ᠴᠢᠩ ᠱᠦᠢ ᠾᠧ ᠰᠢᠶᠠᠨᠨᠢ ᠬᠥᠬᠡᠬᠤᠲᠠ ᠶᠢᠨ ᠬᠠᠮᠤᠭ ᠤᠨ ᠡᠮᠦᠨ᠎ᠡ ᠦᠵᠦᠭᠦᠷ ᠲᠤ ᠪᠠᠶᠢᠷᠢᠯᠠᠵᠤ᠂ ᠥᠪᠥᠷ | ᠮᠣᠩᠭᠤᠯ᠂ ᠱᠠᠨ ᠰᠢ ᠬᠤᠶᠠᠷ ᠮᠤᠵᠢ ᠣᠷᠣᠨ ᠤ ᠠᠭᠤᠯᠵᠠᠭᠤᠷ ᠲᠤ ᠪᠠᠶᠢᠵᠤ᠂ ᠨᠡᠶᠢᠲᠡᠯᠢᠭ ᠴᠢᠨᠠᠷᠲᠠᠢ ᠰᠢᠷ᠎ᠠ | ᠬᠥᠷᠥᠰᠥᠲᠦ ᠥᠨᠳᠦᠷᠯᠢᠭ ᠤᠨ ᠳᠣᠪᠣᠴᠠᠭ ᠭᠤᠤ ᠭᠠᠩᠭ᠎ᠠ ᠶᠢᠨ ᠣᠷᠣᠨ ᠪᠣᠯᠣᠨ᠎ᠠ᠂ ᠲᠡᠷᠡ ᠨᠢ ᠥᠪᠡᠷᠲᠡᠭᠡᠨ ᠵᠠᠰᠠᠬᠤ | ᠣᠷᠣᠨ ᠤ ᠳᠡᠰ ᠤᠨ ᠶᠠᠳᠠᠭᠤ ᠬᠦᠴᠢᠷᠳᠡᠯᠲᠡᠶ ᠰᠢᠶᠠᠨ ᠪᠣᠯᠣᠨ ᠤᠯᠤᠰ ᠤᠨ ᠲᠠᠰ ᠤᠨ ᠬᠤᠪᠢᠰᠬᠠᠯ ᠤᠨ ᠬᠠᠭᠤᠴᠢᠨ | ᠰᠠᠭᠤᠷᠢᠨ ᠭᠠᠵᠠᠷ ᠤᠨ ᠰᠢᠶᠠᠨ ᠪᠣᠯᠣᠨ᠎ᠠ᠃ ᠶᠡᠷᠦᠩᠬᠡᠶ ᠲᠠᠯᠠᠪᠠᠶ ᠨᠢ 2859 ᠲᠡᠭᠰᠢ ᠳᠥᠷᠪᠡᠯᠵᠢᠨ ᠺᠢᠯᠣᠮᠧᠲᠷ᠂ | ᠬᠠᠷᠢᠶ᠎ᠠ ᠳᠤ ᠨᠢ 4 ᠰᠢᠶᠠᠩ 4 ᠪᠠᠯᠭᠠᠰᠤ 1 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠᠶᠢᠵᠤ᠂ 103 | ᠵᠠᠰᠠᠭ ᠵᠠᠬᠢᠷᠭᠠᠨ ᠤ ᠲᠣᠰᠬᠤᠨ᠂ 6 ᠨᠡᠶᠢᠭᠡᠮ ᠲᠣᠭᠤᠷᠢᠭ᠂ 798 ᠪᠠᠶᠢᠭᠠᠯᠢᠯᠢᠭ ᠲᠣᠰᠬᠤᠨ ᠪᠠᠶᠢᠳᠠᠭ᠂ 96.7 | ᠲᠦᠮᠡᠨ ᠮᠦ ︵ᠤᠰᠤᠯᠠᠬᠤ ᠲᠡᠷᠢᠶ᠎ᠠ ᠨᠢ 3 ᠲᠦᠮᠡᠨ ᠮᠥ ᠬᠦᠷᠬᠦ ᠦᠭᠡᠢ︶ ᠲᠠᠷᠢᠶᠠᠨ ᠭᠠᠵᠠᠷ ᠲᠠᠢ᠂ 14.7 ᠲᠦᠮᠡᠨ | ᠡᠷᠦᠬᠡ ᠠᠮᠠ ᠳᠤ ᠳᠠᠩᠰᠠᠯᠠᠭᠰᠠᠨ ᠬᠥᠮᠦᠨ ᠠᠮᠠ ᠲᠠᠢ᠂ ᠡᠭᠦᠨ ᠳᠤ12.3 ᠲᠦᠮᠡᠨ ᠲᠠᠷᠢᠶᠠᠴᠢᠨ ᠪᠠᠶᠢᠵᠤ᠂ 8.9 | ᠲᠦᠮᠡᠨ ᠪᠠᠶᠢᠩᠭᠤ ᠰᠠᠭᠤᠭ᠎ᠠ ᠬᠥᠮᠦᠨ ᠠᠮᠠ ᠲᠠᠢ ᠪᠠᠶᠢᠳᠠᠭ᠃ ᠬᠠᠷᠢᠶᠠᠨ ᠳᠣᠲᠣᠷᠠᠬᠢ ᠵᠢᠭᠤᠯᠴᠢᠯᠠᠯ᠂ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠨᠢ ᠡᠯᠪᠡᠭ ᠳᠡᠯᠪᠡᠭ ᠪᠠᠶᠢᠵᠤ᠂ ︽ᠪᠦᠬᠦ ᠤᠯᠤᠰ ᠤᠨ ᠨᠣᠭᠤᠭᠠᠷᠠᠭᠤᠯᠤᠯᠲᠠ ᠶᠢᠨ | ᠵᠢᠱᠢᠶᠡᠴᠢ ᠰᠢᠶᠠᠨ︾᠂ ︽ᠪᠦᠬᠦ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶᠡᠴᠢ ᠰᠢᠶᠠᠨ︾ | ᠤ ᠢᠷᠠᠭᠤ ᠠᠯᠳᠠᠷ ᠲᠠᠢ᠂ 2016 ᠣᠨ ᠳᠤ ︽ᠤᠯᠤᠰ ᠤᠨ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠤ | ᠣᠷᠣᠨ︾ ᠳᠤ ᠪᠠᠭᠲᠠᠭᠳᠠᠵᠤ᠂ ᠯᠤᠤ ᠨᠢᠦ ᠸᠠᠨ 4A ᠳᠡᠰ ᠤᠨ ᠵᠢᠭᠤᠯᠴᠢᠯᠠᠯ ᠤᠨ ᠣᠷᠣᠨ᠂ ᠤᠯᠤᠰ ᠤᠨ ᠭᠠᠵᠠᠷ | ᠵᠦᠢ ᠶᠢᠨ ᠰᠢᠨᠵᠢᠯᠡᠭᠡᠨ ᠤ ᠴᠡᠴᠡᠷᠯᠢᠭ᠂ ᠴᠧᠩ ᠭᠤᠸᠠᠨ ᠪᠠᠯᠭᠠᠰᠤᠨ ᠤ ᠪᠦᠬᠦ ᠤᠯᠤᠰ ᠤᠨ ᠣᠨᠴᠠᠯᠢᠭ ᠪᠦᠬᠦᠢ | ᠦᠵᠡᠮᠵᠢ ᠶᠢᠨ ᠵᠢᠭᠤᠯᠴᠢᠯᠠᠯ ᠤᠨ ᠠᠯᠳᠠᠷᠲᠤ ᠪᠠᠯᠭᠠᠰᠤ ᠲᠠᠢ ᠪᠠᠶᠢᠵᠤ᠂ ᠺᠸᠦ ᠽᠢ ᠱᠠᠩ᠂ ᠯᠸᠢ ᠬᠤ᠋ ᠫᠦᠸᠧ ᠵᠡᠷᠭᠡ | ᠤᠯᠤᠰ ᠤᠨ ᠤᠯᠠᠮᠵᠢᠯᠠᠯᠲᠤ ᠠᠶᠢᠯ ᠲᠣᠰᠬᠤᠨ 4 ᠪᠣᠯᠤᠨ ᠶᠠᠩ ᠵᠢᠶᠠ ᠶᠣᠣ᠂ ᠳ᠋ᠦᠢ ᠵᠢᠦ ᠫᠢᠩ ᠵᠡᠷᠭᠡ ᠪᠦᠬᠦ | ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠭᠤᠣᠯᠳᠠᠯᠭ᠎ᠠ ᠲᠠᠢ ᠲᠣᠰᠬᠤᠨ 16 | ᠪᠤᠢ᠃ 109᠂ 209 ᠤᠯᠤᠰ ᠤᠨ ᠵᠠᠮ ᠪᠣᠯᠣᠨ ᠷᠦᠩ ᠴᠧᠩ ᠠᠴᠠ ᠦᠬᠠᠢ ᠬᠦᠷᠬᠦ᠂ ᠵᠡᠭᠦᠨᠭᠠᠷ ᠠᠴᠠ ᠰᠢᠩᠾᠧ | ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ᠂ ᠬᠥᠬᠡᠬᠤᠲᠠ ᠠᠴᠠ ᠵᠡᠭᠦᠨᠭᠠᠷ ᠬᠦᠷᠬᠦ᠂ ᠳ᠋ᠠᠲ᠋ᠦ᠋ᠩ ᠠᠴᠠ ᠵᠡᠭᠦᠨᠭᠠᠷ | ᠬᠦᠷᠬᠦ ᠲᠡᠮᠤᠷ ᠵᠠᠮ ᠵᠢᠴᠢ 103 ᠮᠤᠵᠢ ᠶᠢᠨ ᠵᠡᠮ ᠨᠢ ᠪᠦᠬᠦ ᠬᠠᠷᠢᠶ᠎ᠠ ᠣᠷᠣᠨ ᠳᠤ ᠰᠤᠨᠳᠠᠯᠠᠵᠤ᠂ ᠰᠢᠶᠠᠨ | ᠰᠢᠶᠠᠩ ᠤᠨ ᠵᠠᠮ ᠵᠦᠭ ᠪᠦᠷᠢ ᠨᠡᠪᠲᠡᠷᠡᠵᠦ᠂ ᠬᠠᠷᠢᠯᠴᠠᠨ ᠰᠦᠯᠵᠢᠯᠳᠦᠵᠦ ᠪᠠᠶᠢᠳᠠᠭ᠃ 2016 ᠣᠨ ᠳᠤ᠂ ᠪᠦᠬᠦ | ᠰᠢᠶᠠᠨ ᠳᠤ ᠣᠷᠣᠨ ᠨᠤᠲᠤᠭ ᠤᠨ ᠦᠢᠯᠡᠳᠪᠦᠷᠢᠯᠡᠯ ᠤᠨ ᠪᠦᠬᠦ ᠦᠷᠳᠡᠭ ᠢ 71.88 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.8% ᠨᠡᠮᠡᠭᠳᠡᠵᠦ᠂ ᠭᠤᠷᠪᠠᠨ ᠠᠵᠤ ᠦᠢᠯᠡᠰ ᠤᠨ | ᠪᠦᠲᠦᠴᠡ ᠶᠢᠨ ᠬᠠᠷᠢᠴᠠᠯ ᠨᠢ 9᠄ 41᠄ 50 ᠪᠣᠯᠣᠨ᠎ᠠ︔ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢ | 42.62 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 12.1% ᠨᠡᠮᠡᠭᠳᠡᠪᠡ︔ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 8.45 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.2% ᠨᠡᠮᠡᠭᠳᠡᠪᠡ︔ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠨᠢ ᠲᠤᠰ ᠲᠤᠰ 23675 | ᠲᠥᠭᠦᠷᠢᠭ ᠪᠣᠯᠣᠨ 7178 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ 6. | 7% ᠪᠣᠯᠣᠨ 9.4% ᠨᠡᠮᠡᠭᠳᠡᠪᠡ︔ ᠡ᠊ᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 21160 | ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10.5% ᠨᠡᠮᠡᠭᠳᠡᠪᠡ᠃ | 2017 ᠣᠨ ᠳᠤ᠂ ᠴᠢᠩ ᠱᠦᠢ ᠾᠧ ᠰᠢᠶᠠᠨ ︽ᠶᠠᠳᠠᠭᠤ ᠠᠴᠠ ᠠᠩᠭᠢᠵᠢᠷᠠᠭᠤᠯᠬᠤ︾ ᠶᠡᠷᠦᠩᠬᠡᠶ | ᠬᠠᠷᠠᠯᠲᠠ ᠶᠢ ᠣᠨᠢᠯᠠᠬᠤ᠂ ᠴᠠᠭ ᠲᠣᠬᠢᠶᠠᠯ ᠢ ᠠᠮᠵᠢᠨ ᠠᠳᠬᠤᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ | ᠦᠨᠡᠨ ᠪᠣᠳᠠᠲᠠᠶ ᠠᠵᠢᠯ ᠬᠢᠵᠦ᠂ ᠬᠦᠴᠢᠷ ᠪᠡᠷᠬᠡ ᠶᠢ ᠢᠯᠠᠨ ᠳᠠᠪᠠᠵᠤ᠂ ︽ᠬᠤᠶᠠᠷ ᠤᠳᠠᠭᠠᠨ ᠤ ᠰᠢᠢᠳᠪᠦᠷᠢᠲᠦ | ᠪᠠᠶᠢᠯᠳᠤᠭᠠᠨ︾ ᠢ ᠰᠠᠶᠢᠳᠣᠷ ᠪᠠᠶᠢᠯᠳᠤᠵᠤ᠂ ︽ᠭᠤᠷᠪᠠᠨ ᠵᠦᠢᠯ ᠤᠨ ᠳᠤᠲᠠᠭᠳᠠᠯ︾ ᠪᠠᠨ ᠨᠥᠬᠦᠪᠦᠷᠢᠯᠡᠵᠦ᠂ ︽ | ᠳᠥᠷᠪᠡᠨ ᠳᠡᠰ ᠳᠠᠪᠬᠤᠷᠭ᠎ᠠ︾ ᠪᠠᠨ ᠳᠡᠭᠡᠭᠰᠢᠯᠡᠭᠦᠯᠵᠦ᠂ ᠠᠮᠢ ᠠᠬᠤᠢ ᠶᠢᠨ ᠰᠠᠭᠤᠷᠢᠰᠢᠬᠤ ᠳᠤ ᠲᠣᠬᠢᠷᠠᠮᠵᠢᠲᠠᠶ | ᠰᠢᠶᠠᠨ᠂ ᠬᠦᠨᠳᠦ ᠬᠢᠮᠢ ᠶᠢᠨ ᠠᠵᠤ ᠦᠢᠯᠡᠳᠪᠦᠷᠢ ᠶᠢ ᠰᠢᠶᠠᠨ᠂ ᠥᠪᠡᠷᠮᠢᠴᠡ ᠤᠨᠴᠠᠯᠢᠭᠲᠤ ᠵᠢᠭᠤᠯᠴᠢᠯᠠᠯ ᠤᠨ | ᠰᠢᠶᠠᠨ᠂ ᠪᠤᠬᠢᠷᠳᠤᠯ ᠦᠭᠡᠢ ᠠᠮᠤ ᠪᠤᠳᠠᠭ᠎ᠠ ᠶᠢᠨ ᠰᠢᠶᠠᠨ᠂ ᠺᠢᠨᠣ᠋ ᠲᠧᠯᠸᠢᠰ ᠰᠣᠶᠣᠯ ᠤᠨ ᠰᠢᠶᠠᠨ ᠪᠣᠯᠭᠠᠨ | ᠬᠦᠴᠦᠯᠡᠨ ᠪᠠᠶᠢᠭᠤᠯᠬᠤ ᠪᠠᠷ ᠪᠣᠢ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠶᠢ 76.23 | ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠵᠢᠱᠢᠵᠦ᠂ ᠠᠳᠠᠯᠢ ᠬᠤᠭᠤᠴᠠᠭᠠᠨ ᠤ ᠬᠢ ᠠᠴᠠ 6.5% ᠨᠡᠮᠡᠭᠳᠡᠭᠦᠯᠬᠦ | ᠪᠣᠯᠣᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ | ᠬᠤᠷᠳᠤᠴᠠ ᠶᠢ 6.5% ᠪᠣᠯᠭᠠᠨ ᠨᠡᠮᠡᠭᠳᠡᠭᠦᠯᠬᠦ ᠪᠠᠷ ᠵᠢᠱᠢᠵᠤ ᠪᠤᠢ᠃ ᠲᠣᠭᠲᠠᠮᠠᠯ ᠪᠡᠯᠡ ᠬᠦ᠋ᠷᠦᠩᠭᠡ ᠶᠢᠨ ᠪᠡᠯᠡ | ᠣᠷᠣᠭᠤᠯᠤᠯᠲᠠ ᠶᠢ 37.5 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠵᠢᠱᠢᠵᠦ᠂ ᠠᠳᠠᠯᠢ | ᠬᠤᠭᠤᠴᠠᠭᠠᠨ ᠤ ᠬᠢ ᠠᠴᠠ 12% ᠪᠠᠭᠤᠷᠠᠭᠤᠯᠬᠤ ᠪᠣᠯᠣᠨ᠎ᠠ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠬᠤ ᠪᠦ᠋ᠬᠦ ᠲᠤᠭ᠎ᠠ ᠶᠢ 9.15 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠵᠢᠱᠢᠵᠦ᠂ ᠠᠳᠠᠯᠢ | ᠬᠤᠭᠤᠴᠠᠭᠠᠨ ᠤ ᠬᠢ ᠠᠴᠠ 8.2% ᠨᠡᠮᠡᠭᠳᠡᠭᠦᠯᠬᠦ ᠪᠣᠯᠣᠨ᠎ᠠ᠃ ᠬᠤᠲᠠ ᠪᠠᠯᠭᠠᠰᠤ᠂ ᠬᠥᠳᠡᠭᠡ ᠲᠣᠰᠬᠤᠨ ᠤ | ᠪᠠᠶᠢᠩᠭᠤ ᠰᠠᠭᠤᠭ᠎ᠠ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ 25805 | ᠲᠥᠭᠦᠷᠢᠭ ᠪᠣᠯᠣᠨ 7752 ᠲᠥᠭᠦᠷᠢᠭ ᠢᠶᠠᠷ ᠵᠢᠱᠢᠵᠦ᠂ ᠠᠳᠠᠯᠢ ᠬᠤᠭᠤᠴᠠᠭᠠᠨ ᠤ ᠬᠢ ᠠᠴᠠ 9% | ᠪᠣᠯᠣᠨ8% ᠢᠶᠠᠷ ᠨᠡᠮᠡᠭᠳᠡᠭᠦᠯᠬᠦ ᠪᠣᠯᠣᠨ᠎ᠠ᠃ |