠳᠤ ᠶᠢᠨ ᠶᠠᠷᠢᠯᠴᠠᠭ᠎ᠠ ᠳᠤ ᠤᠷᠤᠯᠴᠠᠪᠠ᠃            ᠰᠢ ᠶᠢᠨ ᠫᠢᠩ ᠡᠩ ᠳᠡᠷᠢᠬᠦᠨ ᠳᠤ᠂ ᠳᠤᠮᠳᠠᠳᠤ ᠤᠯᠤᠰ ᠤᠨ ᠡᠮᠡᠭᠳᠡᠶᠢᠴᠤᠳ ᠤᠨ ᠠᠷᠪᠠᠨ ᠬᠤᠶᠠᠳᠤᠭᠠᠷ ᠤᠳᠠᠭ᠎ᠠ ᠶᠢᠨ  ᠪᠦᠬᠦ ᠤᠯᠤᠰ ᠤᠨ ᠳᠦᠯᠦᠬᠡᠯᠡᠭᠴᠢᠳ ᠤᠨ ᠶᠡᠭᠡ ᠬᠤᠷᠠᠯ ᠠᠮᠵᠢᠯᠳᠠ ᠲᠠᠢ ᠳᠡᠬᠦᠰᠪᠡ᠃ ᠶᠡᠭᠡ ᠬᠤᠷᠠᠯ ᠠᠴᠠ ᠨᠠᠮ ᠤᠨ ᠳᠦᠪ  ᠬᠤᠷᠢᠶᠠᠨ ᠤ ᠱᠠᠭᠠᠷᠳᠠᠯᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠤᠳᠤᠬᠠᠨ ᠤ ᠪᠠ ᠬᠤᠶᠢᠰᠢᠳᠡ ᠶᠢᠨ ᠨᠢᠭᠡ  ᠬᠤᠭᠤᠴᠠᠭᠠᠨ ᠤ ᠡᠮᠡᠭᠳᠡᠶᠢᠴᠤᠳ ᠤᠨ ᠠᠵᠢᠯ ᠦᠢᠯᠡᠰ ᠪᠤᠯᠤᠨ ᠡᠮᠡᠭᠳᠡᠶᠢᠴᠤᠳ ᠤᠨ ᠠᠵᠢᠯ ᠤᠨ ᠳᠤᠬᠠᠢ ᠪᠠᠶᠢᠷᠢᠯᠠᠭᠤᠯᠤᠯᠳᠠ ᠬᠢᠵᠥ᠂  ᠡᠯ᠎ᠡ ᠵᠦᠢᠯ ᠤᠨ ᠵᠦᠪᠯᠡᠬᠦ ᠵᠦᠢᠯᠡᠰ ᠢᠶᠠᠨ ᠪᠡᠶᠡᠯᠡᠬᠦᠯᠤᠯ᠎ᠡ ᠬᠡᠵᠥ ᠢᠯᠡᠳᠬᠡᠪᠡ᠃ ᠰᠢ ᠶᠢᠨ ᠫᠢᠩ ᠨᠠᠮ ᠤᠨ ᠳᠦᠪ ᠬᠤᠷᠢᠶᠠᠨ ᠤ  ᠡᠮᠤᠨ᠎ᠡ ᠠᠴᠠ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠰᠠᠨ ᠪᠠ ᠪᠦᠬᠦ ᠤᠯᠤᠰ ᠤᠨ ᠡᠮᠡᠭᠳᠡᠶᠢᠴᠤᠳ ᠤᠨ ᠬᠤᠯᠪᠤᠭ᠎ᠠ ᠶᠢᠨ  ᠰᠢᠨ᠎ᠡ ᠨᠢᠬᠡ ᠬᠤᠭᠤᠴᠠᠭᠠᠨ ᠤ ᠤᠳᠤᠷᠢᠳᠬᠤ ᠪᠠᠭ ᠤᠨ ᠬᠢᠨ ᠳᠤ ᠬᠠᠯᠠᠭᠤᠨ ᠪᠠᠶᠠᠷ ᠬᠦᠷᠬᠡᠵᠥ ᠪᠠᠶᠢᠬᠤ ᠪᠠᠨ ᠢᠯᠡᠳᠬᠡᠪᠡ᠃  ᠰᠢ ᠶᠢᠨ ᠫᠢᠩ᠂ ᠤᠯᠠᠨ ᠤ ᠶᠠᠷᠢᠶᠠᠨ ᠳᠤᠮᠳᠠ ᠠᠴᠠ ᠪᠦᠬᠦ ᠤᠯᠤᠰ ᠤᠨ ᠡᠮᠡᠭᠳᠡᠶᠢᠴᠤᠳ ᠤᠨ ᠬᠤᠯᠪᠤᠭ᠎ᠠ ᠶᠢᠨ ᠰᠢᠨ᠎ᠡ ᠨᠢᠬᠡ  ᠬᠤᠭᠤᠴᠠᠭᠠᠨ ᠤ ᠤᠳᠤᠷᠢᠳᠬᠤ ᠪᠠᠬ ᠤᠨ ᠬᠢᠨ ᠨᠠᠮ ᠤᠨ ᠳᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ  ᠳᠤᠭᠤᠰᠢᠯᠠᠭᠤᠯᠬᠤ ᠤᠪᠤᠷ ᠰᠢᠭᠤᠷᠬᠠᠢ ᠢᠳᠡᠬᠡᠯ ᠪᠠᠲᠦ ᠴᠢᠩᠭ᠎ᠠ ᠪᠠᠶᠢᠬᠤ ᠶᠢ ᠦᠵᠡᠵᠤ ᠭᠠᠷᠤᠨ᠎ᠠ᠃ ᠨᠠᠮ ᠤᠨ ᠳᠦᠪ ᠬᠤᠷᠢᠶ᠎ᠠ ᠠᠴᠠ  ᠳᠠ ᠨᠠᠷ ᠲᠤ ᠨᠠᠨᠳᠢᠨ ᠬᠦᠰᠡᠯ ᠲᠠᠯᠪᠢᠵᠤ ᠪᠠᠶᠢᠨ᠎ᠠ ᠬᠡᠵᠥ ᠢᠯᠡᠳᠬᠡᠪᠡ᠃            ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠳᠦᠪ ᠬᠤᠷᠢᠶ᠎ᠠ ᠨᠠᠮ ᠪᠠ  ᠤᠯᠤᠰ ᠤᠨ ᠠᠵᠢᠯ ᠦᠢᠯᠡᠰ ᠤᠨ ᠬᠦᠭᠵᠢᠯᠳᠡ ᠶᠢᠨ ᠪᠦᠬᠦ ᠳᠠᠯ᠎ᠠ ᠠᠴᠠ ᠡᠭᠦᠰᠴᠤ᠂ ᠡᠮᠡᠭᠳᠡᠶᠢᠴᠤᠳ ᠤᠨ ᠠᠵᠢᠯ ᠢ ᠳᠡᠬᠡᠳᠤ  ᠬᠡᠮᠵᠢᠶ᠎ᠡ ᠪᠠᠷ ᠴᠢᠬᠤᠯᠠᠴᠢᠯᠠᠵᠥ ᠢᠳᠡᠪᠬᠢᠳᠡᠢ ᠠᠬᠢᠭᠤᠯᠪᠠ᠃ ᠦᠩᠭᠡᠷᠡᠭᠰᠡᠡ 5 ᠵᠢᠯ ᠳᠤ᠂ ᠡᠮᠡᠭᠲᠡᠶᠢᠴᠤᠳ ᠤᠨ ᠬᠤᠯᠪᠤᠭ᠎ᠠ ᠨᠠᠮ ᠤᠨ ᠲᠦᠪ ᠬᠤᠷᠢᠶᠠᠨ ᠤ ᠡᠮᠡᠭᠲᠡᠶᠢᠴᠤᠳ ᠤᠨ ᠬᠤᠯᠪᠤᠭᠠᠨ ᠤ ᠦᠭᠡᠷᠡᠴᠢᠯᠡᠯᠲᠡ ᠶᠢᠨ ᠲᠤᠬᠠᠢ ᠰᠢᠢᠳᠪᠦᠷᠢᠲᠤ ᠪᠤᠳᠤᠯᠭ᠎ᠠ  ᠪᠠᠶᠢᠷᠢᠯᠠᠭᠤᠯᠤᠯᠲᠠ ᠶᠢ ᠵᠤᠬᠢᠶᠠᠨ ᠪᠠᠶᠢᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠡᠭᠲᠡᠶᠢᠴᠤᠳ ᠲᠤ ᠦᠵᠡᠯ ᠰᠠᠨᠠᠭ᠎ᠠ  ᠤᠯᠤᠰ ᠲᠦᠷᠦ ᠶᠢᠨ ᠲᠠᠯ᠎ᠠ ᠪᠠᠷ ᠬᠦᠲᠦᠯᠦᠨ ᠲᠠᠭᠠᠭᠤᠯᠬᠤ ᠶᠢ ᠴᠢᠩᠭᠠᠳᠬᠠᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ  ᠦᠨᠳᠦᠰᠦᠨ ᠤᠯᠤᠰ ᠤᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠡᠮᠡᠭᠲᠡᠢ ᠤᠯᠠᠨ ᠲᠦᠮᠡᠨ ᠲᠠᠢ ᠬᠠᠷᠢᠯᠴᠠᠬᠤ ᠪᠠ ᠲᠡᠳᠡᠨ ᠳᠤ  ᠦᠢᠯᠡᠴᠢᠯᠡᠬᠦ᠂ ᠡᠮᠡᠭᠲᠡᠶᠢᠴᠤᠳ ᠤᠨ ᠬᠠᠤᠯᠢ ᠶᠤᠰᠤᠨ ᠤ ᠡᠷᠬᠡ ᠠᠰᠢᠬ ᠢ ᠬᠠᠤᠯᠢ ᠶᠤᠰᠤᠭᠠᠷ ᠬᠠᠮᠠᠭᠠᠯᠠᠬᠤ᠂ ᠡᠮᠡᠭᠲᠡᠶᠢᠴᠤᠳ ᠤᠨ  ᠬᠤᠯᠪᠤᠭᠠᠨ ᠤ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠳᠤ ᠶᠡᠭᠡ ᠬᠡᠮᠵᠢᠶᠡᠨ ᠤ ᠠᠵᠢᠯ ᠬᠢᠵᠦ᠂ ᠮᠠᠨ ᠤ ᠤᠯᠤᠰ ᠤᠨ  ᠡᠮᠡᠭᠲᠡᠶᠢᠴᠤᠳ ᠤᠨ ᠠᠵᠢᠯ ᠦᠢᠯᠡᠰ ᠰᠢᠨ᠎ᠡ ᠠᠯᠬᠤᠮ ᠢ ᠠᠯᠬᠤᠬᠤ᠂ ᠡᠮᠡᠭᠲᠡᠶᠢᠴᠤᠳ ᠤᠨ ᠠᠵᠢᠯ ᠤᠨ ᠲᠡᠤᠬᠡᠲᠤ ᠴᠢᠨᠠᠷᠲᠠᠢ  ᠠᠮᠵᠢᠯᠲᠠ ᠤᠯᠬᠤ ᠶᠢ ᠠᠬᠢᠭᠤᠯᠪᠠ᠃ ᠡᠮᠡᠭᠲᠡᠶᠢᠴᠤᠳ ᠤᠨ ᠬᠤᠯᠪᠤᠭᠠᠨ ᠤ ᠠᠵᠢᠯ ᠢ ᠨᠡᠮ ᠤᠨ ᠲᠦᠪ ᠬᠤᠷᠢᠶ᠎ᠠ ᠠᠴᠠ ᠭᠦᠢᠴᠡᠳ  ᠨᠤᠲᠠᠯᠠᠵᠤ ᠪᠠᠶᠢᠨ᠎ᠠ ᠬᠡᠵᠥ ᠵᠢᠭᠠᠵᠥ ᠭᠠᠷᠭᠠᠪᠠ᠃            ᠰᠢ ᠶᠢᠨ ᠫᠢᠩ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠤᠯ ᠨᠠᠮ ᠤᠨ ᠡᠮᠡᠭᠲᠡᠶᠢᠴᠦᠳ ᠤᠨ ᠠᠵᠢᠯ ᠢ ᠰᠠᠶᠢᠳᠤᠷ ᠬᠢᠬᠦ  ᠦᠨᠳᠦᠰᠦᠨ ᠪᠠᠲᠤᠯᠠᠭ᠎ᠠ ᠮᠦᠨ᠃ ︽ᠳᠦᠷᠪᠡᠨ ᠤᠬᠠᠮᠰᠠᠷ︾ ᠢ ᠪᠠᠲᠤ ᠪᠤᠢ ᠪᠤᠯᠭᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ᠨᠠᠮ ᠤᠨ ᠲᠦᠪ ᠬᠤᠷᠢᠶᠠᠨ ᠤ ᠡᠷᠬᠡ ᠰᠦᠷ ᠪᠠ ᠲᠦᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠤᠬᠠᠮᠰᠠᠷ ᠠᠴᠠ ᠪᠠᠨ  ᠬᠠᠮᠠᠭᠠᠯᠠᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠢᠮᠠᠬᠲᠠ ᠨᠠᠮ ᠤᠨ ᠲᠦᠪ ᠬᠤᠷᠢᠶ᠎ᠠ ᠲᠠᠢ  ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠡᠮᠡᠭᠲᠡᠶᠢᠴᠤᠳ ᠢ ᠬᠦᠲᠦᠯᠦᠨ ᠲᠠᠭᠠᠭᠤᠯᠵᠤ ᠰᠢᠨ᠎ᠠ ᠴᠠᠬ ᠦᠶ᠎ᠡ ᠶᠢᠨ  ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠬ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠦᠰᠡᠯᠡᠩ ᠢᠲᠡᠭᠡᠯ ᠪᠢᠰᠢᠷᠡᠯ ᠤᠨ ᠬᠦᠮᠦᠵᠢᠯ ᠢ ᠦᠷᠨᠢᠭᠦᠯᠵᠦ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢᠨ ᠲᠤᠬᠠᠢ ᠤᠯᠤᠰ ᠲᠦᠷᠦ ᠶᠢᠨ ᠲᠠᠨᠢᠯᠲᠠ᠂ ᠦᠵᠠᠯ ᠰᠠᠨᠠᠭᠠᠨ ᠤ ᠲᠠᠨᠢᠯᠲᠠ᠂ ᠰᠡᠳᠬᠢᠯ ᠰᠠᠨᠠᠭᠠᠨ ᠤ ᠲᠠᠯ᠎ᠠ ᠪᠠᠷ ᠬᠢ ᠲᠠᠨᠢᠯᠲᠠ ᠪᠠᠨ ᠨᠡᠮᠡᠭᠳᠡᠭᠦᠯᠵᠦ᠂ ᠨᠠᠮ ᠤᠨ  ᠦᠭᠡ ᠶᠢ ᠰᠤᠨᠤᠰᠴᠤ᠂ ᠨᠠᠮ ᠢᠶᠠᠨ ᠳᠠᠭᠠᠵᠤ ᠤᠷᠤᠭᠰᠢᠯᠠᠬᠤ ᠢᠲᠡᠭᠡᠯ ᠪᠢᠰᠢᠷᠡᠯ ᠢᠲᠡᠭᠡᠯ ᠵᠤᠷᠢᠬ ᠢ ᠪᠠᠲᠤᠳᠬᠠᠬᠤ ᠬᠡᠷᠡᠭᠲᠡᠢ᠃  ᠦᠵᠡᠯ ᠰᠠᠨᠠᠭ᠎ᠠ ᠤᠯᠤᠰ ᠲᠦᠷᠦ ᠶᠢᠨ ᠲᠠᠯ᠎ᠠ ᠪᠠᠷ ᠬᠦᠲᠦᠯᠦᠨ ᠲᠠᠭᠠᠭᠤᠯᠬᠤ ᠶᠢ ᠡᠮᠡᠭᠲᠡᠶᠢᠴᠦᠳ ᠤᠨ ᠬᠤᠯᠪᠤᠭ᠎ᠠ ᠶᠢᠨ ᠦᠷᠨᠢᠭᠦᠯᠬᠦ  ᠡᠯ᠎ᠡ ᠵᠦᠢᠯ ᠤᠨ ᠠᠵᠢᠯᠯᠠᠭ᠎ᠠ ᠳᠤ ᠲᠤᠭᠤᠰᠢᠯᠠᠭᠤᠯᠵᠤ᠂ ᠡᠮᠡᠭᠲᠡᠶᠢᠴᠤᠳ ᠢ ᠬᠦᠲᠦᠯᠦᠨ ᠲᠠᠭᠠᠭᠤᠯᠵᠤ ᠪᠠᠶᠢᠭᠠᠳ ᠳᠤᠮᠳᠠᠳᠤ  ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂  ᠰᠤᠶᠤᠯ ᠤᠨ ᠢᠲᠡᠭᠡᠯ ᠢ ᠨᠡᠮᠡᠭᠳᠡᠭᠦᠯᠵᠦ᠂ ᠤᠬᠠᠮᠰᠠᠷ ᠠᠴᠠ ᠪᠠᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ  ᠬᠠᠮᠲᠤ ᠶᠢᠨ ᠬᠦᠰᠡᠯᠡᠩ ᠤᠨ ᠲᠦᠯᠦᠭᠡ ᠲᠡᠮᠡᠴᠡᠬᠦ ᠪᠤᠯᠭᠠᠬᠤ ᠬᠡᠷᠡᠭᠲᠡᠢ᠃ ᠦᠵᠡᠯ ᠰᠠᠨᠠᠭ᠎ᠠ ᠶᠢ ᠨᠢᠭᠡᠳᠬᠡᠵᠦ᠂ ᠬᠦᠮᠦᠰ ᠤᠨ  ᠰᠡᠳᠬᠢᠯ ᠢ ᠨᠢᠬᠲᠠᠷᠠᠭᠤᠯᠵᠤ᠂ ᠵᠦᠷᠢᠴᠡᠯ ᠢ ᠨᠠᠮᠳᠠᠭᠤᠯᠵᠤ᠂ ᠬᠠᠶᠢᠷ᠎ᠠ ᠰᠡᠳᠬᠢᠯᠭᠡ ᠶᠢ ᠨᠡᠮᠡᠭᠳᠡᠬᠦᠯᠬᠦ ᠠᠵᠢᠯ ᠢ ᠢᠯᠡᠬᠦᠬᠡᠨ ᠬᠢᠵᠦ᠂  ᠡᠮᠡᠭᠲᠡᠶᠢᠴᠤᠳ ᠢ ᠬᠦᠲᠦᠯᠦᠨ ᠲᠠᠭᠠᠭᠤᠯᠵᠤ ᠪᠠᠶᠢᠭᠠᠳ ᠵᠦᠪ ᠴᠢᠭᠯᠡᠯ ᠪᠠ ᠬᠦᠰᠡᠯᠡᠩ ᠬᠠᠷᠠᠯᠲᠠ ᠶᠢᠨ ᠵᠦᠭ ᠭᠤᠶᠢᠪᠢᠰᠢ ᠦᠭᠡᠢ ᠪᠠᠷ  ᠦᠷᠬᠦᠯᠵᠢᠯᠡᠨ ᠲᠡᠮᠡᠴᠡᠨ ᠤᠷᠤᠬᠰᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃            ᠰᠢ ᠶᠢᠨ ᠫᠢᠩ᠂ ᠡᠮᠡᠭᠲᠡᠶᠢᠴᠤᠳ ᠤᠨ ᠬᠤᠯᠪᠤᠭ᠎ᠠ ᠡᠮᠡᠭᠲᠡᠶᠢᠴᠤᠳ ᠤᠨ ᠡᠷᠬᠡ ᠠᠰᠢᠬ ᠢ ᠲᠦᠯᠦᠭᠡᠯᠡᠬᠦ ᠪᠦᠭᠡᠳ ᠬᠠᠮᠠᠭᠠᠯᠠᠬᠤ᠂ ᠡᠷᠡᠭᠲᠡᠢ ᠡᠮᠡᠭᠲᠡᠢ ᠶᠢᠨ ᠡᠷᠬᠡ ᠲᠡᠭᠰᠢ ᠪᠠᠶᠢᠬᠤ ᠪᠠ ᠡᠮᠡᠭᠲᠡᠶᠢᠴᠤᠳ ᠤᠨ ᠪᠦᠬᠦ ᠲᠠᠯ᠎ᠠ ᠶᠢᠨ ᠬᠦᠭᠵᠢᠯᠲᠡ ᠶᠢ ᠠᠬᠢᠭᠤᠯᠬᠤ ᠴᠢᠬᠤᠯᠠ  ᠡᠭᠦᠷᠭᠡ ᠶᠢ ᠰᠠᠶᠢᠳᠤᠷ ᠡᠭᠦᠷᠭᠡᠯᠡᠬᠦ ᠬᠡᠷᠡᠭᠲᠡᠢ᠃ ᠬᠦᠲᠦᠯᠦᠨ ᠲᠠᠭᠠᠭᠤᠯᠬᠤ᠂ ᠦᠢᠯᠡᠴᠢᠯᠡᠬᠦ᠂ ᠬᠠᠷᠢᠯᠴᠠᠬᠤ  ᠠᠵᠢᠯ  ᠢ ᠰᠠᠶᠢᠳᠤᠷ ᠬᠢᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠳᠤᠷᠠᠳᠤᠬᠰᠠᠨ ᠬᠠᠷᠠᠯᠲᠠ ᠡᠭᠦᠷᠭᠡ ᠶᠢᠨ ᠪᠠᠷᠢᠮᠵᠢᠶ᠎ᠠ  ᠪᠠᠷ  ᠬᠠᠷᠭᠤᠭᠤᠯᠬᠤ ᠬᠡᠷᠡᠭᠲᠡᠢ᠂ ︽ᠲᠠᠪᠤ ᠶᠢ ᠨᠢᠭᠡ ᠴᠤᠬᠴᠠᠵᠢᠭᠤᠯᠤᠬᠰᠠᠨ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠦᠯᠦᠪᠵᠢᠭᠦᠯᠦᠨ ᠠᠬᠢᠭᠤᠯᠵᠤ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠤᠬᠢᠴᠠᠩᠭᠤᠢ ᠠᠬᠢᠭᠤᠯᠬᠤ ᠶᠢᠨ ᠲᠤᠭᠤᠷᠢᠨ ᠳᠤ᠂ ᠰᠢᠨ᠎ᠡ ᠬᠦᠭᠵᠢᠯᠲᠡ ᠶᠢᠨ ᠤᠢᠢᠯᠠᠭᠠᠬᠳᠠᠬᠤᠨ ᠢ ᠲᠤᠭᠤᠰᠢᠯᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠦᠪᠯᠡᠷᠡᠭᠦᠯᠵᠤ᠂ ᠡᠮᠡᠭᠲᠡᠶᠢᠴᠤᠳ ᠤᠨ ᠤᠨᠴᠠᠯᠢᠬ ᠲᠠᠢ ᠭᠠᠪᠢᠶ᠎ᠠ ᠪᠠᠶᠢᠭᠤᠯᠤᠨ ᠦᠢᠯᠡᠰ ᠪᠤᠰᠬᠠᠬᠤ ᠠᠵᠢᠯᠯᠠᠭ᠎ᠠ ᠶᠢ ᠦᠷᠨᠢᠭᠦᠯᠵᠦ᠂ ᠡᠮᠡᠭᠲᠡᠶᠢᠴᠤᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠬᠠᠮᠤᠬ ᠤᠨ ᠶᠡᠭᠡ ᠬᠡᠮᠵᠢᠶ᠎ᠡ ᠪᠠᠷ ᠳᠠᠶᠢᠴᠢᠯᠠᠬᠤ ᠬᠡᠷᠡᠭᠲᠡᠢ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠤᠨᠢᠨ ᠲᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠪᠤᠯ ᠤᠳᠤᠬᠠᠨ ᠤ ᠪᠦᠭᠦ ᠨᠠᠮ ᠪᠦᠭᠦ ᠤᠯᠤᠰ ᠤᠨ ᠴᠢᠬᠤᠯᠠ ᠶᠡᠭᠡ ᠡᠭᠦᠷᠭᠡ ᠮᠦᠨ᠂ ᠡᠮᠡᠭᠳᠠᠶᠢᠴᠤᠳ ᠤᠨ ᠬᠤᠯᠪᠤᠭᠠᠨ ᠤ ᠵᠤᠬᠢᠶᠠᠨ ᠪᠠᠶᠢᠭᠤᠯᠤᠯᠳᠠ ᠶᠡᠭᠡ ᠦᠢᠯᠠᠳᠤᠯ ᠢ ᠪᠠᠳᠠᠷᠠᠭᠤᠯᠪᠠᠯ ᠵᠤᠬᠢᠨ᠎ᠠ᠃ ᠡᠮᠡᠭᠳᠠᠶᠢᠴᠤᠳ ᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠡᠵᠡᠮᠳᠠᠵᠤ᠂ ᠡᠮᠡᠭᠳᠠᠶᠢᠴᠤᠳ ᠲᠠᠢ ᠬᠠᠷᠢᠯᠴᠠᠬᠤ᠂ ᠡᠮᠡᠭᠳᠠᠶᠢᠴᠤᠳ ᠲᠤ ᠦᠢᠯᠠᠴᠢᠯᠠᠭᠦ ᠡᠯ᠎ᠡ ᠵᠦᠢᠯ ᠤᠨ ᠠᠵᠢᠯ ᠢ ᠬᠠᠨᠳᠤᠯᠭᠠᠳᠤ ᠴᠢᠨᠠᠷ ᠲᠠᠢ ᠪᠠᠷ ᠰᠠᠶᠢᠳᠤᠷ ᠬᠢᠵᠤ᠂ ᠨᠡᠩ ᠢᠯᠡᠭᠦᠤ ᠠᠩᠬᠠᠷᠤᠯ ᠢᠶᠠᠨ ᠬᠠᠮᠤᠭ ᠤᠨ ᠡᠭᠡᠯ ᠵᠢᠷ ᠤᠨ ᠡᠮᠡᠭᠳᠠᠶᠢᠴᠤᠳ ᠤᠨᠴᠠᠭᠠᠢᠢᠯᠠᠨ ᠶᠠᠳᠠᠭᠤ ᠭᠦᠴᠢᠷᠳᠠᠯᠳᠠᠢ ᠡᠮᠡᠭᠳᠠᠶᠢᠴᠤᠳ ᠤᠨ ᠪᠡᠶ᠎ᠠ ᠳᠡᠬᠡᠷ᠎ᠡ ᠲᠠᠯᠪᠢᠵᠤ᠂ ᠶᠠᠳᠠᠭᠤ ᠭᠦᠴᠢᠷᠳᠠᠯᠳᠠᠢ ᠡᠮᠡᠭᠳᠠᠶᠢᠴᠤᠳ᠂ ᠵᠡᠮᠳᠡᠭ ᠡᠮᠡᠭᠳᠠᠶᠢᠴᠤᠳ᠂ ᠬᠡᠷ ᠲᠡᠭᠡᠨ ᠬᠤᠴᠤᠷᠤᠭᠰᠠᠨ ᠡᠮᠡᠭᠳᠠᠶᠢᠴᠤᠳ ᠵᠡᠷᠭᠡ ᠭᠦᠴᠢᠷᠳᠠᠯᠳᠠᠢ ᠡᠮᠡᠭᠳᠠᠶᠢᠴᠤᠳ ᠢ ᠤᠨᠴᠠᠭᠠᠢᠢᠯᠠᠨ ᠬᠠᠯᠠᠮᠵᠢᠯᠠᠵᠤ᠂ ᠲᠡᠳᠠᠨ ᠳᠤ ᠰᠠᠶᠢᠨ ᠶᠠᠪᠤᠳᠠᠯ ᠬᠢᠵᠤ ᠦᠭᠴᠤ᠂ ᠭᠦᠴᠢᠷ ᠠᠰᠠᠭᠤᠳᠠᠯ ᠢ ᠨᠢ ᠰᠢᠢᠳᠪᠤᠷᠢᠯᠡᠵᠤ ᠦᠭᠴᠤ᠂ ᠪᠤᠳᠠᠳᠤ ᠶᠠᠪᠤᠳᠠᠯ ᠬᠢᠵᠥ ᠦᠭᠭᠦ ᠭᠡᠷᠡᠭᠳᠠᠢ ᠬᠡᠵᠥ ᠵᠢᠭᠠᠵᠥ ᠭᠠᠷᠭᠠᠪᠠ᠃          ᠰᠢ ᠶᠢᠨ ᠫᠢᠡᠭ᠂ ᠡᠷᠡᠭᠳᠠᠢ ᠡᠮᠡᠭᠳᠠᠢ ᠡᠷᠭᠡ ᠲᠡᠭᠰᠢ ᠪᠠᠶᠢᠬᠤ ᠦᠨᠳᠤᠰᠤᠨ ᠤᠯᠤᠰ ᠤᠨ ᠪᠤᠳᠤᠯᠭ᠎ᠠ ᠶᠢ ᠪᠠᠷᠢᠮᠳᠠᠯᠠᠵᠤ᠂ ᠡᠮᠡᠭᠳᠠᠶᠢᠴᠤᠳ ᠭᠡᠤᠭᠡᠳ ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠬᠤ ᠭᠡᠷᠡᠭᠳᠠᠢ᠃ ᠤᠷᠳᠤ ᠬᠤᠭᠤᠴᠠᠭᠠᠨ ᠤ ᠲᠤᠷᠰᠢ᠂ ᠡᠷᠡᠭᠳᠠᠢ ᠡᠮᠡᠭᠳᠠᠢ ᠡᠷᠭᠡ ᠲᠡᠭᠰᠢ ᠪᠠᠶᠢᠬᠤ᠂ ᠡᠮᠡᠭᠳᠠᠶᠢᠴᠤᠳ ᠢ ᠭᠦᠨᠳᠤᠳᠭᠡᠭᠦ ᠦᠢᠯᠠᠭᠠᠭᠳᠠᠬᠤᠨ ᠤᠯᠠᠮ ᠠᠴᠠ ᠤᠯᠠᠮ ᠭᠦᠮᠤᠰ ᠤᠨ ᠰᠡᠳᠬᠢᠯ ᠳᠤ ᠭᠦᠨᠵᠡᠬᠡᠶᠢᠷᠡᠪᠠ᠂ ᠡᠭᠦᠨ ᠤ ᠬᠠᠮᠳᠤ ᠡᠮᠡᠭᠳᠠᠶᠢᠴᠤᠳ ᠲᠤ ᠬᠠᠨᠳᠤᠭᠤᠯᠤᠬᠰᠠᠨ ᠭᠠᠳᠠᠭᠤᠷᠴᠢᠯᠠᠯ ᠮᠦᠨ ᠯᠠ ᠤᠷᠤᠰᠢᠵᠤ ᠪᠠᠶᠢᠨ᠎ᠠ᠃ ᠡᠳᠠᠭᠡᠷ ᠠᠰᠠᠭᠤᠳᠠᠯ ᠢ ᠰᠢᠢᠳᠪᠤᠷᠢᠯᠡᠭᠦ ᠳᠤ᠂ ᠤᠯᠤᠰ ᠤᠨ ᠲᠠᠯ᠎ᠠ ᠠᠴᠠ ᠵᠠᠰᠠᠬᠤ ᠬᠡᠷᠡᠭᠲᠡᠢ ᠪᠠᠶᠢᠨ᠎ᠠ᠂ ᠡᠮᠡᠭᠳᠠᠶᠢᠴᠤᠳ ᠤᠨ ᠡᠷᠭᠡ ᠠᠰᠢᠭ ᠲᠤ ᠬᠦᠨᠳᠦ ᠨᠤᠴᠢᠲᠠᠢ ᠬᠠᠯᠳᠠᠭᠰᠠᠨ ᠶᠠᠯᠠᠲᠦ ᠠᠵᠢᠯᠯᠠᠭ᠎ᠠ ᠳᠤ ᠬᠠᠤᠯᠢ ᠶᠤᠰᠤ ᠪᠠᠷ ᠴᠤᠬᠢᠯᠳᠠ ᠦᠭᠴᠤ᠂ ᠪᠤᠷᠤᠭᠤ ᠦᠭᠡ ᠶᠠᠷᠢᠶ᠎ᠠ ᠶᠢ ᠴᠠᠭ ᠲᠤᠬᠠᠢ ᠳᠤᠨᠢ ᠰᠢᠭᠦᠮᠵᠢᠯᠠᠨ ᠨᠢᠴᠤᠭᠠᠬᠤ ᠬᠡᠷᠡᠭᠲᠡᠢ᠃ ᠡᠮᠡᠭᠲᠡᠶᠢᠴᠤᠳ ᠤᠨ ᠬᠤᠯᠪᠤᠭ᠎ᠠ ᠰᠠᠨᠠᠭᠠᠴᠢᠯᠠᠭ᠎ᠠ ᠲᠠᠢ ᠪᠠᠷ ᠠᠵᠢᠯ ᠬᠢᠵᠤ᠂ ᠠᠯᠢ ᠭᠠᠵᠠᠷ ᠤᠨ ᠡᠮᠡᠭᠳᠠᠶᠢᠴᠤᠳ ᠤᠨ ᠬᠠᠤᠯᠢ ᠶᠤᠰᠤᠨ ᠤ ᠡᠷᠭᠡ ᠠᠰᠢᠭ ᠬᠠᠯᠳᠠᠯᠭ᠎ᠠ ᠳᠤ ᠤᠴᠠᠷᠠᠪᠠᠯ᠂ ᠲᠡᠷᠡ ᠭᠠᠵᠠᠷ ᠤᠨ ᠡᠮᠡᠭᠳᠠᠶᠢᠴᠤᠳ ᠤᠨ ᠬᠤᠯᠪᠤᠭᠠᠨ ᠤ ᠵᠤᠬᠢᠶᠠᠨ ᠪᠠᠶᠢᠭᠤᠯᠤᠯᠳᠠ ᠭᠠᠷᠴᠤ ᠢᠷᠡᠵᠤ ᠦᠭᠡ ᠬᠡᠯᠡᠵᠤ᠂ ᠬᠠᠤᠯᠢ ᠶᠤᠰᠤᠭᠠᠷ ᠲᠦᠷᠢᠮ ᠶᠤᠰᠤᠭᠠᠷ ᠡᠮᠡᠭᠳᠠᠶᠢᠴᠤᠳ ᠤᠨ ᠪᠦᠭᠦ ᠲᠠᠯ᠎ᠠ ᠪᠠᠷ ᠭᠦᠭᠵᠢᠭᠦ ᠳᠤ ᠤᠷᠴᠢᠨ ᠡᠭᠦᠳᠴᠤ ᠦᠭᠴᠤ᠂ ᠬᠠᠷᠰᠢ ᠰᠠᠭᠠᠳ ᠢ ᠠᠷᠢᠯᠭᠠᠵᠤ᠂ ᠨᠦᠭᠦᠴᠠᠯ ᠪᠦ᠋ᠷᠢᠯᠳᠤᠭᠦᠯᠵᠤ ᠦᠭᠭᠦ ᠭᠡᠷᠡᠭᠳᠠᠢ ᠭᠡᠵᠤ ᠴᠢᠬᠤᠯᠠᠴᠢᠯᠠᠪᠠ᠃          ᠰᠢ ᠶᠢᠨ ᠫᠢᠡᠭ᠂ ᠭᠡᠷ ᠪᠦᠯᠢ ᠶᠢᠨ ᠠᠵᠢᠯ ᠢ ᠰᠠᠶᠢᠳᠤᠷ ᠬᠢᠵᠤ᠂ ᠡᠮᠡᠭᠳᠠᠶᠢᠴᠤᠳ ᠤᠨ ᠨᠡᠶᠢᠭᠡᠮ ᠤᠨ ᠠᠮᠢᠳᠤᠷᠠᠯ ᠪᠤᠯᠤᠨ ᠭᠡᠷ ᠪᠦᠯᠢ ᠶᠢᠨ ᠠᠮᠢᠳᠤᠷᠠᠯ ᠲᠤᠮᠳᠠᠬᠢ ᠤᠨᠴᠠᠭᠠᠢ ᠦᠢᠯᠠᠳᠤᠯ ᠢ ᠪᠠᠳᠠᠷᠠᠭᠤᠯᠬᠤ ᠪᠤᠯ ᠡᠮᠡᠭᠳᠠᠶᠢᠴᠤᠳ ᠤᠨ ᠬᠤᠯᠪᠤᠭᠠᠨ ᠤ ᠵᠤᠬᠢᠶᠠᠨ ᠪᠠᠶᠢᠭᠤᠯᠤᠯᠳᠠ ᠶᠢᠨ ᠶᠡᠭᠡ ᠲᠠᠯ᠎ᠠ ᠳᠤ ᠦᠢᠯᠡᠴᠢᠯᠡᠬᠦ᠂ ᠡᠮᠡᠭᠳᠠᠶᠢᠴᠤᠳ ᠲᠤ ᠦᠢᠯᠡᠴᠢᠯᠡᠭᠦ ᠶᠢᠨ ᠴᠢᠬᠤᠯᠠ ᠬᠦᠴᠦᠯᠡᠬᠦ ᠴᠡᠭ ᠪᠤᠯᠤᠨ᠎ᠠ᠃ ᠭᠡᠷ ᠪᠦᠯᠢ᠂ ᠭᠡᠷ ᠤᠨ ᠰᠤᠷᠭᠠᠯ᠂ ᠭᠡᠷ ᠤᠨ ᠰᠤᠷᠳᠠᠯ ᠢ ᠭᠦᠨᠳᠤᠳᠭᠡᠨ ᠦᠵᠡᠵᠤ᠂ ᠭᠡᠷ ᠪᠦᠯᠢ ᠶᠢᠨ ᠭᠦᠷᠢᠶᠠᠨ ᠳᠤ ᠢᠯᠡᠷᠡᠭᠰᠠᠨ ᠰᠢᠨ᠎ᠠ ᠪᠠᠶᠢᠳᠠᠯ ᠰᠢᠨ᠎ᠠ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠵᠤ᠂ ᠭᠡᠷ ᠪᠦᠯᠢ ᠶᠢᠨ ᠠᠵᠢᠯ ᠢ ᠠᠬᠢᠭᠤᠯᠬᠤ ᠶᠢ ᠨᠢᠭᠡ ᠵᠦᠢᠯ ᠤᠨ ᠤᠷᠳᠤ ᠬᠤᠭᠤᠴᠠᠭᠠᠨ ᠤ ᠡᠭᠦᠷᠭᠡ ᠪᠤᠯᠭᠠᠨ ᠪᠤᠳᠠᠲᠠᠢ ᠠᠳᠬᠤᠵᠤ ᠴᠢᠩᠭ᠎ᠠ ᠠᠳᠬᠤᠬᠤ ᠭᠡᠷᠡᠭᠳᠠᠢ᠃ ᠨᠡᠶᠢᠭᠡᠮ ᠵᠢᠷᠤᠮ ᠤᠨ ᠭᠤᠤᠯᠯᠠᠭᠴᠢ ᠦᠷᠲᠡᠭ ᠤᠨ ᠦᠵᠡᠯᠳᠠ ᠪᠠᠷ ᠶᠡᠷᠦᠩᠬᠡᠶᠢᠯᠡᠨ ᠵᠢᠯᠤᠭᠤᠲᠤᠭᠤᠯᠬᠤ ᠶᠢ ᠪᠠᠷᠢᠮᠳᠠᠯᠠᠵᠤ᠂ ᠡᠮᠡᠭᠳᠠᠶᠢᠴᠤᠳ ᠢ ᠬᠦᠲᠦᠯᠦᠨ ᠲᠠᠭᠠᠭᠤᠯᠵᠤ ᠪᠠᠶᠢᠭᠠᠳ ᠪᠠᠭ᠎ᠠ ᠬᠡᠷ ᠢᠶᠠᠨ ᠬᠠᠶᠢᠷᠠᠯᠠᠬᠤ ᠪᠠᠷ ᠦᠯᠤ ᠪᠠᠷᠠᠮ ᠤᠯᠤᠰ ᠢᠶᠠᠨ ᠬᠠᠶᠢᠷᠠᠯᠠᠬᠤ ᠪᠤᠯᠭᠠᠵᠤ᠂ ᠭᠡᠷ ᠪᠦᠯᠢ ᠶᠢᠨ ᠪᠦᠷᠢᠯᠳᠤᠭᠦᠨ ᠢᠶᠠᠨ ᠲᠠᠶᠢᠴᠢᠯᠠᠨ ᠤᠯᠤᠰ ᠢᠶᠠᠨ ᠬᠠᠶᠢᠷᠠᠯᠠᠵᠤ ᠭᠡᠷ ᠪᠦᠯᠢ ᠪᠠᠨ ᠬᠠᠶᠢᠷᠠᠯᠠᠬᠤ ᠤᠯᠤᠰ ᠤᠨ ᠪᠤᠳᠤᠯ ᠰᠡᠳᠬᠢᠯ ᠢᠶᠠᠨ ᠨᠡᠮᠡᠭᠳᠡᠬᠦᠯᠬᠦ᠂ ᠬᠠᠷᠢᠯᠴᠠᠨ ᠬᠠᠶᠢᠷᠠᠯᠠᠵᠤ ᠰᠠᠨᠠᠬᠤ ᠭᠡᠷ ᠪᠦᠯᠢ ᠶᠢᠨ ᠬᠠᠷᠢᠴᠠᠭ᠎ᠠ ᠶᠢ ᠪᠠᠶᠢᠭᠤᠯᠬᠤ᠂ ᠤᠷᠤᠭᠰᠢᠯᠠᠨ ᠲᠠᠪᠰᠢᠬᠤ ᠡᠨᠡᠷᠢᠩᠭᠦᠢ ᠶᠢ ᠡᠷᠬᠢᠮᠯᠡᠬᠦ ᠭᠡᠷ ᠪᠦᠯᠢ ᠶᠢᠨ ᠰᠠᠶᠢᠨ ᠰᠠᠶᠢᠬᠠᠨ ᠰᠤᠷᠳᠠᠯ ᠢ ᠪᠠᠳᠠᠷᠠᠭᠤᠯᠬᠤ᠂ ᠬᠠᠮᠳᠤ ᠪᠠᠷ ᠪᠠᠶᠢᠭᠤᠯᠵᠤ ᠬᠠᠮᠳᠤ ᠪᠠᠷ ᠡᠳ᠋ᠯᠡᠭᠦ ᠭᠡᠷ ᠪᠦᠯᠢ ᠶᠢᠨ ᠭᠦᠭᠡᠭᠡᠴᠡᠯᠳᠤᠯ ᠢ ᠢᠯᠡᠷᠡᠭᠦᠯᠬᠦ ᠪᠤᠯᠭᠠᠵᠤ᠂ ᠭᠡᠷ ᠪᠦᠯᠢ ᠪᠠᠷ ᠢᠶᠠᠨ ᠡᠶ᠎ᠡ ᠡᠪᠲᠡᠢ᠂ ᠡᠯᠢᠭᠡᠨ ᠰᠠᠳᠤᠨ ᠢᠶᠠᠷ ᠢᠶᠠᠨ ᠬᠠᠷᠢᠯᠴᠠᠨ ᠬᠠᠶᠢᠷᠠᠯᠠᠯᠴᠠᠵᠤ᠂ ᠬᠤᠶᠢᠴᠢ ᠦᠶ᠎ᠠ ᠶᠢᠨ ᠬᠢᠨ ᠤ ᠡᠷᠡᠭᠦᠯ ᠢᠶᠠᠷ ᠪᠤᠶᠢᠵᠢᠬᠤ᠂ ᠨᠠᠰᠤᠳᠠᠶᠢᠴᠤᠳ ᠦᠳᠡᠯᠪᠡᠯ ᠠᠰᠠᠷᠠᠮᠵᠢ ᠲᠠᠢ ᠪᠠᠶᠢᠬᠤ ᠵᠡᠷᠭᠡ ᠲᠠᠯ᠎ᠠ ᠶᠢ ᠠᠬᠢᠭᠤᠯᠬᠤ ᠲᠠᠪᠠᠭᠤᠯᠢᠭ ᠢᠶᠠᠨ ᠪᠠᠳᠠᠷᠠᠭᠤᠯᠬᠤ᠂ ᠬᠠᠷᠢᠭᠤᠴᠠᠯᠭ᠎ᠠ ᠪᠠᠨ ᠡᠭᠦᠷᠭᠡᠯᠡᠭᠦ ᠪᠤᠯᠭᠠᠬᠤ ᠭᠡᠷᠡᠭᠳᠠᠢ᠃ ᠡᠮᠡᠭᠳᠠᠶᠢᠴᠤᠳ ᠢ ᠬᠦᠳᠤᠯᠤᠨ ᠲᠠᠭᠠᠭᠤᠯᠵᠤ ᠪᠠᠶᠢᠭᠠᠳ ᠭᠡᠷ ᠪᠦᠯᠢ ᠪᠠᠨ ᠲᠠᠶᠢᠴᠢᠯᠠᠨ ᠨᠠᠰᠤᠳᠠᠨ ᠢᠶᠠᠨ ᠬᠦᠨᠳᠤᠳᠬᠡᠵᠤ ᠨᠢᠯᠬᠠᠰ ᠢᠶᠠᠨ ᠬᠠᠶᠢᠷᠠᠯᠠᠬᠤ᠂ ᠡᠷᠡᠭᠳᠠᠢ ᠡᠮᠡᠭᠳᠠᠢ ᠡᠷᠬᠡ ᠲᠡᠭᠰᠢ ᠪᠠᠶᠢᠬᠤ᠂ ᠡᠷ᠎ᠠ ᠡᠮ᠎ᠠ ᠡᠶ᠎ᠡ ᠨᠠᠶᠢᠷᠳᠠᠢ ᠪᠠᠶᠢᠬᠤ᠂ ᠠᠵᠢᠯᠴᠢ ᠠᠷᠪᠢᠴᠢ ᠪᠠᠷ ᠠᠵᠤ ᠲᠦᠷᠤᠬᠦ᠂ ᠬᠦᠷᠰᠢ ᠵᠡᠷᠬᠡᠯᠡᠳᠡᠭᠡ ᠲᠠᠢ ᠪᠠᠨ ᠪᠦᠯᠬᠦᠮᠳᠡᠬᠦ ᠳᠤᠮᠳᠠᠳᠤ ᠶᠢᠨ ᠦᠨᠳᠤᠰᠤᠳᠠᠨ ᠤ ᠤᠯᠠᠮᠵᠢᠯᠠᠯᠳᠤ ᠰᠠᠶᠢᠨ ᠰᠠᠶᠢᠬᠠᠨ ᠰᠤᠷᠳᠠᠯ ᠢ ᠪᠠᠳᠠᠷᠠᠭᠤᠯᠵᠤ᠂ ᠭᠠᠵᠢᠭᠤ ᠰᠤᠷᠳᠠᠯ ᠢ ᠡᠰᠡᠷᠬᠦᠴᠡᠵᠤ᠂ ᠴᠢᠬᠡᠴᠢ ᠰᠤᠷᠳᠠᠯ ᠲᠦᠪ ᠤᠪᠤᠷ ᠢ ᠪᠠᠳᠠᠷᠠᠭᠤᠯᠵᠤ᠂ ᠰᠠᠶᠢᠨ ᠰᠠᠶᠢᠬᠠᠨ ᠭᠡᠷ ᠤᠨ ᠰᠤᠷᠳᠠᠯ ᠢᠶᠠᠷ ᠰᠠᠶᠢᠨ ᠰᠠᠶᠢᠬᠠᠨ ᠨᠡᠶᠢᠬᠡᠮ ᠤᠨ ᠰᠤᠷᠳᠠᠯ ᠢ ᠲᠤᠯᠭᠠᠭᠤᠷᠢᠯᠠᠬᠤ ᠭᠡᠷᠡᠭᠳᠠᠢ᠃ ᠡᠮᠡᠭᠳᠠᠶᠢᠴᠤᠳ ᠢ ᠬᠠᠪᠰᠤᠷᠤᠨ ᠭᠡᠷ ᠪᠦᠯᠢ ᠪᠤᠯᠤᠨ ᠠᠵᠢᠯ ᠤᠨ ᠬᠠᠷᠢᠴᠠᠭ᠎ᠠ ᠶᠢ ᠰᠠᠶᠢᠳᠤᠷ ᠰᠢᠢᠳᠪᠤᠷᠢᠯᠠᠵᠤ᠂ ᠨᠡᠶᠢᠬᠡᠮ ᠳᠤ ᠬᠠᠷᠢᠭᠤᠴᠠᠯᠭ᠎ᠠ ᠲᠠᠢ᠂ ᠭᠡᠷ ᠪᠦᠯᠢ ᠳᠡᠭᠡᠨ ᠬᠤᠪᠢ ᠨᠡᠮᠡᠷᠢ ᠲᠠᠢ ᠰᠢᠨ᠎ᠠ ᠴᠠᠬ ᠦᠶ᠎ᠠ ᠶᠢᠨ ᠡᠮᠡᠭᠳᠠᠶᠢᠴᠤᠳ ᠪᠤᠯᠭᠠᠬᠤ ᠭᠡᠷᠡᠭᠳᠠᠢ᠃ ᠡᠮᠡᠭᠳᠠᠶᠢᠴᠤᠳ ᠢ ᠬᠦᠳᠤᠯᠤᠨ ᠲᠠᠭᠠᠭᠤᠯᠵᠤ ᠪᠠᠶᠢᠭᠠᠳ ᠤᠯᠤᠰ ᠢᠶᠠᠨ ᠬᠠᠶᠢᠷᠠᠯᠠᠵᠤ ᠬᠠᠷᠠᠮ ᠦᠬᠡᠢ ᠵᠤᠷᠢᠭᠤᠯᠬᠤ ᠵᠤᠷᠢᠬ ᠰᠠᠨᠠᠭ᠎ᠠ ᠶᠢ ᠪᠠᠳᠠᠷᠠᠭᠤᠯᠵᠤ᠂ ᠪᠡᠶ᠎ᠠ ᠪᠠᠨ ᠬᠦᠨᠳᠤᠳᠬᠡᠵᠤ ᠪᠠᠶ᠎ᠠ ᠪᠠᠨ ᠢᠳᠡᠬᠡᠵᠤ ᠪᠠᠶ᠎ᠠ ᠪᠠᠨ ᠲᠠᠭᠠᠭᠠᠵᠤ ᠦᠪᠡᠷ ᠢ ᠪᠠᠨ ᠬᠦᠴᠦᠷᠭᠡᠭᠵᠢᠬᠦᠯᠵᠤ᠂ ᠠᠵᠢᠯᠯᠠᠭ᠎ᠠ ᠪᠠᠷ ᠢᠶᠠᠨ ᠰᠢᠨ᠎ᠠ ᠴᠠᠬ ᠦᠶ᠎ᠠ ᠳᠤ ᠬᠤᠪᠢ ᠨᠡᠮᠡᠷᠢ ᠦᠵᠡᠬᠦᠯᠵᠤ᠂ ᠲᠡᠮᠡᠴᠡᠯ ᠢᠶᠠᠷ ᠢᠶᠠᠨ ᠰᠠᠶᠢᠨ ᠰᠠᠶᠢᠬᠠᠨ ᠠᠮᠢᠳᠤᠷᠠᠯ ᠢᠶᠠᠨ ᠴᠤᠬᠴᠠᠯᠠᠵᠤ᠂ ᠡᠬᠡ ᠤᠯᠤᠰ ᠤᠨ ᠦᠬᠡᠷᠡᠴᠢᠯᠠᠯᠳᠠ ᠬᠦᠭᠵᠢᠯᠳᠠ ᠶᠢᠨ ᠠᠭᠤᠤ ᠶᠡᠭᠡ ᠤᠢᠢᠯᠡᠰ ᠲᠤᠮᠲᠠ ᠲᠤᠰ ᠪᠠᠶ᠎ᠠ ᠶᠢᠨ ᠬᠦᠭᠵᠢᠯᠳᠠ ᠪᠠᠨ ᠪᠡᠶᠡᠯᠡᠬᠦᠯᠵᠤ᠂ ᠠᠷᠠᠳ ᠲᠦᠮᠡᠨ ᠲᠡᠤᠬᠡ ᠶᠢ ᠡᠬᠦᠳᠦᠨ ᠪᠦᠲᠦᠭᠡᠬᠦ ᠠᠭᠤᠤ ᠶᠡᠭᠡ ᠲᠡᠮᠡᠴᠡᠯ ᠲᠤᠮᠲᠠ ᠬᠦᠮᠤᠨ ᠤ ᠠᠮᠢᠳᠤᠷᠠᠯ ᠤᠨ ᠦᠡᠭᠭᠡ ᠭᠢᠯᠪᠠᠭ᠎ᠠ ᠪᠠᠨ ᠰᠠᠴᠤᠷᠠᠭᠤᠯᠬᠤ ᠭᠡᠷᠡᠭᠳᠠᠢ ᠬᠡᠵᠥ ᠵᠢᠭᠠᠵᠥ ᠭᠠᠷᠭᠠᠪᠠ᠃          ᠰᠢ ᠶᠢᠨ ᠫᠢᠩ᠂ ᠨᠡᠩ ᠪᠤᠳᠠᠳᠠᠢ ᠠᠷᠭ᠎ᠠ ᠬᠡᠮᠵᠢᠶ᠎ᠠ ᠪᠠᠷ ᠡᠮᠡᠭᠭᠳᠠᠶᠢᠴᠳ ᠤᠨ ᠬᠤᠯᠪᠤᠭ᠎ᠠ ᠶᠢᠨ ᠦᠬᠡᠷᠡᠴᠢᠯᠠᠯᠳᠠ ᠶᠢ ᠠᠬᠢᠭᠤᠯᠵᠤ᠂ ᠦᠨᠳᠤᠰᠤᠳᠠᠨ ᠱᠠᠳᠤᠨ ᠤ ᠡᠮᠡᠭᠳᠠᠶᠢᠴᠤᠳ ᠤᠨ ᠵᠤᠬᠢᠶᠠᠨ ᠪᠠᠶᠢᠭᠤᠯᠤᠯᠳᠠ ᠶᠢᠨ ᠦᠬᠡᠷᠡᠴᠢᠯᠠᠯᠳᠠ ᠶᠢ ᠬᠦᠨᠵᠡᠬᠡᠶᠢᠷᠡᠬᠦᠯᠵᠤ᠂ ᠪᠠᠶᠢᠭᠤᠯᠭ᠎ᠠ ᠶᠢᠨ ᠺᠠᠳ᠋ᠷ ᠤᠨ ᠠᠵᠢᠯ ᠤᠨ ᠰᠤᠷᠳᠠᠯ ᠢ ᠰᠠᠶᠢᠵᠢᠷᠠᠭᠤᠯᠵᠤ᠂ ᠤᠢᠢᠯᠡᠴᠢᠯᠡᠬᠡᠨ ᠤ ᠴᠢᠳᠠᠪᠤᠷᠢ ᠶᠢ ᠲᠡᠭᠡᠭᠰᠢᠯᠡᠬᠦᠯᠵᠤ᠂ ᠪᠡᠷᠭᠡ ᠶᠢ ᠲᠠᠪᠠᠵᠤ ᠬᠦᠴᠢᠷ ᠢ ᠲᠤᠭᠤᠯᠬᠤ ᠡᠷᠴᠢᠮ ᠢᠶᠠᠨ ᠴᠢᠩᠭᠠᠷᠠᠭᠤᠯᠵᠤ᠂ ᠦᠬᠡᠷᠡᠴᠢᠯᠠᠯᠳᠠ ᠶᠢ ᠦᠨᠳᠤᠰᠤᠳᠠᠨ ᠱᠠᠳᠤᠨ ᠳᠤ ᠬᠦᠨᠵᠡᠬᠡᠶᠢᠷᠡᠬᠦᠯᠬᠦ ᠶᠢ ᠪᠠᠳᠤᠯᠠᠬᠤ ᠭᠡᠷᠡᠭᠳᠠᠢ᠃ ᠡᠮᠡᠭᠳᠠᠶᠢᠴᠤᠳ ᠲᠠᠢ ᠬᠠᠷᠢᠯᠴᠠᠬᠤ ᠪᠠ ᠡᠮᠡᠭᠳᠠᠶᠢᠴᠤᠳ ᠲᠤ ᠤᠢᠢᠯᠡᠴᠢᠯᠡᠬᠦ ᠶᠢ ᠠᠵᠢᠯ ᠤᠨ ᠠᠮᠢᠨ ᠰᠤᠳᠠᠰᠤ ᠪᠤᠯᠭᠠᠵᠤ᠂ ᠡᠮᠡᠭᠳᠠᠶᠢᠴᠤᠳ ᠤᠨ ᠢᠳᠡᠬᠡᠮᠵᠢᠳᠠᠢ᠂ ᠨᠠᠶᠢᠳᠠᠪᠤᠷᠢᠳᠠᠢ᠂ ᠰᠠᠯᠵᠤ ᠲᠡᠶᠢᠯᠦᠰᠢ ᠦᠬᠡᠢ ᠲᠦᠷᠬᠦᠮ ᠤᠨ ᠬᠦᠮᠤᠨ ᠨᠢ ᠪᠤᠯᠬᠤ ᠭᠡᠷᠡᠭᠳᠠᠢ᠃ ᠡᠮᠡᠭᠳᠠᠶᠢᠴᠤᠳ ᠤᠨ ᠬᠤᠯᠪᠤᠭ᠎ᠠ ᠶᠢᠨ ᠺᠠᠳ᠋ᠷ ᠤᠨ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠵᠤ ᠂ ᠦᠨᠳᠤᠷ ᠮᠡᠳᠡᠯᠬᠡ ᠪᠤᠯᠪᠠᠰᠤᠷᠠᠯ ᠲᠠᠢ ᠡᠮᠡᠭᠳᠠᠶᠢᠴᠤᠳ ᠤᠨ ᠬᠤᠯᠪᠤᠭ᠎ᠠ ᠶᠢᠨ ᠺᠠᠳ᠋ᠷ ᠢ ᠴᠢᠷᠮᠠᠶᠢᠨ ᠬᠦᠮᠤᠵᠢᠬᠦᠯᠬᠦ ᠭᠡᠷᠡᠭᠳᠠᠢ᠃ ᠰᠤᠷᠳᠠᠯ ᠤᠨ ᠪᠠᠶᠢᠭᠤᠯᠤᠯᠳᠠ ᠶᠢ ᠨᠡᠩ ᠴᠢᠬᠤᠯᠠ ᠪᠠᠶᠢᠷᠢᠨ ᠳᠤ ᠲᠠᠯᠪᠢᠵᠤ᠂ ᠪᠠᠶᠢᠴᠠᠭᠠᠨ ᠰᠤᠳᠤᠯᠤᠯᠳᠠ ᠬᠢᠬᠦ ᠰᠤᠷᠳᠠᠯ ᠢ ᠶᠡᠭᠡᠪᠡᠷ ᠪᠠᠳᠠᠷᠠᠭᠤᠯᠵᠤ᠂ ᠡᠮᠡᠭᠳᠠᠶᠢᠴᠤᠳ ᠲᠠᠢ ᠬᠠᠷᠢᠯᠴᠠᠬᠤ ᠠᠷᠭ᠎ᠠ ᠵᠠᠮ ᠢ ᠰᠢᠯᠤᠭᠤᠳᠬᠠᠬᠤ ᠭᠡᠷᠡᠭᠳᠠᠢ᠃ ᠡᠯ᠎ᠠ ᠱᠠᠳᠤᠨ ᠤ ᠨᠠᠮ ᠤᠨ ᠬᠤᠷᠢᠶᠠᠨ ᠤ ᠬᠢᠨ ᠴᠢᠬᠤᠯᠠᠴᠢᠯᠠᠬᠤ᠂ ᠬᠠᠯᠠᠮᠵᠢᠯᠠᠬᠤ᠂ ᠲᠡᠮᠵᠢᠬᠦ᠂ ᠪᠠᠳᠤᠯᠠᠬᠤ ᠡᠷᠴᠢᠮ ᠢᠶᠠᠨ ᠴᠢᠩᠭᠠᠷᠠᠭᠤᠯᠵᠤ᠂ ᠡᠮᠡᠭᠳᠠᠢ ᠺᠠᠳ᠋ᠷ ᠢ ᠬᠦᠮᠤᠵᠢᠬᠦᠯᠬᠦ ᠶᠢ ᠴᠢᠬᠤᠯᠠᠴᠢᠯᠠᠵᠤ᠂ ᠡᠮᠡᠭᠳᠠᠶᠢᠴᠤᠳ ᠤᠨ ᠬᠤᠯᠪᠤᠭ᠎ᠠ ᠶᠢᠨ ᠺᠠᠳ᠋ᠷ ᠤᠨ ᠡᠩᠨᠡᠬᠡᠨ ᠤ ᠪᠠᠶᠢᠭᠤᠯᠤᠯᠳᠠ ᠶᠢ ᠴᠢᠬᠤᠯᠠᠴᠢᠯᠠᠵᠤ᠂ ᠡᠮᠡᠭᠳᠠᠶᠢᠴᠤᠳ ᠤᠨ ᠤᠢᠢᠯᠡᠰ ᠤᠨ ᠡᠷᠡᠬᠦᠯ ᠢᠶᠠᠷ ᠬᠦᠭᠵᠢᠬᠦ᠂ ᠡᠮᠡᠭᠳᠠᠶᠢᠴᠤᠳ ᠤᠨ ᠬᠤᠯᠪᠤᠭ᠎ᠠ ᠶᠢᠨ ᠵᠤᠬᠢᠶᠠᠨ ᠪᠠᠶᠢᠭᠤᠯᠤᠯᠲᠠ ᠠᠵᠢᠯ ᠢᠶᠠᠨ ᠦᠷᠨᠢᠬᠦᠯᠬᠦ ᠳᠤ ᠰᠠᠶᠢᠨ ᠰᠠᠶᠢᠬᠠᠨ ᠨᠦᠬᠦᠴᠠᠯ ᠪᠦᠷᠢᠯᠳᠦᠬᠦᠯᠵᠤ ᠦᠭᠬᠦ ᠭᠡᠷᠡᠭᠳᠠᠢ ᠬᠡᠵᠤ ᠴᠢᠬᠤᠯᠠᠴᠢᠯᠠᠪᠠ᠃          ᠪᠦᠬᠦ ᠤᠯᠤᠰ ᠤᠨ ᠡᠮᠡᠭᠳᠠᠶᠢᠴᠤᠳ ᠤᠨ ᠬᠤᠯᠪᠤᠭ᠎ᠠ ᠶᠢᠨ ᠲᠡᠷᠢᠬᠦᠯᠡᠭᠴᠢ ᠱᠧᠨ ᠶᠤᠸᠠᠢ ᠶᠤᠸᠠᠢ ᠪᠦᠬᠦ ᠤᠯᠤᠰ ᠤᠨ ᠡᠮᠡᠭᠳᠠᠶᠢᠴᠤᠳ ᠤᠨ ᠬᠤᠯᠪᠤᠭ᠎ᠠ ᠶᠢᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠬ ᠢ ᠲᠦᠯᠤᠬᠡᠯᠡᠨ ᠳᠤᠮᠳᠠᠳᠤ ᠤᠯᠤᠰ ᠤᠨ ᠡᠮᠡᠭᠳᠠᠶᠢᠴᠤᠳ ᠤᠨ ᠠᠷᠪᠠᠨ ᠬᠤᠶᠠᠳᠤᠭᠠᠷ ᠶᠡᠭᠡ ᠬᠤᠷᠠᠯ ᠢ ᠬᠤᠷᠠᠯᠳᠤᠭᠤᠯᠤᠬᠰᠠᠨ ᠪᠠᠶᠢᠳᠠᠯ ᠪᠤᠯᠤᠨ ᠡᠮᠡᠭᠳᠠᠶᠢᠴᠤᠳ ᠤᠨ ᠬᠤᠯᠪᠤᠭ᠎ᠠ ᠶᠢᠨ ᠠᠵᠢᠯ ᠢᠶᠠᠨ ᠰᠠᠶᠢᠳᠤᠷ ᠬᠢᠬᠦ ᠲᠤᠬᠠᠢ ᠪᠤᠳᠤᠯᠬᠢᠯᠠᠯ ᠢᠶᠠᠨ ᠬᠠᠷᠢᠭᠤ ᠮᠡᠳᠡᠭᠦᠯᠪᠡ᠃ ᠪᠦᠬᠦ ᠤᠯᠤᠰ ᠤᠨ ᠡᠮᠡᠭᠳᠠᠶᠢᠴᠤᠳ ᠤᠨ ᠬᠤᠯᠪᠤᠭ᠎ᠠ ᠶᠢᠨ ᠲᠡᠳ᠋ ᠲᠡᠷᠢᠬᠦᠯᠡᠭᠴᠢ ᠬᠤᠸᠠᠩ ᠰᠢᠶᠤᠤ ᠸᠧᠢ ᠂ ᠯᠢᠦ ᠶᠠᠩ᠂ ᠴᠧᠨ ᠬᠤᠸᠠ ᠯᠠᠨ ᠦᠭᠡ ᠬᠡᠯᠡᠵᠡᠢ᠃          ᠳ᠋ᠢᠩ ᠰᠢᠤᠸᠠᠢ ᠰᠢᠶᠠᠩ᠂ ᠶᠠᠩ ᠰᠢᠶᠤᠤ ᠳ᠋ᠦ᠋᠂ ᠴᠧᠨ ᠰᠢ᠂ ᠬᠦᠸᠧ ᠱᠧᠩ ᠺᠦᠨ᠂ ᠬᠤᠸᠠᠩ ᠺᠦᠨ ᠮᠢᠩ᠂ ᠶᠸᠤ ᠴᠢᠤᠸᠠᠨ ᠶᠠᠷᠢᠯᠴᠠᠭ᠎ᠠ ᠳᠤ ᠤᠷᠤᠯᠴᠠᠪᠠ᠃  
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1