| | 2018 ᠣᠨ ᠤ 1 ᠳ᠋ᠦ᠋ᠭᠡᠷ ᠰᠠᠷ᠎ᠠ ᠶᠢᠨ 6 ᠤ ᠡᠳᠦᠷ ᠤᠨ ᠬᠥᠬᠡᠬᠤᠲᠠ ᠶᠢᠨ | ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ | | ᠬᠥᠬᠡᠬᠤᠲᠠ ᠶᠢᠨ ᠬᠤᠲᠠ ᠶᠢᠨ ᠳᠠᠷᠤᠭ᠎ᠠ ᠹᠧᠩ ᠢᠦᠶ ᠵᠧᠨ | | | ᠲᠥᠯᠥᠭᠡᠯᠡᠭᠴᠢᠳ ᠡ᠄ | ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠠ᠂ ᠬᠢᠨᠠᠨᠵᠦ᠋ᠪᠯᠡᠬᠦ ᠪᠣᠯᠪᠠᠤ᠂ ᠲᠡᠷᠡᠴᠢᠯᠡᠨ ᠤᠯᠤᠰ ᠲᠥᠷᠤ ᠶᠢᠨ ᠵᠥᠪᠯᠡᠯᠭᠡᠨ ᠤ ᠭᠡᠰᠢᠭᠦᠳ ᠪᠣᠯᠤᠨ | ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ ᠥᠩᠭᠡᠷᠡᠭᠰᠡᠨ ᠲᠠᠪᠤᠨ ᠵᠢᠯ ᠪᠣᠯᠣᠨ 2017 ᠣᠨ ᠤ ᠠᠵᠢᠯ ᠤᠨ ᠲᠤᠬᠠᠶ ᠡᠷᠭᠢᠴᠡᠭᠦᠯᠦᠯ | ᠥᠩᠭᠡᠷᠡᠭᠰᠡᠨ ᠲᠠᠪᠤᠨ ᠵᠢᠯ ᠪᠣᠯ ᠮᠠᠨ ᠤ ᠬᠤᠲᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ | ᠪᠦᠳᠦᠭᠡᠬᠦ ᠠᠬᠢᠴᠠ ᠳᠤᠮᠳᠠᠬᠢ ᠮᠠᠰᠢ ᠴᠢᠬᠤᠯᠠ ᠲᠠᠪᠤᠨ ᠵᠢᠯ ᠮᠥᠨ᠃ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠠᠯᠢ ᠤᠯᠠᠨ ᠭᠦᠨᠵᠡᠭᠡᠶ ᠬᠤᠪᠢᠷᠠᠯᠲᠠ ᠪᠠ ᠠᠯᠢ ᠤᠯᠠᠨ ᠬᠦᠴᠢᠷᠳᠡᠯ ᠰᠢᠯᠭᠠᠯᠲᠠ ᠶᠢᠨ ᠡᠮᠦᠨ᠎ᠡ᠂ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ | ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ | ᠪᠣᠳᠤᠯᠭ᠎ᠠ ᠶᠢ ᠭᠦᠨᠵᠡᠭᠡᠶ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠯᠠᠪᠳᠠᠭᠤᠨ ᠣᠷᠣᠭᠰᠢᠯᠠᠬᠤ ᠠᠵᠢᠯ ᠤᠨ ᠶᠡᠷᠦᠩᠬᠡᠶ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ | ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠣᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠦᠨᠡᠨ ᠢ | ᠪᠠᠷᠢᠮᠲᠠᠯᠠᠨ ᠪᠣᠳᠠᠲᠠᠶ ᠶᠢ ᠡᠷᠬᠢᠮᠯᠡᠵᠤ ᠬᠦᠴᠢᠷ ᠢ ᠰᠦᠷᠦᠠ ᠠᠷᠪᠠᠨ ᠬᠤᠶᠠᠳᠤᠭᠠᠷ ᠲᠠᠪᠤᠨ ᠵᠢᠯ ᠤᠨ | ᠲᠥᠯᠥᠪᠵᠢᠭᠦᠯᠭᠡ ᠶᠢ ᠪᠦᠬᠦ ᠲᠠᠯ᠎ᠠ ᠪᠠᠷ ᠪᠡᠶᠡᠯᠡᠭᠦᠯᠦᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ | ᠤᠷᠤᠭᠰᠢᠲᠠᠶ ᠪᠡᠶᠡᠯᠡᠭᠦᠯᠵᠦ᠂ ᠰᠢᠨ᠎ᠡ ᠬᠡᠪ ᠪᠠᠶᠢᠳᠠᠯ ᠳᠣᠣᠷᠠᠬᠢ ᠰᠢᠨ᠎ᠡ ᠬᠥᠭᠵᠢᠯᠲᠡ ᠶᠢ ᠪᠡᠶᠡᠯᠡᠭᠦᠯᠪᠡ᠃ | — ᠠᠵᠤ ᠠᠬᠤᠶ ᠶᠢᠨ ᠬᠥᠭᠵᠢᠯᠲᠡ ᠲᠣᠭᠲᠠᠭᠤᠨ ᠣᠷᠣᠭᠰᠢᠯᠠᠪᠠ᠃ ᠥᠩᠭᠡᠷᠡᠭᠰᠡᠨ ᠲᠠᠪᠤᠨ ᠵᠢᠯ ᠳᠤ ᠪᠢᠳᠡ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ ᠦᠭᠡᠢ ᠲᠤᠤᠱᠯᠠᠭᠤᠯᠵᠤ᠂ ᠪᠥᠬᠦ ᠬᠦᠴᠦᠨ ᠢᠶᠠᠷ ᠢᠶᠠᠨ | ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠪᠠᠲᠤᠯᠠᠪᠠ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠥᠷᠲᠡᠭ ᠨᠢ 2012 ᠣᠨ ᠤ 2459 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 2017 | ᠣᠨ ᠤ 3100 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ ᠳᠤᠮᠳᠠᠴᠢ ᠪᠠᠷ 8 % ᠪᠠᠷ ᠨᠡᠮᠡᠭᠳᠡᠵᠡᠶ᠃ | ᠬᠦᠮᠦᠨ ᠪᠦᠷᠢ ᠶᠢᠨ ᠳᠤᠮᠳᠠᠴᠢ GDP ᠨᠢ 8.4 ᠲᠦᠮᠡᠨ ᠲᠥᠭᠦᠷᠢᠭ ᠪᠠᠶᠢᠭᠰᠠᠨ ᠠᠴᠠ 10.3 ᠲᠦᠮᠡᠨ | ᠲᠥᠭᠦᠷᠢᠭ ᠪᠣᠯᠣᠭᠰᠠᠨ ᠪᠠᠶᠢᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ | ᠵᠢᠯ ᠪᠦᠷᠢ ᠳᠤᠮᠳᠠᠴᠢ ᠪᠠᠷ 10. 5 % ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠵᠢᠯ ᠪᠦᠷᠢ ᠳᠤᠮᠳᠠᠴᠢ ᠪᠠᠷ 6.1% ᠪᠠᠷ ᠨᠡᠮᠡᠭᠳᠡᠪᠡ᠃ ᠲᠠᠪᠤᠨ ᠵᠢᠯ ᠳᠤ ᠲᠣᠭᠲᠠᠮᠠᠯ ᠬᠦ᠋ᠷᠦᠩᠭᠡ ᠳᠤ | ᠣᠷᠣᠭᠤᠯᠬᠤ ᠪᠡᠯᠡ ᠣᠷᠣᠭᠤᠯᠤᠯᠲᠠ 8200 ᠳ᠋ᠦᠩᠰᠢᠭᠤᠷ ᠲᠥᠭᠦᠷᠢᠭ᠂ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠪᠣᠷᠤᠯᠠᠭᠤᠯᠭ᠎ᠠ ᠨᠢ 6800 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠪᠦᠷ ᠳᠡᠭᠡᠷ᠎ᠡ ᠲᠠᠪᠤᠨ | ᠵᠢᠯ ᠤᠨ ᠬᠢ ᠠᠴᠠ 1.8 ᠳᠠᠬᠢᠨ ᠨᠡᠮᠡᠭᠳᠡᠪᠡ᠃ | — ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠠᠯᠬᠤᠴᠠ ᠪᠠᠲᠣᠵᠢᠪᠠ᠃ ᠭᠤᠷᠪᠠᠨ ᠠᠵᠤ ᠦᠢᠯᠡᠰ ᠤᠨ | ᠪᠦᠲᠦᠴᠡ ᠶᠢᠨ ᠬᠠᠷᠢᠴᠠᠯ 4.9᠄ 32.6᠄ 62.5 ᠠᠴᠠ 3.7᠄ 28.3᠄ 68.0 ᠪᠣᠯᠭᠠᠨ ᠲᠣᠬᠢᠷᠠᠭᠤᠯᠵᠠᠢ᠃ | ᠬᠤᠲᠠᠴᠢᠯᠠᠭᠰᠠᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠡᠷᠡᠭᠦᠯ ᠬᠦᠭᠵᠢᠯᠲᠡ ᠲᠠᠢ᠃ ᠠᠮᠤ | ᠪᠤᠳᠠᠭ᠎ᠠ ᠶᠢᠨ ᠲᠠᠷᠢᠮᠠᠯ ᠠᠵᠤ ᠠᠬᠤᠶ ᠶᠢᠨ ᠲᠠᠷᠢᠮᠠᠯ ᠪᠣᠷᠳᠣᠭᠠᠨ ᠲᠠᠷᠢᠮᠠᠯ ᠤᠨ ᠬᠠᠷᠢᠴᠠᠯ ᠢ 79᠄12᠄ 9 ᠠᠴᠠ | 59᠄18᠄23 ᠪᠣᠯᠭᠠᠨ ᠲᠣᠬᠢᠷᠠᠭᠤᠯᠵᠤ᠂ 27.8 ᠲᠦᠮᠡᠨ ᠡᠷᠦᠬᠡ ᠲᠠᠷᠢᠶᠠᠴᠢᠨ ᠲᠠᠷᠢᠶᠠᠯᠠᠩ ᠮᠠᠯ ᠠᠵᠤ | ᠠᠬᠤᠢ ᠵᠢᠨᠠᠵᠤ ᠦᠢᠯᠡᠰᠵᠢᠯᠲᠡ ᠶᠢᠨ ᠠᠰᠢᠭ ᠬᠦᠷᠲᠡᠵᠤ᠂ ᠠᠵᠤ ᠦᠢᠯᠡᠳᠪᠦᠷᠢ ᠶᠢᠨ ᠪᠦᠲᠦᠴᠡ ᠶᠢ ᠤᠯᠠᠮ ᠨᠢᠭᠡ | ᠠᠯᠬᠤᠮ ᠰᠢᠯᠢᠳᠡᠭᠵᠢᠭᠦᠯᠪᠡ᠃ ᠪᠣᠬᠢᠷᠲᠤᠯ ᠦᠭᠡᠢ ᠢᠳᠡᠭᠡᠨ ᠪᠣᠯᠪᠠᠰᠤᠷᠠᠭᠤᠯᠬᠤ᠂ ᠴᠠᠬᠢᠯᠭᠠᠨ ᠬᠦᠴᠦ ᠵᠡᠷᠭᠡ | ᠳᠠᠪᠠᠭᠤᠯᠢᠭ ᠣᠨᠴᠠᠯᠢᠭ ᠪᠦᠬᠦᠢ ᠠᠵᠤ ᠦᠢᠯᠡᠰ ᠯᠠᠪᠳᠠᠭᠤᠨ ᠢᠶᠠᠷ ᠬᠥᠭᠵᠢᠵᠦ᠂ ᠢ ᠯᠢ᠂ ᠮᠧᠩ ᠨᠢᠦ ᠪᠦᠬᠦ | ᠪᠥᠮᠪᠥᠷᠴᠡᠭ ᠤᠨ ᠰᠦ ᠰᠠᠭᠠᠯᠢ ᠶᠢᠨ ᠠᠵᠤ ᠠᠬᠤᠶᠢᠯᠠᠯ ᠤᠨ ᠠᠷᠪᠠᠨ ᠬᠦᠴᠦᠷᠬᠡᠭ ᠲᠤ ᠣᠷᠣᠵᠤ᠂ ︽ᠳᠤᠮᠳᠠᠳᠤ | ᠤᠯᠤᠰ ᠤᠨ ᠰᠦ ᠶᠢᠨ ᠬᠤᠲᠠ︾ ᠪᠠᠷ ᠳᠠᠬᠢᠨ ᠴᠤᠯᠠᠯᠠᠭᠳᠠᠵᠤ᠂ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ | 1200 ᠲᠦᠮᠡᠨ ᠺᠢᠯᠣᠸᠠᠲ᠂ ᠴᠠᠬᠢᠭᠤᠷ ᠮᠠᠲ᠋ᠧᠷᠢᠶᠠᠯ ᠦᠢᠯᠡᠳᠪᠦᠷᠢᠯᠡᠬᠦ ᠴᠢᠳᠠᠪᠤᠷᠢ ᠳᠡᠯᠡᠬᠡᠶ ᠶᠢᠨ ᠲᠡᠷᠢᠭᠦᠨ ᠤ | ᠡᠩᠨᠡᠭᠡᠨ ᠳᠤ ᠣᠷᠣᠵᠣ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ ᠤᠨ ᠡᠮ | ᠡᠮᠨᠡᠯᠭᠡ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠲᠦᠷᠭᠡᠪᠴᠢᠯᠡᠨ | ᠬᠦᠭᠵᠢᠭᠦᠯᠵᠦ᠂ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ | ᠦᠷᠲᠡᠭ ᠤᠨ 28 % ᠠᠴᠠ ᠳᠡᠭᠡᠭᠰᠢᠬᠢ ᠬᠤᠪᠢ ᠶᠢᠨ ᠵᠢᠩ ᠢ ᠡᠵᠡᠯᠡᠵᠦ ᠪᠠᠶᠢᠨ᠎ᠠ᠃ ᠤᠯᠠᠮᠵᠢᠯᠠᠯᠲᠤ | ᠦᠢᠯᠡᠴᠢᠯᠡᠭᠡᠨ ᠤ ᠦᠢᠯᠡᠰ ᠤᠨ ᠲᠦᠷᠭᠡᠪᠴᠢᠯᠡᠨ ᠬᠡᠯᠪᠡᠷᠢ ᠪᠠᠨ ᠬᠤᠪᠢᠷᠠᠭᠤᠯᠤᠨ᠂ ᠰᠢᠨ᠎ᠡ ᠪᠠᠷ ᠬᠥᠭᠵᠢᠭᠰᠡᠨ | ᠦᠢᠯᠡᠴᠢᠯᠡᠭᠡᠨ ᠤ ᠦᠢᠯᠡᠰ ᠥᠷᠨᠢᠩᠭᠦᠶ ᠪᠠᠷ ᠭᠦᠭᠵᠢᠨ᠂ ᠮᠥᠩᠭᠦᠨ ᠭᠦᠢᠯᠭᠡᠭᠡᠨ ᠤ ᠦᠢᠯᠡᠰ ᠤᠨ ᠦᠷᠲᠡᠭ | ᠲᠠᠭᠢᠠ ᠢᠶᠠᠷ ᠨᠡᠮᠡᠭᠳᠡᠵᠦ᠂ ᠵᠢᠭᠤᠯᠴᠢᠯᠠᠯ ᠤᠨ ᠣᠷᠣᠯᠭ᠎ᠠ ᠂ ᠬᠦᠯᠢᠶᠡᠨ ᠠᠪᠬᠤ ᠬᠥᠮᠦᠨ ᠤ ᠲᠤᠭ᠎ᠠ ᠪᠦᠬᠦ | ᠣᠷᠣᠨ ᠤ ᠲᠡᠷᠢᠭᠦᠨ ᠳᠤ ᠣᠷᠣᠵᠦ᠂ ᠡᠯᠧᠺᠲᠷᠣᠨ ᠬᠤᠳᠠᠯᠳᠤᠭ᠎ᠠ᠂ ᠤᠳᠤ ᠦᠶ᠎ᠡ ᠶᠢᠨ ᠬᠠᠮ ᠦᠵᠡᠰᠬᠦᠯᠡᠩ᠂ | ᠰᠣᠶᠣᠯ ᠤᠨ ᠡᠭᠦᠳᠦᠨ ᠪᠦᠲᠦᠭᠡᠬᠦ ᠰᠡᠳᠬᠢᠮᠵᠢ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠦᠳᠲᠡᠷ | ᠲᠦᠷᠭᠡᠨ ᠬᠦᠭᠵᠢᠵᠡᠢ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠴᠢᠬᠤᠯᠠ ᠬᠥᠳᠡᠯᠭᠡᠭᠴᠢ ᠬᠦᠴᠦᠨ ᠪᠣᠯᠭᠠᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ 52 % | ᠂ ᠰᠦ ᠰᠠᠭᠠᠯᠢ ᠶᠢᠨ ᠦᠢᠯᠡᠰ᠂ ᠭᠡᠷᠡᠯᠯᠢᠭ ᠴᠠᠬᠢᠯᠭᠠᠨ ᠵᠡᠷᠭᠡ ᠬᠦᠷᠢᠶᠡᠨ ᠳᠠᠬᠢ ᠨᠢᠭᠡ ᠪᠦᠯᠦᠭ ᠬᠡᠷᠡᠭᠯᠡᠭᠡᠨ ᠤ ᠲᠧᠭᠨᠢᠭ | ᠮᠡᠷᠭᠡᠵᠢᠯ ᠤᠨ ᠰᠤᠳᠤᠯᠤᠨ ᠨᠡᠭᠡᠭᠡᠯᠲᠡ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠬᠢᠷᠢ | ᠬᠡᠮᠵᠢᠶᠡᠨ ᠳᠤ ᠬᠦᠷᠴᠦ᠂ ᠮᠧᠩ ᠼᠤᠤ ᠺᠣᠮᠫᠠᠨᠢ ᠳᠤᠮᠳᠠᠳᠤ ᠤᠯᠤᠰ ᠤᠨ ᠶᠠᠰᠤ ᠴᠢᠨᠠᠷ ᠤᠨ ᠱᠠᠩᠨᠠᠯ ᠤᠨ ᠨᠡᠷ᠎ᠡ | ᠳᠤᠷᠠᠳᠤᠯᠭ᠎ᠠ ᠶᠢᠨ ᠱᠠᠩᠨᠠᠯ ᠬᠦᠷᠲᠡᠵᠦ᠂ ᠰᠠᠶ ᠺᠧ ᠰᠢᠩ ᠵᠡᠷᠭᠡ 9 ᠠᠵᠤ ᠠᠬᠤᠶᠢᠯᠠᠯ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠭᠥᠷᠳᠡᠪᠡ᠃ | — ᠬᠤᠲᠠ ᠬᠥᠳᠡᠭᠡ ᠶᠢᠨ ᠳᠦᠷᠰᠦ ᠪᠠᠶᠢᠳᠠᠯ ᠢᠯᠡᠳᠲᠡ ᠰᠠᠶᠢᠵᠢᠷᠠᠪᠠ᠃ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢ ᠲᠦᠷᠭᠡᠨ ᠠᠬᠢᠭᠤᠯᠵᠣ᠂ ᠬᠤᠳᠠ ᠪᠠᠯᠭᠠᠰᠤᠵᠢᠯᠳᠡ ᠶᠢᠨ ᠨᠤᠷᠮ᠎ᠠ 69 % ᠬᠦᠷᠴᠡᠶ᠃ | ᠬᠤᠲᠠ ᠶᠢᠨ ᠬᠠᠭᠤᠴᠢᠨ ᠪᠠᠷᠢᠯᠭ᠎ᠠ ᠶᠢ ᠦᠭᠡᠷᠡᠴᠢᠯᠡᠨ ᠵᠠᠰᠠᠬᠤ ᠪᠠ ᠰᠢᠨ᠎ᠡ ᠪᠠᠷᠢᠯᠭ᠎ᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠭᠠᠵᠠᠷ ᠳᠡᠭᠡᠷᠡᠬᠢ ᠵᠠᠮ ᠤᠨ ᠲᠣᠣᠷ ᠵᠢᠴᠢ ᠭᠠᠵᠠᠷ ᠳᠣᠣᠷᠠᠬᠢ | ᠬᠤᠭᠤᠯᠠᠶ ᠶᠢᠨ ᠲᠣᠣᠷ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠭᠦᠯᠵᠦ᠂ ᠬᠤᠳᠠ ᠳᠠᠬᠢ ᠲᠣᠰᠬᠤᠨ ᠢ ︵ | ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ︶ 1828 ᠲᠡᠭᠰᠢ ᠳᠥᠷᠪᠡᠯᠵᠢᠨ ᠮᠧᠲᠷ ᠦᠭᠡᠷᠡᠴᠢᠯᠡᠵᠦ᠂ | ᠬᠤᠲᠠ ᠶᠢᠨ ᠵᠠᠮ ᠢ 960 ᠲᠦᠮᠡᠨ ᠲᠡᠭᠰᠢ ᠳᠥᠷᠪᠡᠯᠵᠢᠨ ᠮᠧᠲᠷ᠂ ᠴᠡᠴᠡᠷᠯᠢᠭ ᠤᠨ ᠨᠣᠭᠤᠭᠠᠷᠠᠭᠤᠯᠣᠯᠲᠠ 3. | 1ᠲᠦᠮᠡᠨ ᠮᠦ᠂ ᠭᠠᠵᠠᠷ ᠳᠣᠣᠷᠠᠬᠢ ᠬᠤᠭᠤᠯᠠᠶ ᠶᠢᠨ ᠲᠣᠣᠷ 2900 ᠺᠢᠯᠣᠮᠧᠲᠷ ᠰᠢᠨ᠎ᠡ ᠪᠠᠷ ᠨᠡᠮᠡᠭᠳᠡᠪᠡ᠃ | ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠬᠤ ᠶᠢ ᠠᠬᠢᠭᠤᠯᠵᠤ᠂ ᠬᠤᠲᠠ | ᠲᠤᠭᠤᠷᠢᠭᠰᠠᠨ ᠬᠤᠶᠠᠳᠣᠭᠠᠷ ᠲᠦᠷᠭᠡᠨ ᠵᠠᠮ ᠪᠠᠶᠢᠭᠤᠯᠤᠭᠳᠠᠵᠤ ᠲᠡᠷᠭᠡ ᠨᠡᠪᠲᠡᠷᠡᠪᠡ᠃ ᠭᠠᠵᠠᠷ ᠳᠣᠣᠷᠠᠬᠢ ᠲᠡᠮᠦᠷ | ᠵᠠᠮ ᠤᠨ 1᠂ 2 ᠳ᠋ᠤᠭᠠᠷ ᠱᠤᠭᠤᠮ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠪᠦᠭᠦ ᠲᠠᠯ᠎ᠠ ᠪᠠᠷ ᠠᠬᠢᠭᠤᠯᠵᠤ᠂ | ᠨᠢᠭᠡᠳᠤᠭᠡᠷ ᠲᠡᠰ ᠠᠴᠠ ᠳᠡᠭᠡᠭᠰᠢ ᠦᠨᠳᠦᠷ ᠳᠡᠰᠲᠤ ᠵᠠᠰᠠᠮᠠᠯ ᠵᠠᠮ 460 ᠺᠢᠯᠣᠮᠧᠲᠷ ᠰᠢᠨ᠎ᠡ ᠪᠠᠷ ᠨᠡᠮᠡᠭᠳᠡᠵᠦ᠂ | ᠬᠥᠬᠡᠬᠤᠲᠠ ᠪᠤᠭᠤᠲᠤ ᠤᠷᠳᠤᠰ ᠵᠢᠨᠢᠩ᠂ ᠬᠥᠬᠡᠬᠤᠲᠠ ᠵᠡᠭᠦᠨᠭᠠᠷ ᠤᠷᠳᠤᠰ ᠬᠥᠷᠬᠦ ᠬᠥᠳᠡᠯᠭᠡᠭᠦᠷᠲᠦ ᠴᠤᠪᠤᠭ᠎ᠠ | ᠲᠡᠷᠭᠡ ᠨᠡᠪᠲᠡᠷᠡᠵᠦ᠂ ᠬᠦᠬᠡᠬᠤᠲᠠ ᠠᠴᠠ ᠴᠢᠭᠤᠯᠭᠠᠲᠣ ᠬᠠᠭᠠᠯᠭ᠎ᠠ ᠬᠦᠷᠬᠦ ᠦᠨᠲᠦᠷ ᠬᠤᠷᠳᠤᠴᠠᠲᠤ ᠲᠡᠮᠦᠷ ᠵᠠᠮ ᠤᠨ | ᠬᠦᠬᠡᠬᠤᠲᠠ ᠠᠴᠠ ᠵᠢᠨᠢᠩ ᠬᠦᠷᠬᠦ ᠬᠡᠰᠡᠭ ᠨᠢ ᠬᠡᠷᠡᠭᠯᠡᠯᠲᠡ ᠳᠤ ᠣᠷᠣᠪᠠ᠃ ᠰᠢᠨ᠎ᠡ ᠨᠢᠰᠭᠡᠯ ᠤᠨ ᠪᠠᠭᠤᠳᠠᠯ ᠨᠡᠭᠦᠯᠭᠡᠨ | ᠪᠠᠶᠢᠭᠤᠯᠬᠤ ᠲᠦᠰᠦᠯ ᠨᠢ ᠲᠦᠷᠦ ᠶᠢᠨ ᠶᠠᠪᠤᠳᠠᠯ ᠤᠨ ᠬᠤᠷᠢᠶ᠎ᠠ ᠪᠣᠯᠣᠨ ᠲᠦᠷᠦ ᠶᠢᠨ ᠴᠡᠷᠢᠭ ᠤᠨ ᠶᠠᠪᠦᠳᠠᠯ ᠤᠨ | ᠬᠤᠷᠢᠶ᠎ᠠ ᠶᠢᠨ ᠰᠡᠳᠦᠪ ᠲᠣᠭᠲᠠᠭᠠᠭᠰᠠᠨ ᠴᠣᠬᠤᠯᠠᠪᠣᠷᠢ ᠪᠣᠯᠣᠨ ᠣᠯᠣᠰ ᠤᠨ ᠭᠦᠭᠵᠢᠭᠦᠯᠦᠯᠲᠡ ᠦᠭᠡᠷᠡᠴᠢᠯᠡᠯᠲᠡ ᠶᠢᠨ | ᠶᠠᠮᠣᠨ ᠤ ᠪᠣᠯᠣᠮᠵᠢᠲᠣ ᠰᠣᠳᠣᠯᠭᠠᠨ ᠤ ᠴᠣᠬᠤᠯᠠᠪᠣᠷᠢ ᠶᠢ ᠣᠯᠵᠤ᠂ ᠴᠠᠭᠠᠨ ᠰᠤᠪᠤᠷᠭ᠎ᠠ ᠨᠢᠰᠭᠡᠯ ᠤᠨ ᠪᠠᠭᠤᠳᠠᠯ ᠨᠢ | ᠮᠠᠨ ᠤ ᠤᠯᠤᠰ ᠤᠨ 32 ᠳᠠᠬᠢ ᠣᠷᠣᠭᠤᠯᠵᠣ ᠭᠠᠷᠭᠠᠬᠤ ᠬᠡᠮᠵᠢᠶ᠎ᠡ ᠨᠢ ᠮᠢᠩᠭᠠᠨ ᠲᠦᠮᠡᠨ ᠬᠦᠮᠦᠨ ᠪᠠᠭᠲᠠᠬᠤ | ᠨᠢᠰᠭᠡᠯ ᠤᠨ ᠪᠠᠭᠤᠳᠠᠯ ᠪᠣᠯᠪᠠ᠃ ᠠᠭᠤᠯᠠ᠂ ᠣᠰᠦ᠂ ᠠᠭᠠᠷ᠂ ᠰᠢᠷᠣᠢ ᠶᠢ ᠵᠠᠰᠠᠬᠤ ᠲᠤᠰᠬᠠᠢ ᠠᠵᠢᠯᠯᠠᠭ᠎ᠠ ᠶᠢ | ᠭᠦᠨᠵᠡᠭᠡᠢ ᠦᠷᠨᠢᠭᠦᠯᠵᠦ᠂ ᠣᠶᠢᠵᠢᠭᠤᠯᠤᠨ ᠨᠣᠭᠤᠭᠠᠷᠠᠭᠤᠯᠣᠭᠰᠠᠨ ᠲᠠᠯᠠᠪᠠᠢ ᠨᠢ 198 ᠲᠦᠮᠡᠨ ᠮᠦ ᠬᠦᠷᠴᠦ᠂ | ᠬᠤᠲᠠ ᠶᠢᠨ ᠠᠭᠠᠷ ᠤᠨ ᠶᠠᠰᠤ ᠴᠢᠨᠠᠷ ᠨᠢ ᠤᠮᠠᠷᠠᠲᠤ ᠶᠢᠨ 15 ᠮᠤᠵᠢ ᠶᠢᠨ ᠲᠥᠪ ᠬᠤᠲᠠ ᠶᠢᠨ ᠲᠡᠷᠢᠭᠦᠨ ᠤ | ᠡᠩᠨᠡᠭᠡᠨ ᠳᠤ ᠣᠷᠣᠵᠠᠶ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠬᠤ ᠶᠢ ᠶᠡᠬᠡᠪᠡᠷ | ᠲᠦᠯᠬᠢᠨ ᠠᠬᠢᠭᠤᠯᠵᠤ᠂ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠨᠢᠭᠡ ᠴᠤᠭᠴᠠᠵᠢᠭᠤᠯᠬᠤ ᠪᠠ ᠤᠯᠠᠨ | ᠨᠡᠶᠢᠲᠡ ᠶᠢᠨ ᠦᠢᠯᠡᠴᠢᠯᠡᠭᠡ ᠶᠢ ᠵᠢᠭᠳᠡ ᠬᠢᠷᠢ ᠲᠦᠪᠰᠢᠨ ᠪᠣᠯᠭᠠᠬᠤ ᠠᠵᠢᠯ ᠢᠯᠡᠳᠲᠡ ᠳᠡᠭᠡᠭᠰᠢᠯᠡᠪᠡ ᠃ | — ᠠᠷᠠᠳ ᠤᠨ ᠠᠮᠢᠳᠤᠷᠠᠯ ᠤᠨ ᠪᠠᠲᠤᠯᠠᠭ᠎ᠠ ᠦᠷᠭᠦᠯᠵᠢᠯᠡᠨ ᠳᠡᠭᠡᠭᠰᠢᠯᠡᠪᠡ᠃ ᠬᠤᠲᠠ ᠶᠢᠨ ᠲᠣᠰ ᠱᠠᠲᠤᠨ ᠤ | ᠡᠯ᠎ᠡ ᠲᠥᠷᠥᠯ ᠤᠨ ᠠᠷᠠᠳ ᠤᠨ ᠠᠮᠢᠳᠤᠷᠠᠯ ᠳᠤ ᠣᠷᠣᠭᠤᠯᠤᠭᠰᠠᠨ ᠮᠦᠩᠭᠦ 1128.5 ᠳ᠋ᠦᠩᠰᠢᠭᠤᠷ ᠲᠦᠭᠦᠷᠢᠭ | ᠪᠠᠶᠢᠵᠣ᠂ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 64 % ᠶᠢ ᠡᠵᠡᠯᠡᠵᠦ ᠪᠠᠶᠢᠨ᠎ᠠ᠃ ᠬᠤᠳᠠ | ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ | 8% ᠪᠠᠷ ᠨᠡᠮᠡᠭᠳᠡᠵᠦ᠂ ᠲᠤᠰ ᠲᠤᠰ 43000 ᠲᠥᠭᠦᠷᠢᠭ ᠪᠣᠯᠣᠨ 15700 ᠲᠥᠭᠦᠷᠢᠭ ᠪᠣᠯᠪᠠ᠃ ᠡᠯ᠎ᠡ | ᠲᠦᠷᠦᠯ ᠤᠨ ᠠᠵᠢᠯ ᠣᠯᠵᠤ ᠠᠳᠠᠯ ᠦᠢᠯᠡᠰ ᠪᠤᠰᠬᠠᠬᠤ ᠰᠠᠭᠤᠷᠢᠨ ᠭᠠᠵᠠᠷ ᠪᠣᠯᠤᠨ ᠨᠡᠪᠴᠢᠭᠦᠯᠦᠭᠦᠷ 43 | ᠪᠠᠶᠢᠭᠤᠯᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠦᠭᠡᠶᠢᠳᠡᠯ ᠤᠨ ᠨᠤᠷᠮ᠎ᠠ ᠢᠮᠠᠭᠲᠠ 4 % ᠶᠢᠨ | ᠳᠣᠲᠣᠷ᠎ᠠ ᠪᠠᠶᠢᠨ᠎ᠠ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠪᠠᠲᠣᠯᠠᠭ᠎ᠠ ᠶᠢᠨ ᠪᠦᠷᠬᠦᠴᠡ ᠶᠢᠨ | ᠰᠢᠰᠲ᠋ᠧᠮ ᠨᠡᠩ ᠪᠦᠷᠢᠨᠰᠢᠵᠦ᠂ ᠨᠠᠰᠤᠵᠢᠯ᠂ ᠡᠮᠴᠢᠯᠡᠭᠡ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ | ᠪᠠᠲᠤᠯᠠᠭ᠎ᠠ ᠶᠢᠨ ᠪᠠᠷᠢᠮᠵᠢᠶ᠎ᠠ ᠶᠢ ᠵᠢᠯ ᠳᠠᠷᠠᠭᠠᠯᠠᠨ ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠢ | ᠬᠠᠮᠤᠷᠤᠭᠰᠠᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠦᠨ᠂ ᠡᠯ᠎ᠡ ᠲᠦᠷᠦᠯ ᠤᠨ | ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ 9.9 ᠲᠦᠮᠡᠨ ᠢᠵᠢ᠂ ᠬᠥᠳᠡᠭᠡ ᠲᠣᠰᠬᠤᠨ ᠤ ᠨᠤᠷᠠᠬᠤ ᠠᠶᠤᠯᠲᠠᠶ | ᠬᠠᠭᠤᠴᠢᠨ ᠭᠡᠷ ᠪᠠᠶᠢᠰᠢᠩ ᠢ 3.1 ᠲᠦᠮᠡᠨ ᠡᠷᠦᠬᠡ ᠦᠭᠡᠷᠡᠴᠢᠯᠡᠨ ᠵᠠᠰᠠᠵᠤ᠂1394 ᠬᠠᠭᠤᠴᠢᠷᠬᠠᠰᠠᠨ | ᠬᠤᠷᠢᠶᠠᠯᠠᠯ ᠢ ᠵᠠᠰᠠᠵᠦ᠂ 4.8 ᠲᠦᠮᠡᠨ ᠡᠷᠦᠬᠡ ᠰᠠᠭᠤᠭᠠᠯᠢ ᠠᠷᠠᠳ ᠤᠨ ᠭᠡᠷ ᠪᠠᠶᠢᠰᠢᠩ ᠤᠨ ᠥᠮᠴᠢᠯᠡᠬᠦ ᠡᠷᠬᠡ ᠶᠢᠨ | ᠦᠨᠡᠮᠯᠡᠯ ᠠᠪᠬᠤ ᠳᠤ ᠬᠦᠴᠢᠷᠲᠡᠶ ᠪᠠᠶᠢᠭ᠎ᠠ ᠠᠰᠠᠭᠤᠳᠠᠯ ᠢ ᠰᠢᠢᠳᠪᠦᠷᠢᠯᠡᠵᠠᠢ᠃ ᠣᠨᠢᠨ ᠳᠡᠭᠡᠷ᠎ᠡ ᠨᠢ ᠶᠠᠳᠠᠭᠤ ᠠᠴᠠ | ᠠᠩᠭᠢᠵᠢᠷᠠᠭᠤᠯᠬᠤ ᠶᠢ ᠲᠦᠯᠬᠢᠨ ᠠᠬᠢᠭᠤᠯᠵᠤ᠂ 10.2 ᠲᠦᠮᠡᠨ ᠬᠦᠮᠦᠨ ᠢ ᠬᠥᠳᠡᠯᠦᠩᠭᠦᠶ ᠲᠣᠭᠲᠠᠭᠤᠨ ᠢᠶᠠᠷ | ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠵᠡᠢ᠃ ᠰᠤᠷᠭᠠᠨ ᠬᠥᠮᠦᠵᠢᠯ᠂ ᠡᠮ ᠡᠮᠨᠡᠯᠭᠡ᠂ ᠡᠷᠡᠭᠦᠯ | ᠬᠠᠮᠠᠭᠠᠯᠠᠯ ᠤᠨ ᠦᠢᠯᠡᠰ ᠂ ᠴᠡᠴᠡᠷᠯᠢᠭ ᠲᠤ ᠣᠷᠣᠬᠤ ᠳᠤ ᠬᠦᠴᠢᠷ᠂ ᠰᠤᠷᠭᠠᠭᠤᠯᠢ ᠳᠤ ᠣᠷᠣᠬᠤ ᠳᠤ ᠬᠦᠴᠢᠷ᠂ | ᠡᠪᠡᠳᠴᠢᠨ ᠡᠮᠨᠡᠭᠦᠯᠬᠦ ᠳᠤ ᠬᠦᠴᠢᠷ ᠵᠡᠷᠭᠡ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠵᠤ᠂ ᠤᠶᠤᠨ ᠤ | ᠪᠣᠯᠪᠠᠰᠤᠨ ᠤ ᠪᠦᠳᠦᠭᠡᠨ ᠪᠠᠶᠢᠭᠤᠯᠤᠯᠲᠠ ᠶᠢᠨ ᠠᠵᠢᠯ ᠢ ᠪᠠᠲᠤᠲᠠᠶ ᠥᠷᠨᠢᠭᠦᠯᠵᠦ᠂ ᠬᠤᠳᠠ ᠬᠥᠳᠡᠭᠡ ᠶᠢ | ᠬᠠᠮᠤᠷᠤᠭᠰᠠᠨ ᠲᠦᠷᠪᠡᠠ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠲᠣᠣᠷ ᠦᠨᠳᠦᠰᠦᠨ ᠳᠡᠭᠡᠨ ᠪᠦᠷᠢᠯᠳᠦᠵᠠᠢ᠃ | ᠨᠡᠶᠢᠭᠡᠮ ᠤᠨ ᠵᠠᠰᠠᠨ ᠴᠡᠭᠴᠡᠯᠡᠯᠲᠡ ᠶᠢᠨ ᠠᠵᠢᠯ ᠢ ᠲᠠᠰᠤᠷᠠᠯᠲᠠ ᠦᠭᠡᠢ ᠴᠢᠩᠭᠠᠳᠬᠠᠵᠤ᠂ ᠠᠶᠤᠯᠭᠦᠢ | ᠦᠢᠯᠠᠳᠪᠦᠷᠢᠯᠡᠯ ᠤᠨ ᠪᠠᠶᠢᠳᠠᠯ ᠲᠣᠭᠲᠠᠭᠤᠨ ᠪᠠᠶᠢᠵᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠳᠤ | ᠠᠷᠠᠳ ᠤᠯᠠᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠦᠬᠦ ᠣᠯᠣᠰ ᠤᠨ ᠡᠮᠦᠨᠡᠭᠦᠷ ᠣᠷᠣᠵᠤ ᠪᠠᠶᠢᠨ᠎ᠠ᠃ | — ᠥᠭᠡᠷᠡᠴᠢᠯᠡᠯᠲᠡ ᠨᠡᠭᠡᠭᠡᠯᠲᠡ ᠭᠦᠨᠵᠡᠭᠡᠶᠢᠷᠡᠨ ᠶᠠᠪᠤᠭᠳᠠᠪᠠ᠃ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠣᠯᠵᠤ᠂ ︽ᠭᠤᠷᠪᠠ ᠶᠢ | ᠪᠠᠭᠠᠰᠬᠠᠬᠤ ᠨᠢᠭᠡ ᠶᠢ ᠪᠠᠭᠤᠷᠠᠭᠤᠯᠬᠤ ᠨᠢᠭᠡ ᠶᠢ ᠨᠥᠬᠦᠪᠥᠷᠢᠯᠡᠬᠦ︾ ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ | ᠣᠯᠵᠤ᠂ ᠬᠤᠲᠠ ᠶᠢᠨ ᠳᠡᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ 33.8 % ᠪᠠᠷ ᠪᠠᠭᠠᠰᠬᠠᠵᠤ᠂ | ᠵᠠᠬ᠎ᠠ ᠳᠡᠯᠭᠡᠭᠦᠷ ᠤᠨ ᠪᠡᠶᠡᠴᠢ ᠴᠣᠭᠴᠠ 9.5 ᠲᠦᠮᠡᠨ ᠡᠷᠦᠬᠡ ᠴᠡᠪᠡᠷ ᠨᠡᠮᠡᠭᠳᠡᠵᠡᠢ᠃ ᠡᠳ᠋ ᠤᠨ ᠵᠠᠰᠠᠭ᠂ ᠭᠠᠶᠢᠯᠢ᠂ | ᠮᠥᠩᠭᠦᠨ ᠭᠦᠢᠯᠭᠡᠭᠡ ᠂ ᠤᠯᠤᠰ ᠤᠨ ᠦᠮᠴᠢᠯᠡᠯᠲᠦ ᠠᠵᠤ ᠠᠬᠤᠶᠢᠯᠠᠯ᠂ ᠣᠯᠣᠰ ᠤᠨ ᠬᠥᠷᠥᠩᠭᠡ᠂ ᠲᠠᠷᠢᠶᠠᠯᠠᠩ | ᠬᠥᠳᠡᠭᠡ ᠲᠣᠰᠬᠤᠨ᠂ ᠡᠷᠦᠬᠡ ᠠᠮᠠ ᠶᠢᠨ ᠳᠦᠷᠢᠮ᠂ ᠡᠮᠴᠢᠯᠡᠭᠡ ᠡᠷᠡᠭᠦᠯ ᠬᠠᠮᠠᠭᠠᠯᠠᠯ᠂ ᠠᠮᠢ ᠠᠬᠤᠶ ᠶᠢᠨ ᠪᠣᠯᠪᠠᠰᠤᠨ | ᠵᠡᠷᠭᠡ ᠬᠦᠷᠢᠶᠡᠨ ᠳᠠᠬᠢ ᠥᠭᠡᠷᠡᠴᠢᠯᠡᠯᠲᠡ ᠮᠡᠳᠡᠭᠳᠡᠮ᠎ᠡ ᠠᠬᠢᠴᠠ ᠲᠠᠢ᠃ ᠳᠤᠮᠳᠠᠳᠤ ᠮᠣᠩᠭᠤᠯ ᠣᠷᠣᠰ ᠤᠨ ᠠᠵᠤ | ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠪᠥᠬᠦ | ᠣᠷᠣᠨ ᠤ ᠡᠯᠧᠺᠲᠷᠣᠨ ᠭᠠᠷᠠᠮ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠨᠡᠪᠲᠡᠷᠡᠭᠦᠯᠵᠦ᠂ ᠣᠯᠠᠨ | ᠤᠯᠤᠰ ᠤᠨ ᠲᠦᠷᠭᠡᠨ ᠭᠤᠪᠢᠭᠤᠯᠭ᠎ᠠ ᠶᠢᠨ ᠬᠢᠯᠢ ᠳᠤ ᠣᠷᠣᠬᠤ ᠪᠠ ᠣᠷᠣᠰ ᠮᠣᠩᠭᠤᠯ ᠤᠨ ᠭᠠᠳᠠᠭᠠᠳᠤ ᠳᠤ ᠭᠠᠷᠭᠠᠬᠤ | ᠵᠠᠮ ᠢ ᠪᠦᠲᠦᠭᠡᠨ ᠪᠠᠶᠢᠭᠤᠯᠪᠠ᠃ ᠪᠦᠸᠧᠬᠠᠢ ᠲᠠᠩᠭᠢᠰ ᠳᠠᠭᠠᠤ᠂ ᠬᠥᠬᠡᠬᠤᠲᠠ ᠪᠤᠭᠤᠲᠤ ᠢᠷᠭᠠᠢ ᠢᠦᠢ ᠯᠢᠨ ᠠᠵᠤ | ᠠᠬᠤᠶ ᠶᠢᠨ ᠣᠷᠣᠨ ᠤ ᠡᠯ᠎ᠡ ᠬᠤᠳᠠ ᠶᠢᠨ ᠬᠤᠭᠤᠷᠣᠨᠳᠣᠬᠢ ᠰᠣᠯᠢᠯᠴᠠᠭ᠎ᠠ ᠬᠠᠮᠵᠢᠯᠴᠠᠭ᠎ᠠ ᠶᠢ ᠠᠬᠢᠭᠤᠯᠵᠤ᠂ | ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠬᠦ ᠶᠢ ᠢᠳᠡᠪᠬᠢᠲᠡᠶ ᠬᠥᠲᠥᠯᠥᠨ ᠳᠠᠭᠠᠭᠤᠯᠵᠤ᠂ ᠬᠠᠮᠲᠤᠷᠠᠨ | ᠬᠥᠳᠡᠯᠦᠯᠴᠡᠬᠦ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠤᠢ ᠪᠣᠯᠭᠠᠪᠠ᠃ ᠤᠯᠤᠰ ᠤᠨ ᠳᠣᠲᠣᠭᠠᠳᠤ ᠶᠢᠨ ᠪᠡᠯᠡ | ᠮᠥᠩᠭᠦ 3200 ᠳ᠋ᠦᠩᠰᠢᠭᠤᠷ ᠲᠥᠭᠦᠷᠢᠭ᠂ ᠪᠣᠲᠠᠲᠠᠢ ᠠᠰᠢᠭᠯᠠᠭᠰᠠᠨ ᠭᠠᠳᠠᠭᠠᠳᠤ ᠶᠢᠨ ᠪᠡᠯᠡ ᠮᠥᠩᠭᠦ 31.5 | ᠳ᠋ᠦᠩᠰᠢᠭᠤᠷ ᠳ᠋ᠣᠯᠯᠠᠷ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ | ᠪᠦᠬᠦ ᠬᠡᠮᠵᠢᠶ᠎ᠡ 87.8 ᠳ᠋ᠣᠯᠯᠠᠷ ᠢ ᠪᠡᠶᠡᠯᠡᠭᠦᠯᠵᠡᠢ᠃ | — ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠡᠰᠦᠷᠡᠯᠳᠠ ᠤᠢᠭᠡᠢ ᠴᠢᠩᠭᠠᠳᠬᠠᠪᠠ᠃ ᠨᠠᠮ ᠤᠨ ᠣᠯᠠᠨ | ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠭᠤᠷᠪᠠᠨ | ᠴᠢᠩᠭ᠎ᠠ ᠭᠤᠷᠪᠠᠨ ᠪᠣᠳᠠᠲᠠᠶ︾ ᠲᠤᠰᠬᠠᠶ ᠰᠡᠳᠦᠪᠲᠦ ᠬᠥᠮᠦᠵᠢᠯ ᠪᠣᠯᠤᠨ ︽ᠬᠤᠶᠠᠷ ᠢ ᠰᠤᠷᠤᠯᠴᠠᠵᠤ ᠬᠢᠷᠢ | ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ᠂ ᠲᠥᠪ ᠬᠤᠷᠢᠶ᠎ᠠ ᠶᠢᠨ ᠨᠠᠢᠮᠠᠨ ᠵᠦᠢᠯ ᠤᠨ | ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ | ᠭᠤᠷᠪᠠᠨ ᠰᠠᠬᠢᠯᠭ᠎ᠠ ᠳᠦᠷᠢᠮ︾ ᠪᠣᠯᠤᠨ ᠥᠪᠡᠷᠲᠡᠭᠡᠨ ᠵᠠᠰᠠᠬᠤ ᠣᠷᠣᠨ ᠤ 28 ᠵᠤᠷᠪᠤᠰ ᠲᠥᠬᠦᠷᠵᠢᠭᠦᠯᠦᠭᠰᠡᠨ | ᠲᠣᠭᠲᠠᠭᠠᠯ ᠢᠶᠠᠷ ᠬᠤᠲᠠ ᠶᠢᠨ ᠲᠤᠰ ᠱᠠᠲᠤᠨ ᠤ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ 15.4 % | ᠪᠠᠷ ᠬᠠᠰᠤᠨ ᠪᠠᠭᠠᠰᠬᠠᠵᠤ᠂ ᠵᠠᠰᠠᠭ ᠵᠠᠬᠢᠷᠭᠠᠨ ᠤ ᠦᠢᠯᠡᠳᠦᠯ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠤᠨ ᠲᠤᠷᠰᠢᠯᠲᠠ ᠶᠢᠨ ᠠᠵᠢᠯ ᠢ | ᠥᠷᠨᠢᠭᠦᠯᠵᠦ᠂ ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠨᠢ ᠲᠣᠳᠣᠷᠬᠠᠶ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠬᠢᠨᠠᠯᠲᠠ ᠲᠠᠯᠪᠢᠬᠤ ᠲᠠᠪᠴᠠᠩ ᠢ ᠪᠠᠶᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ 1002 ᠬᠤᠪᠢ ᠭᠦᠢᠴᠡᠳᠭᠡᠵᠦ᠂ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ 2835 ᠬᠤᠪᠢ ᠭᠦᠢᠴᠡᠳᠭᠡᠪᠡ᠃ ᠵᠠᠰᠠᠭ ᠤᠨ ᠶᠠᠪᠤᠳᠠᠯ ᠢ | ᠢᠯᠡ ᠪᠣᠯᠭᠠᠬᠤ ᠪᠠ ᠰᠣᠨᠢᠨ ᠮᠡᠳᠡᠭᠡ ᠨᠡᠶᠢᠲᠡᠯᠡᠬᠦ ᠲᠦᠷᠢᠮ ᠢ ᠲᠡᠭᠦᠯᠳᠡᠷᠵᠢᠭᠦᠯᠵᠦ᠂ ︽ᠬᠥᠬᠡᠬᠤᠲᠠ ᠶᠢᠨ ᠨᠡᠶᠢᠲᠡᠯᠡᠯ | ︾ ᠸᠧᠴᠠᠲ ᠣᠯᠠᠨ ᠨᠡᠶᠢᠲᠡ ᠶᠢᠨ ᠨᠣᠮᠧᠷ᠂ ᠵᠠᠰᠠᠭ ᠤᠨ ᠣᠷᠳᠣᠨ ᠪᠣᠯᠣᠨ ᠤᠯᠠᠨ ᠲᠦᠮᠡᠨ ᠤ ᠰᠠᠨᠠᠭ᠎ᠠ ᠪᠠᠨ | ᠨᠡᠪᠲᠡᠷᠡᠯᠴᠡᠬᠦ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠪᠣᠯᠭᠠᠵᠤ᠂ ᠨᠠᠮ ᠤᠨ ᠰᠤᠷᠲᠠᠯ ᠪᠣᠯᠣᠨ | ᠠᠷᠢᠭᠤᠨ ᠴᠢᠬᠡᠴᠢ ᠪᠠᠷ ᠵᠠᠰᠠᠭ ᠪᠠᠷᠢᠬᠤ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠢᠯᠵᠠᠷᠠᠯ ᠢ ᠵᠠᠯᠬᠠᠭᠠᠨ ᠰᠢᠳᠭᠡᠬᠦ ᠲᠠᠯ᠎ᠠ ᠪᠠᠷ ᠬᠦᠴᠦᠲᠡᠶ ᠳᠠᠷᠤᠯᠲᠠ ᠦᠵᠡᠭᠦᠯᠬᠦ ᠪᠠᠶᠢᠳᠠᠯ ᠢ ᠦᠷᠭᠦᠯᠵᠢᠯᠡᠭᠦᠯᠵᠦ᠂ | ᠰᠤᠷᠲᠠᠯ ᠴᠢᠬᠡᠴᠢ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃ | ᠲᠥᠯᠥᠭᠡᠯᠡᠭᠴᠢᠳ ᠡ᠂ ᠰᠠᠶ᠋ᠢᠬᠠᠨ ᠥᠩᠭᠡᠷᠡᠭᠰᠡᠨ 2017 ᠣᠨ ᠳᠤ ᠬᠤᠳᠠ ᠶᠢᠨ ᠨᠠᠮ ᠤᠨ ᠬᠤᠷᠢᠶ᠎ᠠ ᠶᠢᠨ | ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠷᠪᠠᠨ ᠬᠤᠶᠠᠳᠤᠭᠠᠷ | ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ᠂ ᠬᠥᠬᠡᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤᠨ ᠵᠦᠢᠯ ᠤᠨ ᠭᠤᠣᠯᠳᠠᠯᠭ᠎ᠠ ᠲᠠᠢ ᠠᠵᠢᠯ ᠢ | ᠪᠦᠬᠦ ᠬᠦᠴᠦ ᠪᠠᠷ ᠢᠶᠠᠨ ᠠᠬᠢᠭᠤᠯᠬᠤ︾᠂ ︽17 ᠬᠦᠷᠢᠶᠡᠨ ᠤ ᠵᠠᠩᠭᠢᠯᠠᠭ᠎ᠠ ᠶᠢᠨ ᠡᠭᠦᠷᠭᠡ ᠶᠢᠨ ᠲᠤᠬᠠᠶ︾ ᠪᠦᠬᠦ | ᠬᠤᠳᠠ ᠶᠢᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠬᠦᠴᠦᠯᠡᠨ ᠰᠢᠪᠲᠤᠯᠵᠤ᠂ ᠥᠪᠡᠷᠲᠡᠭᠡᠨ ᠵᠠᠰᠠᠬᠤ | ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢ ᠲᠡᠭᠦᠰ ᠠᠮᠵᠢᠯᠲᠠᠶ ᠪᠠᠷ ᠪᠡᠶᠡᠯᠡᠭᠦᠯᠵᠦ | ᠂ ᠬᠤᠶᠠᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠭᠦᠯᠦᠯᠭᠡ ᠶᠢᠨ ᠴᠤᠭᠯᠠᠭᠠᠨ ᠢ ᠳᠠᠭᠠᠭᠠᠨ ᠠᠪᠴᠤ | ᠠᠮᠵᠢᠯᠲᠠ ᠲᠠᠢ ᠪᠠᠷ ᠡᠷᠬᠢᠯᠡᠵᠤ᠂ 26 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ︽ᠠᠯᠲᠠᠨ ᠲᠠᠬᠢᠶ᠎ᠠ ᠥᠨᠢᠷ | ᠴᠡᠴᠡᠭ︾ ᠺᠢᠨᠣ᠋ ᠶᠢᠨ ᠪᠠᠶᠠᠷ᠂ ᠪᠡᠭᠡᠵᠢᠩ ᠥᠪᠥᠷ ᠮᠣᠩᠭᠤᠯ ︵ᠬᠥᠬᠡᠬᠤᠲᠠ︶ ᠳᠤ ᠳᠡᠭᠡᠳᠦ ᠲᠡᠰ ᠤᠨ ᠠᠵᠤ | ᠦᠢᠯᠡᠰ ᠤᠨ ᠵᠤᠬᠢᠴᠠᠭᠤᠯᠬᠤ ᠶᠡᠭᠡ ᠬᠤᠷᠠᠯ᠂ ᠠᠩᠬᠠᠳᠤᠭᠠᠷ ᠬᠤᠭᠤᠴᠠᠭᠠᠨ ᠤ ᠬᠥᠬᠡᠬᠤᠲᠠ ᠶᠢᠨ ᠣᠯᠠᠨ ᠤᠯᠤᠰ ᠤᠨ | ᠠᠮᠲᠠᠲᠤ ᠢᠳᠡᠭᠡᠨ ᠤ ᠦᠵᠡᠰᠬᠦᠯᠡᠩ ᠵᠡᠷᠭᠡ ᠴᠢᠬᠤᠯᠠ ᠶᠡᠭᠡ ᠠᠵᠢᠯᠯᠠᠭ᠎ᠠ ᠶᠢ ᠵᠤᠬᠢᠶᠡᠨ ᠪᠠᠶᠢᠭᠤᠯᠪᠠ ᠃ | ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ︽ᠡᠷᠬᠢᠨ ᠦᠵᠡᠬᠦ︾ | ᠂ ᠲᠣᠭᠤᠷᠢᠨ ᠪᠠᠶᠢᠴᠠᠭᠠᠯᠲᠠ᠂ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠪᠠ᠃ ᠵᠠᠰᠠᠭ ᠤᠨ ᠣᠷᠳᠣᠨ ᠤ ᠥᠭᠴᠡᠭᠡ᠂ ᠠᠵᠤ | ᠠᠬᠤᠶ ᠶᠢᠨ ᠲᠤᠭ᠎ᠠ ᠪᠠᠷᠢᠮᠲᠠ ᠶᠢ ᠬᠠᠭᠤᠷᠮᠠᠭ ᠢᠶᠠᠷ ᠨᠡᠮᠡᠭᠳᠡᠭᠦᠯᠬᠦ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠡᠰᠡᠭ | ᠠᠵᠤ ᠠᠬᠤᠶ ᠶᠢᠨ ᠭᠦᠢᠴᠡᠳᠬᠡᠬᠦ ᠲᠤᠭ᠎ᠠ ᠶᠢ ᠬᠠᠰᠤᠨ ᠲᠣᠬᠢᠷᠠᠭᠤᠯᠵᠤ᠂ ᠶᠡᠷᠦᠩᠬᠡᠢ ᠬᠡᠮᠵᠢᠶ᠎ᠡ ᠶᠢ ᠪᠤᠲᠠᠲᠠᠶᠢᠵᠢᠭᠤᠯᠵᠤ | ᠂ ᠶᠠᠰᠤ ᠴᠢᠨᠠᠷ ᠢ ᠰᠠᠶᠢᠵᠢᠷᠠᠭᠤᠯᠪᠠ᠃ ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ | ᠠᠳᠠᠯᠢ ᠬᠤᠭᠤᠴᠠᠭᠠᠨ ᠤ ᠬᠢ ᠠᠴᠠ 6 % ᠣᠷᠴᠢᠮ ᠨᠡᠮᠡᠭᠳᠡᠬᠦ ᠪᠠᠷ ᠵᠢᠱᠢᠵᠦ᠂ ᠰᠠᠭᠤᠭᠠᠯᠢ ᠠᠷᠠᠳ ᠤᠨ | ᠬᠡᠷᠡᠭᠯᠡᠭᠡᠨ ᠤ ᠦᠨ᠎ᠡ ᠬᠠᠩᠰᠢ ᠶᠢᠨ ᠥᠰᠥᠯᠲᠡ ᠶᠢᠨ ᠬᠡᠮᠵᠢᠶ᠎ᠡ 1.4 % ᠪᠠᠷ ᠨᠡᠮᠡᠭᠳᠡᠪᠡ᠃ ᠬᠤᠳᠠ ᠬᠥᠳᠡᠭᠡ ᠶᠢᠨ | ᠪᠠᠶᠢᠩᠭᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠲᠤᠰ ᠲᠤᠰ 8 | % ᠣᠷᠴᠢᠮ ᠢᠶᠠᠷ ᠨᠡᠮᠡᠭᠳᠡᠵᠦ᠂ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠠᠴᠠ ᠳᠠᠪᠠᠪᠠ᠃ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢᠨ ᠬᠤᠭᠤᠰᠣᠨ ᠡᠷᠭᠢᠯᠲᠡ ᠶᠢᠨ ᠬᠠᠭᠤᠷᠮᠠᠭ ᠢᠶᠠᠷ ᠨᠡᠮᠡᠭᠳᠡᠭᠦᠯᠬᠦ ᠶᠢ | ᠦᠭᠡᠶᠢᠰᠭᠡᠬᠦ ᠪᠠ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠠᠷ ᠦᠭᠡᠷᠡᠴᠢᠯᠡᠬᠦ ᠵᠡᠷᠭᠡ ᠬᠦᠴᠦᠨ | ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠲᠦᠷᠦᠯᠵᠢᠯ ᠤᠨ ᠠᠳᠠᠯᠢᠳᠬᠠᠯ ᠢᠶᠠᠷ 4.1% ᠨᠡᠮᠡᠭᠳᠡᠭᠦᠯᠵᠦ᠂ ᠭᠠᠶᠢᠯᠢ | ᠲᠠᠲᠠᠪᠤᠷᠢ ᠶᠢᠨ ᠣᠷᠣᠯᠭ᠎ᠠ ᠶᠢᠨ ᠡᠵᠡᠯᠡᠬᠦ ᠬᠠᠷᠢᠴᠠᠯ ᠢ 83.4 % ᠬᠦᠷᠲᠡᠯ᠎ᠡ ᠳᠡᠭᠡᠭᠰᠢᠯᠡᠭᠦᠯᠪᠡ᠃ ᠡᠨᠧᠷᠭᠢ | ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠲᠠᠰᠤᠷᠠᠯᠲᠠ ᠦᠭᠡᠢ ᠪᠠᠭᠠᠰᠬᠠᠵᠤ᠂ ᠠᠮᠢ | ᠠᠬᠤᠶ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠪᠠ ᠃ | ᠨᠢᠭᠡ ᠵᠢᠯ ᠤᠨ ᠲᠤᠷᠰᠢ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠪᠡ᠄ | ᠨᠢᠭᠡ ᠳᠤ᠂ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠢ ᠬᠦᠴᠦ ᠲᠠᠯᠪᠢᠨ ᠳᠡᠭᠡᠭᠰᠢᠯᠡᠭᠦᠯᠪᠡ᠃ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠵᠤ᠂ | ᠦᠯᠡᠭᠦᠳᠡᠭᠰᠡᠨ ᠦᠢᠯᠡᠳᠪᠦᠷᠢ ᠶᠢᠨ ᠴᠢᠳᠠᠪᠦᠷᠢ ᠶᠢ ᠪᠦᠬᠦ ᠲᠠᠯ᠎ᠠ ᠪᠠᠷ ᠪᠡᠶᠡᠯᠡᠭᠦᠯᠵᠦ᠂ 55 ᠲᠦᠮᠡᠨ ᠲᠣᠨ ᠲᠡᠮᠦᠷ | ᠬᠠᠶᠢᠯᠤᠭᠤᠯᠬᠤ ᠦᠢᠯᠡᠳᠪᠦᠷᠢᠯᠡᠯ ᠤᠨ ᠴᠢᠳᠠᠪᠤᠷᠢ ᠶᠢ ᠬᠠᠰᠤᠭᠳᠠᠭᠤᠯᠵᠠᠢ᠃ ᠪᠦᠬᠦ ᠵᠢᠯ ᠳᠤ ᠲᠠᠸᠠᠷ ᠤᠨ ᠬᠡᠷ | ᠪᠠᠶᠢᠰᠢᠩ ᠤᠨ ᠪᠣᠷᠣᠯᠠᠭᠤᠯᠤᠯᠲᠠ 530 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠲᠠᠸᠠᠷ ᠤᠨ ᠬᠡᠷ | ᠪᠠᠶᠢᠰᠢᠩ ᠤᠨ ᠪᠣᠷᠣᠯᠠᠭᠤᠯᠬᠤ ᠪᠠᠷ ᠪᠠᠶᠢᠭ᠎ᠠ ᠲᠠᠯᠠᠪᠠᠢ ᠶᠢ 20% ᠪᠠᠷ ᠪᠠᠭᠤᠷᠠᠭᠤᠯᠵᠣ᠂ ᠭᠡᠷ ᠪᠠᠶᠢᠰᠢᠩ ᠭᠠᠵᠠᠷ | ᠰᠢᠷᠣᠶ ᠶᠢᠨ ᠬᠦᠷᠦᠩᠭᠡ ᠶᠢᠨ ᠵᠠᠬ᠎ᠠ ᠳᠡᠯᠭᠡᠭᠦᠷ ᠲᠣᠭᠲᠠᠭᠤᠨ ᠪᠥᠭᠡᠳ ᠡᠮᠬᠢ ᠵᠢᠷᠤᠮ ᠲᠠᠢ᠃ ᠥᠪᠥᠷ ᠮᠣᠩᠭᠤᠯ ᠤᠨ | ᠴᠢᠩ ᠴᠧᠩ ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠺᠣᠮᠫᠠᠨᠢ ᠶᠢ ᠥᠭᠡᠷᠡᠴᠢᠯᠡᠨ ᠪᠠᠶᠢᠭᠤᠯᠬᠤ | ᠪᠠᠷ ᠳᠠᠮᠵᠢᠨ᠂ ᠤᠯᠤᠰ ᠤᠨ ᠥᠮᠴᠢᠯᠡᠯ ᠤᠨ ᠡᠵᠡᠩᠨᠡᠯᠲᠡ ᠶᠢᠨ ᠴᠢᠨᠠᠷᠲᠠᠶ ᠪᠡᠯᠡ ᠮᠦᠩᠭᠦ ᠶᠢ ᠠᠮᠢᠳᠤᠯᠢᠭ ᠪᠣᠯᠭᠠᠨ᠂ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ | ᠴᠢᠩᠭᠠᠳᠬᠠᠬᠤ᠂ ᠵᠢᠭᠡᠯᠡᠯᠭᠡ ᠶᠢᠨ ᠲᠡᠮᠳᠡᠭᠲᠦ ᠰᠣᠯᠢᠬᠤ ᠵᠡᠷᠭᠡ ᠠᠷᠭ᠎ᠠ ᠬᠡᠮᠵᠢᠶ᠎ᠡ ᠪᠠᠷ ᠡᠳ᠋ ᠤᠨ ᠵᠠᠰᠠᠭ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠪᠠ᠃ ᠴᠠᠬᠢᠯᠭᠠᠨ ᠬᠦᠴᠦᠨ ᠤ | ᠣᠯᠠᠨ ᠲᠠᠯ᠎ᠠ ᠪᠠᠷ ᠠᠷᠠᠯᠵᠢᠶᠠᠯᠠᠬᠤ ᠶᠢ ᠢᠳᠡᠪᠬᠢᠲᠡᠶ ᠥᠷᠨᠢᠭᠦᠯᠵᠦ᠂ ᠡᠳ᠋ ᠪᠠᠷᠠᠭᠠᠨ ᠤ ᠭᠦᠢᠯᠭᠡᠭᠡᠨ ᠤ ᠥᠪᠡᠷ ᠤᠨ | ᠥᠷᠲᠡᠭ ᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ᠂ ︽ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ | ᠭᠠᠶᠢᠯᠢ ᠪᠣᠯᠭᠠᠨ ᠦᠭᠡᠷᠡᠴᠢᠯᠡᠬᠦ︾᠂ ᠳᠤᠮᠳᠠ ᠵᠢᠵᠢᠭ ᠠᠵᠤ ᠠᠬᠤᠶᠢᠯᠠᠯ ᠤᠨ ᠭᠠᠶᠢᠯᠢ ᠶᠢ ᠬᠥᠩᠭᠡᠯᠡᠬᠦ ᠡᠯ᠎ᠡ | ᠠᠵᠢᠯ ᠲᠦᠷᠦᠯ ᠤᠨ ᠠᠵᠤ ᠠᠬᠤᠶᠢᠯᠠᠯ ᠤᠨ ᠥᠪᠡᠷ ᠤᠨ ᠦᠷᠳᠡᠭ ᠢ 6.5 ᠳ᠋ᠦᠩᠰᠢᠭᠤᠷ ᠲᠥᠭᠦᠷᠢᠭ ᠪᠠᠭᠤᠷᠠᠭᠤᠯᠵᠠᠢ | ᠃ ᠠᠵᠤ ᠦᠢᠯᠡᠰ ᠤᠨ ᠬᠥᠭᠵᠢᠯᠲᠡ᠂ ᠨᠡᠶᠢᠭᠡᠮ ᠠᠷᠠᠳ ᠤᠨ ᠠᠮᠢᠳᠤᠷᠠᠯ᠂ ᠠᠮᠢ ᠠᠬᠤᠶ ᠣᠷᠴᠢᠨ ᠠᠬᠤᠶ ᠶᠢ | ᠬᠠᠮᠠᠭᠠᠯᠠᠬᠤ ᠵᠡᠷᠭᠡ ᠬᠦᠷᠢᠶᠡᠨ ᠳᠠᠬᠢ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ | 468 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠨᠡᠶᠢᠳᠡ 813 ᠳ᠋ᠦᠩᠰᠢᠭᠤᠷ ᠲᠥᠭᠦᠷᠢᠭ ᠪᠡᠯᠡ | ᠣᠷᠤᠭᠤᠯᠤᠯᠳᠠ ᠶᠢ ᠪᠡᠶᠡᠯᠡᠭᠦᠯᠵᠦ᠂ ᠬᠥᠭᠵᠢᠯᠲᠡ ᠶᠢᠨ ᠳᠤᠲᠠᠭᠤᠳᠠᠯ ᠢᠯᠡᠳᠲᠡ ᠰᠠᠶᠢᠵᠢᠷᠠᠵᠠᠶ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠷᠲᠡᠭ ᠲᠠᠭᠢᠠ ᠢᠶᠠᠷ ᠨᠡᠮᠡᠭᠳᠡᠵᠦ᠂ | ᠪᠦᠭᠦ ᠨᠡᠶᠢᠭᠡᠮ ᠤᠨ ᠴᠠᠬᠢᠯᠭᠠᠨ ᠬᠡᠷᠡᠭᠯᠡᠬᠦ ᠬᠡᠮᠵᠢᠶ᠎ᠡ 11%᠂ ᠵᠠᠰᠠᠮᠠᠯ ᠵᠠᠮ ᠤᠨ ᠪᠠᠷᠠᠭ᠎ᠠ ᠲᠡᠭᠡᠭᠡᠪᠦᠷᠢ ᠶᠢᠨ | ᠡᠷᠭᠢᠯᠲᠡ 14.2% ᠢᠶᠠᠷ ᠨᠡᠮᠡᠭᠳᠡᠵᠡᠢ᠃ ᠠᠵᠤ ᠠᠬᠤᠶ ᠶᠢᠨ ᠠᠵᠢᠯᠯᠠᠭᠠᠨ ᠤ ᠤᠷᠢᠳᠠᠪᠠᠷ ᠭᠦᠢᠴᠡᠳᠬᠡᠬᠦ ᠲᠤᠭ᠎ᠠ ᠶᠢᠨ | ᠢᠯᠡᠷᠡᠯ ᠰᠠᠶᠢᠨ᠂ ᠲᠣᠭᠲᠠᠭᠤᠨ ᠬᠦᠭᠵᠢᠯᠲᠡ ᠶᠢᠨ ᠳᠣᠲᠣᠭᠠᠳᠤ ᠠᠭᠤᠯᠬᠤᠨ ᠤ ᠬᠡᠯᠪᠡᠷᠢ ᠪᠦᠬᠦᠢ ᠣᠨᠴᠠᠯᠢᠭ ᠰᠢᠨᠵᠢ | ᠨᠡᠩ ᠢᠯᠡᠷᠬᠡᠶ ᠪᠣᠯᠵᠠᠶ᠃ | ᠬᠤᠶᠠᠷ ᠲᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠲᠡᠰ ᠳᠡᠪᠰᠢᠬᠦ ᠶᠢ ᠦᠷᠭᠦᠯᠵᠢᠯᠡᠨ ᠲᠦᠯᠬᠢᠨ | ᠠᠬᠢᠭᠤᠯᠪᠠ ᠃ ᠤᠯᠠᠮᠵᠢᠯᠠᠯᠲᠤ ᠠᠵᠤ ᠦᠢᠯᠡᠰ ᠤᠨ ᠪᠣᠬᠢᠷᠲᠤᠯ ᠦᠭᠡᠶᠢᠵᠢᠭᠦᠯᠬᠦ ᠥᠭᠡᠷᠡᠴᠢᠯᠡᠯᠲᠡ ᠶᠢ ᠲᠦᠷᠭᠡᠳᠬᠡᠵᠦ | ᠂ ᠣᠷᠴᠢᠯ ᠠᠵᠤ ᠠᠬᠤᠶ ᠶᠢ ᠬᠥᠭᠵᠢᠭᠦᠯᠵᠦ᠂ ᠰᠦ ᠰᠠᠭᠠᠯᠢ ᠶᠢᠨ ᠦᠢᠯᠠᠰ ᠤᠨ ᠲᠡᠰ ᠳᠡᠪᠰᠢᠬᠦ ᠶᠢ ᠠᠬᠢᠭᠤᠯᠬᠤ | ᠠᠯᠢ ᠤᠯᠠᠨ ᠲᠦᠷᠦ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠳᠡᠰ ᠳᠡᠪᠰᠢᠭᠦᠯᠬᠦ ᠠᠵᠢᠯ ᠳᠤ ᠬᠦᠴᠦᠲᠡᠶ ᠲᠦᠷᠢᠮ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠵᠤ᠂ 12 | ᠳ᠋ᠦᠩᠰᠢᠭᠤᠷ ᠲᠦᠭᠦᠷᠢᠭ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢ ᠮᠥᠩᠭᠦ ᠪᠣᠯᠣᠨ 1 | ᠳ᠋ᠦᠩᠰᠢᠭᠤᠷ ᠲᠦᠭᠦᠷᠢᠭ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠡᠬᠢᠯᠡᠨ | ᠪᠠᠶᠢᠭᠤᠯᠵᠤ᠂ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠳᠡ ᠪᠣᠯᠭᠠᠨ ᠪᠦᠲᠦᠭᠡᠨ | ᠪᠠᠶᠢᠭᠤᠯᠬᠤ ᠠᠵᠢᠯ ᠢ ᠡᠬᠢᠯᠡᠭᠦᠯᠵᠦ᠂ 68 ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠦ ᠠᠬᠤᠶᠢᠯᠠᠯ᠂ | 29 ᠰᠢᠨ᠎ᠡ ᠶᠢ ᠡᠭᠦᠳᠬᠦ ᠠᠵᠢᠯ ᠦᠢᠯᠡᠰ ᠪᠣᠰᠬᠠᠬᠤ ᠲᠠᠪᠴᠠᠩ ᠢ ᠪᠠᠶᠢᠭᠤᠯᠪᠠ᠃ ᠬᠤᠲᠠᠴᠢᠯᠠᠭᠰᠠᠨ ᠲᠠᠷᠢᠶᠠᠯᠠᠩ | ᠮᠠᠯ ᠠᠵᠤ ᠠᠬᠤᠢ ᠶᠢᠨ ᠠᠵᠣ ᠦᠢᠯᠡᠰ ᠢ ᠲᠦᠷᠭᠡᠳᠬᠡᠨ ᠬᠦᠭᠵᠢᠭᠦᠯᠵᠦ᠂ ᠰᠡᠯᠡᠭᠦᠴᠡᠨ ᠲᠣᠭᠤᠷᠢᠬᠤ ᠵᠢᠱᠢᠶ᠎ᠡ | ᠦᠵᠡᠭᠦᠯᠬᠦ ᠣᠷᠣᠨ 13 ᠶᠢ ᠪᠠᠶᠢᠭᠤᠯᠵᠣ᠂ ︽ᠨᠢᠭᠡ ᠭᠠᠴᠠᠭ᠎ᠠ ᠨᠢᠭᠡ ᠦᠢᠯᠡᠳᠬᠦᠨ︾ ᠲᠤᠰᠬᠠᠶ ᠠᠵᠢᠯ ᠤᠨ | ᠲᠣᠰᠬᠤᠨ 54 ᠶᠢ ᠪᠠᠶᠢᠭᠤᠯᠣᠨ᠂ ᠠᠵᠤ ᠦᠢᠯᠡᠰᠵᠢᠭᠰᠡᠨ ᠲᠣᠯᠣᠭᠠᠶᠢᠯᠠᠭᠴᠢ ᠠᠵᠤ ᠠᠬᠤᠶᠢᠯᠠᠯ 1650 | ᠳ᠋ᠦᠩᠰᠢᠭᠤᠷ ᠲᠥᠭᠦᠷᠢᠭ ᠤᠨ ᠪᠣᠷᠣᠯᠠᠭᠤᠯᠭ᠎ᠠ ᠶᠢᠨ ᠣᠷᠣᠯᠭ᠎ᠠ ᠶᠢ ᠪᠡᠶᠡᠯᠡᠭᠦᠯᠵᠦ᠂ ᠪᠦᠬᠦ ᠣᠷᠣᠨ ᠤ ᠲᠡᠷᠢᠭᠦᠨ | ᠪᠠᠶᠢᠷᠢᠨ ᠳᠤ ᠣᠷᠣᠪᠠ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ | ᠶᠡᠬᠡᠪᠡᠷ ᠬᠥᠭᠵᠢᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠭᠤᠣᠯᠳᠠᠯᠭ᠎ᠠ ᠲᠠᠢ ᠠᠵᠤ | ᠠᠬᠤᠶᠢᠯᠠᠯ ᠤᠨ ᠳᠡᠰ ᠳᠡᠪᠰᠢᠬᠦ᠂ ᠮᠡᠷᠭᠡᠵᠢᠯ ᠢ ᠥᠭᠡᠷᠡᠴᠢᠯᠡᠬᠦ ᠶᠢ ᠢᠳᠡᠪᠬᠢᠲᠡᠶ ᠲᠡᠮᠵᠢᠵᠤ᠂ ᠲᠣᠭᠲᠠᠬᠤ ᠴᠢᠩ | ᠱᠦᠢ ᠾᠧ ᠶᠢᠨ ᠴᠡᠪᠡᠷ ᠡᠨᠧᠷᠭᠢ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠠᠬᠢᠴᠠ ᠶᠢ ᠤᠷᠤᠭᠰᠢᠲᠠᠶ | ᠶᠠᠪᠣᠭᠳᠠᠭᠤᠯᠵᠣ᠂ ᠵᠥᠩ ᠬᠤᠸᠠᠨ ᠳᠦᠷᠪᠡᠳᠦᠭᠡᠷ ᠬᠤᠭᠤᠴᠠᠭ᠎ᠠ᠂ ᠲᠠᠯᠠᠰᠲᠤ ᠴᠠᠭᠠᠷᠢᠭ ᠬᠥᠬᠡ ᠪᠢᠨᠳᠠᠷᠢᠶ᠎ᠠ ᠶᠢᠨ | ᠬᠤᠶᠠᠳᠤᠭᠠᠷ ᠬᠤᠭᠤᠴᠠᠭᠠᠨ ᠤ ᠦᠷᠭᠡᠳᠭᠡᠯ᠂ ᠸᠧ ᠲᠧ ᠮᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ | ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠭ ᠵᠡᠷᠭᠡ ᠴᠢᠬᠤᠯᠠ ᠶᠡᠭᠡ ᠲᠦᠷᠦᠯ ᠵᠦᠢᠯ ᠢ | ᠬᠡᠷᠡᠭᠯᠡᠭᠡᠨ ᠳᠤ ᠣᠷᠣᠭᠤᠯᠵᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠬᠥᠭᠵᠢᠭᠦᠯᠵᠦ᠂ | ᠲᠤᠮᠤ ᠳ᠋ᠠᠶᠢᠲ᠋ᠠ ᠶᠢᠨ ᠦᠢᠯᠡᠴᠢᠯᠡᠭᠡᠨ ᠤ ᠮᠠᠰᠢᠨ ᠴᠣᠭᠴᠠᠯᠠᠪᠤᠷᠢ ᠶᠢᠨ ᠴᠢᠳᠠᠮᠵᠢ 70 ᠲᠦᠮᠡ ᠶᠢ ᠳᠠᠪᠠᠵᠤ᠂ | ᠵᠢᠭᠤᠯᠴᠢᠯᠠᠯ ᠤᠨ ᠬᠦᠯᠢᠶᠡᠨ ᠠᠪᠤᠭᠰᠠᠨ ᠬᠥᠮᠦᠨ ᠤ ᠲᠤᠭ᠎ᠠ᠂ ᠵᠢᠭᠤᠯᠴᠢᠯᠠᠯ ᠤᠨ ᠣᠷᠣᠯᠭ᠎ᠠ ᠲᠤᠰ ᠲᠤᠰ 13 % | ᠪᠠ 23 % ᠪᠠᠷ ᠨᠡᠮᠡᠭᠳᠡᠨ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠠᠵᠤ ᠠᠬᠤᠶ ᠶᠢᠨ ᠨᠡᠮᠡᠭᠳᠡᠯ ᠳᠤ | ᠦᠵᠡᠭᠦᠯᠬᠦ ᠬᠤᠪᠢ ᠨᠡᠮᠡᠷᠢ ᠶᠢᠨ ᠨᠤᠷᠮ᠎ᠠ 40% ᠳᠤ ᠬᠦᠷᠴᠠᠢ᠃ | ᠭᠤᠷᠪᠠ ᠳᠤ᠂ ᠬᠤᠳᠠ ᠶᠢᠨ ᠰᠠᠭᠤᠷᠢᠰᠢᠬᠤ ᠳᠤ ᠲᠤᠬᠢᠷᠠᠬᠤ ᠨᠦᠭᠦᠴᠡᠯ ᠢ ᠶᠡᠬᠡᠪᠡᠷ ᠳᠡᠭᠡᠭᠰᠢᠯᠡᠭᠦᠯᠪᠡ᠃ ᠪᠠᠶᠠᠨ | ᠵᠠᠮ᠂ ᠵᠤᠤ ᠤᠳᠠ ᠵᠠᠮ᠂ ᠵᠣᠣ ᠵᠢᠶᠦ᠋ᠨ ᠵᠠᠮ᠂ ᠶᠢᠨ ᠬᠠᠢ ᠲᠦᠷᠭᠡᠨ ᠵᠠᠮ ᠤᠨ ᠥᠭᠡᠷᠡᠴᠢᠯᠡᠨ ᠳᠡᠭᠡᠭᠰᠢᠯᠡᠭᠦᠯᠬᠦ ᠪᠠ | ᠬᠤᠲᠠ ᠲᠤᠭᠤᠷᠢᠭᠰᠠᠨ ᠭᠤᠷᠪᠠᠳᠤᠭᠠᠷ ᠲᠦᠷᠭᠡᠨ ᠵᠠᠮ ᠤᠨ ᠢᠨᠵᠧᠨᠧᠷᠢᠩ ᠢ ᠡᠬᠢᠯᠡᠨ ᠪᠠᠶᠢᠭᠤᠯᠵᠤ᠂ 13 ︽ | ᠮᠤᠬᠤᠷ ᠵᠠᠮ︾ ᠢ ᠨᠡᠪᠲᠡᠷᠡᠭᠦᠯᠵᠦ᠂ ᠰᠢᠨ᠎ᠡ ᠪᠠᠷ ᠪᠠᠶᠢᠭᠤᠯᠤᠭᠰᠠᠨ ᠦᠷᠭᠦᠯᠵᠢᠯᠡᠨ ᠵᠠᠰᠠᠭᠰᠠᠨ ᠵᠠᠮ 8 ᠵᠣᠷᠪᠣᠰ᠂ | ᠭᠤᠣᠯ ᠳᠡᠳ᠋ ᠵᠠᠮ 32 ᠵᠤᠷᠪᠤᠰ᠂ ᠪᠠᠭ᠎ᠠ ᠵᠡᠭᠡᠯᠢ ᠭᠤᠳᠤᠮᠵᠢ 265 ᠵᠣᠷᠪᠤᠰ ᠢ ᠦᠭᠡᠷᠡᠴᠢᠯᠡᠨ ᠵᠠᠰᠠᠵᠠᠢ᠃ ᠲᠠᠪᠤᠨ | ᠶᠡᠭᠡ ᠲᠥᠷᠥᠯ ᠤᠨ 25 ᠵᠦᠢᠯ ᠤᠨ ᠬᠤᠳᠠ ᠶᠢᠨ ᠣᠷᠴᠢᠨ ᠠᠬᠤᠶ ᠶᠢ ᠪᠦᠬᠦ ᠲᠠᠯ᠎ᠠ ᠪᠠᠷ ᠴᠡᠭᠴᠡᠯᠡᠨ ᠵᠠᠰᠠᠬᠤ | ᠲᠤᠰᠬᠠᠶ ᠠᠵᠢᠯᠯᠠᠭ᠎ᠠ ᠶᠢ ᠦᠷᠨᠢᠭᠦᠯᠵᠦ᠂ ᠬᠤᠳᠠ ᠶᠢᠨ ᠰᠠᠭᠤᠷᠢᠰᠢᠬᠤ ᠳᠤ ᠲᠤᠬᠢᠷᠠᠬᠤ ᠨᠦᠭᠦᠴᠡᠯ ᠢ ᠬᠦᠴᠦᠯᠡᠨ | ᠳᠡᠭᠡᠭᠰᠢᠯᠡᠭᠦᠯᠪᠡ᠃ 833 ᠣᠷᠣᠨ ᠰᠠᠭᠤᠴᠠ ᠶᠢᠨ ᠲᠣᠭᠤᠷᠢᠭ ᠪᠣᠯᠣᠨ ᠢᠵᠢ ᠪᠦᠷᠢᠳᠦᠭᠦᠯᠬᠦ ᠲᠥᠬᠦᠭᠡᠷᠦᠮᠵᠢ ᠶᠢ | ᠥᠭᠡᠷᠡᠴᠢᠯᠡᠨ ᠰᠢᠨᠡᠳᠬᠡᠵᠦ ᠲᠡᠰ ᠳᠡᠪᠰᠢᠭᠦᠯᠬᠦ ᠠᠵᠢᠯ ᠢ ᠬᠢᠵᠦ᠂ 9.8 ᠲᠦᠮᠡᠨ ᠬᠦᠢᠲᠡᠨ ᠪᠠᠶᠢᠰᠢᠩ᠂ ᠲᠦᠷᠢᠮ ᠢ | ᠵᠥᠷᠢᠴᠡᠭᠰᠡᠨ ᠪᠠᠷᠢᠯᠭ᠎ᠠ 3 ᠲᠦᠮᠡ ᠶᠢ ᠨᠣᠷᠠᠭᠠᠪᠠ᠃ 574 ᠬᠤᠷᠢᠶᠠᠯᠠᠯ ᠳᠤ ᠲᠤᠰᠬᠠᠶ ᠠᠳᠠᠯ ᠠᠬᠤᠶ ᠶᠢᠨ | ᠦᠢᠯᠡᠴᠢᠯᠡᠭᠡᠨ ᠤ ᠠᠵᠤ ᠠᠬᠤᠶᠢᠯᠠᠯ ᠲᠠᠢ ᠪᠣᠯᠵᠤ᠂ 1085 ᠬᠤᠷᠢᠶᠠᠯᠠᠯ ᠳᠤ ᠢᠵᠢ ᠪᠦᠷᠢᠳᠦᠭᠰᠡᠨ ᠠᠳᠠᠯ | ᠠᠬᠤᠶ ᠶᠢᠨ ᠦᠢᠯᠡᠴᠢᠯᠡᠭᠡ ᠬᠠᠩᠭᠠᠪᠠ᠃ ᠡᠯ᠎ᠡ ᠲᠦᠷᠦᠯ ᠤᠨ ᠬᠤᠭ ᠨᠣᠪᠰᠢ ᠶᠢ 233 ᠲᠦᠮᠡᠨ ᠲᠣᠨ ᠴᠡᠪᠡᠷᠯᠡᠵᠦ | ᠂ ︽ᠭᠤᠷᠪᠠᠨ ᠵᠠᠮᠪᠠᠷᠠᠭ᠎ᠠ ᠦᠭᠡᠢ︾ ᠵᠠᠷ ᠢ 355 ᠲᠦᠮᠡ ᠠᠷᠢᠯᠭᠠᠵᠦ᠂ ᠰᠢᠨ᠎ᠡ ᠪᠠᠷ ᠪᠠᠶᠢᠭᠤᠯᠤᠨ ᠥᠭᠡᠷᠡᠴᠢᠯᠡᠨ | ᠵᠠᠰᠠᠬᠤ᠂ ᠪᠣᠴᠠᠭᠠᠨ ᠬᠤᠳᠠᠯᠳᠤᠨ ᠠᠪᠬᠤ᠂ ᠲᠦᠷᠢᠶᠡᠰᠦᠯᠡᠬᠦ ᠵᠡᠷᠭᠡ ᠠᠷᠭ᠎ᠠ ᠬᠡᠯᠪᠡᠷᠢ ᠪᠠᠷ 3085 ᠨᠡᠶᠢᠲᠡ ᠶᠢᠨ | ᠵᠣᠷᠯᠣᠩ ᠶᠢ ᠪᠠᠶᠢᠭᠤᠯᠵᠠᠢ᠃ ᠬᠤᠲᠠ ᠶᠢᠨ ᠨᠣᠭᠤᠭᠠᠷᠠᠭᠤᠯᠤᠯᠲᠠ ᠶᠢᠨ ᠬᠡᠮᠵᠢᠶ᠎ᠡ ᠢᠯᠡᠷᠬᠡᠢ ᠳᠡᠭᠡᠭᠰᠢᠯᠡᠵᠦ᠂ 62 | ᠭᠤᠣᠯ ᠳᠡᠳ᠋ ᠵᠡᠭᠡᠯᠢ᠂ 2108 ᠪᠠᠷᠢᠯᠭ᠎ᠠ ᠶᠢᠨ ᠭᠠᠳᠠᠷ ᠦᠵᠡᠮᠵᠢ ᠶᠢ ᠦᠭᠡᠷᠡᠴᠢᠯᠡᠵᠦ᠂ ᠬᠠᠶᠠᠭᠳᠠᠯ ᠳᠣᠪᠤᠴᠠᠭ | ᠠᠭᠤᠯᠠ᠂ ᠬᠦᠪᠡᠭᠡ ᠵᠠᠬ᠎ᠠ ᠶᠢᠨ ᠭᠠᠵᠠᠷ 1.6 ᠲᠦᠮᠡᠨ ᠮᠦ ᠶᠢ ᠠᠰᠢᠭᠯᠠᠨ 179 ᠴᠡᠴᠡᠷᠯᠢᠭ ᠰᠢᠨ᠎ᠡ ᠪᠠᠷ | ᠪᠠᠶᠢᠭᠤᠯᠣᠭᠰᠠᠨ ᠪᠣᠶᠣ ᠥᠭᠡᠷᠡᠴᠢᠯᠡᠨ ᠪᠠᠶᠢᠭᠤᠯᠪᠠ᠃ ᠬᠤᠳᠠ ᠶᠢᠨ ᠬᠠᠮᠢᠶᠠᠷᠤᠯᠲᠠ ᠶᠢᠨ ᠡᠮᠬᠢ ᠳᠦᠷᠢᠮ ᠢ ᠪᠦᠬᠦ | ᠲᠠᠯ᠎ᠠ ᠪᠠᠷ ᠴᠡᠭᠴᠡᠯᠡᠵᠦ᠂ ᠳᠡᠯᠭᠡᠭᠦᠷ ᠤᠨ ᠭᠠᠳᠠᠭᠰᠢ ᠮᠠᠶᠢᠮᠠᠢ ᠳᠡᠯᠭᠡᠬᠦ ᠶᠢ 7.3 ᠲᠦᠮᠨ᠂ ᠶᠠᠪᠤᠭᠤᠯ ᠮᠠᠶᠢᠮᠠᠶ 7 | ᠲᠦᠮᠡ᠂ ᠵᠠᠮ ᠡᠵᠡᠯᠡᠭᠰᠡᠨ ᠡᠵᠡᠩᠨᠡᠯᠲᠡ1.3 ᠲᠦᠮᠡ ᠶᠢ ᠴᠡᠭᠴᠡᠯᠡᠨ ᠵᠣᠭᠰᠣᠭᠠᠵᠣ᠂ 1148 ᠬᠤᠷᠢᠶᠠᠯᠠᠯ᠂ 24 | ᠵᠤᠷᠪᠤᠰ ᠵᠠᠮ ᠤᠨ ︽ᠠᠭᠠᠯᠵᠢᠨ ᠲᠣᠣᠷ︾ ᠢ ᠴᠡᠭᠴᠡᠯᠡᠨ ᠵᠠᠰᠠᠵᠠᠢ᠃ ᠰᠢᠯᠤᠭᠤᠳᠬᠠᠬᠤ ᠪᠠ ᠲᠦᠭᠵᠢᠷᠡᠬᠦ ᠶᠢ ᠵᠠᠰᠠᠬᠤ | ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠵᠤ᠂ ᠰᠤᠷᠤᠭᠴᠢᠳ ᠤᠨ ᠨᠡᠶᠢᠲᠡ ᠶᠢᠨ ᠵᠠᠮ | ᠬᠠᠷᠢᠯᠴᠠᠭᠠᠨ ᠤ ᠲᠤᠰᠬᠠᠶ ᠱᠤᠭᠤᠮ 10 ᠵᠣᠷᠪᠣᠰ᠂ ᠰᠠᠯᠠᠭ᠎ᠠ ᠱᠤᠭᠤᠮ 10 ᠵᠣᠷᠪᠤᠰ᠂ ᠨᠡᠶᠢᠲᠡ ᠶᠢᠨ ᠵᠠᠮ | ᠬᠠᠷᠢᠯᠴᠠᠭᠠᠨ ᠤ ᠱᠤᠭᠤᠮ 10 ᠵᠤᠷᠪᠤᠰ ᠰᠢᠨ᠎ᠡ ᠪᠠᠷ ᠨᠡᠮᠡᠭᠳᠡᠭᠦᠯᠵᠦ᠂ 386 ᠨᠡᠶᠢᠲᠡ ᠶᠢᠨ ᠮᠠᠰᠢᠨ ᠲᠡᠷᠭᠡ | ᠬᠤᠳᠠᠯᠳᠤᠨ ᠠᠪᠴᠤ᠂ ᠲᠡᠷᠭᠡᠨ ᠵᠣᠭᠰᠤᠭᠠᠯ ᠢ 1.8 ᠲᠦᠮᠨ ᠵᠠᠭᠠᠭᠯᠠᠨ ᠵᠢᠷᠤᠵᠠᠢ᠃ 1.5 ᠲᠦᠮᠡᠨ ᠡᠷᠦᠬᠡ | ᠬᠤᠭᠤᠯᠠ ᠤᠮᠳᠠᠭᠠᠨ ᠤ ᠨᠢᠭᠡᠴᠡ ᠳᠤ ︽ᠲᠣᠭᠤᠭᠠᠨ ᠭᠡᠷ ᠤᠨ ᠬᠤᠪᠢᠰᠤᠯᠲᠠ︾ ᠶᠢ ᠦᠷᠨᠢᠭᠦᠯᠵᠦ᠂ 7000 | ᠰᠦᠯᠵᠢᠶ᠎ᠡ ᠪᠠᠷ ᠬᠤᠭᠤᠯᠠ ᠵᠠᠬᠢᠶᠠᠯᠠᠬᠤ ᠬᠤᠳᠠᠯᠳᠤᠭᠠᠨ ᠤ ᠡᠷᠦᠬᠡ ᠶᠢ ᠳᠦᠷᠢᠮᠰᠢᠭᠦᠯᠵᠦ᠂ ᠪᠦᠬᠦ ᠬᠤᠲᠠ ᠶᠢᠨ | 2587 ︽ᠵᠢᠵᠢᠭ ᠬᠤᠭᠤᠯᠠᠨ ᠰᠢᠷᠡᠭᠡ︾ ᠶᠢ ᠲᠡᠮᠳᠡᠭᠯᠡᠨ ᠳᠠᠩᠰᠠᠯᠠᠵᠤ᠂ ᠢᠳᠡᠭᠡᠨ ᠡᠮ ᠤᠨ ᠵᠦᠢᠯ ᠤᠨ ᠶᠡᠭᠡ | ᠠᠳᠡᠯ ᠬᠡᠷᠡᠭ ᠡᠭᠦᠰᠦᠭᠰᠡᠨ ᠦᠭᠡᠢ᠃ | ᠲᠦᠷᠪᠡ ᠳᠤ᠂ ᠬᠤᠷᠢᠨᠭᠡᠷ ᠰᠢᠨ᠎ᠡ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠡᠬᠢᠯᠡᠭᠦᠯᠪᠡ᠃ ︽ᠠᠮᠢ ᠠᠬᠤᠶ ᠶᠢᠨ ᠠᠵᠤ ᠦᠢᠯᠡᠰᠵᠢᠯᠲᠡ᠂ ᠠᠵᠤ ᠦᠢᠯᠡᠰ ᠤᠨ ᠠᠮᠢ ᠠᠬᠤᠶᠢᠵᠢᠭᠤᠯᠤᠯᠲᠠ᠂ | ᠬᠤᠳᠠ ᠶᠢᠨ ᠦᠵᠢᠮᠵᠢᠭᠦᠯᠦᠯᠲᠡ᠂ ᠪᠦᠲᠦᠭᠡᠨ ᠪᠠᠶᠢᠭᠤᠯᠣᠯᠲᠠ ᠶᠢᠨ ᠣᠳᠣᠬᠢᠴᠢᠯᠠᠯᠲᠠ︾ ᠶᠢᠨ ᠵᠠᠷᠴᠢᠮ ᠶᠣᠰᠣᠭᠠᠷ᠂ | ᠰᠢᠨ᠎ᠡ ᠲᠣᠭᠤᠷᠢᠭ ᠤᠨ ᠶᠡᠷᠦᠩᠬᠡᠢ ᠲᠦᠯᠦᠪᠵᠢᠭᠦᠯᠭᠡ ᠪᠣᠯᠣᠨ ᠰᠡᠶᠢᠮᠡᠬᠡᠷ ᠬᠤᠳᠠ᠂ ᠶᠡᠷᠦᠩᠬᠡᠢ ᠬᠤᠭᠤᠯᠠᠶ ᠶᠢᠨ | ᠬᠤᠩᠭᠢᠯ ᠵᠡᠷᠭᠡ 13 ᠲᠤᠰᠬᠠᠶ ᠲᠦᠯᠦᠪᠯᠡᠭᠡ ᠶᠢ ᠦᠨᠳᠦᠷ ᠲᠦᠪᠰᠢᠨ ᠢᠶᠠᠷ ᠲᠦᠯᠦᠪᠵᠢᠭᠦᠯᠪᠡ᠃ ᠮᠥᠩᠭᠦᠨ | ᠭᠦᠢᠯᠭᠡᠭᠡᠨ ᠤ ᠵᠢᠵᠢᠭ ᠪᠠᠯᠭᠠᠰᠤ᠂ ᠲᠤᠭ᠎ᠠ ᠪᠦᠭᠡᠮᠨᠡᠷᠡᠯ ᠤᠨ ᠵᠢᠵᠢᠭ ᠪᠠᠯᠭᠠᠰᠤ᠂ ᠰᠤᠷᠭᠠᠨ ᠬᠥᠮᠦᠵᠢᠯ ᠤᠨ ᠵᠢᠵᠢᠭ | ᠪᠠᠯᠭᠠᠰᠤ᠂ ᠰᠣᠪᠢᠯᠠᠯᠲᠠ ᠶᠢᠨ ᠵᠢᠵᠢᠭ ᠪᠠᠯᠭᠠᠰᠤ ᠵᠡᠷᠭᠡ ᠠᠵᠤ ᠦᠢᠯᠡᠰ ᠤᠨ ᠬᠦᠭᠵᠢᠯᠲᠡ ᠶᠢᠨ ᠲᠠᠪᠴᠠᠩ | ᠪᠠᠶᠢᠭᠤᠯᠵᠤ᠂ ᠮᠢᠺᠷᠤᠰᠤᠹᠲ ᠰᠢᠨ᠎ᠡ ᠶᠢ ᠡᠭᠦᠳᠬᠦ ᠨᠡᠪᠴᠢᠭᠦᠯᠦᠭᠦᠷ᠂ ᠳᠣᠲᠣᠭᠠᠳᠤ ᠶᠢ ᠬᠠᠮᠠᠭᠠᠯᠠᠬᠤ ᠶᠠᠮᠤᠨ ᠤ | ᠨᠢᠭᠡᠳᠦᠭᠡᠷ ᠰᠤᠳᠤᠯᠬᠤ ᠭᠠᠵᠠᠷ ᠤᠨ ᠲᠤᠭ᠎ᠠ ᠪᠠᠷᠢᠮᠲᠠ ᠶᠢᠨ ᠲᠥᠪ᠂ ᠲᠠᠸᠠᠷ ᠤᠨ ᠠᠴᠢᠶᠠᠨ ᠤ ᠮᠠᠰᠢᠨ ᠤ | ᠴᠤᠭᠯᠠᠷᠠᠯ ᠤᠨ ᠮᠡᠳᠡᠭᠡ ᠵᠠᠩᠭᠢ ᠶᠢᠨ ᠲᠠᠪᠴᠠᠩ᠂ ᠮᠧᠩ ᠨᠢᠤ ᠪᠦᠬᠦ ᠪᠥᠮᠪᠥᠷᠴᠡᠭ ᠤᠨ ᠡᠯᠧᠺᠲᠷᠣᠨ ᠬᠤᠳᠠᠯᠳᠤᠭᠠᠨ ᠤ | ᠲᠠᠪᠴᠠᠩ᠂ ᠪᠠᠶ ᠶᠦᠨ ᠴᠠᠬᠢᠯᠭᠠᠨ ᠬᠡᠷᠡᠭᠰᠡᠯ ᠤᠶᠤᠨᠲᠤ ᠴᠠᠬᠢᠯᠭᠠᠨ ᠲᠣᠣᠷ ᠤᠨ ᠲᠤᠨᠤᠭ ᠲᠥᠬᠦᠭᠡᠷᠦᠮᠵᠢ ᠦᠢᠯᠡᠳᠬᠦ | ᠵᠡᠷᠭᠡ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠤᠭᠤᠰᠣᠨ ᠪᠠᠶᠢᠭ᠎ᠠ ᠭᠤᠣᠯᠳᠠᠯᠭ᠎ᠠ ᠪᠦᠬᠦᠢ ᠲᠦᠷᠦᠯ | ᠵᠦᠢᠯ ᠤᠨ ᠭᠡᠷ᠎ᠡ ᠲᠣᠭᠲᠠᠵᠠᠢ᠃ ︽ᠬᠤᠶᠠᠷ ᠮᠥᠷᠡᠨ ᠨᠢᠭᠡ ᠬᠤᠨᠭ᠍ᠭᠢᠯ︾ ᠠᠮᠢ ᠠᠬᠤᠢ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ᠂ ᠶᠢᠨ ᠱᠧᠩ ᠲᠦᠷᠭᠡᠨ ᠵᠠᠮ ᠢ ᠥᠭᠡᠷᠡᠴᠢᠯᠡᠨ ᠵᠠᠰᠠᠬᠤ᠂ ᠭᠤᠣᠯ ᠳᠡᠳ᠋ ᠵᠡᠭᠡᠯᠢ | ᠭᠤᠲᠤᠮᠵᠢ᠂ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠶ ᠬᠤᠩᠭᠢᠯ᠂ ᠤᠰᠤ ᠴᠠᠬᠢᠯᠭᠠᠨ ᠬᠡᠢ ᠳᠣᠯᠠᠭᠠᠴᠠᠯᠭᠠ | ᠵᠡᠷᠭᠡ ᠰᠠᠭᠤᠷᠢ ᠲᠥᠬᠦᠭᠡᠷᠦᠮᠵᠢ ᠶᠢᠨ ᠪᠠᠷᠢᠯᠭ᠎ᠠ ᠶᠢ ᠡᠬᠢᠯᠡᠭᠦᠯᠦᠨ ᠪᠠᠶᠢᠭᠤᠯᠵᠣ᠂ ᠬᠤᠷᠢᠨᠭᠡᠷ ᠰᠢᠨ᠎ᠡ ᠲᠣᠭᠤᠷᠢᠭ ᠤᠨ | ᠪᠦᠳᠦᠭᠡᠨ ᠪᠠᠶᠢᠭᠤᠯᠤᠯᠲᠠ ᠯᠠᠪᠳᠠᠭᠤᠨ ᠪᠠᠲᠤᠲᠠᠶ ᠶᠠᠪᠤᠭᠳᠠᠵᠤ ᠡᠬᠢᠯᠡᠪᠡ᠃ | ᠲᠠᠪᠤ ᠳᠤ᠂ ᠠᠮᠢ ᠠᠬᠤᠶ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠠᠢ | ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠢᠳᠡᠪᠬᠢᠲᠡᠶ ᠦᠷᠨᠢᠭᠦᠯᠵᠦ᠂ 10 ᠠᠭᠤᠷᠰᠢᠯᠲᠠ ᠶᠢᠨ | ᠲᠣᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠭᠦᠸᠧᠯᠦ ᠶᠢ ᠴᠤᠴᠠᠯᠠᠨ ᠨᠡᠶᠢᠯᠡᠭᠦᠯᠵᠦ᠂ 8 ᠭᠠᠯ ᠴᠠᠬᠢᠯᠭᠠᠨ ᠤ | ᠮᠠᠰᠢᠨ ᠴᠣᠭᠴᠠᠯᠠᠪᠤᠷᠢ ᠶᠢᠨ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠱᠧᠩ ᠯᠧ | ᠴᠠᠬᠢᠯᠭᠠᠨ ᠤ ᠦᠢᠯᠡᠳᠪᠦᠷᠢ ᠶᠢᠨ ᠢᠯᠴᠢ ᠶᠢᠨ ᠢᠷᠡᠯᠲᠡ ᠶᠢᠨ ᠬᠥᠬᠡᠬᠤᠲᠠ ᠣᠷᠣᠬᠤ ᠢᠨᠵᠧᠨᠧᠷᠢᠩ ᠢ | ᠠᠰᠢᠭᠯᠠᠯᠲᠠ ᠳᠤ ᠣᠷᠣᠭᠤᠯᠵᠤ᠂ 2899 ᠰᠢᠷ᠎ᠠ ᠲᠡᠮᠳᠡᠭᠲᠦ ᠲᠡᠷᠭᠡ ᠶᠢ ᠰᠢᠭᠰᠢᠵᠡᠢ᠃ ᠤᠰᠤᠨ ᠤ ᠪᠣᠬᠢᠷᠲᠤᠯ ᠢ | ᠰᠡᠷᠭᠡᠶᠢᠯᠡᠨ ᠵᠠᠰᠠᠵᠤ᠂ ︽ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠠᠷᠤᠭ᠎ᠠ ᠶᠢᠨ ᠳᠦᠷᠢᠮ︾ ᠢ ᠯᠠᠪᠳᠠᠭᠤᠨ | ᠪᠠᠲᠤᠲᠠᠶ ᠨᠠᠶᠢᠳᠠᠪᠤᠷᠢᠵᠢᠭᠤᠯᠵᠤ᠂ 5 ᠪᠣᠬᠢᠷ ᠤᠰᠤ ᠭᠠᠳᠠᠭᠰᠢᠯᠠᠭᠤᠯᠬᠤ ᠦᠢᠯᠡᠳᠪᠦᠷᠢ ᠶᠢᠨ ᠭᠦᠨᠴᠡ ᠶᠢ ᠥᠷᠭᠡᠳᠬᠡᠨ | ᠪᠠᠶᠢᠭᠤᠯᠬᠤ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠭᠤᠷᠪᠠᠨ ᠬᠠᠲᠤᠨ ᠣᠭᠲᠣᠯᠤᠭᠠᠰᠤ ᠶᠢᠨ ᠤᠰᠤᠨ ᠤ | ᠴᠢᠨᠠᠷ ᠢ ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠨ᠂ ᠶᠡᠭᠡ ᠲᠦᠷᠭᠡᠨ ᠭᠤᠣᠯ ᠤᠨ ᠬᠠᠲᠤᠨ ᠣᠭᠲᠣᠯᠤᠭᠠᠰᠤ ᠶᠢᠨ | ᠤᠰᠤᠨ ᠤ ᠴᠢᠨᠠᠷ ᠢ ᠢᠯᠡᠳᠲᠡ ᠰᠠᠶᠢᠵᠢᠷᠠᠭᠤᠯᠪᠠ᠃ ︽ᠠᠭᠤᠯᠠ ᠬᠤᠳᠠ ᠶᠢ ᠨᠡᠶᠢᠯᠡᠭᠦᠯᠦᠨ ᠬᠤᠲᠠᠴᠢᠯᠠᠬᠤ︾ | ᠪᠠᠶᠢᠯᠳᠤᠬᠤ ᠪᠤᠳᠤᠯᠭ᠎ᠠ᠂ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ ᠣᠷᠣᠨ ᠤ ᠠᠵᠤ ᠦᠢᠯᠡᠰ ᠤᠨ | ᠵᠥᠪᠰᠢᠶᠡᠷᠡᠨ ᠣᠷᠣᠭᠤᠯᠬᠤ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢ ᠲᠣᠭᠲᠠᠭᠠᠵᠤ᠂ ᠳᠠᠯᠠᠨ ᠬᠠᠷ᠎ᠠ | ᠠᠭᠤᠯᠠ ᠣᠷᠴᠢᠮ ᠤᠨ ᠦᠢᠯᠡᠳᠪᠦᠷᠢ ᠠᠭᠤᠷᠬᠠᠶ ᠠᠵᠤ ᠠᠬᠤᠶᠢᠯᠠᠯ ᠢ ᠪᠦᠬᠦ ᠲᠠᠯ᠎ᠠ ᠪᠠᠷ ᠵᠣᠭᠰᠣᠭᠠᠵᠤ᠂ 45 | ᠲᠦᠮᠡᠨ ᠮᠦ ᠤᠢ ᠮᠤᠳᠤ ᠶᠢᠨ ᠠᠮᠢ ᠠᠬᠤᠶ ᠶᠢᠨ ᠪᠥᠳᠥᠭᠡᠨ ᠪᠠᠶᠢᠭᠤᠯᠤᠯᠲᠠ ᠶᠢ ᠬᠢᠭᠰᠡᠨ ᠪᠠᠶᠢᠨ᠎ᠠ᠃ | ᠵᠢᠷᠭᠤᠭ᠎ᠠ ᠳᠤ᠂ ᠠᠷᠠᠳ ᠤᠨ ᠠᠮᠢᠳᠤᠷᠠᠯ ᠢ ᠪᠠᠲᠤᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠡᠢ᠃ | 12 ᠵᠦᠢᠯ ᠤᠨ ᠣᠨᠢᠨ ᠲᠡᠭᠡᠷ᠎ᠡ ᠨᠢ ᠶᠠᠳᠠᠭᠤ ᠶᠢ ᠲᠡᠳᠬᠦᠬᠦ ᠪᠣᠳᠠᠲᠠᠶ ᠠᠷᠭ᠎ᠠ ᠬᠡᠮᠵᠢᠶ᠎ᠡ ᠶᠢ ᠲᠣᠭᠲᠠᠭᠠᠨ | ᠨᠡᠶᠢᠲᠡᠯᠡᠵᠦ᠂ ᠵᠢᠯ ᠤᠨ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ᠰᠢᠨ᠎ᠡ ᠶᠢ | ᠡᠭᠦᠳᠦᠨ ᠦᠢᠯᠡᠰ ᠴᠣᠭᠴᠠᠯᠠᠬᠤ ᠶᠢ ᠶᠡᠬᠡᠪᠡᠷ ᠲᠡᠳᠬᠦᠨ ᠲᠡᠮᠵᠢᠵᠦ᠂ 4.1 ᠲᠦᠮᠡᠨ ᠬᠦᠮᠦᠨ ᠬᠤᠳᠠ ᠪᠠᠯᠭᠠᠰᠤᠨ ᠳᠤ | ᠰᠢᠨ᠎ᠡ ᠪᠠᠷ ᠠᠵᠢᠯ ᠣᠯᠵᠤ᠂ 27.9 ᠲᠦᠮᠡᠨ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠰᠢᠯᠵᠢᠭᠦᠯᠵᠦ | ᠠᠵᠢᠯ ᠣᠯᠭᠤᠵᠠᠢ᠃ ᠨᠡᠶᠢᠭᠡᠮ ᠤᠨ ᠪᠠᠲᠤᠯᠠᠭ᠎ᠠ ᠶᠢᠨ ᠪᠠᠷᠢᠮᠵᠢᠶ᠎ᠠ ᠪᠣᠯᠤᠨ ᠲᠡᠩᠬᠡᠷᠡᠭᠦᠯᠦᠨ ᠲᠤᠰᠠᠯᠠᠬᠤ ᠬᠢᠷᠢ | ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠷᠢᠶᠠᠭᠰᠠᠨ ᠡᠯ᠎ᠡ ᠲᠦᠷᠦᠯ ᠤᠨ ᠨᠡᠶᠢᠭᠡᠮ ᠤᠨ | ᠳᠠᠭᠠᠳᠬᠠᠯ ᠤᠨ ᠮᠦᠩᠭᠦ ᠶᠢᠨ ᠶᠡᠷᠦᠩᠬᠡᠢ ᠲᠤᠭ᠎ᠠ 152 ᠳ᠋ᠦᠩᠰᠢᠭᠤᠷ ᠲᠥᠭᠦᠷᠢᠭ ᠬᠦᠷᠴᠦ᠂ ᠠᠵᠤ | ᠠᠬᠤᠶᠢᠯᠠᠯ ᠤᠨ ᠨᠠᠰᠤᠨ ᠤ ᠠᠮᠠᠷᠠᠯᠲᠠ ᠠᠪᠤᠭᠰᠠᠨ ᠬᠥᠮᠦᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠬᠥᠮᠦᠨ | ᠪᠦᠷᠢ ᠳᠤᠮᠳᠠᠴᠢ ᠪᠠᠷ ᠰᠠᠷ᠎ᠠ ᠪᠦᠷᠢ 2430 ᠲᠦᠭᠦᠷᠢᠭ ᠬᠦᠷᠴᠦ᠂ ᠬᠤᠳᠠ ᠪᠣᠯᠣᠨ ᠬᠥᠳᠡᠭᠡ ᠲᠣᠰᠬᠤᠨ ᠤ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 620 ᠲᠥᠭᠦᠷᠢᠭ | ᠪᠤᠯᠤᠨ ᠵᠢᠯ ᠪᠦᠷᠢ ᠬᠥᠮᠦᠨ ᠨᠢᠭᠡᠪᠦᠷᠢ ᠳᠤ 5200 ᠲᠥᠭᠦᠷᠢᠭ ᠪᠣᠯᠭᠠᠨ ᠨᠡᠮᠡᠭᠳᠡᠭᠦᠯᠪᠡ᠃ ᠬᠤᠳᠠ ᠬᠥᠳᠡᠭᠡ ᠶᠢᠨ | ᠨᠡᠶᠢᠭᠡᠮ ᠤᠨ ᠠᠪᠤᠷᠠᠨ ᠲᠤᠰᠠᠯᠠᠬᠤ ᠬᠡᠷᠡᠭᠳᠡᠢ ᠬᠦᠮᠦᠨ᠂ ᠶᠠᠳᠠᠭᠤ ᠬᠦᠴᠢᠷᠳᠡᠯᠲᠡᠶ ᠭᠡᠷ ᠪᠦᠯᠢ ᠶᠢᠨ ᠶᠡᠭᠡ | ᠰᠤᠷᠭᠠᠭᠤᠯᠢ ᠶᠢᠨ ᠣᠶᠤᠲᠠᠨ᠂ ᠬᠦᠨᠳᠦ ᠡᠪᠡᠳᠴᠢᠨ ᠲᠠᠢ᠂ ᠬᠡᠰᠡᠭ ᠬᠦᠴᠢᠷᠳᠡᠯᠲᠡᠶ ᠵᠡᠮᠳᠡᠭ ᠬᠥᠮᠦᠨ ᠂ ᠬᠦᠨᠳᠦ | ᠡᠪᠡᠳᠴᠢᠲᠡᠨ ᠵᠡᠷᠭᠡ ᠬᠦᠮᠦᠰ ᠲᠤ ᠣᠯᠠᠨ ᠲᠦᠮᠡᠨ ᠳᠤ ᠲᠠᠷᠬᠠᠭᠠᠬᠤ ᠲᠤᠰᠠᠯᠠᠮᠵᠢ ᠶᠢᠨ ᠮᠥᠩᠭᠦ 5.6 ᠳ᠋ᠦᠩᠰᠢᠭᠤᠷ | ᠲᠦᠭᠦᠷᠢᠭ ᠣᠯᠭᠤᠪᠠ᠃ ᠨᠡᠶᠢᠲᠡ ᠶᠢᠨ ᠲᠦᠷᠢᠶᠡᠰᠦᠨ ᠭᠡᠷ 7252 ᠢ ᠬᠤᠪᠢᠶᠡᠷᠯᠠᠵᠦ᠂ 2.3ᠲᠦᠮᠡᠨ ᠢᠵᠢ | ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠦᠭᠡᠷᠡᠴᠢᠯᠡᠨ᠂ 1.4 ᠲᠦᠮᠡᠨ ᠡᠷᠦᠬᠡ ᠣᠯᠠᠨ | ᠲᠦᠮᠡᠨ ᠤ ᠲᠡᠬᠢᠠ ᠪᠤᠴᠠᠵᠤ ᠲᠥᠪᠬᠢᠨᠡᠭᠦᠯᠬᠦ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠭᠰᠡᠨ | ᠪᠠᠶᠢᠨ᠎ᠠ᠃ | ᠰᠤᠷᠭᠠᠨ ᠬᠥᠮᠦᠵᠢᠯ ᠢ ᠡᠩ ᠲᠡᠷᠢᠭᠦᠨ ᠳᠤ ᠬᠦᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠪᠣᠯᠣᠨ | ᠬᠡᠦᠬᠡᠳ ᠤᠨ ᠴᠡᠴᠡᠷᠯᠢᠭ ᠵᠡᠷᠭᠡ 11 ᠰᠤᠷᠭᠠᠭᠤᠯᠢ ᠶᠢ ᠰᠢᠨ᠎ᠡ ᠪᠠᠷ ᠥᠷᠭᠡᠳᠬᠡᠨ ᠪᠠᠶᠢᠭᠤᠯᠵᠤ᠂ ᠰᠤᠷᠤᠯᠭ᠎ᠠ ᠶᠢᠨ | ᠣᠷᠣᠨ ᠲᠤᠭ᠎ᠠ 1.4 ᠲᠦᠮᠡ ᠨᠡᠮᠡᠭᠳᠡᠪᠡ᠃ ᠡᠮ ᠡᠮᠨᠡᠯᠭᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠷᠭᠡᠳᠬᠡᠨ | ᠠᠬᠢᠭᠤᠯᠵᠤ᠂ 31ᠡᠮᠨᠡᠯᠭᠡ ᠶᠢᠨ ᠬᠤᠯᠪᠣᠭᠠᠲᠤ ᠴᠣᠭᠴᠠ ᠪᠠᠶᠢᠭᠤᠯᠵᠤ᠂ ᠭᠡᠷ ᠪᠦᠯᠢ ᠶᠢᠨ ᠡᠮᠴᠢ ᠲᠠᠢ ᠭᠡᠷ᠎ᠡ | ᠲᠣᠭᠲᠠᠭᠰᠠᠨ ᠰᠠᠭᠤᠭᠠᠯᠢ ᠠᠷᠠᠳ131.1 ᠲᠦᠮᠡᠨ ᠬᠦᠮᠦᠨ᠂ 52 ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠡᠮ ᠤᠨ ᠦᠨ᠎ᠡ ᠨᠡᠮᠡᠨ ᠬᠤᠳᠠᠯᠳᠤᠬᠤ ᠶᠢ ᠪᠦᠬᠦᠨ ᠢ ᠬᠦᠴᠦᠨ ᠦᠭᠡᠶ ᠪᠣᠯᠭᠠᠵᠤ᠂ ᠡᠪᠡᠳᠴᠢᠲᠡᠨ ᠳᠤ | ᠨᠡᠶᠢᠳᠡ 5.2 ᠳ᠋ᠦᠩᠰᠢᠭᠤᠷ ᠲᠥᠭᠦᠷᠢᠭ ᠤᠨ ᠵᠠᠷᠤᠳᠠᠯ ᠢ ᠠᠷᠪᠢᠯᠠᠨ ᠥᠭᠴᠡᠢ᠃ ᠤᠯᠤᠰ ᠤᠨ ᠤᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠶ ᠡᠭᠦᠳᠦᠨ ᠪᠠᠶᠢᠭᠤᠯᠵᠤ | ᠂ ᠥᠪᠥᠷ ᠮᠣᠩᠭᠤᠯ ᠤᠨ ᠬᠤᠪᠢᠰᠬᠠᠯ ᠤᠨ ᠲᠡᠦᠬᠡ ᠶᠢᠨ ᠮᠦᠽᠧᠶ ᠵᠡᠷᠭᠡ10 ᠭᠤᠣᠯᠳᠠᠯᠭ᠎ᠠ ᠲᠠᠢ ᠰᠣᠶᠣᠯ ᠤᠨ ᠲᠠᠯᠠᠪᠠᠶ | ᠂ ᠳᠠᠯᠠᠨ ᠬᠠᠷ᠎ᠠ ᠠᠭᠤᠯᠠ ᠶᠢᠨ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢᠨ ᠴᠡᠴᠡᠷᠯᠢᠭ ᠢ | ᠬᠡᠷᠡᠭᠯᠡᠯᠲᠡ ᠳᠤ ᠣᠷᠣᠭᠤᠯᠵᠤ᠂ ︽ᠲᠡᠮᠡᠭᠡᠨ ᠵᠢᠩ︾ ᠵᠡᠷᠭᠡ ᠦᠨᠳᠦᠰᠦᠲᠡᠨ ᠤ ᠪᠥᠵᠢᠭᠲᠦ ᠵᠦᠴᠦᠭᠡ ᠪᠦᠬᠦ | ᠤᠯᠤᠰ ᠪᠣᠯᠣᠨ ᠳᠡᠯᠡᠬᠡᠶ ᠶᠢᠨ ᠲᠠᠪᠴᠠᠩ ᠳᠤ ᠬᠦᠮᠦᠰ ᠤᠨ ᠬᠠᠷᠠᠭᠠᠨ ᠳᠤ ᠣᠷᠤᠵᠠᠢ᠃ ᠪᠡᠶ᠎ᠡ ᠲᠠᠮᠢᠷ ᠤᠨ ᠦᠢᠯᠡᠰ | ᠲᠦᠷᠭᠡᠨ ᠬᠥᠭᠵᠢᠵᠦ᠂ ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ ᠪᠡᠶ᠎ᠡ ᠲᠠᠮᠢᠷ ᠤᠨ ᠲᠠᠯᠠᠪᠠᠢ 2.2 ᠲᠡᠭᠰᠢ | ᠳᠦᠷᠪᠡᠯᠵᠢᠨ ᠮᠧᠲᠷ ᠬᠦᠷᠴᠦ᠂ ᠪᠦᠬᠦ ᠤᠯᠤᠰ ᠤᠨ ᠳᠤᠮᠳᠠᠴᠢ ᠬᠡᠮᠵᠢᠶ᠎ᠡ ᠠᠴᠠ ᠦᠨᠳᠦᠷ ᠪᠣᠯᠵᠠᠢ᠃ | ᠠᠮᠤᠷ ᠲᠠᠶᠢᠪᠤᠩ ᠲᠥᠪ ᠬᠤᠲᠠ ᠶᠢᠨ ᠪᠥᠳᠥᠭᠡᠨ ᠪᠠᠶᠢᠭᠤᠯᠤᠯᠲᠠ ᠶᠢ ᠪᠦᠬᠦ ᠬᠦᠴᠦ ᠪᠠᠷ ᠢᠶᠠᠨ ᠠᠬᠢᠭᠤᠯᠵᠤ ᠂ | ᠪᠦᠬᠦ ᠠᠵᠢᠯ ᠲᠦᠷᠤᠯ᠂ ᠭᠠᠵᠠᠷ ᠣᠷᠣᠨ ᠳᠤ ᠠᠶᠣᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠵᠦ | ᠴᠡᠭᠴᠡᠯᠡᠨ ᠵᠠᠰᠠᠵᠠᠢ᠃ ᠪᠦᠬᠦ ᠵᠢᠯ ᠳᠤ ᠠᠳᠡᠯ ᠬᠡᠷᠡᠭ 30.3 % ᠪᠠᠷ ᠪᠠᠭᠤᠷᠠᠵᠤ᠂ ᠵᠠᠬᠢᠳᠠᠯ | ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠨ᠂ ᠵᠠᠬᠢᠳᠠᠯ ᠰᠤᠷᠪᠤᠯᠵᠢᠯᠠᠭ᠎ᠠ ᠶᠢᠨ ᠪᠦᠯᠦᠭ ᠤᠳᠠᠭ᠎ᠠ | ᠪᠣᠯᠣᠨ ᠬᠥᠮᠦᠨ ᠤ ᠲᠤᠭ᠎ᠠ ᠲᠤᠰ ᠲᠤᠰ 23.6 % ᠪᠠ 19.3% ᠪᠠᠷ ᠪᠠᠭᠤᠷᠠᠵᠠᠢ᠃ ᠨᠡᠶᠢᠭᠡᠮ ᠤᠨ ᠠᠮᠤᠷ | ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠡᠷᠡᠭᠦᠦ ᠶᠢᠨ ᠬᠡᠷᠡᠭ | ᠭᠠᠷᠬᠤ ᠨᠣᠷᠮ᠎ᠠ 3.8 % ᠪᠠᠷ ᠳᠣᠷᠣᠭᠰᠢᠯᠠᠵᠤ᠂ ᠬᠡᠷᠡᠭ ᠢᠯᠡᠷᠡᠭᠦᠯᠬᠦ ᠨᠣᠷᠮ᠎ᠠ 18.7% ᠪᠠᠷ ᠲᠡᠭᠡᠭᠰᠢᠯᠡᠵᠡᠢ᠃ | ᠨᠡᠶᠢᠲᠡ 309 ᠡᠳᠦᠷ ︽ᠳᠡᠭᠡᠷᠡᠮᠳᠡᠭᠰᠡᠨ᠂ ᠪᠤᠯᠢᠶᠠᠭᠰᠠᠨ︾ ᠬᠡᠷᠡᠭ ᠭᠠᠷᠤᠭ᠎ᠠ ᠦᠭᠡᠢ᠃ ᠴᠡᠷᠢᠭ ᠠᠷᠠᠳ ᠤᠨ | ᠬᠠᠮᠵᠢᠯᠴᠠᠨ ᠬᠥᠭᠵᠢᠭᠦᠯᠬᠦ ᠶᠢ ᠴᠢᠬᠤᠯᠠᠴᠢᠯᠠᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ | ᠴᠡᠷᠢᠭ ᠤᠨ ᠪᠠᠴᠢᠮ ᠪᠠᠶᠢᠳᠠᠯ ᠢ ᠰᠢᠢᠳᠪᠦᠷᠢᠯᠡᠬᠦ ᠬᠦᠴᠦᠨ ᠢ ᠴᠢᠩᠭᠠᠳᠬᠠᠵᠠᠢ᠃ ᠦᠨᠳᠦᠰᠦᠲᠡᠨ᠂ ᠱᠠᠰᠢᠨ | ᠰᠤᠷᠲᠠᠬᠤᠨ᠂ ᠠᠷᠠᠳ ᠤᠨ ᠠᠭᠠᠷ ᠰᠡᠷᠭᠡᠶᠢᠯᠡᠯᠲᠡ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ | ᠪᠠᠭᠠᠰᠬᠠᠬᠤ᠂ ᠠᠮᠤ ᠪᠤᠳᠠᠭ᠎ᠠ᠂ ᠨᠢᠭᠦᠯᠡᠰᠦᠩᠭᠦᠢ ᠦᠢᠯᠠᠰ ᠂ ᠳᠠᠩᠰᠠ ᠡᠪᠬᠡᠮᠡᠯ᠂ ᠲᠡᠦᠬᠡ ᠣᠶᠢᠯᠠᠯᠭ᠎ᠠ᠂ ᠤᠯᠠᠭᠠᠨ | ᠵᠠᠭᠠᠯᠮᠠᠶ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠠᠵᠢᠯ᠂ ᠠᠵᠢᠯᠴᠢᠨ ᠤ ᠡᠪᠯᠡᠯ᠂ ᠡᠬᠡ ᠨᠢᠯᠬᠠᠰ ᠵᠡᠷᠭᠡ ᠡᠯ᠎ᠡ | ᠵᠦᠢᠯ ᠤᠨ ᠠᠵᠢᠯ ᠰᠢᠨ᠎ᠡ ᠠᠮᠵᠢᠯᠲᠠ ᠤᠯᠪᠠ᠃ | ᠲᠥᠯᠥᠭᠡᠯᠡᠭᠴᠢᠳ ᠡ᠄ ᠥᠩᠭᠡᠷᠡᠭᠰᠡᠨ ᠲᠠᠪᠤᠨ ᠵᠢᠯ ᠤᠨ ᠠᠮᠵᠢᠯᠲᠠ ᠶᠢ ᠣᠯᠣᠭᠰᠠᠨ ᠨᠢ ᠬᠢᠯᠪᠠᠷ ᠪᠤᠰᠤ ᠶᠤᠮ᠂ | ᠡᠨᠡ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠡᠷᠡᠰ ᠴᠢᠩᠭ᠎ᠠ | ᠤᠳᠤᠷᠢᠳᠤᠯᠭ᠎ᠠ᠂ ᠳᠣᠲᠣᠨᠣ ᠬᠠᠯᠠᠮᠵᠢᠯᠠᠯ ᠤᠨ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ | ᠂ ᠨᠢᠭᠡᠳᠦᠯᠲᠡᠶ ᠲᠥᠯᠥᠪᠯᠡᠨ ᠵᠢᠯᠣᠭᠤᠳᠤᠭᠰᠠᠨ ᠤ ᠦᠷ᠎ᠡ ᠳ᠋ᠦᠩ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠬᠢᠨᠠᠨ ᠲᠡᠮᠵᠢᠵᠤ᠂ ᠬᠠᠮᠲᠤ ᠪᠠᠷ ᠴᠢᠷᠮᠠᠶᠢᠭᠰᠠᠨ ᠤ | ᠦᠷ᠎ᠡ ᠳ᠋ᠦᠩ ᠮᠥᠨ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠷᠠᠭ᠎ᠠ ᠲᠡᠷᠯᠡᠨ | ᠰᠠᠬᠢᠨ ᠪᠠᠷᠠᠯᠠᠵᠦ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠳᠠ ᠶᠢᠨ ᠠᠷᠠᠳ ᠤᠨ | ᠵᠠᠰᠠᠭ ᠤᠨ ᠣᠷᠳᠣᠨ᠂ ᠪᠦᠭᠦ ᠬᠤᠳᠠ ᠶᠢᠨ ᠡᠯ᠎ᠡ ᠦᠨᠳᠦᠰᠦᠲᠡᠨ ᠤ ᠠᠷᠠᠳ ᠲᠦᠮᠡᠨ᠂ ᠡᠯ᠎ᠡ ᠹᠷᠣᠨᠲ ᠤᠨ ᠥᠷᠭᠡᠨ | ᠤᠯᠠᠨ ᠺᠠᠳ᠋ᠷ ᠤᠯᠠᠨ ᠲᠦᠮᠡᠨ ᠤ ᠰᠢᠷᠭᠠᠭᠤ ᠠᠵᠢᠯᠯᠠᠵᠤ᠂ ᠪᠦᠳᠦᠭᠡᠨ ᠪᠠᠶᠢᠭᠤᠯᠤᠯᠲᠠ ᠶᠢᠨ ᠬᠥᠭᠵᠢᠯᠲᠡ ᠶᠢ | ᠬᠠᠯᠠᠮᠵᠢᠯᠠᠨ ᠳᠡᠮᠵᠢᠭᠰᠡᠨ ᠪᠤᠢ ᠪᠦᠬᠦᠢ ᠬᠥᠬᠡᠬᠤᠲᠠ ᠶᠢᠨ ᠦᠨᠳᠦᠰᠦᠲᠡᠨ ᠨᠦᠭᠦᠳ᠂ ᠨᠠᠶᠢᠵᠠ ᠨᠠᠷ ᠲᠤ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ | ᠠᠮᠵᠢᠯᠲᠠ ᠪᠦᠲᠦᠮᠵᠢ ᠪᠠᠨ ᠳ᠋ᠦᠡᠭᠨᠡᠬᠦ ᠶᠢᠨ ᠬᠠᠮᠲᠤ᠂ ᠪᠢᠳᠡ ᠬᠤᠲᠠ ᠶᠢᠨ ᠬᠥᠭᠵᠢᠯᠲᠡ ᠬᠠᠷᠠᠬᠠᠨ ᠪᠠᠭᠤᠷᠠᠢ | ᠪᠠᠶᠢᠭ᠎ᠠ ᠪᠠᠶᠢᠳᠠᠯ ᠦᠨᠳᠦᠰᠦᠨ ᠠᠴᠠ ᠪᠠᠨ ᠬᠤᠪᠢᠷᠠᠭᠠᠳᠤᠶ᠂ ᠬᠥᠭᠵᠢᠯᠲᠡ ᠲᠡᠩᠴᠡᠭᠦᠷᠢ ᠦᠬᠡᠢ᠂ ᠬᠦᠭᠵᠢᠯᠲᠡ | ᠭᠦᠢᠴᠡᠳ ᠪᠤᠰᠤ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠲᠠᠨᠢᠵᠤ᠂ ᠥᠷᠭᠡᠨ ᠤᠯᠠᠨ ᠲᠦᠮᠡᠨ ᠤ ᠡᠳᠦᠷ | ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠨᠢ ᠨᠡᠩ ᠲᠤᠯᠭᠠᠮ᠎ᠠ | ᠱᠠᠭᠠᠷᠳᠠᠯᠭ᠎ᠠ ᠪᠤᠯᠵᠤ ᠪᠠᠶᠢᠨ᠎ᠠ᠃ ᠲᠡᠭᠦᠨ ᠤ ᠭᠤᠣᠯ ᠢᠯᠡᠷᠡᠯ ᠭᠡᠪᠡᠯ᠄ ᠠᠵᠤ ᠠᠬᠤᠶ ᠶᠢᠨ ᠬᠥᠭᠵᠢᠯᠲᠡ ᠶᠢᠨ ᠬᠢᠷᠢ | ᠬᠡᠮᠵᠢᠶ᠎ᠡ ᠥᠨᠳᠥᠷ ᠪᠢᠰᠢ᠂ ᠣᠳᠣᠬᠢᠴᠢᠯᠠᠭᠰᠠᠨ ᠬᠥᠳᠡᠭᠡ ᠠᠵᠤ ᠠᠬᠤᠶ ᠶᠢᠨ ᠰᠢᠰᠲ᠋ᠧᠮ ᠬᠠᠷᠠᠬᠠᠨ ᠪᠠᠶᠢᠭᠤᠯᠤᠭᠳᠠᠭ᠎ᠠ | ᠦᠭᠡᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠪᠣᠯᠣᠨ ᠤᠳᠤ | ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠠᠩᠬᠠᠨ ᠤ ᠠᠯᠬᠤᠮ ᠳᠤ ᠪᠠᠶᠢᠵᠤ᠂ ᠠᠵᠤ | ᠦᠢᠯᠡᠳᠪᠦᠷᠢ ᠶᠢᠨ ᠪᠦᠯᠦᠭᠵᠢᠯᠡᠯᠲᠡ ᠶᠢᠨ ᠬᠦᠭᠵᠢᠯᠲᠡ ᠶᠢᠨ ᠬᠡᠪᠴᠢᠶ᠎ᠡ ᠨᠢ ᠪᠠᠭ᠎ᠠ᠂ ᠬᠡᠯᠬᠢᠶ᠎ᠡ ᠣᠬᠤᠷ᠂ | ᠬᠤᠯᠪᠣᠭᠳᠠᠬᠤ ᠬᠡᠮᠵᠢᠶ᠎ᠡ ᠪᠠᠷ ᠳᠣᠣᠷ᠎ᠠ᠂ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠪᠣᠯᠣᠨ ᠠᠵᠤ ᠠᠬᠤᠶ ᠳᠤ | ᠦᠵᠡᠭᠦᠯᠬᠦ ᠳᠠᠭᠠᠭᠤᠯᠬᠤ ᠦᠢᠯᠡᠳᠦᠯ ᠴᠢᠩᠭ᠎ᠠ ᠪᠢᠰᠢ᠃ ᠲᠥᠪ ᠬᠤᠲᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ᠂ ᠴᠢᠳᠠᠪᠤᠷᠢᠲᠠᠨ᠂ ᠬᠦᠷᠦᠩᠭᠡ ᠮᠦᠩᠬᠦ ᠵᠡᠷᠭᠡ ᠡᠯᠧᠮᠧᠨ᠋ᠲ ᠤᠨ ᠬᠠᠷᠢᠴᠠᠩᠭᠤᠶ ᠴᠤᠭᠯᠠᠷᠠᠭᠰᠠᠨ ᠳᠠᠪᠠᠭᠤᠯᠢᠭ | ᠲᠠᠯ᠎ᠠ ᠪᠠᠨ ᠭᠦᠢᠴᠡᠳ ᠪᠠᠳᠠᠷᠠᠭᠤᠯᠤᠭᠠᠳᠤᠶ᠂ ᠠᠵᠤ ᠠᠬᠤᠶ ᠶᠢᠨ ᠨᠡᠮᠡᠭᠳᠡᠯ ᠤᠨ ᠳᠣᠲᠣᠭᠠᠳᠤ ᠡᠭᠦᠰᠬᠦ ᠬᠥᠳᠡᠯᠭᠡᠬᠦ | ᠬᠦᠴᠦᠨ ᠬᠦᠷᠦᠯᠴᠡᠬᠦ ᠦᠭᠡᠢ ᠪᠠᠶᠢᠨ᠎ᠠ᠃ ᠣᠷᠣᠨ ᠪᠦᠰᠡ ᠶᠢᠨ ᠨᠥᠯᠥᠭᠡᠯᠡᠬᠦ ᠬᠦᠴᠦᠨ ᠪᠣᠯᠣᠨ ᠥᠷᠢᠰᠥᠯᠳᠦᠬᠦ | ᠬᠦᠴᠦᠨ ᠬᠦᠷᠦᠯᠴᠡᠬᠦ ᠦᠭᠡᠢ ᠪᠠᠶᠢᠵᠤ᠂ ᠬᠥᠬᠡᠬᠤᠲᠠ ᠪᠤᠭᠤᠲᠤ ᠤᠷᠳᠤᠰ ᠤᠨ ᠬᠠᠮᠵᠢᠯᠴᠠᠨ ᠬᠥᠭᠵᠢᠬᠦ ᠶᠢ | ᠬᠥᠲᠥᠯᠥᠨ ᠳᠠᠭᠠᠭᠤᠯᠵᠤ ᠳᠠᠶᠢᠴᠢᠯᠠᠬᠤ ᠨᠢ ᠴᠢᠩᠭ᠎ᠠ ᠪᠢᠰᠢ᠂ ᠬᠥᠬᠡᠬᠤᠲᠠ ᠪᠤᠭᠤᠲᠤ ᠢᠷᠭᠠᠢ ᠢᠤᠢ ᠯᠢᠨ ᠠᠵᠤ | ᠠᠬᠤᠶ ᠶᠢᠨ ᠣᠷᠣᠨ ᠤ ᠭᠤᠣᠯ ᠪᠣᠯᠬᠤ ᠬᠤᠳᠠ ᠶᠢᠨ ᠦᠢᠯᠡᠳᠦᠯ ᠢ ᠪᠠᠳᠠᠷᠠᠭᠤᠯᠬᠤ ᠨᠢ ᠢᠯᠡᠷᠬᠡᠶ ᠪᠢᠰᠢ᠂ ᠪᠦᠸᠧᠬᠠᠢ | ᠲᠠᠩᠭᠢᠰ ᠳᠠᠭᠠᠤ ᠠᠵᠤ ᠠᠬᠤᠶ ᠶᠢᠨ ᠣᠷᠣᠨ᠂ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠯᠴᠠᠨ ᠬᠦᠭᠵᠢᠯᠲᠡ ᠳᠤ | ᠤᠷᠤᠯᠴᠠᠬᠤ ᠬᠢᠷᠢ ᠬᠡᠮᠵᠢᠶ᠎ᠡ ᠨᠢ ᠨᠡᠯᠢᠶᠡᠳ ᠳᠣᠣᠷ᠎ᠠ ᠪᠠᠶᠢᠨ᠎ᠠ᠃ ᠬᠤᠲᠠ ᠶᠢᠨ ᠲᠥᠯᠥᠪᠵᠢᠭᠦᠯᠭᠡ᠂ ᠪᠦᠲᠦᠭᠡᠨ | ᠪᠠᠶᠢᠭᠤᠯᠤᠯᠲᠠ᠂ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠪᠤᠯᠤᠨ ᠣᠳᠣᠬᠢᠴᠢᠯᠠᠭᠰᠠᠨ ᠲᠥᠪ ᠬᠤᠳᠠ ᠶᠢᠨ | ᠱᠠᠭᠠᠷᠳᠠᠯᠭ᠎ᠠ ᠲᠠᠢ ᠵᠣᠬᠢᠬᠤ ᠵᠥᠷᠢᠶ᠎ᠡ ᠲᠠᠢ ᠪᠠᠶᠢᠵᠦ᠂ ᠥᠭᠡᠷᠡᠴᠢᠯᠡᠯᠲᠡ ᠶᠢᠨ ᠠᠯᠬᠤᠴᠠ ᠶᠢ ᠲᠦᠷᠭᠡᠳᠬᠡᠬᠦ ᠬᠡᠷᠡᠭᠲᠡᠶ | ᠪᠠᠶᠢᠨ᠎ᠠ᠃ ᠤᠰᠤ᠂ ᠬᠡᠢ ᠪᠠᠷᠢᠮᠵᠢᠶ᠎ᠠ ᠠᠴᠠ ᠬᠡᠲᠦᠷᠡᠲᠡᠯ᠎ᠡ ᠭᠠᠳᠠᠭᠰᠢᠯᠠᠭᠤᠯᠬᠤ ᠠᠰᠠᠭᠤᠳᠠᠯ ᠲᠤᠪᠤᠶᠢᠮ᠎ᠠ | ᠣᠷᠣᠰᠢᠭᠰᠠᠭᠠᠷ ᠪᠠᠶᠢᠵᠤ᠂ ᠳᠠᠯᠠᠨ ᠬᠠᠷ᠎ᠠ ᠠᠭᠤᠯᠠᠨ ᠤ ᠡᠪᠳᠡᠯᠭᠡ ᠶᠢᠨ ᠵᠠᠰᠠᠨ ᠰᠡᠷᠭᠦᠭᠡᠬᠦ ᠡᠭᠦᠷᠭᠡ ᠬᠠᠲᠠᠭᠤ ᠪᠡᠷᠬᠡ᠂ | ᠬᠤᠲᠠ ᠶᠢᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠬᠡᠷᠡᠭᠯᠡᠭᠰᠡᠨ ᠪᠠᠶᠢᠳᠠᠯ ᠬᠦᠨᠳᠦ ᠨᠣᠴᠢᠲᠠᠶ᠂ ᠠᠮᠢ ᠠᠬᠤᠶ ᠶᠢ | ᠬᠠᠮᠠᠭᠠᠯᠠᠬᠤ ᠪᠠ ᠪᠣᠬᠢᠷᠲᠤᠯ ᠢ ᠵᠠᠰᠠᠬᠤ ᠠᠵᠢᠯ ᠤᠨ ᠡᠭᠦᠷᠭᠡ ᠬᠦᠨᠳᠦ ᠂ ᠵᠠᠮ ᠬᠤᠯᠠ ᠪᠠᠶᠢᠨ᠎ᠠ᠃ ᠭᠡᠷ | ᠬᠦ᠋ᠷᠦᠩᠭᠡ ᠶᠢᠨ ︽ᠦᠨᠡᠮᠯᠡᠯ ᠠᠪᠬᠤ ᠳᠤ ᠬᠦᠴᠢᠷᠲᠡᠶ︾᠂ ᠰᠤᠷᠭᠠᠨ ᠬᠥᠮᠦᠵᠢᠯ ᠤᠨ ︽ᠰᠤᠷᠭᠠᠭᠤᠯᠢ ᠰᠣᠩᠭᠤᠬᠤ | ᠬᠠᠯᠠᠮᠰᠢᠯ︾᠂ ᠡᠮ ᠡᠮᠨᠡᠯᠭᠡ ᠶᠢᠨ ︽ᠡᠪᠡᠳᠴᠢᠨ ᠦᠵᠡᠭᠦᠯᠬᠦ ᠳᠤ ᠬᠦᠴᠢᠷ ︾᠂ ᠵᠠᠮ ᠬᠠᠷᠢᠯᠴᠠᠭᠠᠨ ᠤ ︽ | ᠭᠠᠷᠬᠤ ᠳᠤ ᠲᠦᠭᠵᠢᠷᠡᠬᠦ︾ ᠵᠡᠷᠭᠡ ᠠᠰᠠᠭᠤᠳᠠᠯ ᠪᠠᠰᠠ ᠨᠡᠯᠢᠶᠡᠳ ᠲᠤᠪᠤᠶᠢᠮ᠎ᠠ ᠣᠷᠣᠰᠢᠵᠤ᠂ ᠥᠷᠭᠡᠨ ᠤᠯᠠᠨ | ᠠᠷᠠᠳ ᠲᠦᠮᠡᠨ ᠤ ᠱᠠᠭᠠᠷᠳᠠᠯᠭ᠎ᠠ ᠠᠴᠠ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃ ᠡᠭᠦᠨ ᠤ ᠵᠡᠷᠭᠡᠴᠡᠭᠡᠪᠡᠷ | ᠵᠠᠷᠢᠮ ᠭᠠᠵᠠᠷ ᠣᠷᠣᠨ ᠪᠣᠯᠣᠨ ᠰᠠᠯᠠᠭ᠎ᠠ ᠮᠥᠴᠢᠷ ᠲᠤ ᠠᠵᠢᠯ ᠳᠠᠭᠠᠨ ᠯᠠᠪᠳᠠᠭᠤᠨ ᠪᠢᠰᠢ᠂ ᠦᠷ᠎ᠡ ᠪᠦᠲᠦᠮᠵᠢ | ᠥᠨᠳᠥᠷ ᠪᠢᠰᠢ ᠵᠡᠷᠭᠡ ᠠᠰᠠᠭᠤᠳᠠᠯ ᠣᠷᠣᠰᠢᠵᠤ᠂ ᠵᠠᠷᠢᠮ ᠺᠠᠳ᠋ᠷᠴᠤᠳ ᠵᠣᠷᠢᠭᠲᠠᠶ ᠪᠠᠷ ᠠᠵᠢᠯ ᠬᠠᠷᠢᠭᠤᠴᠠᠯᠭ᠎ᠠ | ᠡᠭᠦᠷᠭᠡᠯᠡᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠦᠵᠡᠯ ᠤᠬᠠᠮᠰᠠᠷ ᠢᠶᠠᠨ ᠤᠯᠠᠮ ᠳᠡᠭᠡᠭᠰᠢᠯᠡᠭᠦᠯᠬᠦ ᠴᠢᠬᠤᠯᠠᠲᠠᠢ᠃ | ᠡᠭᠦᠨ ᠳᠤ ᠪᠢᠳᠡᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠳᠬᠠᠨ᠂ ᠡᠯ᠎ᠡ ᠵᠦᠢᠯ ᠤᠨ ᠠᠵᠢᠯ ᠢᠶᠠᠨ ᠨᠡᠩ ᠴᠢᠷᠮᠠᠶᠢᠨ ᠰᠠᠶᠢᠲᠣᠷ ᠬᠢᠵᠦ᠂ ᠪᠦᠬᠦ ᠬᠤᠳᠠ ᠶᠢᠨ ᠡᠯ᠎ᠡ | ᠦᠨᠳᠦᠰᠦᠲᠡᠨ ᠤ ᠠᠷᠠᠳ ᠲᠦᠮᠡᠨ ᠳᠤ ᠨᠡᠩ ᠰᠠᠶᠢᠨ ᠰᠠᠶᠢᠬᠠᠨ ᠬᠤᠪᠢᠷᠠᠯᠲᠠ ᠪᠦᠲᠦᠮᠵᠢ ᠶᠢ ᠣᠯᠭᠤᠬᠤ ᠪᠠᠷ | ᠴᠢᠷᠮᠠᠶᠢᠵᠠᠭᠠᠶ᠎ᠠ︕ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠭᠤᠣᠯ ᠠᠵᠢᠯ | ᠲᠥᠯᠥᠭᠡᠯᠡᠭᠴᠢᠳ ᠡ᠄ ᠬᠤᠶᠢᠰᠢᠳᠠ ᠶᠢᠨ ᠲᠠᠪᠤᠨ ᠵᠢᠯ ᠪᠣᠯ ︽ᠬᠤᠣᠰ ᠵᠠᠭᠤᠨ ᠵᠢᠯ︾ ᠤᠨ ᠲᠡᠦᠬᠡᠨ | ᠠᠭᠤᠯᠵᠠᠷ ᠤᠨ ᠬᠤᠭᠤᠴᠠᠭ᠎ᠠ᠂ ᠪᠢᠳᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠠᠭᠤᠤ | ᠶᠡᠭᠡ ᠢᠯᠠᠯᠲᠠ ᠶᠢ ᠬᠦᠴᠦᠯᠡᠨ ᠲᠡᠮᠡᠴᠡᠨ ᠣᠯᠵᠤ᠂ ᠠᠩᠬᠠᠳᠠᠭᠴᠢ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠪᠡᠶᠡᠯᠡᠭᠦᠯᠬᠦ ᠮᠥᠷᠲᠡᠭᠡᠨ ᠪᠠᠰᠠ ᠢᠯᠠᠯᠲᠠ ᠶᠢᠨ ᠡᠷᠴᠢᠨ ᠳᠡᠭᠡᠷ᠎ᠡ᠂ ᠪᠦᠬᠦ ᠲᠠᠯ᠎ᠠ ᠪᠠᠷ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠠᠶᠢᠭᠤᠯᠬᠤ ᠶᠢᠨ ᠰᠢᠨ᠎ᠡ ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ | ᠲᠡᠮᠡᠴᠡᠬᠦ ᠬᠠᠷᠠᠯᠲᠠ ᠵᠦᠭ ᠣᠷᠣᠭᠰᠢᠯᠠᠶ᠎ᠠ᠃ | ᠰᠢᠨ᠎ᠡ ᠲᠡᠦᠬᠡᠨ ᠣᠷᠣᠨ ᠵᠠᠢ᠂ ᠰᠢᠨ᠎ᠡ ᠠᠭᠤᠤ ᠶᠡᠭᠡ ᠠᠶᠠᠨ ᠨᠢ ᠰᠢᠨ᠎ᠡ ᠬᠥᠭᠵᠢᠯᠲᠡ ᠶᠢᠨ ᠠᠵᠠ ᠲᠣᠬᠢᠶᠠᠯ ᠢ | ᠪᠡᠯᠭᠡᠳᠡᠵᠦ ᠪᠠᠶᠢᠬᠤ ᠮᠦᠷᠲᠡᠭᠡᠨ ᠰᠢᠨ᠎ᠡ ᠤᠷᠤᠭᠰᠢᠯᠠᠯᠲᠠ ᠶᠢᠨ ᠳᠠᠪᠠᠭ᠎ᠠ ᠲᠤᠯᠭᠠᠷᠠᠵᠤ ᠪᠠᠶᠢᠭ᠎ᠠ ᠶᠢ ᠴᠦ ᠬᠠᠷᠠᠭᠤᠯᠵᠣ | ᠪᠠᠶᠢᠨ᠎ᠠ᠃ ᠶᠡᠷᠦᠩᠬᠡᠢ ᠵᠠᠳᠠᠯᠤᠨ ᠮᠠᠭᠠᠳᠯᠠᠯᠲᠠ ᠪᠠᠷ ᠬᠦᠬᠡᠬᠤᠲᠠ ᠨᠢ ᠮᠦᠨ ᠬᠦ ᠦᠢᠯᠡᠰ ᠪᠦᠳᠦᠭᠡᠯᠲᠡ ᠶᠢᠨ | ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ ᠳᠤ ᠪᠠᠶᠢᠨ᠎ᠠ᠃ ᠣᠳᠣ ᠪᠦᠬᠦ | ᠪᠥᠮᠪᠥᠷᠴᠡᠭ ᠤᠨ ᠠᠵᠤ ᠠᠬᠤᠶ ᠶᠢᠨ ᠰᠢᠨ᠎ᠡ ᠨᠢᠭᠡᠨ ᠡᠭᠡᠯᠵᠢ ᠶᠢᠨ ᠰᠢᠨᠵᠢᠯᠡᠭᠡ ᠮᠡᠷᠭᠡᠵᠢᠯ ᠤᠨ ᠬᠤᠪᠢᠰᠬᠠᠯ ᠪᠣᠯᠣᠨ | ᠠᠵᠤ ᠦᠢᠯᠡᠰ ᠤᠨ ᠬᠤᠪᠢᠰᠤᠯᠲᠠ ᠥᠳᠲᠡᠷ ᠲᠦᠷᠭᠡᠨ ᠬᠥᠭᠵᠢᠵᠦ᠂ ᠰᠢᠨ᠎ᠡ ᠠᠵᠤ ᠠᠬᠤᠶ᠂ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠲᠧᠭᠨᠢᠭ ᠮᠡᠷᠭᠡᠵᠢᠯ ᠡᠳᠦᠷ ᠠᠴᠠ ᠡᠳᠦᠷ ᠰᠢᠨᠡᠳᠦᠨ ᠬᠤᠪᠢᠷᠠᠵᠤ | ᠪᠠᠶᠢᠨ᠎ᠠ᠃ ᠮᠠᠨ ᠤ ᠤᠯᠤᠰ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠴᠠᠭ ᠦᠶ᠎ᠡ ᠳᠤ ᠣᠷᠣᠵᠤ᠂ ᠠᠵᠤ ᠠᠬᠤᠶ | ᠨᠢᠭᠡᠨᠲᠡ ᠳᠡᠭᠡᠳᠦ ᠬᠤᠷᠳᠣᠴᠠᠲᠣ ᠥᠰᠥᠯᠲᠡ ᠶᠢᠨ ᠱᠠᠲᠣᠨ ᠠᠴᠠ ᠪᠠᠨ ᠶᠠᠰᠤ ᠴᠢᠨᠠᠷ ᠰᠠᠶᠢᠲᠠᠶ ᠬᠥᠭᠵᠢᠯᠲᠡ ᠶᠢᠨ | ᠱᠠᠳᠤ ᠦᠶ᠎ᠡ ᠳᠤ ᠣᠷᠣᠵᠤ᠂ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ᠂ | ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨ ᠠᠬᠢᠭᠤᠯᠵᠤ᠂ ︽ᠨᠢᠭᠡ ᠪᠦᠰᠡ ᠨᠢᠭᠡ ᠵᠠᠮ︾ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠤᠨ | ᠤᠮᠠᠷᠠᠰᠢ ᠨᠡᠭᠡᠭᠡᠯᠳᠡ ᠬᠢᠬᠦ ᠡᠮᠦᠨ᠎ᠡ ᠵᠠᠬ᠎ᠠ ᠶᠢᠨ ᠬᠤᠲᠠ ᠪᠣᠯᠣᠭᠰᠠᠨ ᠤ ᠬᠤᠪᠢ ᠳᠤ ᠪᠢᠳᠡ ᠨᠡᠩ ᠴᠢᠬᠤᠯᠠ | ᠬᠠᠷᠢᠭᠤᠴᠠᠯᠭ᠎ᠠ ᠡᠭᠦᠷᠭᠡᠯᠡᠵᠦ ᠪᠠᠶᠢᠨ᠎ᠠ᠃ ᠬᠥᠬᠡᠬᠤᠲᠠ ᠪᠤᠭᠤᠲᠤ ᠣᠷᠳᠣᠰ ᠢᠤᠢ ᠯᠢᠨ ᠤ ᠠᠵᠤ ᠠᠬᠤᠶ ᠶᠢᠨ ᠣᠷᠣᠨ | ᠂ ᠬᠥᠬᠡᠬᠤᠲᠠ ᠪᠤᠭᠤᠲᠤ ᠢᠷᠭᠠᠢ ᠢᠤᠢ ᠯᠢᠨ ᠤ ᠪᠥᠭᠡᠮᠨᠡᠷᠡᠯ ᠭᠤᠣᠯ ᠣᠷᠣᠨ ᠪᠦᠰᠡ ᠶᠢᠨ ᠲᠥᠪ ᠬᠤᠲᠠ | ᠪᠣᠯᠤᠭᠰᠠᠨ ᠤ ᠬᠤᠪᠢ ᠳᠤ᠂ ᠬᠥᠬᠡᠬᠤᠲᠠ ᠶᠢᠨ ᠦᠨᠳᠦᠷ ᠬᠤᠷᠳᠤᠴᠠᠲᠤ ᠲᠡᠮᠦᠷ ᠵᠠᠮ ᠤᠨ ᠴᠠᠭ ᠦᠶ᠎ᠡ᠂ ᠰᠢᠨ᠎ᠡ | ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ ᠳᠠᠭᠠᠯᠳᠤᠨ ᠂ ᠤᠯᠤᠰ ᠤᠨ ᠶᠡᠷᠦᠩᠬᠡᠶᠢᠯᠡᠭᠰᠡᠨ ᠵᠠᠮ | ᠬᠠᠷᠢᠯᠴᠠᠭᠠᠨ ᠤ ᠬᠦᠢᠰᠦ ᠬᠤᠲᠠ ᠶᠢᠨ ᠦᠢᠯᠡᠳᠦᠯ ᠤᠯᠠᠮ ᠨᠢᠭᠡ ᠠᠯᠬᠤᠮ ᠲᠤᠪᠤᠶᠢᠮ᠎ᠠ ᠢᠯᠡᠷᠡᠵᠦ᠂ ᠣᠷᠣᠨ | ᠪᠦᠰᠡ ᠶᠢᠨ ᠬᠠᠮᠵᠢᠨ ᠬᠦᠳᠡᠯᠦᠯᠴᠡᠨ ᠬᠦᠭᠵᠢᠬᠦ ᠬᠡᠮᠵᠢᠶ᠎ᠡ ᠤᠯᠠᠮ ᠨᠢᠭᠲᠠᠷᠠᠵᠤ᠂ ᠴᠢᠳᠠᠪᠦᠷᠢᠲᠠᠨ᠂ ᠪᠡᠯᠡ ᠮᠦᠩᠭᠦ᠂ | ᠲᠧᠭᠨᠢᠭ ᠮᠡᠷᠭᠡᠵᠢᠯ ᠵᠡᠷᠭᠡ ᠬᠥᠭᠵᠢᠯᠲᠡ ᠶᠢᠨ ᠴᠢᠬᠤᠯᠠ ᠡᠯᠧᠮᠧᠨ᠋ᠲ ᠤᠨ ᠴᠤᠭᠯᠠᠷᠠᠯ ᠢ ᠬᠦᠴᠦᠲᠡᠶ ᠠᠬᠢᠭᠤᠯᠵᠤ᠂ | ᠮᠠᠨ ᠤ ᠬᠤᠲᠠ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠂ ᠣᠷᠣᠨ ᠪᠦᠰᠡ ᠶᠢᠨ | ᠴᠢᠨᠠᠷᠲᠠᠶ ᠲᠥᠪ ᠬᠤᠲᠠ ᠪᠣᠯᠤᠭᠰᠠᠨ ᠤ ᠬᠤᠪᠢ ᠳᠤ ᠪᠡᠭᠡᠵᠢᠩ ᠲᠢᠶᠠᠨᠵᠢᠨ ᠾᠧᠪᠸᠢ ᠶᠢᠨ ᠬᠠᠮᠵᠢᠨ ᠬᠦᠭᠵᠢᠯᠴᠡᠬᠦ | ᠪᠠᠶᠢᠯᠳᠤᠬᠤ ᠪᠤᠳᠤᠯᠭ᠎ᠠ ᠶᠢ ᠲᠦᠷᠭᠡᠳᠬᠡᠨ ᠠᠬᠢᠭᠤᠯᠵᠤ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ | ᠵᠢᠯᠤᠭᠤᠳᠤᠨ ᠨᠡᠪᠲᠡᠷᠡᠭᠦᠯᠵᠦ᠂ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠲᠠᠪᠤᠷᠢᠵᠢᠭᠤᠯᠤᠨ᠂ ᠪᠢᠳᠡ | ᠶᠡᠭᠡ ᠬᠡᠪᠴᠢᠶᠡᠨ ᠤ ᠳᠠᠭᠠᠭᠠᠨ ᠠᠪᠴᠤ ᠪᠣᠯᠪᠠᠰᠤᠷᠠᠭᠤᠯᠬᠤ ᠠᠵᠤ ᠦᠢᠯᠡᠰ ᠤᠨ ᠲᠥᠷᠥᠯ ᠵᠦᠢᠯ ᠤᠨ ᠰᠢᠯᠵᠢᠯᠲᠡ | ᠬᠢᠬᠦ ᠴᠢᠬᠤᠯᠠ ᠶᠡᠭᠡ ᠠᠵᠠ ᠲᠣᠬᠢᠶᠠᠯ ᠪᠠᠷ ᠥᠪᠡᠷᠲᠡᠭᠡᠨ ᠵᠠᠰᠠᠬᠤ ᠣᠷᠣᠨ ᠤ ᠪᠦᠭᠦ ᠣᠷᠣᠨ ᠤ ᠬᠦᠴᠦ ᠪᠠᠷ | ᠬᠤᠷᠢᠨᠭᠡᠷ ᠰᠢᠨ᠎ᠡ ᠲᠣᠭᠤᠷᠢᠭ ᠢ ᠪᠦᠲᠦᠭᠡᠨ ᠪᠠᠶᠢᠭᠤᠯᠵᠤ᠂ ᠣᠷᠣᠨ ᠪᠦᠰᠡ ᠶᠢᠨ ᠠᠵᠤ ᠠᠬᠤᠶ ᠶᠢᠨ | ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠬᠦᠴᠦᠲᠡᠶ ᠠᠬᠢᠭᠤᠯᠵᠤ᠂ ᠡᠯ᠎ᠡ ᠲᠦᠷᠦᠯ ᠤᠨ ᠠᠵᠢᠯ ᠦᠢᠯᠡᠰ ᠤᠨ | ᠴᠢᠬᠤᠯᠠ ᠶᠡᠭᠡ ᠳᠠᠪᠠᠯᠲᠠ ᠶᠢ ᠪᠡᠶᠡᠯᠡᠭᠦᠯᠵᠡᠶ᠃ ᠪᠢᠳᠡ ᠭᠠᠭᠴᠠ ᠬᠦ ᠴᠠᠭ ᠲᠣᠬᠢᠶᠠᠯ ᠢ ᠠᠮᠵᠢᠨ᠂ ᠰᠢᠨ᠎ᠡ ᠪᠠᠶᠢᠳᠠᠯ ᠢ | ᠪᠣᠳᠣᠯᠬᠢᠯᠠᠵᠣ᠂ ᠦᠨᠡᠨ ᠪᠣᠳᠠᠲᠠᠶ ᠠᠵᠢᠯᠯᠠᠪᠠᠯ ᠰᠠᠶ᠋ᠢ ᠨᠡᠩ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢᠶᠠᠨ | ᠪᠦᠲᠦᠭᠡᠨ ᠪᠠᠶᠢᠭᠤᠯᠵᠤ᠂ ᠰᠠᠶᠢᠨ ᠰᠠᠶᠢᠬᠠᠨ ᠰᠢᠨ᠎ᠡ ᠬᠠᠭᠤᠳᠠᠰᠤ ᠶᠢ ᠪᠢᠴᠢᠭᠯᠡᠬᠦ ᠪᠣᠯᠤᠨ᠎ᠠ᠃ | ᠬᠤᠶᠢᠰᠢᠳᠠ ᠶᠢᠨ ᠲᠠᠪᠤᠨ ᠵᠢᠯ ᠳᠤ᠂ ᠪᠢᠳᠠ ᠴᠢᠷᠮᠠᠶᠢᠵᠤ ᠪᠠᠶᠢᠭᠠᠳ ᠭᠠᠵᠠᠷ ᠣᠷᠣᠨ ᠤ ᠦᠢᠯᠡᠳᠪᠦᠷᠢᠯᠡᠯ ᠤᠨ | ᠪᠦᠬᠦ ᠥᠷᠲᠡᠭ ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ᠂ ᠲᠣᠭᠲᠠᠮᠠᠯ | ᠬᠥᠷᠥᠩᠭᠡ ᠳᠤ ᠪᠡᠯᠡ ᠣᠷᠣᠭᠤᠯᠬᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ᠂ ᠬᠤᠳᠠ | ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ | ᠣᠷᠣᠯᠭ᠎ᠠ ᠶᠢᠨ ᠭᠦᠢᠴᠡᠳᠬᠡᠯ ᠲᠤᠭ᠎ᠠ ᠶᠢᠨ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠶᠢ ᠪᠥᠬᠦ ᠤᠯᠤᠰ ᠂ ᠪᠥᠬᠦ | ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠦᠨᠳᠦᠷ ᠪᠠᠶᠢᠯᠭᠠᠬᠤ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠵᠤ᠂ ᠨᠡᠶᠢᠭᠡᠮ ᠵᠢᠷᠤᠮ ᠤᠨ ᠤᠳᠤᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ | ᠠᠶᠠᠨ ᠵᠠᠮ ᠳᠤ ᠪᠦᠬᠦ ᠣᠷᠣᠨ ᠤ 12 ᠠᠶᠢᠮᠠᠭ ᠬᠤᠲᠠ ᠶᠢᠨ ᠡᠮᠦᠨ᠎ᠡ ᠡᠩᠨᠡᠭᠡᠨ ᠳᠤ ᠣᠷᠣᠵᠣ᠂ ᠲᠠᠪᠤᠨ ᠴᠥᠭᠡᠨ | ᠲᠣᠭᠠᠲᠤ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠶᠢᠨ ᠡᠮᠦᠨ᠎ᠡ ᠡᠩᠨᠡᠭᠡᠨ ᠳᠤ | ᠵᠢᠭᠰᠠᠭᠠᠭᠳᠠᠵᠤ᠂ ᠪᠠᠷᠠᠭᠤᠨ ᠬᠡᠰᠡᠭ ᠤᠨ 11 ᠮᠤᠵᠢ ᠶᠢᠨ ᠲᠥᠪ ᠬᠤᠲᠠ ᠶᠢᠨ ᠡᠮᠦᠨ᠎ᠡ ᠡᠩᠨᠡᠭᠡᠨ ᠳᠤ ᠶᠠᠪᠤᠵᠤ᠂ | ᠶᠡᠷᠦᠩᠬᠡᠶᠢᠯᠡᠭᠰᠡᠨ ᠪᠣᠳᠠᠲᠤ ᠬᠦᠴᠦᠨ ᠨᠢ ᠪᠦᠬᠦ ᠤᠯᠤᠰ ᠤᠨ 27 ᠮᠤᠵᠢ ᠶᠢᠨ ᠲᠥᠪ ᠬᠤᠳᠠ ᠶᠢ ᠭᠦᠢᠴᠡᠵᠦ᠂ ᠪᠦᠬᠦ | ᠤᠯᠤᠰ ᠤᠨ ᠵᠠᠭᠤᠨ ᠬᠦᠴᠦᠷᠬᠡᠭ ᠬᠤᠲᠠ ᠶᠢᠨ ᠡᠩᠨᠡᠭᠡᠨ ᠳᠤ ᠳᠠᠪᠰᠢᠨ ᠣᠷᠣᠬᠤ ᠪᠠᠷ ᠴᠢᠷᠮᠠᠶᠢᠨ᠎ᠠ᠃ | ᠪᠢᠳᠡ ᠬᠦᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠪᠠᠨ ᠭᠤᠶᠢᠪᠢᠰᠢ ᠦᠭᠡᠢ ᠪᠠᠲᠤ ᠴᠡᠭᠡᠵᠢᠯᠡᠨ᠂ | ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ | ᠰᠢᠨ᠎ᠡ ᠪᠠᠷ ᠬᠥᠭᠵᠢᠭᠰᠡᠨ ᠠᠵᠤ ᠦᠢᠯᠡᠰ ᠪᠤᠯᠤᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠳᠬᠡᠨ | ᠬᠦᠭᠵᠢᠭᠦᠯᠬᠦ ᠶᠢ ᠨᠢᠭᠲᠠ ᠤᠶᠠᠯᠳᠤᠭᠤᠯᠵᠤ᠂ ᠨᠢᠭᠡᠳᠦᠭᠡᠷ ᠠᠵᠦ ᠦᠢᠯᠡᠰ ᠢ ᠰᠢᠯᠢᠳᠡᠭᠵᠢᠭᠦᠯᠦᠨ᠂ ᠬᠤᠶᠠᠳᠤᠭᠠᠷ | ᠠᠵᠤ ᠦᠢᠯᠡᠰ ᠢ ᠬᠦᠴᠦᠷᠬᠡᠭᠵᠢᠭᠦᠯᠦᠨ᠂ ᠭᠤᠷᠪᠠᠳᠤᠭᠠᠷ ᠠᠵᠤ ᠦᠢᠯᠡᠰ ᠢ ᠰᠠᠶᠢᠲᠦᠷ ᠬᠢᠵᠦ᠂ ᠰᠢᠨ᠎ᠡ ᠠᠵᠤ ᠦᠢᠯᠡᠰ | ᠂ ᠰᠢᠨ᠎ᠡ ᠠᠵᠤ ᠠᠬᠤᠶ᠂ ᠰᠢᠨ᠎ᠡ ᠬᠥᠳᠡᠯᠭᠡᠭᠴᠢ ᠡᠨᠧᠷᠭᠢ ᠶᠢ ᠲᠦᠷᠭᠡᠪᠴᠢᠯᠡᠨ ᠪᠤᠶᠢᠵᠢᠭᠤᠯᠵᠤ᠂ ᠬᠥᠭᠵᠢᠯᠲᠡ ᠶᠢ | ᠲᠦᠯᠬᠢᠨ ᠠᠬᠢᠭᠤᠯᠵᠤ᠂ ᠣᠷᠣᠨ ᠪᠦᠰᠡ ᠶᠢᠨ ᠬᠥᠭᠵᠢᠯᠲᠡ ᠶᠢᠨ ᠴᠢᠬᠤᠯᠠ ᠨᠡᠮᠡᠭᠳᠡᠯ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠂ ᠬᠤᠳᠠ ᠶᠢᠨ ᠴᠢᠳᠠᠮᠵᠢ ᠶᠢᠨ ᠬᠡᠪ ᠴᠢᠨᠠᠷ ᠪᠣᠯᠤᠨ ᠲᠠᠭᠠᠭᠠᠯᠠᠮᠵᠢᠳᠠᠢ ᠠᠵᠢᠯᠯᠠᠵᠤ | ᠠᠮᠢᠳᠤᠷᠠᠬᠤ ᠨᠦᠭᠦᠴᠡᠯ ᠢ ᠪᠠᠶᠢᠭᠤᠯᠵᠤ᠂ ᠤᠳᠤ ᠦᠶ᠎ᠡ ᠶᠢᠨ ᠪᠡᠶᠡᠲᠦ ᠴᠣᠭᠴᠠᠲᠤ ᠵᠠᠮ ᠬᠠᠷᠢᠯᠴᠠᠭᠠᠨ ᠤ ᠬᠦᠢᠰᠦ ᠶᠢ | ᠪᠦᠲᠦᠭᠡᠨ ᠪᠠᠶᠢᠭᠤᠯᠵᠤ᠂ ᠬᠤᠳᠠ ᠶᠢᠨ ᠲᠠᠲᠠᠬᠤ ᠬᠦᠴᠦᠨ᠂ ᠨᠥᠯᠥᠭᠡᠯᠡᠬᠦ ᠬᠦᠴᠦᠨ᠂ ᠳᠠᠶᠢᠴᠢᠯᠠᠬᠤ ᠬᠦᠴᠦᠨ ᠢ | ᠢᠳᠡᠪᠬᠢᠲᠡᠶ ᠬᠥᠲᠥᠯᠥᠨ ᠳᠠᠭᠠᠭᠤᠯᠵᠤ᠂ ᠬᠥᠬᠡᠬᠤᠲᠠ ᠪᠤᠭᠤᠲᠤ ᠣᠷᠳᠣᠰ᠂ ᠬᠥᠬᠡᠬᠤᠲᠠ ᠪᠤᠭᠤᠲᠤ ᠢᠷᠭᠠᠢ ᠢᠦᠢ | ᠯᠢᠨ ᠠᠵᠤ ᠠᠬᠤᠶ ᠶᠢᠨ ᠣᠷᠣᠨ ᠬᠠᠮᠵᠢᠯᠴᠠᠨ ᠬᠥᠭᠵᠢᠬᠦ᠂ ᠪᠡᠭᠡᠵᠢᠩ ᠲᠢᠶᠠᠨᠵᠢᠨ ᠡᡁᠧᠪᠸᠢ ᠵᠣᠬᠢᠴᠠᠯᠳᠤᠭᠤᠯᠤᠨ | ᠬᠦᠭᠵᠢᠬᠦ ᠳᠤ ᠠᠭᠤᠰᠤᠯᠴᠠᠨ ᠤᠷᠤᠵᠤ᠂ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ | ᠬᠦᠴᠦ ᠲᠠᠯᠪᠢᠨ᠂ ᠣᠷᠣᠰ ᠮᠣᠩᠭᠤᠯ ᠤᠨ ᠬᠠᠮᠲᠤᠷᠠᠨ ᠠᠵᠢᠯᠯᠠᠬᠤ ᠲᠣᠭᠲᠠᠴᠠ ᠶᠢᠨ ᠰᠢᠨ᠎ᠡ ᠶᠢ ᠡᠭᠦᠳᠴᠦ᠂ | ᠪᠣᠭᠤᠮᠲᠠ᠂ ᠬᠢᠯᠢ ᠠᠯᠤᠰᠯᠠᠨ ᠵᠥᠭᠡᠭᠡᠪᠦᠷᠢᠯᠡᠬᠦ ᠵᠡᠷᠭᠡ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠰᠠᠭᠤᠷᠢ | ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠡᠳᠦᠶ ᠲᠡᠳᠦᠶ ᠨᠡᠭᠡᠭᠡᠯᠲᠡ ᠬᠢᠬᠦ ᠬᠠᠮᠲᠤᠷᠠᠨ ᠠᠵᠢᠯᠯᠠᠬᠤ ᠲᠠᠪᠴᠠᠩ ᠢ | ᠲᠡᠳᠬᠦᠨ ᠲᠡᠮᠵᠢᠵᠦ᠂ ᠥᠪᠡᠷᠮᠢᠴᠡ ᠣᠨᠴᠠᠯᠢᠭ ᠪᠦᠬᠦᠢ ᠠᠵᠤ ᠦᠢᠯᠡᠰ ᠤᠨ ᠨᠡᠭᠡᠭᠡᠯᠲᠡ ᠬᠥᠭᠵᠢᠯᠲᠡ ᠶᠢ ᠳᠡᠮᠵᠢᠨ᠂ | ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠶ | ᠣᠷᠣᠯᠴᠠᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠬᠥᠭᠦᠷᠭᠡ ᠶᠢᠨ ᠪᠠᠬᠢᠯᠡᠯᠲᠡ ᠶᠢᠨ ᠴᠢᠬᠤᠯᠠ ᠲᠦᠰᠢᠭ | ᠲᠤᠯᠭᠠᠭᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠣᠨ᠎ᠠ᠃ ᠠᠷᠠᠳ ᠲᠦᠮᠡᠨ ᠢᠶᠠᠷ ᠭᠤᠣᠯ ᠪᠣᠯᠭᠠᠭᠰᠠᠨ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠤᠨ | ᠬᠤᠪᠢᠷᠠᠯᠲᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ | ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠪᠦᠬᠦ ᠬᠦᠴᠦ ᠪᠠᠷ ᠢᠶᠠᠨ ᠠᠮᠢ ᠠᠬᠤᠶ ᠶᠢᠨ ᠣᠷᠴᠢᠨ ᠨᠥᠬᠦᠴᠡᠯ ᠢ | ᠰᠠᠶᠢᠵᠢᠷᠠᠭᠤᠯᠤᠨ᠂ ᠨᠡᠶᠢᠭᠡᠮ ᠤᠨ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠶᠢ | ᠠᠬᠢᠭᠤᠯᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ | ᠰᠠᠶᠢᠬᠠᠨ᠂ ᠡᠶ᠎ᠡ ᠵᠣᠬᠢᠴᠠᠯ ᠵᠣᠯ ᠵᠢᠷᠭᠠᠯ ᠲᠠᠢ ᠲᠡᠷᠢᠭᠦᠨ ᠣᠬᠢ ᠬᠤᠲᠠ ᠶᠢ ᠪᠦᠲᠦᠭᠡᠨ ᠪᠠᠶᠢᠭᠤᠯᠤᠨ᠎ᠠ᠃ | ᠲᠥᠯᠥᠭᠡᠯᠡᠭᠴᠢᠳ ᠡ᠄ ᠵᠢᠷᠤᠭ ᠲᠥᠯᠥᠪᠯᠡᠭᠡ ᠠᠤᠭ᠎ᠠ ᠶᠡᠭᠡ᠂ ᠠᠯᠤᠰ ᠬᠡᠳᠦ ᠭᠠᠶᠢᠬᠠᠮᠰᠢᠭᠲᠤ ᠢᠷᠡᠭᠡᠳᠦᠶ ᠶᠢᠨ | ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠪᠢᠳᠡ ᠳᠣᠣᠷᠠᠬᠢ ᠵᠠᠷᠴᠢᠮ ᠤᠳ ᠢ ᠰᠠᠶᠢᠲᠤᠷ ᠮᠡᠳᠡᠬᠦ ᠬᠡᠷᠡᠭᠲᠡᠶ᠄ | | — ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠳᠠᠯᠠᠨ᠎ᠠ᠃ ᠲᠥᠪ ᠬᠤᠲᠠ ᠶᠢᠨ ᠳᠠᠪᠠᠭᠤᠯᠢᠭ | ᠳᠠᠯ᠎ᠡ ᠶᠢ ᠭᠦᠢᠴᠡᠳ ᠪᠠᠳᠠᠷᠠᠭᠤᠯᠵᠤ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠡᠮᠬᠢᠯᠡᠨ | ᠨᠡᠶᠢᠯᠡᠭᠦᠯᠦᠨ ᠠᠰᠢᠭᠯᠠᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠨᠢᠭᠡ ᠪᠦᠯᠦᠭ ᠤᠣᠭᠠᠯ | ᠡᠭᠦᠳᠦᠯᠲᠡ ᠶᠢᠨ ᠬᠡᠯᠪᠡᠷᠢ᠂ ᠰᠢᠪᠲᠤᠯᠤᠯᠲᠠ ᠶᠢᠨ ᠬᠡᠯᠪᠡᠷᠢ ᠶᠢᠨ ᠲᠤᠷᠰᠢᠯᠲᠠ ᠶᠢᠨ ᠲᠠᠰᠤᠭ ᠪᠣᠯᠣᠨ ᠰᠢᠨᠵᠢᠯᠡᠬᠦ | ᠤᠬᠠᠭᠠᠨᠴᠢ ᠰᠢᠨ᠎ᠡ ᠶᠢ ᠡᠭᠦᠳᠬᠦ ᠲᠥᠪ ᠢ ᠪᠠᠶᠢᠭᠤᠯᠵᠤ᠂ ᠨᠢᠭᠡ ᠪᠦᠯᠦᠭ ᠲᠠᠭᠠᠭᠤᠯᠤᠭᠴᠢ ᠦᠢᠯᠡᠳᠦᠯ ᠲᠠᠢ᠂ ᠵᠢᠱᠢᠶ᠎ᠡ | ᠦᠵᠡᠭᠦᠯᠬᠦ ᠮᠠᠶ᠋ᠢᠭ ᠤᠨ ᠰᠢᠨ᠎ᠡ ᠶᠢ ᠡᠭᠦᠳᠬᠦ ᠠᠵᠤ ᠠᠬᠤᠶᠢᠯᠠᠯ ᠪᠣᠯᠤᠨ ᠠᠵᠤ ᠦᠢᠯᠡᠰ ᠤᠨ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠢᠨᠵᠢᠯᠡᠭᠡ ᠮᠡᠷᠭᠡᠵᠢᠯ ᠤᠨ ᠦᠷ᠎ᠡ | ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠲᠦᠷᠭᠡᠳᠬᠡᠵᠦ᠂ ᠰᠢᠨ᠎ᠡ ᠶᠢ ᠡᠭᠦᠳᠬᠦ ᠪᠠᠷ ᠬᠥᠲᠥᠯᠥᠨ | ᠵᠢᠯᠣᠭᠤᠳᠣᠭᠤᠯᠤᠭᠰᠠᠨ ᠠᠵᠤ ᠠᠬᠤᠶ ᠶᠢᠨ ᠰᠢᠰᠲ᠋ᠧᠮ ᠪᠣᠯᠤᠨ ᠬᠥᠭᠵᠢᠯᠲᠡ ᠶᠢᠨ ᠬᠡᠪ ᠵᠠᠭᠪᠤᠷ ᠤᠨ ᠪᠦᠷᠢᠯᠳᠦᠬᠦ ᠶᠢ | ᠲᠦᠷᠭᠡᠳᠭᠡᠨ᠎ᠡ᠃ | — ᠠᠵᠤ ᠦᠢᠯᠡᠰ ᠤᠨ ᠳᠠᠶᠢᠴᠢᠯᠠᠬᠤ ᠬᠦᠴᠦᠨ ᠢ ᠪᠠᠷᠢᠮᠲᠠᠯᠠᠨ᠎ᠠ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠶ | ᠰᠢᠨ᠎ᠡ ᠪᠠᠷ ᠬᠥᠭᠵᠢᠭᠰᠡᠨ ᠠᠵᠤ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠣᠨᠴᠠᠭᠠᠶᠢᠯᠠᠨ ᠡᠳ᠋ | ᠮᠥᠩᠭᠦᠨ ᠤ ᠡᠬᠢ ᠰᠤᠷᠪᠤᠯᠵᠢ ᠶᠢᠨ ᠠᠵᠤ ᠦᠢᠯᠡᠰ ᠤᠨ ᠲᠥᠷᠥᠯ ᠵᠦᠢᠯ ᠢ ᠪᠣᠶᠢᠵᠢᠭᠤᠯᠣᠨ ᠲᠠᠲᠠᠨ ᠣᠷᠣᠭᠤᠯᠬᠤ | ᠬᠦᠴᠦᠯᠡᠴᠡ ᠪᠠᠨ ᠶᠡᠬᠡᠰᠬᠡᠵᠦ᠂ ᠭᠠᠳᠠᠭᠠᠳᠤ ᠠᠴᠠ ᠣᠷᠣᠭᠤᠯᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠴᠢᠨᠠᠷ | ᠰᠠᠶᠢᠲᠠᠶ ᠪᠦᠲᠦᠮᠵᠢᠲᠡᠶ ᠪᠡᠯᠡ ᠣᠷᠣᠭᠤᠯᠤᠯᠲᠠ ᠶᠢ ᠨᠡᠮᠡᠭᠳᠡᠭᠦᠯᠵᠦ᠂ ᠵᠢᠩᠬᠢᠨᠢ ᠲᠤᠯᠭᠠᠭᠤᠷᠢᠯᠠᠬᠤ ᠠᠵᠤ ᠦᠢᠯᠡᠰ ᠢ | ᠪᠤᠶᠢᠵᠢᠭᠤᠯᠤᠨ᠂ ᠠᠵᠤ ᠠᠬᠤᠶ ᠶᠢᠨ ᠶᠠᠰᠤ ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ ᠶᠢᠨ ᠥᠭᠡᠷᠡᠴᠢᠯᠡᠯᠲᠡ᠂ | ᠬᠥᠳᠡᠯᠭᠡᠭᠴᠢ ᠬᠦᠴᠦᠨ ᠤ ᠬᠤᠪᠢᠰᠤᠯᠲᠠ ᠶᠢᠨ ᠬᠥᠭᠵᠢᠯᠲᠡ ᠶᠢ ᠳᠠᠶᠢᠴᠢᠯᠠᠵᠦ᠂ ᠪᠦᠭᠦ ᠡᠯᠧᠮᠧᠨ᠋ᠲ ᠤᠨ | ᠦᠢᠯᠡᠳᠪᠦᠷᠢᠯᠡᠯ ᠤᠨ ᠨᠣᠷᠮ᠎ᠠ ᠶᠢ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠠᠰᠤ ᠴᠢᠨᠠᠷ | ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ | — ᠥᠭᠡᠷᠡᠴᠢᠯᠡᠯᠲᠡ ᠪᠠᠷ ᠲᠦᠯᠬᠢᠭᠴᠢ ᠬᠦᠴᠦᠨ ᠪᠣᠯᠭᠠᠬᠤ ᠶᠢ ᠪᠠᠷᠢᠮᠲᠠᠯᠠᠨ᠎ᠠ᠃ ᠠᠰᠠᠭᠤᠳᠠᠯ ᠢᠶᠠᠷ | ᠤᠳᠤᠷᠢᠳᠤᠮᠵᠢ ᠪᠣᠯᠭᠠᠵᠤ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ | ᠲᠥᠷᠢᠮ ᠤᠨ ᠪᠠᠶᠢᠭᠤᠯᠤᠯᠲᠠ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠵᠠᠰᠠᠭ ᠤᠨ ᠣᠷᠳᠣᠨ ᠤ ᠡᠭᠦᠷᠭᠡ | ᠴᠢᠳᠠᠪᠬᠢ ᠶᠢ ᠬᠤᠪᠢᠷᠠᠭᠤᠯᠬᠤ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠬᠦᠴᠦ | ᠲᠠᠯᠪᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠡᠯ᠎ᠡ ᠲᠦᠷᠦᠯ ᠤᠨ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠪᠣᠯᠣᠨ ᠪᠦᠲᠦᠭᠡᠯᠴᠢ ᠬᠦᠴᠦᠨ ᠢ ᠬᠥᠭᠵᠢᠭᠡᠬᠦ | ᠲᠠᠯ᠎ᠠ ᠪᠠᠷ ᠪᠤᠲᠠᠲᠠᠢ ᠪᠦᠲᠦᠮᠵᠢ ᠣᠯᠵᠤ᠂ ᠦᠨᠡᠨᠬᠦ ᠰᠢᠰᠲ᠋ᠧᠮ ᠨᠢ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ | ᠪᠥᠭᠡᠳ ᠵᠢᠷᠤᠮᠵᠢᠭᠤᠨ᠂ ᠥᠨᠳᠥᠷ ᠪᠦᠲᠦᠮᠵᠢᠲᠡᠶ ᠪᠠᠶᠢᠭᠤᠯᠤᠯ ᠲᠣᠭᠲᠠᠴᠠ ᠶᠢ ᠪᠦᠲᠦᠭᠡᠨ ᠪᠠᠶᠢᠭᠤᠯᠵᠣ᠂ ᠠᠵᠤ | ᠠᠬᠤᠶ ᠨᠡᠶᠢᠭᠡᠮ ᠤᠨ ᠬᠥᠭᠵᠢᠯᠲᠡ ᠳᠤ ᠲᠠᠰᠤᠷᠠᠯᠲᠠ ᠦᠭᠡᠢ ᠰᠢᠨ᠎ᠡ ᠬᠥᠳᠡᠯᠭᠡᠬᠦ ᠬᠦᠴᠦᠨ ᠬᠠᠩᠭᠠᠨ᠎ᠠ ᠃ | — ᠨᠡᠭᠡᠭᠡᠯᠳᠡ ᠪᠠᠷ ᠳᠠᠶᠢᠴᠢᠯᠠᠬᠤ ᠶᠢ ᠪᠠᠷᠢᠮᠲᠠᠯᠠᠨ᠎ᠠ᠃ ᠬᠠᠷᠢᠯᠴᠠᠨ ᠬᠠᠷᠠᠭᠠᠯᠵᠠᠯ ᠦᠵᠡᠭᠦᠯᠵᠦ ᠬᠠᠷᠢᠯᠴᠠᠨ | ᠠᠰᠢᠭᠲᠠᠶ ᠪᠠᠶᠢᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠵᠠᠷᠴᠢᠮ ᠢ ᠬᠡᠷᠡᠭᠵᠢᠭᠦᠯᠵᠦ᠂ ᠣᠷᠣᠭᠤᠯᠵᠤ | ᠢᠷᠡᠬᠦ ᠪᠠ ᠭᠠᠳᠠᠭᠰᠢ ᠭᠠᠷᠬᠤ ᠶᠢ ᠵᠡᠷᠭᠡ ᠪᠠᠷ ᠴᠢᠬᠤᠯᠠᠴᠢᠯᠠᠨ᠂ ᠳᠣᠲᠣᠭᠠᠳᠤ ᠳᠠᠭᠠᠨ ᠴᠢᠯᠥᠭᠡᠲᠡᠶ ᠶᠠᠪᠤᠯᠴᠠᠬᠤ ᠪᠠ | ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠶᠢ ᠵᠡᠷᠭᠡ ᠳᠤᠨᠢ ᠴᠢᠬᠤᠯᠠᠴᠢᠯᠠᠵᠤ᠂ ᠭᠠᠳᠠᠭᠠᠳᠤ ᠲᠠᠢ ᠰᠣᠯᠢᠯᠴᠠᠵᠤ | ᠬᠠᠮᠲᠤᠷᠠᠨ ᠠᠵᠢᠯᠯᠠᠬᠤ ᠶᠢ ᠪᠦᠬᠦ ᠲᠠᠯ᠎ᠠ ᠪᠠᠷ ᠥᠷᠨᠢᠭᠦᠯᠵᠦ᠂ ᠨᠡᠭᠡᠭᠡᠯᠲᠡ ᠪᠠᠷ ᠦᠵᠡᠯ ᠰᠠᠨᠠᠭᠠᠨ ᠤ ᠴᠢᠯᠥᠭᠡᠯᠡᠯᠲᠡ᠂ | ᠣᠢᠢᠯᠠᠭᠠᠭᠳᠠᠬᠤᠨ ᠤ ᠬᠤᠪᠢᠰᠤᠯᠲᠠ᠂ ᠠᠵᠤ ᠦᠢᠯᠡᠰ ᠤᠨ ᠣᠯᠠᠨ ᠡᠰᠢᠲᠦ᠂ ᠪᠠᠶᠢᠷᠢᠯᠠᠭᠤᠯᠤᠯᠲᠠ ᠶᠢᠨ | ᠰᠢᠯᠢᠳᠡᠭᠵᠢᠭᠦᠯᠦᠯᠲᠡ᠂ ᠬᠥᠳᠡᠯᠭᠡᠭᠴᠢ ᠬᠦᠴᠦᠨ ᠤ ᠬᠤᠪᠢᠷᠠᠯᠲᠠ ᠶᠢ ᠳᠠᠶᠢᠴᠢᠯᠠᠨ᠎ᠠ᠃ | — ᠴᠢᠳᠠᠪᠤᠷᠢᠲᠠᠨ ᠤ ᠬᠦᠭᠵᠢᠯᠲᠡ ᠶᠢ ᠪᠠᠷᠢᠮᠲᠠᠯᠠᠨ᠎ᠠ᠃ ᠴᠢᠳᠠᠪᠤᠷᠢᠲᠠᠨ ᠤ ᠲᠤᠬᠠᠶ ᠬᠤᠷᠴᠠ ᠴᠢᠩᠭ᠎ᠠ | ᠤᠬᠠᠮᠰᠠᠷ ᠢ ᠪᠤᠢ ᠪᠣᠯᠭᠠᠵᠤ᠂ ︽ᠴᠢᠳᠠᠪᠤᠷᠢᠲᠠᠨ ᠪᠠᠷ ᠬᠤᠲᠠ ᠶᠢ ᠬᠦᠴᠦᠷᠬᠡᠭᠵᠢᠭᠦᠯᠬᠦ︾ ᠪᠠᠶᠢᠯᠳᠤᠬᠤ ᠪᠤᠳᠤᠯᠭ᠎ᠠ ᠶᠢ | ᠶᠡᠬᠡᠪᠡᠷ ᠬᠡᠷᠡᠭᠵᠢᠭᠦᠯᠵᠦ᠂ ᠬᠡᠷᠡᠭᠴᠡᠭᠡ ᠪᠠᠷ ᠬᠥᠲᠥᠯᠥᠨ ᠳᠠᠭᠠᠭᠤᠯᠬᠤ ᠶᠢ ᠳᠣᠪᠣᠶᠢᠯᠭᠠᠵᠣ᠂ ᠴᠢᠳᠠᠪᠤᠷᠢᠳᠠᠨ ᠣᠷᠢᠬᠤ | ᠪᠠ ᠴᠢᠳᠠᠪᠦᠷᠢᠳᠠᠨ ᠬᠦᠮᠦᠵᠢᠭᠦᠯᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠨᠡᠩ ᠶᠡᠭᠡ ᠬᠦᠴᠦᠯᠡᠴᠡ᠂ | ᠨᠡᠩ ᠰᠢᠯᠢᠳᠡᠭ ᠲᠦᠷᠢᠮ ᠢᠶᠠᠷ ᠪᠦᠬᠦ ᠬᠦᠴᠦᠨ ᠢᠶᠠᠷ ᠴᠢᠳᠠᠪᠤᠷᠢᠲᠠᠨ ᠢ ᠣᠷᠣᠭᠤᠯᠤᠨ ᠠᠪᠴᠢᠷᠠᠵᠣ᠂ ᠪᠦᠬᠦ | ᠲᠠᠯ᠎ᠠ ᠪᠠᠷ ᠴᠢᠳᠠᠪᠤᠷᠢᠲᠠᠨ ᠢ ᠰᠠᠶᠢᠲᠤᠷ ᠬᠡᠷᠡᠭᠯᠡᠵᠦ᠂ ᠴᠢᠳᠠᠪᠤᠷᠢᠲᠠᠨ ᠤ ᠰᠢᠨ᠎ᠡ ᠶᠢ ᠡᠭᠦᠳᠦᠨ ᠪᠦᠲᠦᠭᠡᠬᠦ ᠠᠮᠢᠳᠤᠯᠢᠭ | ᠬᠦᠴᠦᠨ ᠢ ᠭᠦᠢᠴᠡᠳ ᠪᠠᠳᠠᠷᠠᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠩᠭ᠎ᠠ ᠬᠦᠴᠦᠲᠡᠶ ᠤᠶᠤᠨ | ᠤ ᠳᠡᠮᠵᠢᠯᠭᠡ ᠶᠢ ᠬᠠᠩᠭᠠᠨ᠎ᠠ᠃ | — ᠠᠮᠢ ᠠᠬᠤᠶ ᠶᠢᠨ ᠬᠠᠷᠢᠯᠴᠠᠨ ᠬᠦᠳᠡᠯᠦᠯᠴᠡᠬᠦ ᠶᠢ ᠪᠠᠷᠢᠮᠳᠠᠯᠠᠨ᠎ᠠ᠃ ᠨᠣᠮᠢᠨ ᠤᠰᠤ ᠬᠥᠬᠡᠮᠳᠦᠭ ᠠᠭᠤᠯᠠ | ᠪᠣᠯ ᠳᠠᠷᠤᠶ ᠠᠯᠲᠠᠨ ᠠᠭᠤᠯᠠ ᠮᠥᠩᠭᠦᠨ ᠠᠭᠤᠯᠠ ᠮᠥᠨ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ | ᠪᠤᠢ ᠪᠣᠯᠭᠠᠨ ᠦᠢᠯᠡᠳᠦᠯᠭᠡᠵᠢᠭᠦᠯᠵᠦ᠂ ᠠᠵᠤ ᠠᠬᠤᠶ᠂ ᠨᠡᠶᠢᠭᠡᠮ ᠤᠨ ᠬᠥᠭᠵᠢᠯᠲᠡ ᠬᠢᠭᠡᠳ ᠠᠮᠢ ᠠᠬᠤᠶ ᠶᠢᠨ | ᠣᠷᠴᠢᠨ ᠲᠣᠭᠤᠷᠢᠨ ᠢ ᠬᠠᠮᠠᠭᠠᠯᠠᠬᠤ ᠶᠢ ᠨᠢᠭᠡᠳᠦᠯᠲᠡᠶ ᠲᠦᠯᠬᠢᠨ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠪᠠᠷ | ᠠᠮᠢ ᠠᠬᠤᠶ ᠶᠢᠨ ᠵᠠᠰᠠᠯᠲᠠ ᠶᠢ ᠲᠦᠯᠬᠢᠨ ᠠᠬᠢᠭᠤᠯᠵᠤ᠂ ᠤᠭᠢ ᠰᠠᠶᠢᠨ ᠠᠮᠢ ᠠᠬᠤᠢ ᠪᠠᠷ ᠠᠵᠤ ᠠᠬᠤᠶ ᠶᠢᠨ | ᠬᠥᠭᠵᠢᠯᠲᠡ ᠶᠢ ᠠᠬᠢᠭᠤᠯᠤᠨ᠂ ᠦᠵᠡᠰᠬᠦᠯᠡᠩᠲᠦ ᠰᠠᠶᠢᠬᠠᠨ ᠬᠢᠭᠡᠳ ᠥᠷᠨᠢᠩᠭᠦᠶ ᠬᠥᠭᠵᠢᠯᠲᠡ ᠶᠢᠨ ᠬᠤᠣᠰ ᠢᠯᠠᠯᠲᠠ | ᠶᠢ ᠪᠡᠶᠡᠯᠡᠭᠦᠯᠦᠨ᠎ᠡ᠃ | ᠬᠤᠶᠢᠰᠢᠳᠠ ᠶᠢᠨ ᠲᠠᠪᠤᠨ ᠵᠢᠯ ᠳᠠᠬᠢ ᠮᠠᠨ ᠤ ᠭᠤᠣᠯ ᠪᠣᠯᠬᠤ ᠡᠭᠦᠷᠭᠡ ᠪᠣᠯ᠄ | ᠨᠢᠭᠡ ᠳᠤ᠂ ᠪᠥᠬᠦ ᠬᠦᠴᠦᠨ ᠢᠶᠠᠷ ᠢᠶᠠᠨ ᠲᠥᠪ ᠬᠤᠲᠠ ᠶᠢᠨ ᠣᠨᠴᠠᠯᠢᠭ ᠪᠦᠬᠦᠢ ᠣᠳᠣᠬᠢᠴᠢᠯᠠᠭᠰᠠᠨ ᠠᠵᠤ | ᠠᠬᠤᠶ ᠶᠢᠨ ᠰᠢᠰᠲ᠋ᠧᠮ ᠢ ᠴᠤᠭᠴᠠᠯᠠᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠴᠡᠴᠡᠭᠯᠡᠨ ᠬᠦᠭᠵᠢᠯ᠂ ᠠᠮᠢ ᠠᠬᠤᠶ | ᠰᠠᠭᠤᠷᠢᠰᠢᠯ ᠳᠤ ᠲᠣᠬᠢᠷᠠᠮᠵᠢᠲᠠᠶ᠂ ᠲᠤᠰᠬᠤᠨ ᠤ ᠵᠠᠩ ᠰᠤᠷᠲᠠᠯ ᠪᠣᠯᠪᠠᠰᠤᠨ᠂ ᠪᠦᠲᠦᠮᠵᠢᠲᠡᠶ ᠵᠠᠰᠠᠬᠤ᠂ ᠠᠮᠢᠳᠤᠷᠠᠯ | ᠪᠠᠶᠠᠨ ᠴᠢᠨᠡᠭᠡᠯᠢᠭ ᠪᠠᠶᠢᠬᠤ ᠶᠡᠷᠦᠩᠬᠡᠶ ᠱᠠᠭᠠᠷᠳᠠᠯᠭ᠎ᠠ ᠶᠢ ᠦᠨᠳᠦᠰᠦᠯᠡᠵᠦ᠂ ᠠᠵᠤ ᠦᠢᠯᠡᠳᠪᠦᠷᠢ ᠪᠠᠷ ᠲᠠᠷᠢᠶᠠᠯᠠᠩ ᠢ | ᠨᠥᠬᠦᠪᠥᠷᠢᠯᠡᠬᠦ᠂ ᠬᠤᠳᠠ ᠪᠠᠷ ᠬᠥᠳᠡᠭᠡ ᠲᠣᠰᠬᠤᠨ ᠢ ᠲᠠᠶᠢᠴᠢᠯᠠᠬᠤ ᠶᠢ ᠪᠠᠷᠢᠮᠳᠠᠯᠠᠵᠤ᠂ ᠲᠠᠷᠢᠶᠠᠯᠠᠩ ᠬᠥᠳᠡᠭᠡ | ᠲᠣᠰᠬᠤᠨ ᠤ ᠣᠳᠣᠬᠢᠴᠢᠯᠠᠯᠲᠠ ᠶᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠦᠨᠳᠦᠰᠦᠨ | ᠡᠵᠡᠩᠨᠡᠯᠲᠡ ᠶᠢᠨ ᠲᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠲᠠᠭᠠᠭᠤᠯᠤᠭᠴᠢ ᠶᠢᠨ ᠳᠠᠭᠠᠭᠤᠯᠤᠨ ᠳᠠᠶᠢᠴᠢᠯᠠᠬᠤ | ᠪᠠ ᠠᠰᠢᠭ ᠲᠤᠰᠠ ᠶᠢᠨ ᠬᠤᠯᠪᠤᠯᠳᠤᠯ ᠢ ᠴᠢᠩᠭᠠᠳᠬᠠᠵᠤ᠂ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ | ᠭᠤᠷᠪᠠᠳᠤᠭᠠᠷ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ ᠠᠬᠢᠭᠤᠯᠵᠤ᠂ ᠬᠤᠲᠠᠴᠢᠯᠠᠭᠰᠠᠨ ᠬᠥᠳᠡᠭᠡ ᠠᠵᠤ | ᠠᠬᠤᠶ ᠶᠢ ᠨᠠᠷᠢᠯᠢᠭ ᠬᠢᠵᠦ᠂ ᠲᠠᠷᠢᠶᠠᠯᠠᠩ ᠤᠨ ᠭᠠᠷᠤᠯᠲᠠ ᠪᠠᠨ ᠨᠡᠮᠡᠭᠳᠡᠭᠦᠯᠬᠦ ᠴᠢᠭᠯᠡᠯ ᠠᠴᠠ ᠶᠠᠰᠤ ᠴᠢᠨᠠᠷ ᠤᠨ ᠴᠢᠭᠯᠡᠯ | ᠳᠤ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠪᠠᠷ ᠬᠤᠲᠠ ᠶᠢ ᠬᠦᠴᠦᠷᠭᠡᠭᠵᠢᠭᠦᠯᠬᠦ | ᠪᠠᠶᠢᠯᠳᠤᠬᠤ ᠪᠤᠳᠤᠯᠭ᠎ᠠ ᠶᠢ ᠶᠡᠬᠡᠪᠡᠷ ᠲᠦᠯᠬᠢᠨ ᠠᠬᠢᠭᠤᠯᠵᠤ᠂ ᠠᠵᠤ ᠦᠢᠯᠡᠳᠪᠦᠷᠢ ᠶᠢᠨ ᠳᠠᠬᠢᠨ ᠢᠶᠠᠷ ᠨᠡᠮᠡᠭᠳᠡᠬᠦ | ᠲᠥᠯᠥᠪᠯᠡᠭᠡ ᠶᠢ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠢ ᠬᠤᠶᠠᠷ ᠲᠠᠬᠢᠨ ᠪᠤᠯᠭᠠᠬᠤ | ᠶᠢ ᠪᠡᠶᠡᠯᠡᠭᠦᠯᠦᠨ᠎ᠡ᠃ ᠠᠵᠤ ᠦᠢᠯᠡᠳᠪᠦᠷᠢ ᠶᠢᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠲᠣᠬᠢᠷᠠᠭᠤᠯᠤᠨ | ᠰᠢᠯᠢᠳᠡᠭᠵᠢᠭᠦᠯᠵᠦ᠂ ᠠᠵᠤ ᠦᠢᠯᠡᠰ ᠤᠨ ᠪᠦᠯᠦᠭᠵᠢᠯᠡᠬᠦ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ | ᠬᠤᠷᠢᠨᠭᠡᠷ ᠰᠢᠨ᠎ᠡ ᠲᠤᠭᠤᠷᠢᠭ ᠤᠨ ᠭᠤᠣᠯᠳᠠᠯᠭ᠎ᠠ ᠲᠠᠢ ᠤᠷᠤᠨ᠂ ᠶᠢᠨ ᠱᠠᠨ ᠤ ᠤᠯᠤᠰ ᠤᠨ ᠲᠡᠰ ᠤᠨ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠳᠪᠦᠷᠢ ᠶᠢᠨ ᠨᠡᠭᠡᠭᠡᠯᠲᠡ ᠶᠢᠨ ᠣᠷᠣᠨ᠂ ᠲᠤᠭᠲᠠᠬᠤ ᠴᠢᠩ ᠱᠦᠢ ᠾᠧ ᠶᠢᠨ | ᠠᠵᠤ ᠦᠢᠯᠡᠳᠪᠦᠷᠢ ᠶᠢᠨ ᠲᠦᠪᠯᠡᠷᠡᠭᠰᠡᠨ ᠤᠷᠤᠨ ᠢ ᠰᠢᠨ᠎ᠡ ᠦᠰᠦᠯᠲᠠ ᠲᠠᠢ ᠪᠤᠯᠭᠠᠨ᠎ᠠ᠃ ᠲᠤᠮᠤ ᠳ᠋ᠠᠶᠢᠲ᠋ᠠ ᠶᠢᠨ | ᠠᠵᠤ ᠦᠢᠯᠡᠰ ᠤᠨ ᠳᠠᠪᠠᠭᠤᠯᠢᠭ ᠲᠠᠯ᠎ᠠ ᠪᠠᠨ ᠪᠠᠳᠠᠷᠠᠭᠤᠯᠵᠤ᠂ ᠮᠡᠳᠡᠭᠡ ᠵᠠᠩᠭᠢᠴᠢᠯᠠᠯᠲᠠ ᠬᠢᠭᠡᠳ ᠠᠵᠤ | ᠦᠢᠯᠡᠳᠪᠦᠷᠢᠵᠢᠯᠲᠡ ᠶᠢᠨ ᠭᠦᠨᠵᠡᠭᠡᠢ ᠨᠡᠶᠢᠯᠡᠯᠴᠡᠯ ᠢ ᠠᠬᠢᠭᠤᠯᠤᠨ᠂ ᠪᠣᠬᠢᠷᠲᠤᠯ ᠦᠭᠡᠶ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠣᠯᠪᠠᠰᠤᠷᠠᠭᠤᠯᠬᠤ᠂ ᠴᠠᠬᠢᠯᠭᠠᠨ ᠬᠦᠴᠦᠨ ᠤ ᠡᠨᠧᠷᠭᠢ᠂ ᠴᠢᠯᠠᠭᠤᠨ | ᠲᠤᠰᠤ ᠪᠤᠯᠤᠨ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠳᠤᠮᠳᠠ | ᠳᠡᠭᠡᠳᠦ ᠳᠡᠰ ᠵᠦᠭ ᠲᠠᠪᠰᠢᠬᠤ ᠶᠢ ᠲᠦᠯᠬᠢᠨ ᠠᠬᠢᠭᠤᠯᠵᠤ᠂ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ᠂ ᠰᠢᠨ᠎ᠡ | ᠮᠠᠲ᠋ᠧᠷᠢᠶᠠᠯ᠂ ᠲᠣᠨᠣᠭᠯᠠᠯ ᠦᠢᠯᠡᠳᠬᠦ᠂ ᠡᠯᠧᠺᠲᠷᠣᠨ ᠮᠡᠳᠡᠭᠡ ᠵᠠᠩᠭᠢ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠶ | ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠢᠨ᠎ᠡ ᠨᠡᠮᠡᠭᠳᠡᠯ ᠤᠨ ᠬᠦᠷᠢᠶᠡᠨ ᠳᠤ ᠬᠦᠭᠵᠢᠭᠦᠯᠦᠨ᠎ᠡ᠃ ᠠᠵᠤ | ᠠᠬᠤᠶᠢᠯᠠᠯᠲᠠᠨ ᠤ ᠵᠣᠷᠢᠭ ᠰᠠᠨᠠᠭ᠎ᠠ ᠶᠢ ᠬᠥᠭᠵᠢᠭᠡᠨ ᠬᠠᠮᠠᠭᠠᠯᠠᠵᠤ᠂ ᠪᠣᠳᠠᠲᠤ ᠴᠤᠭᠴᠠᠲᠤ ᠠᠵᠤ ᠠᠬᠤᠶ ᠶᠢ ᠶᠡᠬᠡᠪᠡᠷ | ᠬᠥᠭᠵᠢᠭᠦᠯᠵᠦ᠂ ᠠᠷᠠᠳ ᠤᠨ ᠡᠵᠡᠩᠨᠡᠭᠰᠡᠨ ᠠᠵᠤ ᠠᠬᠤᠶ ᠶᠢ ᠲᠡᠳᠬᠦᠨ ᠳᠡᠮᠵᠢᠵᠤ ᠪᠤᠵᠠᠭᠠᠶᠢᠷᠠᠭᠤᠯᠤᠨ᠂ ᠵᠠᠭᠤᠨ | ᠳ᠋ᠦᠩᠰᠢᠭᠤᠷ ᠲᠥᠭᠦᠷᠢᠭ ᠤᠨ ᠠᠵᠤ ᠠᠬᠤᠶᠢᠯᠠᠯ ᠢ 20 ᠡᠷᠦᠬᠡ ᠠᠴᠠ ᠲᠡᠭᠡᠭᠰᠢ ᠪᠤᠯᠭᠠᠨ᠂ ᠨᠢᠭᠡ ᠪᠦᠯᠦᠭ | ᠰᠢᠨ᠎ᠡ ᠶᠢ ᠡᠭᠦᠳᠬᠦ ᠴᠢᠳᠠᠪᠤᠷᠢᠲᠠᠢ ᠬᠤᠰᠢᠭᠤᠴᠢ ᠠᠵᠤ ᠠᠬᠤᠶᠢᠯᠠᠯ ᠢ ᠬᠦᠮᠦᠵᠢᠭᠦᠯᠵᠦ᠂ ᠨᠢᠭᠡ ᠪᠦᠯᠦᠭ ︽ | ᠲᠤᠰᠬᠠᠶᠢᠵᠢᠵᠤ ᠨᠠᠷᠢᠯᠢᠭᠵᠢᠭᠰᠠᠨ ᠦᠪᠡᠷᠮᠢᠴᠡ ᠤᠨᠴᠠᠯᠢᠭ ᠪᠦᠬᠦᠢ ᠰᠢᠨ᠎ᠡ ᠬᠡᠯᠪᠡᠷᠢ︾ ᠶᠢᠨ ᠳᠤᠮᠳᠠ ᠪᠠᠭ᠎ᠠ ᠠᠵᠤ | ᠠᠬᠤᠶᠢᠯᠠᠯ ᠢ ᠲᠡᠳᠬᠦᠨ ᠲᠡᠮᠵᠢᠨ᠎ᠡ᠃ ᠬᠡᠷᠡᠭᠯᠡᠭᠡᠨ ᠤ ᠳᠡᠰ ᠳᠡᠪᠰᠢᠯᠲᠡ ᠶᠢᠨ ᠬᠡᠷᠡᠭᠴᠡᠭᠡ ᠲᠠᠢ ᠵᠣᠬᠢᠴᠠᠭᠤᠯᠵᠤ᠂ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠡᠪ ᠵᠠᠭᠪᠤᠷ ᠤᠨ ᠰᠢᠨ᠎ᠡ ᠶᠢ ᠡᠭᠦᠳᠬᠦ᠂ ᠲᠣᠭᠠᠴᠢᠯᠠᠭᠰᠠᠨ ᠠᠵᠤ | ᠠᠬᠤᠶ ᠶᠢ ᠶᠡᠬᠡᠪᠡᠷ ᠬᠥᠭᠵᠢᠭᠦᠯᠵᠦ᠂ ᠪᠠᠷᠠᠭᠠᠨ ᠤ ᠭᠦᠢᠯᠭᠡᠭᠡ᠂ ᠡᠯᠧᠺᠲᠷᠣᠨ ᠬᠤᠳᠠᠯᠳᠤᠭ᠎ᠠ᠂ ᠮᠥᠩᠭᠦᠨ ᠭᠦᠢᠯᠭᠡᠭᠡ᠂ | ᠦᠵᠡᠰᠬᠦᠯᠡᠩ᠂ ᠰᠤᠶᠤᠯ ᠤᠨ ᠰᠢᠨᠡᠴᠢᠯᠡᠯ᠂ ᠵᠢᠭᠤᠯᠴᠢᠯᠠᠯ᠂ ᠡᠷᠡᠭᠦᠯ ᠮᠡᠨᠳᠦ ᠵᠡᠷᠭᠡ ᠰᠢᠨ᠎ᠡ ᠪᠠᠷ ᠬᠥᠭᠵᠢᠭᠰᠡᠨ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠂ ᠰᠣᠶᠣᠯ ᠤᠨ ᠠᠵᠤ | ᠦᠢᠯᠡᠰ ᠪᠣᠯᠤᠨ ᠵᠢᠭᠤᠯᠴᠢᠯᠠᠯ ᠤᠨ ᠠᠵᠤ ᠦᠢᠯᠡᠰ ᠢ ᠰᠢᠨ᠎ᠡ ᠲᠤᠯᠭᠠᠭᠤᠷᠢ ᠠᠵᠤ ᠦᠢᠯᠡᠰ ᠪᠤᠯᠭᠠᠵᠤ᠂ ᠰᠢᠨ᠎ᠡ ᠪᠠᠷ | ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠦᠢᠯᠡᠳᠭᠦᠨ ᠤ ᠦᠷᠳᠡᠭ ᠤᠨ ᠡᠵᠡᠯᠡᠬᠦ ᠬᠠᠷᠢᠴᠠᠯ ᠢ ᠦᠷᠭᠦᠯᠵᠢᠯᠡᠨ | ᠳᠡᠭᠡᠭᠰᠢᠯᠡᠭᠦᠯᠦᠨ᠎ᠡ᠃ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠳᠠᠬᠢ ᠰᠢᠨ᠎ᠡ ᠶᠢ ᠡᠭᠦᠳᠬᠦ ᠪᠠᠶᠢᠯᠳᠤᠬᠤ | ᠪᠣᠳᠣᠯᠭ᠎ᠠ ᠶᠢᠨ ᠲᠦᠰᠢᠭ ᠲᠤᠯᠭᠠᠭᠤᠷᠢ ᠶᠢ ᠲᠤᠪᠤᠶᠢᠯᠭᠠᠨ᠂ ᠬᠥᠬᠡᠬᠤᠲᠠ ᠶᠢ ᠰᠢᠨᠵᠢᠯᠡᠭᠡ ᠮᠡᠷᠭᠡᠵᠢᠯ ᠤᠨ ᠬᠤᠳᠡ | ᠪᠤᠯᠭᠠᠬᠤ ᠪᠠᠷ ᠲᠦᠷᠭᠡᠪᠴᠢᠯᠡᠨ ᠪᠦᠲᠦᠭᠡᠨ ᠪᠠᠶᠢᠭᠤᠯᠵᠤ᠂ ᠰᠢᠨᠵᠢᠯᠡᠭᠡ ᠮᠡᠷᠭᠡᠵᠢᠯ ᠤᠨ ᠠᠵᠤ ᠠᠬᠤᠶ ᠶᠢᠨ ᠨᠡᠮᠡᠭᠳᠡᠯ ᠳᠤ | ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠶᠢ 60 % ᠣᠷᠴᠢᠮ ᠬᠦᠷᠲᠡᠯ᠎ᠡ ᠳᠡᠭᠡᠭᠰᠢᠯᠡᠭᠦᠯᠦᠨ᠎ᠡ᠃ | ᠬᠤᠶᠠᠷ ᠲᠤ᠂ ᠬᠤᠳᠠ ᠬᠥᠳᠡᠭᠡ ᠶᠢᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠢᠳᠡᠪᠬᠢᠲᠡᠶ ᠪᠠᠷ | ᠲᠦᠯᠬᠢᠠ ᠠᠬᠢᠭᠤᠯᠬᠤ ᠬᠡᠷᠡᠭᠲᠡᠶ᠃ ᠬᠤᠳᠠ ᠬᠥᠳᠡᠭᠡ ᠶᠢ ᠬᠠᠮᠤᠷᠤᠭᠰᠠᠨ᠂ ᠳᠣᠲᠣᠷ᠎ᠠ ᠪᠠᠨ ᠬᠤᠯᠪᠤᠯᠳᠤᠨ ᠭᠠᠳᠠᠭᠰᠢ | ᠨᠡᠪᠲᠡᠷᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠤᠤᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠪᠡᠭᠡᠵᠢᠩ ᠬᠥᠬᠡᠬᠤᠲᠠ ᠢ ᠨᠡᠪᠲᠡᠷᠡᠭᠦᠯᠦᠭᠰᠡᠨ ᠦᠨᠳᠦᠷ ᠬᠤᠷᠳᠤᠴᠠᠲᠤ ᠲᠡᠮᠦᠷ ᠵᠠᠮ ᠤᠨ ᠪᠠᠶᠢᠭᠤᠯᠤᠭᠳᠠᠬᠤ ᠶᠢ | ᠠᠬᠢᠭᠤᠯᠵᠤ᠂ ᠮᠠᠨ ᠤ ᠬᠤᠲᠠ ᠠᠴᠠ ᠢᠷᠭᠠᠢ᠂ ᠨᠠᠨᠨᠢᠩ ᠬᠦᠷᠬᠦ ᠦᠨᠳᠦᠷ ᠬᠤᠷᠳᠤᠴᠠᠲᠤ ᠲᠡᠮᠦᠷ ᠵᠠᠮ ᠨᠡᠪᠲᠡᠷᠡᠬᠦ | ᠲᠥᠷᠥᠯ ᠵᠦᠢᠯ ᠢ ᠡᠬᠢᠯᠡᠭᠦᠯᠬᠦ ᠪᠠᠷ ᠴᠢᠷᠮᠠᠶᠢᠵᠤ᠂ ᠣᠷᠣᠨ ᠪᠦᠰᠡ ᠶᠢᠨ ᠴᠢᠨᠠᠷᠲᠠᠶ ᠥᠨᠳᠥᠷ ᠬᠤᠷᠳᠤᠴᠠᠲᠤ ᠲᠡᠮᠦᠷ | ᠵᠠᠮ ᠤᠨ ᠵᠠᠩᠭᠢᠯᠠᠭ᠎ᠠ ᠪᠤᠯᠭᠠᠨ᠎ᠠ᠃ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠶᠡᠷᠦᠩᠬᠡᠶᠢᠯᠡᠭᠰᠡᠨ ᠵᠠᠮ | ᠬᠠᠷᠢᠯᠴᠠᠭᠠᠨ ᠤ ᠵᠠᠩᠭᠢᠯᠠᠭ᠎ᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠳᠠ ᠶᠢᠨ ᠬᠡᠪᠴᠢᠶᠡᠨ ᠤ | ᠳᠡᠭᠡᠳᠦ ᠲᠡᠰ ᠤᠨ ᠵᠠᠰᠠᠮᠠᠯ ᠵᠠᠮ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠴᠠᠬᠢᠯᠭᠠᠨ ᠤ ᠰᠤᠷᠪᠤᠯᠵᠢ | ᠴᠠᠬᠢᠯᠭᠠᠨ ᠤ ᠲᠣᠣᠷ᠂ ᠴᠠᠬᠢᠯᠭᠠᠨ ᠲᠠᠮᠵᠢᠭᠤᠯᠬᠤ ᠨᠡᠪᠲᠡᠷᠡᠯ ᠵᠠᠮ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠭᠤᠯᠠᠶ | ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠯᠵᠢᠮᠡᠯ ᠨᠧᠲ ᠰᠦᠯᠵᠢᠶ᠎ᠡ | ᠂ ᠪᠠᠷᠠᠭᠠᠨ ᠤ ᠰᠦᠯᠵᠢᠶ᠎ᠡ᠂ ᠤᠶᠤᠨᠲᠤ ᠬᠤᠲᠠ ᠵᠡᠷᠭᠡ ᠮᠡᠳᠡᠭᠡ ᠵᠠᠩᠭᠢ ᠶᠢᠨ ᠰᠠᠭᠤᠷᠢ ᠰᠦᠯᠵᠢᠶᠡᠨ ᠤ | ᠪᠠᠶᠢᠷᠢᠰᠢᠭᠤᠯᠤᠯᠲᠠ ᠶᠢ ᠲᠦᠷᠭᠡᠳᠬᠡᠵᠦ᠂ ᠪᠣᠳᠠᠲᠤ ᠪᠠᠶᠢᠳᠠᠯ ᠲᠠᠢ ᠨᠡᠶᠢᠴᠡᠬᠦ᠂ ᠵᠣᠬᠢᠰᠲᠠᠶ ᠤᠷᠢᠳᠴᠢᠯᠠᠭᠰᠠᠨ ᠰᠠᠭᠤᠷᠢ | ᠲᠥᠬᠦᠭᠡᠷᠦᠮᠵᠢ ᠶᠢᠨ ᠰᠢᠰᠲ᠋ᠧᠮ ᠢ ᠪᠦᠳᠦᠭᠡᠨ ᠪᠠᠶᠢᠭᠤᠯᠬᠤ ᠬᠡᠷᠡᠭᠲᠡᠢ᠃ ᠭᠤᠣᠯ ᠬᠤᠳᠠ ᠶᠢᠨ ᠲᠣᠭᠤᠷᠢᠭ ᠤᠨ | ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠤᠳᠠ ᠶᠢᠨ ᠲᠦᠷᠭᠡᠨ ᠵᠠᠮ᠂ ᠵᠢᠮᠲᠦ | ᠵᠠᠮ ᠨᠡᠪᠲᠡᠷᠡᠯᠭᠡ ᠵᠡᠷᠭᠡ ᠬᠤᠲᠠ ᠶᠢᠨ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠰᠢᠰᠲ᠋ᠧᠮ ᠢ ᠪᠠᠶᠢᠭᠤᠯᠬᠤ ᠶᠢ | ᠲᠦᠷᠭᠡᠳᠬᠡᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ ᠣᠳᠣᠬᠢᠴᠢᠯᠠᠭᠰᠠᠨ ᠣᠷᠣᠨ ᠤ ᠲᠥᠪ ᠢ ᠪᠦᠳᠦᠭᠡᠨ | ᠪᠠᠶᠢᠭᠤᠯᠣᠨ᠎ᠠ᠃ ᠬᠤᠷᠢᠨᠭᠡᠷ ᠰᠢᠨ᠎ᠡ ᠲᠤᠭᠤᠷᠢᠭ ᠪᠣᠯᠣᠨ ᠭᠤᠣᠯ ᠬᠤᠳᠠ ᠶᠢᠨ ᠲᠣᠭᠤᠷᠢᠭ ᠤᠨ ᠲᠥᠯᠥᠪᠵᠢᠭᠦᠯᠭᠡ | ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠠᠬᠢᠭᠤᠯᠵᠤ᠂ ᠰᠠᠭᠤᠷᠢ ᠲᠥᠬᠦᠭᠡᠷᠦᠮᠵᠢ᠂ ᠠᠵᠤ ᠦᠢᠯᠡᠰ ᠤᠨ | ᠬᠥᠭᠵᠢᠯᠲᠡ ᠶᠢᠨ ᠬᠠᠷᠢᠯᠴᠠᠨ ᠦᠢᠯᠡᠳᠦᠯᠴᠡᠵᠦ ᠬᠠᠷᠢᠯᠴᠠᠨ ᠠᠬᠢᠭᠤᠯᠬᠤ ᠶᠢ ᠲᠦᠯᠬᠢᠨ ᠣᠷᠣᠭᠰᠢᠯᠠᠭᠤᠯᠬᠤ ᠬᠡᠷᠡᠭᠲᠡᠶ᠃ | ᠬᠤᠰᠢᠭᠤ ᠰᠢᠶᠠᠨ ᠤ ᠭᠠᠵᠠᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠵᠢᠭᠤᠯᠴᠢᠯᠠᠯ ᠤᠨ ᠵᠢᠵᠢᠭ | ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡ ᠪᠦᠯᠦᠭ ᠥᠪᠡᠷᠮᠢᠴᠡ ᠣᠨᠴᠠᠯᠢᠭ ᠪᠦᠬᠦᠢ | ᠠᠶᠢᠯ ᠲᠣᠰᠬᠤᠨ ᠪᠠᠯᠭᠠᠰᠤ ᠶᠢ ᠪᠦᠳᠦᠭᠡᠨ ᠪᠠᠶᠢᠭᠤᠯᠵᠤ᠂ ᠲᠠᠷᠢᠶᠠᠯᠠᠩ ᠤᠨ ᠬᠥᠮᠦᠨ ᠠᠮᠠ ᠶᠢᠨ ᠬᠤᠲᠠᠴᠢᠯᠠᠯᠲᠠ ᠶᠢ | ᠲᠦᠷᠭᠡᠳᠬᠡᠵᠦ᠂ ᠬᠤᠳᠠ ᠬᠥᠳᠡᠭᠡ᠂ ᠣᠷᠣᠨ ᠪᠦᠰᠡ ᠶᠢᠨ ᠬᠤᠭᠤᠷᠣᠨᠳᠣᠬᠢ ᠬᠥᠭᠵᠢᠯᠲᠡ ᠶᠢᠨ ᠵᠥᠷᠢᠶ᠎ᠡ ᠶᠢ | ᠪᠠᠭᠠᠰᠬᠠᠬᠤ ᠬᠡᠷᠡᠭᠲᠡᠢ᠃ | ᠭᠤᠷᠪᠠ ᠳᠤ᠂ ︽ᠦᠵᠡᠰᠬᠦᠯᠡᠩᠲᠦ ᠰᠠᠶᠢᠬᠠᠨ ᠬᠦᠬᠡᠬᠤᠲᠠ︾ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ | ᠬᠡᠷᠡᠭᠲᠡᠢ᠃ ᠬᠤᠲᠠ ᠶᠢᠨ ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠬᠢᠭᠡᠳ ᠪᠥᠳᠥᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ | ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠵᠤ᠂ ᠡᠬᠢ ᠪᠠᠶᠠᠯᠢᠭ ᠢ ᠠᠷᠪᠢᠯᠠᠬᠤ᠂ | ᠣᠷᠴᠢᠨ ᠠᠬᠤᠶ ᠶᠢ ᠬᠠᠮᠠᠭᠠᠯᠠᠬᠤ ᠣᠷᠣᠨ ᠵᠠᠶ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ ᠪᠣᠯᠣᠨ | ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠪᠦᠷᠢᠯᠳᠦᠭᠦᠯᠦᠨ᠎ᠡ᠃ ᠪᠣᠬᠢᠷᠲᠤᠯ ᠦᠭᠡᠢ ᠲᠤᠤᠷ᠎ᠠ | ᠨᠡᠭᠦᠷᠡᠰᠦᠳᠦ᠋ᠷᠦᠭᠴᠢᠲᠦ ᠣᠷᠴᠢᠯ ᠬᠦᠭᠵᠢᠯᠲᠡ ᠶᠢᠨ ᠠᠵᠤ ᠠᠬᠤᠶ ᠶᠢᠨ ᠰᠢᠰᠲ᠋ᠧᠮ ᠢ ᠪᠠᠶᠢᠭᠤᠯᠵᠤ᠂ ᠡᠨᠧᠷᠭᠢ | ᠠᠷᠪᠢᠯᠠᠨ ᠣᠷᠴᠢᠨ ᠠᠬᠤᠶ ᠶᠢ ᠬᠠᠮᠠᠭᠠᠯᠠᠬᠤ᠂ ᠴᠡᠪᠡᠷ ᠦᠢᠯᠡᠳᠪᠦᠷᠢᠯᠡᠯ᠂ ᠠᠷᠢᠭᠤᠨ ᠴᠡᠪᠡᠷ ᠡᠨᠧᠷᠭᠢ ᠶᠢᠨ | ᠰᠤᠷᠪᠤᠯᠵᠢ ᠶᠢᠨ ᠠᠵᠤ ᠦᠢᠯᠡᠰ ᠢ ᠢᠳᠡᠪᠬᠢᠲᠡᠶ ᠬᠦᠭᠵᠢᠭᠦᠯᠬᠦ ᠬᠡᠷᠡᠭᠲᠡᠢ᠃ ᠠᠭᠤᠯᠠ ᠤᠰᠤ ᠤᠢ ᠰᠢᠭᠤᠢ ᠭᠠᠵᠠᠷ | ᠳᠠᠷᠢᠶ᠎ᠠ ᠨᠠᠭᠤᠷ ᠴᠦᠭᠦᠷᠦᠮ ᠡᠪᠡᠰᠦ ᠪᠡᠯᠴᠢᠭᠡᠷ ᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ ᠲᠦᠯᠦᠪᠯᠡᠵᠦ᠂ | ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠥᠷᠨᠢᠭᠦᠯᠦᠨ᠂ ᠳᠠᠯᠠᠨ ᠬᠠᠷ᠎ᠠ ᠠᠭᠤᠯᠠ ᠶᠢᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠬᠠᠲᠤᠨ ᠭᠤᠣᠯ ᠤᠨ ᠡᠷᠭᠢ ᠳᠠᠭᠠᠤ ᠪᠣᠯᠣᠨ ᠪᠤᠰᠤᠳ ᠠᠮᠢ ᠠᠬᠤᠶ | ᠬᠡᠪᠡᠷᠡᠭ ᠣᠷᠣᠨ ᠤ ᠬᠠᠮᠠᠭᠠᠯᠠᠯᠲᠠ ᠶᠢ ᠴᠢᠩᠭᠠᠳᠬᠠᠵᠤ᠂ ︽ᠬᠤᠶᠠᠷ ᠠᠭᠤᠯᠠ ᠨᠢᠭᠡ ᠮᠦᠷᠡᠨ︾ ᠤ ᠠᠮᠢ ᠠᠬᠤᠶ ᠶᠢᠨ | ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠠᠪᠤᠨ ᠵᠢᠯ ᠳᠤ ᠣᠶᠢᠵᠢᠭᠤᠯᠤᠨ ᠨᠣᠭᠤᠭᠠᠷᠠᠭᠤᠯᠬᠤ ᠲᠠᠯᠠᠪᠠᠶ | 100 ᠲᠦᠮᠡᠨ ᠮᠦ ᠠᠴᠠ ᠳᠡᠭᠡᠭᠰᠢ ᠪᠠᠶᠢᠯᠭᠠᠨ᠎ᠠ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠠᠳᠠᠭᠰᠢᠯᠠᠭᠤᠯᠬᠤ ᠶᠢ ᠪᠠᠷᠢᠮᠵᠢᠶᠠᠨ ᠳᠤ ᠬᠦᠷᠬᠦ ᠶᠢ ᠬᠦᠴᠦᠲᠡᠢ | ᠠᠬᠢᠭᠤᠯᠬᠤ ᠬᠡᠷᠡᠭᠲᠡᠶ᠃ ᠬᠤᠳᠠ ᠶᠢᠨ ᠤᠷᠤᠨ ᠤ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ | ᠤ ᠶᠡᠷᠦᠩᠬᠡᠢ ᠵᠠᠰᠠᠯᠲᠠ ᠶᠢ ᠲᠦᠷᠭᠡᠳᠬᠡᠵᠦ᠂ 2020 ᠣᠨ ᠪᠤᠯᠬᠤ ᠳᠤ ᠲᠠᠲᠠᠬᠤ ᠨᠦᠬᠦᠪᠦᠷᠢᠯᠡᠬᠦ ᠶᠢᠨ | ᠲᠡᠩᠴᠡᠭᠦᠷᠢᠲᠡᠶ ᠪᠤᠯᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠤᠰᠤ ᠪᠣᠯᠤᠨ ᠬᠥᠷᠥᠰᠥ ᠰᠢᠷᠣᠶ ᠶᠢᠨ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠭᠤᠣᠯ ᠬᠤᠲᠠ᠂ ᠭᠤᠣᠯᠳᠠᠯᠭ᠎ᠠ ᠲᠠᠢ | ᠪᠠᠯᠭᠠᠰᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠪᠣᠯᠤᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠪᠥᠬᠦᠳᠡ ᠶᠢ ᠴᠤᠭᠯᠠᠭᠤᠯᠤᠨ᠂ ᠪᠦᠬᠦᠲᠡ ᠶᠢ ᠰᠢᠢᠳᠪᠦᠷᠢᠯᠡᠵᠦ᠂ ᠣᠷᠣᠨ ᠤ ᠲᠥᠪ ᠤᠨ | ᠣᠭᠲᠠᠷᠭᠤᠶ ᠶᠢ ᠨᠡᠩ ᠴᠡᠯᠮᠡᠭ ᠰᠠᠶᠢᠬᠠᠨ᠂ ᠠᠭᠤᠯᠠᠰ ᠶᠢ ᠨᠡᠩ ᠨᠣᠭᠤᠭᠠᠨ᠂ ᠤᠰᠤ ᠶᠢ ᠨᠡᠩ ᠲᠤᠩᠭᠠᠯᠠᠭ᠂ | ᠠᠭᠠᠷ ᠢ ᠨᠠᠩ ᠴᠡᠪᠡᠷ ᠪᠣᠯᠭᠠᠨ᠎ᠠ᠃ | ᠲᠦᠷᠪᠡ ᠳᠤ᠂ ᠰᠣᠶᠣᠯ ᠤᠨ ᠬᠦᠴᠦᠷᠬᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ | ᠠᠬᠢᠭᠤᠯᠬᠤ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠤᠶᠢᠵᠢᠭᠤᠯᠤᠨ | ᠦᠢᠯᠡᠳᠦᠯᠭᠡᠵᠢᠭᠦᠯᠵᠦ᠂ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠲᠦᠮᠡᠨᠴᠢ | ᠴᠢᠨᠠᠷᠲᠠᠶ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠪᠥᠬᠦ ᠤᠯᠤᠰ ᠤᠨ | ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠰᠢᠨ᠎ᠡ ᠨᠢᠭᠡᠨ ᠡᠭᠡᠯᠵᠢ ᠶᠢᠨ ᠠᠵᠢᠯ ᠢ ᠡᠬᠢᠯᠡᠭᠦᠯᠦᠨ᠎ᠡ᠃ ᠤᠷᠤᠨ ᠤ | ᠲᠥᠪ ᠦᠨᠤᠬᠠᠮᠰᠠᠷ ᠢ ᠪᠤᠢ ᠪᠣᠯᠭᠠᠵᠤ᠂ ᠥᠷᠭᠡᠨ ᠤᠯᠠᠨ ᠬᠤᠳᠠ ᠶᠢᠨ ᠠᠷᠠᠳ ᠤᠨ ᠤᠷᠤᠨ ᠤ ᠲᠥᠪ ᠤᠨ ᠠᠷᠠᠳ | ᠪᠤᠯᠤᠭᠰᠠᠨ ᠤᠮᠤᠭᠰᠢᠯᠲᠤ ᠰᠡᠳᠭᠢᠯᠭᠡ ᠪᠣᠯᠣᠨ ᠰᠠᠶᠢᠨ ᠤᠷᠤᠨ ᠤ ᠲᠥᠪ ᠢ ᠰᠠᠶᠢᠲᠤᠷ ᠪᠦᠲᠦᠭᠡᠨ ᠪᠠᠶᠢᠭᠤᠯᠬᠤ | ᠬᠠᠷᠢᠭᠤᠴᠠᠯᠭᠠᠲᠤ ᠰᠡᠳᠬᠢᠯᠭᠡ ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠢ ᠴᠢᠩᠭᠠᠳᠬᠠᠵᠤ᠂ ᠪᠠᠬᠢᠯᠡᠯᠲᠡ ᠶᠢᠨ ᠭᠠᠵᠠᠷ ᠤᠨ ᠪᠦᠳᠦᠭᠡᠨ ᠪᠠᠶᠢᠭᠤᠯᠤᠯᠲᠠ ᠪᠠ | ᠬᠠᠮᠢᠶᠠᠷᠤᠯᠲᠠ ᠶᠢ ᠴᠢᠩᠭᠠᠳᠬᠠᠵᠤ᠂ ᠤᠨᠴᠠᠭᠠᠶᠢᠯᠠᠨ ᠨᠧᠲ ᠰᠦᠯᠵᠢᠶᠡᠨ ᠤ ᠪᠠᠶᠢᠭᠤᠯᠤᠯᠲᠠ ᠪᠣᠯᠣᠨ ᠬᠠᠮᠢᠶᠠᠷᠤᠯᠲᠠ ᠶᠢ | ᠴᠢᠩᠭᠠᠳᠬᠠᠵᠤ᠂ ᠰᠡᠪᠡᠭᠦᠨ ᠰᠤᠷᠭᠤᠭ ᠰᠦᠯᠵᠢᠶᠡᠨ ᠤ ᠣᠷᠣᠨ ᠵᠠᠶ ᠶᠢ ᠪᠤᠢ ᠪᠤᠯᠭᠠᠬᠤ ᠬᠡᠷᠡᠭᠲᠡᠢ᠃ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠤᠶᠤᠯ ᠢ ᠶᠡᠬᠡᠪᠡᠷ ᠪᠠᠳᠠᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ | ᠠᠰᠢᠭᠯᠠᠯᠲᠠ ᠪᠣᠯᠣᠨ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠨ᠎ᠠ᠃ ᠦᠨᠳᠦᠰᠦᠲᠡᠨ ᠤ | ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠤᠨ᠂ ᠲᠠᠯ᠎ᠠ ᠨᠤᠲᠤᠭ ᠤᠨ ᠰᠣᠶᠣᠯ ᠤᠨ ᠡᠬᠢ ᠪᠠᠶᠠᠯᠢᠭ ᠢ | ᠨᠢᠭᠡᠳᠦᠭᠦᠯᠵᠦ᠂ ᠲᠠᠯ᠎ᠠ ᠨᠤᠲᠤᠭ ᠤᠨ ᠰᠣᠶᠣᠯ ᠤᠨ ᠭᠤᠣᠯ ᠣᠷᠣᠨ ᠢ ᠪᠠᠶᠢᠭᠤᠯᠬᠤ ᠬᠡᠷᠡᠭᠲᠡᠢ᠃ ᠤᠯᠠᠨ ᠲᠡᠰ | ᠳᠠᠪᠬᠤᠷᠭ᠎ᠠ᠂ ᠥᠪᠡᠷᠮᠢᠴᠡ ᠰᠣᠶᠣᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠵᠣᠬᠢᠴᠠᠭᠤᠯᠤᠨ᠂ ᠤᠯᠠᠨ | ᠲᠦᠮᠡᠨ ᠤ ᠳᠤᠷ᠎ᠠ ᠪᠠᠬ᠎ᠠ ᠶᠢ ᠲᠠᠲᠠᠭᠰᠠᠨ᠂ ᠥᠪᠡᠷᠮᠢᠴᠡ ᠣᠷᠣᠨ ᠨᠤᠲᠤᠭ ᠤᠨ ᠣᠨᠴᠠᠯᠢᠭ ᠲᠠᠢ ᠤᠷᠠᠯᠢᠭ ᠤᠨ | ᠰᠢᠯᠢᠳᠡᠭ ᠪᠦᠲᠦᠭᠡᠯ ᠪᠣᠯᠣᠨ ᠰᠣᠶᠣᠯ ᠤᠨ ᠠᠵᠢᠯᠯᠠᠭ᠎ᠠ ᠶᠢ ᠨᠡᠩ ᠠᠷᠪᠢᠨ ᠭᠠᠷᠭᠠᠵᠤ᠂ ᠰᠣᠶᠣᠯ ᠤᠨ ᠨᠡᠷ᠎ᠡ ᠶᠢᠨ | ᠬᠠᠭᠤᠳᠠᠰᠤ ᠪᠣᠯᠣᠨ ᠰᠣᠶᠣᠯ ᠤᠨ ᠲᠥᠷᠥᠯ ᠲᠡᠮᠳᠡᠭ ᠢ ᠪᠤᠶ ᠪᠤᠯᠭᠠᠬᠤ ᠭᠡᠷᠡᠭᠲᠡᠢ᠃ ᠤᠯᠠᠨ ᠨᠡᠶᠢᠳᠡ ᠶᠢᠨ | ᠰᠤᠶᠤᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ | ᠢᠨᠵᠧᠨᠧᠷᠢᠩ ᠶᠢ ᠭᠦᠨᠵᠡᠭᠡᠶ ᠬᠡᠷᠡᠭᠵᠢᠭᠦᠯᠦᠨ᠎ᠡ᠃ ᠤᠳᠤ ᠦᠶ᠎ᠡ ᠶᠢᠨ ᠰᠣᠶᠣᠯ ᠤᠨ ᠠᠵᠤ ᠦᠢᠯᠡᠰ ᠤᠨ ᠰᠢᠰᠲ᠋ᠧᠮ | ᠪᠣᠯᠤᠨ ᠵᠠᠬ᠎ᠠ ᠳᠡᠯᠭᠡᠭᠦᠷ ᠤᠨ ᠰᠢᠰᠲ᠋ᠧᠮ ᠢ ᠲᠡᠭᠦᠯᠳᠡᠷᠵᠢᠭᠦᠯᠵᠦ᠂ ᠬᠡᠪᠯᠡᠯ ᠨᠡᠶᠢᠲᠡᠯᠡᠯ᠂ ᠺᠢᠨᠣ᠋ ᠲᠧᠯᠸᠢᠰ ᠂ ᠺᠠᠷᠲ᠋ᠣᠨ | ᠱᠤᠭ ᠵᠢᠷᠤᠭ᠂ ᠰᠣᠶᠣᠯ ᠤᠨ ᠡᠭᠦᠳᠦᠨ ᠪᠦᠲᠦᠭᠡᠬᠦ ᠰᠡᠳᠬᠢᠮᠵᠢ ᠵᠡᠷᠭᠡ ᠰᠣᠶᠣᠯ ᠤᠨ ᠠᠵᠤ ᠦᠢᠯᠡᠰ ᠢ ᠢᠳᠡᠪᠬᠢᠲᠡᠶ | ᠬᠥᠭᠵᠢᠭᠦᠯᠵᠦ᠂ ᠰᠤᠶᠤᠯ ᠤᠨ ᠠᠵᠤ ᠦᠢᠯᠡᠰ ᠪᠠ ᠲᠤᠮᠤ ᠳ᠋ᠠᠶᠢᠲ᠋ᠠ᠂ ᠵᠢᠭᠤᠯᠴᠢᠯᠠᠯ᠂ ᠪᠡᠶ᠎ᠡ ᠲᠠᠮᠢᠷ᠂ ᠡᠷᠡᠭᠦᠯ | ᠴᠢᠬᠢᠷᠠᠭ᠂ ᠨᠠᠰᠤᠲᠠᠨ ᠢ ᠠᠰᠠᠷᠠᠬᠤ᠂ ᠦᠵᠡᠰᠬᠦᠯᠡᠩ ᠵᠡᠷᠭᠡ ᠠᠵᠤ ᠦᠢᠯᠡᠰ ᠤᠨ ᠭᠦᠨᠵᠡᠭᠡᠶ ᠨᠡᠶᠢᠯᠡᠯ ᠢ ᠠᠬᠢᠭᠤᠯᠵᠤ᠂ | ᠰᠢᠨ᠎ᠡ ᠮᠠᠶ᠋ᠢᠭ ᠤᠨ ᠰᠣᠶᠣᠯ ᠤᠨ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠰᠣᠶᠣᠯ | ᠵᠢᠴᠢ ᠬᠠᠮᠢᠶ᠎ᠠ ᠪᠦᠬᠦᠢ ᠠᠵᠤ ᠦᠢᠯᠡᠰ ᠤᠨ ᠨᠡᠮᠡᠭᠳᠡᠯ ᠦᠷᠳᠡᠭ ᠤᠨ GDP ᠳᠤ ᠡᠵᠡᠯᠡᠬᠦ ᠬᠤᠪᠢ ᠶᠢᠨ ᠵᠢᠩ ᠢ 5 | % ᠣᠷᠴᠢᠮ ᠬᠦᠷᠭᠡᠨ᠎ᠡ᠃ | ᠲᠠᠪᠤ ᠳᠤ᠂ ᠪᠦᠬᠦ ᠲᠠᠯ᠎ᠠ ᠪᠠᠷ ᠭᠠᠳᠠᠭᠰᠢ ᠨᠡᠭᠡᠭᠡᠯᠳᠡ ᠬᠢᠬᠦ ᠰᠢᠨ᠎ᠡ ᠪᠠᠶᠢᠷᠢᠰᠢᠯ ᠢ ᠬᠦᠴᠦᠯᠡᠨ ᠪᠤᠢ ᠪᠤᠯᠭᠠᠬᠤ | ᠬᠡᠷᠡᠭᠲᠡᠢ᠃ ︽ᠨᠢᠭᠡ ᠪᠦᠰᠡ ᠨᠢᠭᠡ ᠵᠠᠮ︾ ᠳᠠᠭᠠᠤ ᠤᠯᠤᠰ ᠯᠤᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠠᠵᠤ | ᠠᠬᠤᠶ ᠠᠷᠠᠯᠵᠢᠶ᠎ᠠ᠂ ᠰᠣᠶᠣᠯ᠂ ᠵᠢᠭᠤᠯᠴᠢᠯᠠᠯ᠂ ᠰᠤᠷᠭᠠᠨ ᠬᠦᠮᠦᠵᠢᠯ᠂ ᠴᠤᠭᠯᠠᠭᠠᠨ ᠦᠵᠡᠰᠬᠦᠯᠡᠩ ᠵᠡᠷᠭᠡ ᠲᠠᠯ᠎ᠠ ᠪᠠᠷ | ᠬᠠᠮᠳᠤᠷᠠᠯᠴᠠᠬᠤ ᠶᠢ ᠢᠳᠡᠪᠬᠢᠲᠡᠢ ᠦᠷᠨᠢᠭᠦᠯᠬᠦ ᠬᠡᠷᠡᠭᠲᠡᠶ᠃ ᠣᠷᠣᠰ ᠮᠣᠩᠭᠤᠯ ᠯᠤᠭ᠎ᠠ ᠶᠢᠨ ᠬᠠᠮᠲᠤᠷᠠᠨ ᠠᠵᠢᠯᠯᠠᠬᠤ | ᠲᠣᠭᠲᠠᠴᠠ ᠶᠢᠨ ᠰᠢᠨ᠎ᠡ ᠶᠢ ᠡᠭᠦᠳᠴᠦ᠂ ᠳᠤᠮᠳᠠᠳᠤ ᠮᠣᠩᠭᠤᠯ ᠣᠷᠣᠰ ᠤᠨ ᠪᠠᠷᠠᠭ᠎ᠠ ᠲᠡᠭᠡᠭᠡᠪᠦᠷᠢᠯᠡᠬᠦ ᠨᠡᠪᠲᠡᠷᠡᠯᠡᠯ | ᠵᠠᠮ ᠤᠨ ᠪᠥᠳᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠳᠤᠮᠳᠠᠳᠤ ᠮᠣᠩᠭᠤᠯ ᠣᠷᠣᠰ ᠤᠨ ᠠᠵᠤ | ᠠᠬᠤᠶ ᠶᠢᠨ ᠬᠤᠩᠭᠢᠯ ᠤᠨ ᠭᠤᠣᠯ ᠵᠠᠩᠭᠢᠯᠠᠭ᠎ᠠ ᠴᠡᠭ ᠢ ᠴᠤᠭᠴᠠᠯᠠᠨ ᠪᠠᠶᠢᠭᠤᠯᠬᠤ ᠭᠡᠷᠡᠭᠲᠡᠢ᠃ ᠳᠤᠮᠳᠠᠳᠤ | ᠮᠣᠩᠭᠤᠯ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ ᠤᠯᠤᠰ ᠤᠨ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠮᠡᠳᠡᠭᠦᠯᠦᠨ ᠪᠦᠲᠦᠭᠡᠨ | ᠪᠠᠶᠢᠭᠤᠯᠬᠤ ᠶᠢ ᠪᠦᠬᠦ ᠬᠦᠴᠦᠨ ᠢᠶᠠᠷ ᠲᠡᠮᠡᠴᠡᠨ ᠣᠯᠵᠤ᠂ ᠳᠤᠮᠳᠠᠳᠤ ᠮᠣᠩᠭᠤᠯ ᠤᠨ ᠦᠵᠡᠰᠭᠦᠯᠡᠩ ᠴᠤᠭᠯᠠᠭᠠᠨ ᠢ | ᠦᠷᠭᠦᠯᠵᠢᠯᠡᠨ ᠰᠠᠶᠢᠲᠤᠷ ᠡᠷᠬᠢᠯᠡᠨ᠎ᠡ᠃ ᠡᠯᠧᠺᠲᠷᠣᠨ ᠭᠠᠷᠠᠮ᠂ ᠠᠭᠠᠷ ᠠᠶᠠᠯᠠᠯ ᠤᠨ ᠭᠠᠷᠠᠮ ᠤᠨ ᠪᠦᠳᠦᠭᠡᠨ | ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠲᠢᠶᠠᠨᠵᠢᠨ ᠤ ︽ᠤᠰᠤ ᠦᠭᠡᠢ ᠭᠠᠷᠠᠮ ︾ ᠤᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠡᠭᠡᠵᠢᠩ ᠲᠢᠶᠠᠨᠵᠢᠨ ᠾᠧᠪᠸᠢ ᠶᠢᠨ ᠬᠠᠮᠲᠤᠷᠠᠨ ᠬᠥᠭᠵᠢᠭᠦᠯᠬᠦ ᠪᠠᠶᠢᠯᠳᠤᠬᠤ | ᠪᠣᠳᠣᠯᠭ᠎ᠠ ᠲᠠᠢ ᠭᠦᠨᠵᠡᠭᠡᠢ ᠵᠤᠬᠢᠴᠠᠯᠳᠤᠨ᠂ ᠪᠡᠭᠡᠵᠢᠩ ᠤᠨ ᠠᠵᠤ ᠦᠢᠯᠡᠰ ᠤᠨ ᠲᠥᠷᠥᠯ ᠵᠦᠢᠯ ᠰᠢᠯᠵᠢᠯᠲᠡ ᠶᠢ | ᠢᠳᠡᠪᠬᠢᠲᠡᠶ ᠭᠠᠷᠳᠠᠨ ᠠᠪᠬᠤ ᠬᠡᠷᠡᠭᠲᠡᠢ᠃ ᠬᠥᠬᠡᠬᠤᠲᠠ ᠪᠤᠭᠤᠲᠤ ᠢᠷᠭᠠᠢ ᠢᠦᠢ ᠯᠢᠨ ᠤ ᠠᠵᠤ ᠠᠬᠤᠶ ᠶᠢᠨ ᠣᠷᠣᠨ | ᠤ ᠡᠯ᠎ᠡ ᠬᠤᠳᠡ ᠶᠢᠨ ᠬᠤᠷᠰᠢᠯᠴᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠥᠬᠡᠬᠤᠲᠠ ᠪᠤᠭᠤᠲᠤ ᠤᠷᠳᠤᠰ ᠤᠨ | ᠬᠠᠮᠵᠢᠯᠴᠠᠨ ᠬᠥᠭᠵᠢᠬᠦ ᠶᠢ ᠬᠥᠲᠥᠯᠥᠨ ᠳᠠᠭᠠᠭᠤᠯᠬᠤ ᠳᠠᠶᠢᠴᠢᠯᠠᠬᠤ ᠦᠢᠯᠡᠳᠦᠯ ᠢ ᠤᠯᠠᠮ ᠨᠢᠭᠡ ᠠᠯᠬᠤᠮ | ᠪᠠᠳᠠᠷᠠᠭᠤᠯᠵᠤ᠂ ᠠᠵᠤ ᠦᠢᠯᠡᠰ ᠤᠨ ᠪᠠᠶᠢᠷᠢᠰᠢᠭᠤᠯᠣᠯᠲᠠ᠂ ᠰᠠᠭᠤᠷᠢ ᠲᠥᠬᠦᠭᠡᠷᠦᠮᠵᠢ ᠶᠢᠨ ᠪᠦ᠋ᠲᠦᠭᠡᠨ ᠪᠠᠶᠢᠭᠤᠯᠤᠯᠲᠠ | ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠪᠠᠷ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠲᠦᠯᠬᠢᠨ | ᠠᠬᠢᠭᠤᠯᠣᠨ᠎ᠠ᠃ | ᠵᠢᠷᠭᠤᠭ᠎ᠠ ᠳᠤ᠂ ᠠᠷᠠᠳ ᠤᠨ ᠠᠮᠢᠳᠤᠷᠠᠯ ᠨᠡᠶᠢᠭᠡᠮ ᠤᠨ ᠠᠵᠢᠯ ᠦᠢᠯᠡᠰ ᠤᠨ ᠬᠦᠷᠦᠯᠴᠡᠬᠦ ᠦᠬᠡᠢ ᠲᠠᠯ᠎ᠠ ᠶᠢ | ᠲᠦᠷᠭᠡᠪᠴᠢᠯᠡᠨ ᠨᠥᠬᠦᠪᠥᠷᠢᠯᠡᠬᠦ ᠬᠡᠷᠡᠭᠲᠡᠢ᠃ ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠣᠯᠬᠤ ᠳᠠᠶᠢᠨ ᠢ ᠡᠷᠡᠰ ᠰᠢᠢᠳᠮᠡᠭᠡᠢ ᠪᠡᠶᠡᠯᠡᠭᠦᠯᠵᠦ᠂ 2020 ᠣᠨ ᠪᠣᠯᠬᠤ ᠳᠤ᠂ ᠶᠠᠳᠠᠭᠤ ᠬᠦᠴᠢᠷᠳᠡᠯᠲᠡᠶ | ᠬᠥᠮᠦᠨ ᠠᠮᠠ ᠶᠢᠨ ᠵᠢᠯ ᠤᠨ ᠬᠥᠮᠦᠨ ᠪᠦᠷᠢ ᠶᠢᠨ ᠳᠤᠮᠳᠠᠴᠢ ᠣᠷᠣᠯᠭ᠎ᠠ 4000 ᠲᠥᠭᠦᠷᠢᠭ ᠠᠴᠠ ᠳᠡᠭᠡᠭᠰᠢ | ᠪᠣᠯᠭᠠᠵᠣ᠂ ᠦᠴᠤᠸᠠᠨ᠂ ᠴᠢᠩ ᠱᠦᠢ ᠾᠧ ᠬᠤᠶᠠᠷ ᠶᠠᠳᠠᠭᠤ ᠬᠦᠴᠢᠷᠳᠡᠯᠲᠡᠶ ᠰᠢᠶᠠᠨ ᠢ ︽ᠶᠠᠳᠠᠭᠤ ᠶᠢᠨ ᠨᠡᠷ᠎ᠡ︾ | ᠠᠴᠠ ᠬᠠᠰᠤᠵᠤ ᠭᠠᠷᠭᠠᠬᠤ ᠬᠡᠷᠡᠭᠲᠡᠢ᠃ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠬᠦ ᠪᠠᠷ | ᠬᠠᠷᠠᠯᠲᠠ ᠪᠣᠯᠭᠠᠨ᠂ ᠳᠤᠮᠳᠠᠳᠤ ᠪᠠᠭ᠎ᠠ ᠰᠤᠷᠭᠠᠭᠤᠯᠢ ᠂ ᠬᠡᠦᠬᠡᠳ ᠤᠨ ᠴᠡᠴᠡᠷᠯᠢᠭ ᠤᠨ ᠭᠤᠷᠪᠠᠨ ᠵᠢᠯ ᠤᠨ | ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠵᠦ᠂ ︽ᠰᠤᠷᠭᠠᠭᠤᠯᠢ ᠰᠣᠩᠭᠤᠬᠤ | ᠬᠠᠯᠠᠮᠰᠢᠯ︾᠂ ︽ᠬᠡᠳᠥ ᠲᠣᠭᠠᠲᠤ ᠠᠩᠭᠢ︾ ᠵᠡᠷᠭᠡ ᠳᠤᠪᠤᠶᠢᠮ᠎ᠠ ᠠᠰᠠᠭᠤᠳᠠᠯ ᠤᠳ ᠢ ᠰᠢᠢᠳᠪᠦᠷᠢᠯᠡᠨ᠂ ᠰᠤᠷᠭᠠᠨ | ᠬᠥᠮᠦᠵᠢᠯ ᠤᠨ ᠭᠤᠣᠯᠴᠢ ᠪᠠᠶᠢᠬᠤ ᠶᠢ ᠴᠢᠷᠮᠠᠶᠢᠨ ᠠᠬᠢᠭᠤᠯᠣᠨ᠎ᠠ᠃ ᠡᠷᠡᠭᠦᠯ ᠬᠥᠬᠡᠬᠤᠲᠠ ᠶᠢᠨ ᠪᠦᠳᠦᠭᠡᠨ | ᠪᠠᠶᠢᠭᠤᠯᠤᠯᠲᠠ ᠶᠢ ᠬᠦᠨᠵᠡᠭᠡᠢ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠣᠬᠢ ᠰᠠᠶᠢᠨ ᠡᠮ ᠡᠮᠨᠡᠯᠭᠡ ᠶᠢᠨ ᠡᠬᠢ ᠪᠠᠶᠠᠯᠢᠭ ᠢ ᠢᠳᠡᠪᠬᠢᠲᠡᠶ ᠪᠠᠷ | ᠲᠠᠲᠠᠨ ᠣᠷᠣᠭᠤᠯᠬᠤ ᠪᠠ ᠣᠶᠠᠯᠳᠣᠭᠤᠯᠵᠣ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠢᠩᠭᠠᠨ ᠬᠥᠮᠦᠨ ᠪᠦᠷᠢ ᠳᠤ 5.5 ᠣᠷᠣ ᠶᠢᠨ | ᠲᠤᠭ᠎ᠠ ᠶᠢ ᠨᠡᠮᠡᠭᠳᠡᠭᠦᠯᠵᠦ᠂ ᠦᠨᠡᠨ ᠬᠦ ︽ᠡᠪᠡᠳᠴᠢᠨ ᠦᠵᠡᠭᠦᠯᠬᠦ ᠳᠤ ᠬᠦᠴᠢᠷᠲᠡᠶ︾ ︽ᠡᠪᠡᠳᠴᠢᠨ | ᠦᠵᠡᠭᠦᠯᠬᠦ ᠳᠤ ᠦᠨ᠎ᠡ ᠲᠠᠢ︾ ᠪᠠᠶᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ ᠪᠦᠬᠦ ᠠᠷᠠᠳ ᠢᠶᠠᠷ ᠢᠶᠠᠨ | ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠦᠨ᠂ ᠨᠡᠶᠢᠭᠡᠮ ᠤᠨ ᠠᠪᠤᠷᠠᠨ ᠲᠤᠰᠠᠯᠠᠬᠤ ᠪᠠ ᠣᠷᠣᠨ | ᠰᠠᠭᠤᠴᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠥᠮᠦᠨ | ᠪᠦᠬᠦᠨ ᠡᠳ᠋ᠯᠡᠬᠦ ᠶᠢ ᠪᠠᠷᠢᠮᠳᠠᠯᠠᠵᠤ᠂ ᠨᠢᠯᠬᠠᠰ ᠢ ᠪᠤᠶᠢᠵᠢᠭᠤᠯᠤᠨ᠂ ᠰᠤᠷᠤᠯᠴᠠᠬᠤ ᠠᠴᠠ ᠰᠣᠷᠭᠠᠭᠤᠯᠢ ᠲᠠᠢ᠂ | ᠬᠦᠳᠡᠯᠮᠦᠷᠢᠯᠡᠪᠡᠯ ᠬᠠᠷᠠᠮᠵᠢ ᠲᠠᠢ᠂ ᠡᠪᠡᠳᠴᠢᠯᠡᠪᠡᠯ ᠡᠮᠨᠡᠭᠦᠯᠬᠦ ᠭᠠᠵᠠᠷ ᠲᠠᠢ᠂ ᠦᠲᠡᠯᠪᠡᠯ ᠠᠰᠠᠷᠠᠯᠲᠠ ᠲᠠᠢ᠂ | ᠰᠠᠭᠤᠬᠤ ᠠᠴᠠ ᠣᠷᠣᠨ ᠰᠠᠭᠤᠴᠠ ᠲᠠᠢ᠂ ᠪᠠᠭᠤᠷᠠᠶ ᠶᠢ ᠲᠡᠳᠬᠦᠬᠦ ᠲᠠᠯ᠎ᠠ ᠪᠠᠷ ᠰᠢᠨ᠎ᠡ ᠬᠦᠭᠵᠢᠯᠲᠡ ᠲᠠᠢ ᠪᠠᠶᠢᠬᠤ | ᠬᠡᠷᠡᠭᠲᠡᠢ᠃ | ᠭᠤᠷᠪᠠ ᠂ 2018 ᠣᠨ ᠤ ᠵᠠᠰᠠᠭ ᠤᠨ ᠣᠷᠳᠣᠨ ᠤ ᠠᠵᠢᠯ ᠤᠨ ᠲᠤᠬᠠᠶ ᠰᠠᠨᠠᠭᠤᠯᠭ᠎ᠠ | ᠡᠨᠡ ᠵᠢᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠣᠶ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠪᠠ ︽ᠠᠷᠪᠠᠨ ᠭᠤᠷᠪᠠᠳᠤᠭᠠᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠭᠡᠭᠡᠷᠡᠭᠦᠯᠬᠦ ᠵᠠᠩᠭᠢᠯᠠᠭ᠎ᠠ ᠶᠢᠨ | ᠨᠢᠭᠡ ᠵᠢᠯ ᠮᠥᠨ᠃ ᠡᠨᠡ ᠵᠢᠯ ᠤᠨ ᠠᠵᠢᠯ ᠢ ᠰᠠᠶᠢᠲᠤᠷ ᠬᠢᠬᠦ ᠳᠡᠭᠡᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ | ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠣᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠲᠣᠭᠲᠠᠭᠤᠨ ᠤᠷᠤᠭᠰᠢᠯᠠᠬᠤ ᠠᠵᠢᠯ ᠤᠨ ᠶᠡᠷᠦᠩᠬᠡᠶ | ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠮᠠᠨ ᠤ ᠤᠯᠤᠰ ᠤᠨ | ᠨᠡᠶᠢᠭᠡᠮ ᠤᠨ ᠭᠤᠣᠯ ᠵᠥᠷᠢᠴᠡᠯ ᠤᠨ ᠬᠤᠪᠢᠷᠠᠯᠲᠠ ᠲᠠᠢ ᠨᠢᠭᠲᠠ ᠤᠶᠠᠯᠳᠤᠭᠤᠯᠵᠤ᠂ ᠴᠢᠨᠠᠷ ᠰᠠᠶᠢᠲᠠᠶ | ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ | ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ | ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ | ᠂ ᠲᠦᠭᠰᠢᠭᠦᠷᠢ ᠶᠢ ᠰᠡᠷᠭᠡᠶᠢᠯᠡᠬᠦ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ | ᠥᠭᠡᠷᠡᠴᠢᠯᠡᠯᠲᠡ ᠨᠡᠭᠡᠭᠡᠯᠳᠡ ᠶᠢ ᠶᠡᠬᠡᠪᠡᠷ ᠠᠬᠢᠭᠤᠯᠤᠨ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ᠂ ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ | ᠶᠡᠭᠡ ᠪᠣᠭᠤᠮᠲᠠ ᠰᠢᠪᠲᠣᠯᠬᠤ ᠳᠠᠶᠢᠨ ᠢ ᠦᠨᠡᠨ ᠬᠦ ᠰᠠᠶᠢᠲᠤᠷ ᠬᠢᠵᠦ᠂ ᠬᠦᠭᠵᠢᠯᠲᠡ᠂ ᠣᠷᠴᠢᠨ ᠠᠬᠤᠶ᠂ | ᠠᠷᠠᠳ ᠤᠨ ᠠᠮᠢᠳᠤᠷᠠᠯ ᠤᠨ ᠲᠤᠬᠠᠶ ᠭᠤᠷᠪᠠᠨ ᠵᠤᠷᠪᠤᠰ ᠬᠤᠷᠢᠭ᠎ᠠ ᠱᠤᠭᠤᠮ ᠢ ᠰᠠᠶᠢᠲᠤᠷ ᠬᠠᠮᠠᠭᠠᠯᠠᠵᠤ᠂ ᠤᠷᠤᠨ ᠤ | ᠲᠥᠪ ᠤᠨ ᠣᠨᠴᠠᠯᠢᠭ ᠪᠦᠬᠦᠢ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠲᠦᠷᠭᠡᠪᠴᠢᠯᠡᠨ ᠪᠤᠶᠢᠵᠢᠭᠤᠯᠵᠤ᠂ | ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ | ᠲᠦᠷᠭᠡᠳᠬᠡᠨ ᠪᠣᠢ ᠪᠣᠯᠭᠠᠵᠤ᠂ ᠲᠣᠯᠭᠠᠭᠤᠷᠢ ᠪᠣᠯᠣᠭᠰᠠᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ | ᠲᠦᠷᠭᠡᠪᠴᠢᠯᠡᠨ ᠪᠠᠶᠢᠭᠤᠯᠵᠤ᠂ ᠤᠷᠤᠨ ᠤ ᠲᠥᠪ ᠤᠨ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠰᠢᠨ᠎ᠡ | ᠠᠶᠠᠨ ᠢᠶᠠᠨ ᠴᠢᠷᠮᠠᠶᠢᠨ ᠡᠬᠢᠯᠡᠭᠦᠯᠬᠦ ᠬᠡᠷᠡᠭᠲᠡᠢ᠃ | ᠡᠨᠡ ᠵᠢᠯ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ | ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 7% ᠣᠷᠴᠢᠮ ᠢᠶᠠᠷ ᠨᠡᠮᠡᠭᠳᠡᠭᠦᠯᠵᠦ᠂ ᠰᠠᠭᠤᠭᠠᠯᠢ | ᠠᠷᠠᠳ ᠤᠨ ᠬᠡᠷᠡᠭᠯᠡᠭᠡᠨ ᠤ ᠦᠨ᠎ᠡ ᠶᠢᠨ ᠥᠰᠥᠯᠲᠡ ᠶᠢ 3 % ᠣᠷᠴᠢᠮ ᠪᠤᠯᠭᠠᠵᠤ᠂ ᠬᠤᠳᠠ ᠬᠥᠳᠡᠭᠡ ᠶᠢᠨ | ᠪᠠᠶᠢᠩᠭᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠢ 8 % ᠣᠷᠴᠢᠮ | ᠨᠡᠮᠡᠭᠳᠡᠭᠦᠯᠦᠨ᠎ᠡ᠃ ᠬᠤᠲᠠ ᠪᠠᠯᠭᠠᠰᠤᠨ ᠤ ᠰᠢᠨ᠎ᠡ ᠪᠠᠷ ᠠᠵᠢᠯ ᠣᠯᠭᠤᠬᠤ ᠬᠦᠮᠦᠨ ᠢ 4 ᠲᠦᠮᠡ ᠣᠷᠴᠢᠮ ᠪᠣᠯᠭᠠᠵᠣ᠂ | ᠬᠤᠲᠠ ᠪᠠᠯᠭᠠᠰᠤᠨ ᠤ ᠠᠵᠢᠯ ᠠᠯᠳᠠᠯᠲᠠ ᠶᠢᠨ ᠨᠣᠷᠮ᠎ᠠ ᠶᠢ 5% ᠣᠷᠴᠢᠮ ᠳᠤ ᠬᠢᠵᠠᠭᠠᠷᠯᠠᠵᠤ᠂ ᠬᠤᠳᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠤᠷᠮ᠎ᠠ ᠶᠢ 3.8% ᠳᠣᠲᠣᠷ᠎ᠠ ᠬᠢᠵᠠᠭᠠᠷᠯᠠᠨ᠎ᠠ᠃ | ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ | ᠦᠷᠲᠡᠭ ᠤᠨ ᠡ᠊ᠨᠧᠷᠭᠢ ᠶᠢᠨ ᠬᠤᠷᠣᠭᠳᠠᠯ ᠤᠨ ᠬᠠᠷᠠᠯᠲᠠ ᠶᠢ ᠪᠡᠶᠡᠯᠡᠭᠦᠯᠦᠨ᠎ᠡ᠃ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠴᠢᠨᠠᠷ ᠤᠨ ᠠᠭᠢᠯᠳᠠ ᠲᠠᠢ ᠪᠣᠯᠭᠠᠨ᠎ᠠ᠃ ᠵᠠᠰᠠᠭ ᠤᠨ ᠣᠷᠳᠣᠨ ᠤ | ᠥᠷᠢ ᠥᠭᠴᠡᠭᠡ ᠶᠢ ᠠᠷᠢᠯᠭᠠᠬᠤ ᠵᠢᠯ ᠤᠨ ᠡᠭᠦᠷᠭᠡ ᠶᠢ ᠪᠡᠶᠡᠯᠡᠭᠦᠯᠵᠦ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ | ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠎ᠡ᠃ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠶᠢ | ᠲᠦᠷᠭᠡᠳᠬᠡᠵᠦ᠂ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢᠨ ᠬᠤᠪᠢᠰᠤᠯᠲᠠ᠂ ᠬᠥᠭᠵᠢᠯᠲᠡ ᠶᠢᠨ ᠶᠠᠰᠤ ᠴᠢᠨᠠᠷ | ᠪᠣᠯᠣᠨ ᠦᠷ᠎ᠡ ᠠᠰᠢᠭ ᠢ ᠲᠠᠰᠤᠷᠠᠯᠳᠡ ᠦᠬᠡᠢ ᠳᠡᠭᠡᠭᠰᠢᠯᠡᠭᠦᠯᠦᠨ᠎ᠡ᠃ | ︵ᠨᠢᠭᠡ︶ ᠭᠤᠷᠪᠠᠨ ᠶᠡᠭᠡ ᠪᠤᠭᠤᠮᠳᠠ ᠰᠢᠪᠲᠤᠯᠬᠤ ᠲᠠᠶᠢᠨ ᠢ ᠰᠢᠢᠳᠪᠦᠷᠢᠯᠡᠬᠦ ᠠᠵᠢᠯ ᠢ ᠡᠷᠡᠰ ᠰᠢᠭᠤᠷᠬᠠᠢ | ᠬᠢᠵᠦ᠂ ᠡᠷᠭᠡᠪᠰᠢ ᠯᠠᠪᠳᠠᠭᠤᠨ ᠪᠠᠲᠤᠲᠠᠶ ᠠᠬᠢᠴᠠ ᠲᠠᠢ ᠪᠣᠯᠭᠠᠨ᠎ᠠ᠃ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠪᠲᠣᠯᠣᠯᠲᠠ ᠶᠢᠨ ᠳᠠᠶᠢᠨ ᠢ ᠡᠷᠡᠰ | ᠰᠠᠶᠢᠨ ᠬᠢᠨ᠎ᠡ᠃ ᠮᠠᠨ ᠤ ᠬᠤᠲᠠ ᠶᠢᠨ ᠠᠵᠤ ᠠᠬᠤᠶ ᠶᠢᠨ ᠠᠵᠢᠯᠯᠠᠭᠠᠨ ᠤ ᠠᠶᠤᠯ ᠲᠦᠭᠰᠢᠭᠦᠷᠢ ᠶᠢ | ᠶᠡᠷᠦᠩᠬᠡᠶ ᠳᠡᠭᠡᠨ ᠡᠵᠡᠮᠳᠡᠵᠦ ᠪᠣᠯᠬᠤ ᠳᠤ ᠴᠢᠭᠯᠡᠭᠦᠯᠦᠨ᠂ ᠮᠥᠩᠭᠦᠨ ᠭᠦᠢᠯᠭᠡᠭᠡ ᠪᠣᠯᠣᠨ ᠥᠷᠢ ᠥᠭᠴᠡᠭᠡᠨ ᠤ | ᠲᠦᠭᠰᠢᠭᠦᠷᠢ ᠢᠯᠠᠩᠭᠤᠶ᠎ᠠ ᠲᠠᠯᠳᠠ ᠥᠷᠢ ᠥᠭᠴᠡᠭᠡᠨ ᠤ ᠲᠦᠭᠰᠢᠭᠦᠷᠢ ᠨᠡᠯᠢᠶᠡᠳ ᠶᠡᠭᠡ ᠪᠠᠶᠢᠬᠤ ᠪᠤᠲᠠᠲᠤ ᠪᠠᠶᠢᠳᠠᠯ | ᠲᠠᠢ ᠤᠴᠢᠷ ᠠᠴᠠ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠲᠥᠰᠦᠪ ᠢ ᠰᠠᠶᠢᠲᠤᠷ ᠲᠣᠬᠢᠷᠠᠭᠤᠯᠵᠤ᠂ ᠠᠪᠴᠠᠭᠠᠨ ᠤ ᠡᠷᠬᠡ ᠶᠢ ᠰᠣᠯᠢᠬᠤ᠂ ᠡᠳ᠋ | ᠬᠦᠷᠦᠩᠭᠡ ᠶᠢᠨ ᠲᠠᠬᠢᠨ ᠨᠢᠭᠡᠳᠭᠡᠬᠦ ᠂ ᠡᠬᠢ ᠪᠠᠶᠠᠯᠢᠭ ᠢ ᠠᠮᠢᠳᠤᠯᠢᠭ ᠡᠷᠬᠢᠯᠳᠦᠭᠦᠯᠬᠦ ᠵᠡᠷᠭᠡ ᠨᠡᠶᠢᠯᠡᠮᠡᠯ ᠬᠦᠴᠦ ᠶᠢ | ᠪᠦᠷᠢᠯᠳᠦᠭᠦᠯᠵᠦ᠂ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠦᠯᠡᠳᠡᠵᠦ ᠪᠠᠶᠢᠭ᠎ᠠ ᠥᠷᠢ ᠥᠭᠴᠡᠭᠡ ᠶᠢ | ᠰᠢᠢᠳᠪᠦᠷᠢᠯᠡᠨ᠎ᠡ᠃ ᠡᠳ᠋ ᠤᠨ ᠵᠠᠰᠠᠭ ᠤᠨ ᠬᠢᠵᠠᠭᠠᠷᠯᠠᠯ ᠢ ᠴᠢᠩᠭᠠᠳᠬᠠᠵᠤ᠂ ᠣᠷᠣᠨ ᠨᠤᠲᠤᠭ ᠤᠨ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠵᠢᠭᠡᠯᠡᠯᠭᠡ ᠠᠪᠴᠤ ᠬᠦᠷᠦᠩᠬᠡ ᠪᠤᠰᠬᠠᠬᠤ ᠵᠡᠷᠭᠡ | ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠵᠠᠰᠠᠭ ᠤᠨ ᠣᠷᠳᠣᠨ ᠤ ᠥᠭᠴᠡᠭᠡ ᠶᠢᠨ ᠨᠡᠮᠡᠭᠳᠡᠯ ᠢ ᠴᠢᠩᠭ᠎ᠠ | ᠬᠢᠵᠠᠭᠠᠷᠯᠠᠬᠤ ᠬᠡᠷᠡᠭᠲᠡᠶ᠃ ᠪᠦᠬᠦ ᠵᠢᠯ ᠳᠤ ᠵᠠᠰᠠᠭ ᠤᠨ ᠣᠷᠳᠣᠨ ᠤ ᠥᠷᠢ ᠰᠢᠷᠢ ᠶᠢ 300 ᠳ᠋ᠦᠩᠰᠢᠭᠤᠷ ᠲᠥᠭᠦᠷᠢᠭ | ᠣᠷᠴᠢᠮ ᠰᠢᠢᠳᠪᠦᠷᠢᠯᠡᠵᠦ᠂ 2021 ᠣᠨ ᠪᠣᠯᠬᠤ ᠳᠤ ᠵᠠᠰᠠᠭ ᠤᠨ ᠣᠷᠳᠣᠨ ᠤ ᠥᠭᠴᠡᠭᠡᠨ ᠤ ᠨᠤᠷᠮ᠎ᠠ ᠶᠢ | ᠪᠠᠭᠤᠷᠠᠭᠤᠯᠤᠨ ᠵᠦᠢ ᠵᠣᠬᠢᠰᠲᠠᠶ ᠬᠢᠷᠢ ᠬᠡᠮᠵᠢᠶ᠎ᠡ ᠳᠤ ᠬᠦᠷᠭᠡᠨ᠎ᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ | ᠪᠣᠯᠤᠨ ᠠᠷᠠᠳ ᠤᠨ ᠠᠮᠢᠳᠤᠷᠠᠯ ᠤᠨ ᠵᠦᠢᠯ ᠢ ᠴᠢᠳᠠᠯ ᠤᠨ ᠬᠢᠷᠢ ᠪᠠᠷ ᠬᠢᠬᠦ ᠶᠢ ᠪᠠᠷᠢᠮᠲᠠᠯᠠᠵᠤ᠂ ᠡᠳ᠋ ᠤᠨ ᠵᠠᠰᠠᠭ ᠤᠨ | ᠵᠠᠷᠤᠯᠭ᠎ᠠ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠬᠤ | ᠭᠡᠷᠡᠭᠲᠡᠢ᠃ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠵᠡᠷᠭᠡ ᠬᠠᠤᠯᠢ ᠶᠢ ᠵᠥᠷᠢᠴᠡᠵᠦ ᠲᠣᠭᠲᠠᠭᠠᠯ ᠢ | ᠵᠥᠷᠢᠴᠡᠭᠰᠡᠨ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠡᠷ ᠪᠠᠶᠢᠰᠢᠩ ᠭᠠᠵᠠᠷ | ᠰᠢᠷᠣᠶ ᠶᠢᠨ ᠬᠦᠷᠦᠩᠭᠡ᠂ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠷᠢ ᠥᠭᠴᠡᠭᠡ ᠵᠡᠷᠭᠡ ᠲᠠᠯ᠎ᠠ ᠶᠢᠨ ᠲᠦᠭᠰᠢᠭᠦᠷᠢ ᠶᠢ ᠨᠢᠭᠲᠠ ᠠᠩᠬᠠᠷᠴᠤ᠂ ᠬᠥᠳᠡᠭᠡ ᠲᠣᠰᠬᠤᠨ ᠤ | ᠥᠨᠳᠥᠷ ᠬᠦᠦ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠰᠢᠰᠲ᠋ᠧᠮ ᠤᠨ ᠴᠢᠨᠠᠷᠲᠠᠶ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠡᠭᠦᠰᠭᠡᠬᠦ ᠦᠭᠡᠢ ᠪᠠᠶᠢᠬᠤ ᠨᠠᠭᠠᠳᠤ ᠵᠠᠬ᠎ᠠ ᠶᠢᠨ ᠬᠤᠷᠢᠭ᠎ᠠ | ᠱᠤᠭᠤᠮ ᠶᠢ ᠡᠷᠡᠰ ᠪᠠᠷᠢᠮᠳᠠᠯᠠᠨ᠎ᠠ᠃ | ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠲᠠᠶᠢᠨ ᠢ ᠡᠷᠡᠰ ᠰᠢᠭᠤᠷᠬᠠᠢ | ᠬᠢᠬᠦ ᠬᠡᠷᠡᠭᠲᠡᠶ᠃ ᠬᠥᠳᠡᠭᠡ ᠲᠣᠰᠬᠤᠨ ᠤ ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ᠂ ᠬᠥᠳᠡᠭᠡ | ᠲᠤᠰᠬᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠶᠠᠳᠠᠭᠤ ᠶᠢ ᠲᠡᠳᠬᠦᠬᠦ | ᠠᠵᠢᠯ ᠪᠠ ᠠᠵᠤ ᠦᠢᠯᠡᠰ ᠤᠨ ᠬᠥᠭᠵᠢᠯᠲᠡ᠂ ᠠᠮᠢ ᠠᠬᠤᠶ ᠶᠢᠨ ᠪᠦᠳᠤᠭᠡᠨ ᠪᠠᠶᠢᠭᠤᠯᠤᠯᠲᠠ᠂ ᠰᠠᠭᠤᠷᠢ ᠨᠥᠬᠦᠴᠡᠯ ᠢ | ᠰᠠᠶᠢᠵᠢᠷᠠᠭᠤᠯᠬᠤ᠂ ᠨᠡᠶᠢᠭᠡᠮ ᠤᠨ ᠪᠠᠲᠤᠯᠠᠭ᠎ᠠ ᠶᠢ ᠤᠶᠠᠯᠳᠤᠭᠤᠯᠵᠤ᠂ ᠬᠥᠭᠵᠢᠯᠲᠡ ᠶᠢᠨ ᠠᠷᠭ᠎ᠠ ᠪᠠᠷ ᠶᠠᠳᠠᠭᠤ | ᠬᠦᠴᠢᠷᠳᠡᠯ ᠲᠠᠢ ᠬᠥᠮᠦᠨ ᠠᠮᠠ ᠶᠢ ᠬᠠᠪᠰᠤᠷᠴᠤ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ | ᠬᠦᠴᠢᠷᠳᠡᠯ ᠲᠠᠢ ᠬᠥᠮᠦᠨ ᠠᠮᠠ ᠶᠢᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠭᠦᠯᠬᠦ ᠰᠠᠭᠤᠷᠢ ᠶᠢ ᠪᠠᠬᠢᠵᠢᠭᠦᠯᠵᠦ᠂ | ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠤᠷᠳᠤ ᠬᠤᠭᠤᠴᠠᠭᠠᠨ ᠤ ᠦᠷ᠎ᠡ ᠪᠦᠲᠦᠮᠵᠢᠲᠡᠶ ᠲᠣᠭᠲᠠᠴᠠ ᠶᠢ | ᠪᠠᠶᠢᠭᠤᠯᠬᠤ ᠬᠡᠷᠡᠭᠲᠡᠶ᠃ ᠶᠠᠳᠠᠭᠤ ᠬᠦᠴᠢᠷᠳᠡᠯ ᠲᠠᠢ ᠲᠤᠰᠬᠤᠨ ᠢ ᠲᠥᠪᠯᠡᠷᠡᠭᠦᠯᠦᠨ ᠣᠨᠳᠣᠤ ᠭᠠᠵᠠᠷ ᠲᠤ | ᠨᠡᠭᠦᠯᠭᠡᠬᠦ ᠶᠢ ᠦᠷᠭᠦᠯᠵᠢᠯᠡᠨ ᠳᠥᠯᠭᠢᠨ ᠠᠬᠢᠭᠤᠯᠵᠤ᠂ ᠶᠠᠳᠠᠭᠤ ᠬᠦᠴᠢᠷᠳᠡᠯᠲᠡᠶ ᠵᠠᠬ᠎ᠠ ᠶᠢᠨ ᠬᠦᠮᠦᠰ ᠢ ᠬᠠᠪᠰᠤᠷᠤᠨ | ᠲᠡᠳᠬᠦᠬᠦ ᠶᠢ ᠴᠢᠬᠤᠯᠠᠴᠢᠯᠠᠬᠤ ᠬᠡᠷᠡᠭᠲᠡᠢ᠃ ᠶᠡᠬᠡᠪᠡᠷ ᠶᠠᠳᠠᠭᠤ ᠶᠢ ᠲᠡᠳᠬᠦᠬᠦ ᠠᠵᠢᠯ ᠤᠨ ᠪᠠᠶᠢᠷᠢᠰᠢᠯ ᠢ ᠪᠠᠷᠢᠮᠲᠠᠯᠠᠵᠤ᠂ | ᠨᠡᠶᠢᠭᠡᠮ ᠳᠠᠶᠠᠭᠠᠷ ᠤᠨ ᠬᠦᠴᠦᠨ ᠢ ᠥᠷᠭᠡᠨ ᠢᠶᠠᠷ ᠲᠠᠶᠢᠴᠢᠯᠡᠨ ᠶᠠᠳᠠᠭᠤ ᠶᠢ ᠲᠡᠳᠬᠦᠬᠦ ᠪᠤᠭᠤᠮᠳᠠ ᠶᠢ ᠰᠢᠪᠳᠤᠯᠵᠤ᠂ | ᠶᠠᠳᠠᠭᠤ ᠬᠦᠴᠢᠷᠳᠡᠯ ᠲᠠᠢ ᠡᠷᠦᠬᠡ ᠶᠢᠨ ᠲᠠᠷᠢᠵᠤ ᠦᠷᠡᠵᠢᠭᠦᠯᠬᠦ ᠳᠠᠭᠠᠳᠬᠠᠯ ᠤᠨ ᠪᠠᠲᠤᠯᠠᠭ᠎ᠠ ᠶᠢ ᠲᠦᠯᠬᠢᠨ | ᠠᠬᠢᠭᠤᠯᠤᠨ᠎ᠠ᠃ ᠺᠠᠷᠲᠯᠠᠨ ᠲᠠᠩᠰᠠᠯᠠᠬᠤ ᠠᠵᠢᠯ ᠢ ᠪᠣᠳᠠᠲᠠᠶ ᠨᠠᠷᠢᠯᠢᠭ ᠬᠢᠵᠦ᠂ ᠶᠠᠳᠠᠭᠤ ᠬᠦᠴᠢᠷᠳᠡᠯ ᠲᠠᠢ ᠪᠠᠶᠢᠳᠠᠯ ᠢ | ᠢᠯᠭᠠᠬᠤ᠂ ᠲᠡᠳᠭᠦᠨ ᠬᠠᠪᠰᠤᠷᠬᠤ᠂ ᠨᠠᠷᠢᠯᠢᠭ ᠣᠨᠣᠪᠴᠢ ᠶᠢᠨ ᠬᠡᠮᠵᠢᠶ᠎ᠡ ᠶᠢ ᠲᠦᠯᠬᠢᠨ ᠠᠬᠢᠭᠤᠯᠭᠤ ᠶᠢ | ᠲᠡᠭᠡᠭᠰᠢᠯᠡᠬᠦᠯᠬᠦ ᠭᠡᠷᠡᠭᠲᠡᠢ᠃ ᠶᠠᠳᠠᠭᠤ ᠶᠢ ᠲᠡᠳᠬᠦᠬᠦ ᠪᠠ ︽ᠤᠶᠤᠨ ᠢ ᠲᠡᠳᠭᠦᠭᠦ︾᠂ ︽ᠵᠣᠷᠢᠭ ᠢ ᠲᠡᠳᠭᠦᠭᠦ︾ ᠶᠢ | ᠤᠶᠠᠯᠳᠤᠭᠤᠯᠬᠤ ᠶᠢ ᠬᠡᠷᠡᠭᠵᠢᠭᠦᠯᠵᠦ᠂ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠳᠣᠲᠣᠭᠠᠳᠤ ᠬᠥᠳᠡᠯᠭᠡᠬᠦ | ᠬᠦᠴᠦᠨ ᠢ ᠬᠦᠭᠵᠢᠭᠡᠨ᠎ᠡ᠃ ᠲᠣᠰᠬᠤᠨ ᠳᠤ ᠰᠠᠭᠤᠭ᠎ᠠ ᠺᠠᠳ᠋ᠷ ᠤᠨ ᠬᠠᠪᠰᠤᠷᠤᠨ ᠲᠡᠳᠬᠦᠬᠦ ᠬᠠᠮᠢᠶᠠᠷᠤᠯᠲᠠ ᠶᠢᠨ | ᠲᠦᠷᠢᠮ ᠢ ᠲᠡᠭᠦᠯᠳᠡᠷᠵᠢᠭᠦᠯᠵᠦ᠂ ᠶᠠᠳᠠᠭᠤ ᠶᠢ ᠲᠡᠳᠬᠦᠬᠦ ᠠᠵᠢᠯ ᠤᠨ ᠲᠥᠪ ᠪᠤᠰᠤ ᠰᠤᠷᠲᠠᠯ ᠢ ᠴᠢᠩᠭ᠎ᠠ ᠪᠠᠶᠢᠴᠠᠭᠠᠨ | ᠰᠢᠢᠳᠪᠦᠷᠢᠯᠡᠨ᠎ᠡ᠃ ᠵᠢᠯ ᠤᠨ ᠳᠣᠲᠣᠷ᠎ᠠ ᠴᠢᠷᠮᠠᠶᠢᠵᠤ᠂ ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠪᠠᠷ ᠺᠠᠷᠲᠯᠠᠨ | ᠳᠠᠩᠰᠠᠯᠠᠭᠰᠠᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠪᠦᠬᠦᠨ ᠢ ᠬᠥᠳᠡᠯᠦᠩᠭᠦᠶ ᠪᠠᠷ ᠶᠠᠳᠠᠭᠤ ᠠᠴᠠ | ᠲᠣᠭᠲᠠᠪᠤᠷᠢᠲᠠᠶ ᠠᠩᠭᠢᠵᠢᠷᠠᠭᠤᠯᠤᠨ᠎ᠠ᠃ | ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠲᠠᠶᠢᠨ ᠢ ᠡᠷᠡᠰ ᠰᠢᠭᠤᠷᠬᠠᠢ ᠬᠢᠬᠦ ᠬᠡᠷᠡᠭᠲᠡᠶ᠃ ᠠᠭᠠᠷ | ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ 10 | ᠠᠭᠤᠷᠰᠢᠯᠲᠠ ᠶᠢᠨ ᠲᠤᠨ ᠠᠴᠠ ᠲᠡᠭᠡᠭᠰᠢ ᠨᠡᠭᠦᠷᠡᠰᠦ ᠰᠢᠲᠠᠭᠠᠬᠤ ᠵᠤᠤᠬ᠎ᠠ ᠶᠢ ᠶᠡᠷᠦᠩᠬᠡᠶᠢᠯᠡᠨ ᠴᠡᠭᠴᠡᠯᠡᠨ ᠵᠠᠰᠠᠵᠤ᠂ | ᠪᠦᠬᠦᠨ ᠢ ᠳᠣᠣᠷ᠎ᠠ ᠭᠠᠳᠠᠭᠰᠢᠯᠠᠭᠤᠯᠤᠯᠲᠠ ᠶᠢᠨ ᠭᠠᠯ ᠴᠠᠬᠢᠯᠭᠠᠨ ᠤ ᠮᠠᠰᠢᠨ ᠴᠣᠭᠴᠠᠯᠠᠪᠤᠷᠢ ᠪᠠᠷ ᠦᠭᠡᠷᠡᠴᠢᠯᠡᠬᠦ ᠶᠢ | ᠪᠡᠶᠡᠯᠡᠭᠦᠯᠦᠨ᠎ᠡ᠃ ᠬᠤᠲᠠ ᠶᠢᠨ ᠳᠡᠭᠳᠡᠮᠡᠯ ᠲᠣᠭᠤᠰᠣᠨ ᠤ ᠪᠣᠬᠢᠷᠲᠤᠯ ᠢ ᠬᠠᠮᠢᠶᠠᠷᠤᠨ ᠡᠵᠡᠮᠳᠡᠬᠦ ᠡᠷᠴᠢᠮ ᠢᠶᠠᠨ | ᠴᠢᠩᠭᠠᠷᠠᠭᠤᠯᠵᠤ᠂ ᠪᠦᠬᠦ ᠲᠠᠯ᠎ᠠ ᠪᠠᠷ ᠵᠢᠵᠢᠭ ᠵᠤᠤᠬ᠎ᠠ ᠤᠲᠤᠭᠠᠲᠤ ᠨᠡᠭᠦᠷᠡᠰᠦ ᠰᠤᠯᠠ ᠰᠢᠲᠠᠭᠠᠬᠤ ᠶᠢ ᠴᠠᠭᠠᠵᠠᠯᠠᠵᠤ᠂ | ᠨᠡᠭᠦᠷᠡᠰᠦ ᠶᠢ ᠬᠡᠢ ᠪᠣᠯᠭᠠᠨ ᠥᠭᠡᠷᠡᠴᠢᠯᠡᠬᠦ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠶᠢ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠵᠤ᠂ ᠠᠭᠠᠷ ᠮᠠᠨᠳᠠᠯ ᠤᠨ ᠶᠠᠰᠤ ᠴᠢᠨᠠᠷ ᠢ ᠤᠮᠠᠷᠠᠲᠤ ᠶᠢᠨ ᠬᠤᠲᠠᠳ ᠤᠨ | ᠡᠮᠦᠨᠡᠭᠦᠷ ᠵᠢᠭᠰᠠᠭᠠᠭᠳᠠᠬᠤ ᠶᠢ ᠪᠠᠲᠤᠯᠠᠬᠤ ᠬᠡᠷᠡᠭᠲᠡᠶ᠃ ︽ᠤᠰᠤᠨ ᠤ ᠠᠷᠪᠠᠨ ᠵᠤᠷᠪᠤᠰ︾ ᠢ ᠭᠦᠨᠵᠡᠭᠡᠶ | ᠬᠡᠷᠡᠭᠵᠢᠭᠦᠯᠵᠦ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠪᠠᠨᠳᠢ ᠠᠶᠢᠯ ᠤᠨ ᠪᠣᠬᠢᠷ | ᠤᠰᠤ ᠰᠢᠢᠳᠪᠦᠷᠢᠯᠡᠬᠦ ᠦᠢᠯᠡᠳᠪᠦᠷᠢ ᠶᠢᠨ ᠭᠤᠷᠪᠠᠳᠤᠭᠠᠷ ᠬᠤᠭᠤᠴᠠᠭᠠᠨ ᠤ ᠥᠷᠭᠡᠳᠬᠡᠨ ᠪᠠᠶᠢᠭᠤᠯᠬᠤ ᠶᠢ | ᠡᠬᠢᠯᠡᠭᠦᠯᠵᠦ᠂ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠤᠳᠠ ᠶᠢᠨ | ᠬᠠᠷ᠎ᠠ ᠦᠮᠡᠬᠡᠶ ᠤᠰᠤᠨ ᠴᠣᠭᠴᠠ ᠶᠢ ᠠᠷᠢᠯᠭᠠᠨ᠎ᠠ᠃ ︽ᠬᠦᠷᠦᠰᠦ ᠰᠢᠷᠤᠢ ᠶᠢᠨ ᠠᠷᠪᠠᠨ ᠵᠤᠷᠪᠤᠰ︾ ᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠷᠥᠰᠥ ᠰᠢᠷᠣᠶ ᠶᠢᠨ ᠠᠬᠤᠢ ᠪᠠᠶᠢᠳᠠᠯ ᠤᠨ ᠶᠠᠰᠤ ᠴᠢᠨᠠᠷ ᠢ ᠨᠠᠷᠢᠨ | ᠪᠠᠶᠢᠴᠠᠭᠠᠬᠤ ᠠᠵᠢᠯ ᠢ ᠥᠷᠨᠢᠭᠦᠯᠵᠦ᠂ ᠬᠥᠷᠥᠰᠥ ᠰᠢᠷᠣᠶ ᠶᠢᠨ ᠣᠷᠴᠢᠨ ᠠᠬᠤᠶ ᠶᠢᠨ ᠮᠡᠳᠡᠭᠡ ᠵᠠᠩᠭᠢᠴᠢᠯᠠᠯᠲᠠ ᠶᠢᠨ | ᠬᠠᠮᠢᠶᠠᠷᠤᠯᠲᠠ ᠶᠢᠨ ᠲᠦᠪᠰᠢᠨ ᠢ ᠲᠡᠭᠡᠭᠰᠢᠯᠡᠭᠦᠯᠦᠨ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ | ᠲᠦᠯᠬᠢᠨ ᠠᠬᠢᠭᠤᠯᠬᠤ ᠬᠡᠷᠡᠭᠲᠡᠶ᠃ ᠬᠠᠮᠤᠭ ᠤᠨ ᠴᠢᠩᠭ᠎ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ ᠢ | ᠡᠷᠡᠰ ᠬᠡᠷᠡᠭᠵᠢᠭᠦᠯᠵᠦ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠣᠷᠴᠢᠨ ᠲᠣᠭᠤᠷᠢᠨ ᠢ ᠬᠢᠨᠠᠨ ᠪᠠᠶᠢᠴᠠᠭᠠᠬᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠡᠨᠧᠷᠭᠢ ᠶᠢᠨ | ᠰᠤᠷᠪᠤᠯᠵᠢ᠂ ᠲᠡᠮᠦᠷᠯᠢᠭ ᠪᠤᠯᠪᠠᠰᠤᠷᠠᠭᠤᠯᠬᠤ᠂ ᠪᠠᠷᠢᠯᠭ᠎ᠠ ᠶᠢᠨ ᠮᠠᠲ᠋ᠧᠷᠢᠶᠠᠯ᠂ ᠬᠢᠮᠢ ᠶᠢᠨ ᠠᠵᠤ ᠦᠢᠯᠡᠳᠪᠦᠷᠢ ᠵᠡᠷᠭᠡ | ᠠᠵᠢᠯ ᠲᠥᠷᠥᠯ ᠤᠨ ᠴᠡᠪᠡᠷ ᠦᠢᠯᠡᠳᠪᠦᠷᠢᠯᠡᠯ ᠢ ᠥᠭᠡᠷᠡᠴᠢᠯᠡᠬᠦ ᠶᠢ ᠠᠬᠢᠭᠤᠯᠤᠨ᠎ᠠ᠃ ᠲᠥᠪ ᠤᠨ ᠣᠷᠴᠢᠨ | ᠠᠬᠤᠶ ᠶᠢᠨ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠪᠤᠯᠤᠨ ᠥᠪᠡᠷᠲᠡᠭᠡᠨ ᠵᠠᠰᠠᠬᠤ ᠣᠷᠣᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠪᠠᠶᠢᠳᠠᠯ ᠳᠤ ᠶᠡᠭᠡ ᠪᠠᠢᠴᠠᠭᠠᠯᠲᠠ ᠬᠢᠬᠦ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠣᠷᠴᠢᠨ ᠲᠣᠭᠤᠷᠢᠨ ᠢ ᠬᠠᠮᠠᠭᠠᠯᠠᠬᠤ | ᠲᠣᠪᠤᠶᠢᠮ᠎ᠠ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠬᠦ ᠬᠡᠷᠡᠭᠲᠡᠶ᠃ | ︵ᠬᠤᠶᠠᠷ︶ ᠠᠵᠤ ᠦᠢᠯᠡᠳᠪᠦᠷᠢ ᠪᠠᠷ ᠬᠤᠲᠠ ᠶᠢ ᠬᠦᠴᠦᠷᠭᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠶᠡᠬᠡᠪᠡᠷ | ᠲᠦᠯᠬᠢᠨ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ | ᠲᠤᠯᠭᠠᠭᠤᠷᠢᠯᠠᠨ ᠳᠠᠭᠠᠭᠤᠯᠬᠤ ᠦᠢᠯᠡᠳᠦᠯ ᠢ ᠪᠦᠬᠦ ᠲᠠᠯ᠎ᠠ ᠪᠠᠷ ᠲᠡᠭᠡᠭᠰᠢᠯᠡᠭᠦᠯᠬᠦ ᠬᠡᠷᠡᠭᠲᠡᠢ᠃ | ᠠᠵᠤ ᠦᠢᠯᠡᠳᠪᠦᠷᠢ ᠶᠢᠨ ᠪᠠᠶᠢᠷᠢᠰᠢᠭᠤᠯᠣᠯᠲᠠ ᠶᠢ ᠰᠢᠯᠢᠳᠡᠭᠵᠢᠭᠦᠯᠦᠨ ᠲᠤᠬᠢᠷᠠᠭᠤᠯᠬᠤ ᠶᠢ ᠲᠦᠯᠬᠢᠨ | ᠠᠬᠢᠭᠤᠯᠤᠨ᠎ᠠ᠃ ᠠᠵᠤ ᠦᠢᠯᠡᠳᠪᠦᠷᠢ ᠶᠢ ᠬᠦᠷᠢᠶᠡᠯᠡᠩ ᠲᠤᠭᠤᠷᠢᠭᠵᠢᠭᠤᠯᠬᠤ᠂ ᠬᠦᠷᠢᠶᠡᠯᠡᠩ ᠲᠣᠭᠤᠷᠢᠭ ᠢ | ᠤᠨᠴᠠᠯᠢᠭᠲᠠᠢ ᠬᠦᠭᠵᠢᠭᠦᠯᠬᠦ ᠰᠡᠳᠬᠢᠴᠡ ᠶᠢ ᠦᠨᠳᠦᠰᠦᠯᠡᠨ᠂ ᠵᠠᠰᠠᠭ ᠵᠠᠬᠢᠷᠭᠠᠨ ᠤ ᠣᠷᠣᠨ ᠤ ᠵᠠᠭᠠᠭ ᠢ ᠲᠡᠪᠴᠢᠵᠦ᠂ | ᠡᠯ᠎ᠡ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠬᠢᠷᠢ ᠲᠦᠪᠰᠢᠨ ᠪᠠ ᠠᠰᠢᠭ ᠲᠤᠰᠠ ᠶᠢ ᠬᠠᠮᠲᠤ ᠪᠠᠷ | ᠡᠳ᠋ᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠠᠷ ᠠᠵᠤ ᠦᠢᠯᠡᠳᠪᠦᠷᠢ ᠶᠢᠨ | ᠪᠠᠶᠢᠷᠢᠰᠢᠭᠤᠯᠣᠯᠲᠠ ᠶᠢ ᠲᠣᠬᠢᠷᠠᠭᠤᠯᠤᠨ ᠰᠢᠯᠢᠳᠡᠭᠵᠢᠭᠦᠯᠦᠨ᠂ ᠬᠤᠲᠠ ᠶᠢᠨ ᠲᠣᠭᠤᠷᠢᠭ ᠵᠢᠴᠢ ᠡᠷᠬᠢᠨ ᠲᠣᠭᠤᠷᠢᠨ ᠤ | ᠠᠵᠤ ᠦᠢᠯᠡᠳᠪᠦᠷᠢ ᠠᠵᠤ ᠠᠬᠤᠶᠢᠯᠠᠯ ᠢ ᠨᠡᠭᠦᠯᠭᠡᠬᠦ ᠲᠥᠯᠥᠪᠯᠡᠭᠡ ᠶᠢ ᠡᠬᠢᠯᠡᠭᠦᠯᠦᠨ ᠬᠡᠷᠡᠭᠵᠢᠭᠦᠯᠵᠦ᠂ ᠬᠦᠷᠢᠶᠡᠯᠡᠩ | ᠲᠣᠭᠤᠷᠢᠭ ᠤᠨ ᠬᠡᠯᠪᠡᠷᠢ ᠶᠢ ᠬᠤᠪᠢᠷᠠᠭᠤᠯᠬᠤ ᠂ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠲᠦᠯᠬᠢᠨ | ᠠᠬᠢᠭᠤᠯᠣᠨ᠎ᠠ᠃ ᠬᠦᠷᠢᠶᠡᠯᠡᠩ ᠲᠣᠭᠤᠷᠢᠭ ᠤᠨ ᠴᠢᠳᠠᠮᠵᠢ ᠶᠢᠨ ᠬᠢᠷᠢ ᠬᠡᠮᠵᠢᠶ᠎ᠡ ᠶᠢᠨ ᠲᠤᠭᠲᠠᠭᠠᠯᠲᠠ ᠶᠢᠨ ᠲᠤᠭᠤᠷᠢᠨ | ᠳᠤ᠂ ᠰᠠᠭᠤᠷᠢ ᠢᠵᠢ ᠪᠦᠷᠢᠳᠦᠭᠦᠯᠬᠦ ᠶᠢ ᠲᠦᠷᠭᠡᠪᠴᠢᠯᠡᠨ ᠂ ᠬᠥᠭᠵᠢᠯᠲᠡ ᠶᠢᠨ ᠣᠷᠣᠨ ᠵᠠᠶ ᠶᠢ ᠭᠦᠢᠴᠡᠳ | ᠦᠯᠡᠳᠡᠭᠡᠵᠦ᠂ ᠲᠠᠭᠠᠭᠠᠴᠠ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠦᠭᠡᠢ ᠲᠡᠭᠡᠭᠰᠢᠯᠡᠭᠦᠯᠦᠨ᠎ᠡ᠃ ᠵᠢᠯ ᠤᠨ | ᠳᠣᠲᠣᠷ᠎ᠠ ᠴᠢᠷᠮᠠᠶᠢᠵᠤ᠂ ᠵᠠᠭᠤᠨᠳᠦ᠋ᠡᠭᠰᠢᠭᠤᠷ ᠲᠥᠭᠦᠷᠢᠭ ᠤᠨ ᠲᠠᠰ ᠤᠨ ᠠᠵᠤ ᠠᠬᠤᠶᠢᠯᠠᠯ 5 ᠬᠦᠷᠭᠡᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 15 ᠡᠷᠦᠬᠡ ᠶᠢ ᠰᠢᠨ᠎ᠡ ᠪᠠᠷ | ᠨᠡᠮᠡᠭᠳᠡᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠦᠷᠳᠡᠭ ᠢ 1400 ᠳ᠋ᠦᠩᠰᠢᠭᠤᠷ ᠲᠥᠭᠦᠷᠢᠭ | ᠬᠦᠷᠭᠡᠵᠦ᠂ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ GDP ᠳᠤ ᠡᠵᠡᠯᠡᠬᠦ ᠬᠤᠪᠢ ᠶᠢᠨ ᠵᠢᠩ ᠢ 22 | % ᠠᠴᠠ ᠦᠨᠳᠦᠷ ᠪᠠᠶᠢᠯᠭᠠᠨ᠎ᠠ᠃ | ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠢᠳᠡᠪᠬᠢᠲᠡᠶ | ᠠᠬᠢᠭᠤᠯᠬᠤ ᠬᠡᠷᠡᠭᠲᠡᠢ᠃ ᠰᠦ ᠰᠠᠭᠠᠯᠢ ᠶᠢᠨ ᠦᠢᠯᠡᠰ ᠤᠨ ᠳᠡᠰ ᠳᠡᠪᠰᠢᠬᠦ ᠠᠵᠢᠯᠯᠠᠭ᠎ᠠ ᠶᠢ ᠥᠷᠨᠢᠭᠦᠯᠵᠦ᠂ ᠢ ᠯᠢ᠂ | ᠮᠧᠩ ᠨᠢᠦ ᠵᠡᠷᠭᠡ ᠠᠵᠤ ᠠᠬᠤᠶᠢᠯᠠᠯ ᠤᠨ ᠪᠦᠬᠦ ᠪᠥᠮᠪᠥᠷᠴᠡᠭ ᠤᠨ ᠡᠬᠢ ᠪᠠᠶᠠᠯᠢᠭ ᠢ ᠠᠰᠢᠭᠯᠠᠬᠤ ᠶᠢ ᠲᠡᠮᠵᠢᠵᠦ᠂ | ᠰᠤᠳᠤᠯᠤᠨ ᠨᠡᠭᠡᠭᠡᠬᠦ ᠦᠢᠯᠡᠳᠪᠦᠷᠢᠯᠡᠯ ᠢ ᠴᠢᠩᠭᠠᠳᠬᠠᠵᠤ᠂ ᠤᠯᠠᠨ ᠤᠯᠤᠰ ᠤᠨ ᠬᠠᠮᠲᠤᠷᠠᠯᠴᠠᠭ᠎ᠠ ᠶᠢ ᠥᠷᠨᠢᠭᠦᠯᠵᠦ᠂ | ᠰᠦ ᠰᠠᠭᠠᠯᠢ ᠶᠢᠨ ᠦᠢᠯᠡᠰ ᠤᠨ ᠰᠢᠨᠵᠢᠯᠡᠬᠦ ᠤᠬᠠᠭᠠᠨᠴᠢ ᠰᠢᠨ᠎ᠡ ᠶᠢ ᠡᠭᠦᠳᠬᠦ ᠬᠦᠷᠢᠶᠡᠯᠡᠩ ᠲᠣᠭᠤᠷᠢᠭ᠂ ᠰᠦ | ᠰᠠᠭᠠᠯᠢ ᠶᠢᠨ ᠦᠢᠯᠡᠰ ᠤᠨ ᠪᠠᠷᠢᠮᠵᠢᠶᠠᠵᠢᠭᠰᠠᠨᠰᠢᠨᠡ ᠶᠢ ᠡᠭᠦᠳᠬᠦ ᠲᠥᠪ ᠶᠢ ᠪᠠᠶᠢᠭᠤᠯᠵᠤ᠂ ︽ᠳᠤᠮᠳᠠᠳᠤ | ᠤᠯᠤᠰ ᠤᠨ ᠰᠦ ᠶᠢᠨ ᠬᠤᠲᠠ︾ ᠶᠢᠨ ᠳᠡᠰ ᠳᠠᠪᠰᠢᠯᠲᠠ ᠶᠢ ᠴᠤᠭᠴᠠᠯᠠᠨ᠎ᠠ᠃ ᠮᠧᠩ ᠼᠤᠤ᠂ ᠮᠧᠩ ᠶᠠᠩ ᠵᠡᠷᠭᠡ | ᠳᠠᠪᠠᠭᠤᠯᠢᠭ ᠠᠵᠤ ᠠᠬᠤᠶᠢᠯᠠᠯ ᠤᠨ ᠵᠠᠬ᠎ᠠ ᠳᠡᠯᠭᠡᠭᠦᠷ ᠨᠡᠭᠡᠭᠡᠬᠦ᠂ ᠬᠡᠪᠴᠢᠶ᠎ᠡ ᠪᠠᠨ ᠥᠷᠭᠡᠳᠬᠡᠬᠦ ᠶᠢ ᠳᠡᠮᠵᠢᠵᠦ᠂ | ᠱᠧᠩ ᠮᠦ ᠰᠦ ᠰᠠᠭᠠᠯᠢ ᠶᠢᠨ ᠦᠢᠯᠡᠰ᠂ ᠵᠧᠩ ᠳ᠋ᠠ ᠢᠳᠡᠭᠡᠨ ᠵᠡᠷᠭᠡ ᠭᠤᠣᠯᠳᠠᠯᠭ᠎ᠠ ᠲᠠᠢ ᠢᠳᠡᠭᠡᠨ ᠪᠣᠯᠪᠠᠰᠤᠷᠠᠭᠤᠯᠬᠤ | ᠲᠦᠷᠦᠯ ᠵᠦᠢᠯ ᠢ ᠲᠦᠷᠭᠡᠪᠴᠢᠯᠡᠨ ᠬᠡᠷᠡᠭᠵᠢᠭᠦᠯᠵᠦ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠪᠣᠯᠪᠠᠰᠤᠷᠠᠭᠤᠯᠬᠤ ᠠᠵᠤ ᠦᠢᠯᠡᠰ ᠤᠨ ᠨᠡᠷᠡᠲᠦ ᠲᠡᠮᠳᠡᠭ ᠢ ᠰᠠᠶᠢᠳᠤᠷ ᠬᠢᠵᠦ | ᠪᠤᠵᠠᠭᠠᠶᠢᠷᠠᠭᠤᠯᠤᠨ᠎ᠠ᠃ ᠬᠤᠷᠢᠨᠭᠡᠷ ᠤᠨ ᠴᠠᠬᠢᠯᠭᠠᠨ ᠤ ᠦᠢᠯᠡᠳᠪᠦᠷᠢ᠂ ᠬᠤᠸᠠᠨ ᠵᠢᠤᠢ ᠰᠢᠨ᠎ᠡ ᠡᠨᠧᠷᠭᠢ ᠶᠢᠨ | ᠰᠤᠷᠪᠤᠯᠵᠢ ᠵᠡᠷᠭᠡ ᠴᠢᠬᠤᠯᠠ ᠶᠡᠭᠡ ᠡᠨᠧᠷᠭᠢ ᠶᠢᠨ ᠰᠤᠷᠪᠤᠯᠵᠢ ᠶᠢᠨ ᠲᠥᠷᠥᠯ ᠵᠦᠢᠯ ᠤᠨ ᠪᠦᠳᠣᠭᠡᠨ | ᠪᠠᠶᠢᠭᠤᠯᠤᠯᠲᠠ ᠶᠢ ᠦᠷᠬᠦᠯᠵᠢᠯᠡᠨ ᠰᠠᠶᠢᠲᠤᠷ ᠠᠳᠬᠤᠵᠤ᠂ ᠪᠦᠬᠦ ᠤᠯᠤᠰ ᠤᠨ ᠴᠢᠬᠤᠯᠠ ᠴᠡᠪᠡᠷ ᠡᠨᠧᠷᠭᠢ ᠭᠠᠷᠭᠠᠬᠤ | ᠰᠠᠭᠤᠷᠢᠨ ᠭᠠᠵᠠᠷ ᠢ ᠪᠦᠳᠦᠭᠡᠨ ᠪᠠᠶᠢᠭᠤᠯᠤᠨ᠎ᠠ᠃ ᠣᠳᠣᠬᠢᠴᠢᠯᠠᠭᠰᠠᠨ ᠠᠵᠤ ᠦᠢᠯᠡᠳᠪᠦᠷᠢ ᠠᠵᠤ ᠦᠢᠯᠡᠰ ᠢ | ᠶᠡᠬᠡᠪᠡᠷ ᠬᠦᠭᠵᠢᠭᠦᠯᠦᠨ᠂ ᠵᠢᠦ ᠲᠠᠢ ᠨᠡᠭᠦᠷᠡᠰᠦ ᠪᠠᠷ ᠦᠢᠯᠡᠳᠦᠭᠰᠡᠨ ᠡᠲ᠋ᠠ ᠬᠤᠶᠠᠷᠴᠢ ᠠᠯᠺᠥᠥᠯ ᠤᠨ ᠲᠥᠷᠥᠯ | ᠵᠦᠢᠯ ᠢ ᠲᠦᠷᠭᠡᠪᠴᠢᠯᠡᠨ ᠬᠡᠷᠡᠭᠵᠢᠭᠦᠯᠵᠦ᠂ ᠾᠧᠩ ᠳ᠋ᠧ ᠪᠤᠬᠢᠷᠳᠤᠯ ᠦᠭᠡᠢ ᠲᠦᠷᠭᠡᠳᠭᠡᠭᠦᠷ᠂ ᠯᠠᠨ ᠢᠦᠢ | ᠪᠤᠬᠢᠷᠲᠤᠯ ᠦᠬᠡᠢ ᠬᠦᠬᠦᠷ ᠦᠭᠡᠶᠢᠳᠡᠭᠦᠯᠬᠦ ᠰᠢᠪᠳᠤᠷ ᠤᠨ ᠤᠰᠤ ᠵᠡᠷᠭᠡ ᠨᠠᠷᠢᠯᠢᠭ ᠬᠢᠮᠢ ᠶᠢᠨ ᠠᠵᠤ | ᠦᠢᠯᠡᠳᠪᠦᠷᠢ ᠶᠢᠨ ᠲᠥᠷᠥᠯ ᠵᠦᠢᠯ ᠤᠨ ᠰᠠᠭᠤᠷᠢᠰᠢᠭᠤᠯᠬᠤ ᠪᠥᠳᠥᠭᠡᠨ ᠪᠠᠶᠢᠭᠤᠯᠤᠯᠲᠠ ᠶᠢ ᠬᠢᠨ᠎ᠡ᠃ ᠴᠤᠸᠠᠩ ᠸᠧᠢ | ᠲᠧᠯᠸᠢᠰ ᠤᠨ ᠲᠥᠷᠥᠯ ᠵᠦᠢᠯ ᠢ ᠨᠡᠭᠦᠯᠭᠡᠬᠦ ᠶᠢ ᠲᠥᠯᠬᠢᠨ ᠠᠬᠢᠭᠤᠯᠵᠤ᠂ ᠰᠢᠩᠭᠡᠨ ᠲᠠᠯᠠᠰᠲᠤ ᠲᠧᠯᠸᠢᠰ ᠤᠨ ᠠᠵᠤ | ᠠᠬᠤᠶᠢᠯᠠᠯ ᠤᠨ ᠦᠢᠯᠡᠳᠭᠦᠨ ᠤ ᠪᠦᠲᠦᠴᠡ ᠶᠢ ᠲᠤᠬᠢᠷᠠᠭᠤᠯᠬᠤ ᠶᠢ ᠬᠥᠲᠥᠯᠥᠨ ᠵᠢᠯᠣᠭᠤᠳᠴᠤ᠂ ᠳᠡᠭᠡᠳᠦ ᠳᠡᠰ ᠤᠨ | ᠦᠢᠯᠡᠳᠬᠦᠨ ᠢ ᠰᠤᠳᠤᠯᠤᠨ ᠨᠡᠭᠡᠭᠡᠬᠦ ᠦᠢᠯᠡᠳᠪᠦᠷᠢᠯᠡᠯ ᠤᠨ ᠬᠠᠷᠢᠴᠠᠯ ᠢ ᠨᠡᠮᠡᠭᠳᠡᠭᠦᠯᠵᠦ᠂ ᠦᠷᠳᠡᠭ ᠢ ᠨᠡᠮᠡᠭᠳᠡᠭᠦᠯᠬᠦ | ᠦᠷ᠎ᠡ ᠪᠦᠲᠦᠮᠵᠢ ᠪᠣᠯᠣᠨ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠬᠤᠪᠢᠷᠠᠭᠤᠯᠤᠨ ᠳᠡᠭᠡᠭᠰᠢᠯᠡᠭᠦᠯᠦᠨ᠎ᠡ᠃ | | ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ | ᠬᠥᠭᠵᠢᠭᠦᠯᠬᠦ ᠶᠢ ᠨᠡᠩ ᠴᠢᠬᠤᠯᠠᠴᠢᠯᠠᠬᠤ ᠬᠡᠷᠡᠭᠲᠡᠶ᠃ ᠲᠤᠮᠤ ᠳ᠋ᠠᠶᠢᠲ᠋ᠠ ᠶᠢᠨ ᠡᠭᠦᠯᠡᠨ ᠪᠤᠳᠤᠯᠲᠠ ᠶᠢᠨ ᠠᠵᠤ | ᠦᠢᠯᠡᠰ ᠢᠶᠠᠷ ᠰᠠᠭᠤᠷᠢ ᠪᠣᠯᠭᠠᠵᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠢ | ᠲᠦᠷᠭᠡᠪᠴᠢᠯᠡᠨ ᠬᠥᠭᠵᠢᠭᠦᠯᠵᠦ᠂ ᠰᠢᠯᠵᠢᠮᠡᠯ ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ᠂ ᠪᠠᠷᠠᠭᠠᠨ ᠤ ᠰᠦᠯᠵᠢᠶ᠎ᠡ᠂ | ᠬᠢᠮᠡᠯ ᠤᠶᠤᠨ ᠤ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠴᠢᠩᠭᠠᠷᠠᠭᠤᠯᠤᠨ᠂ ᠳᠤᠮᠳᠠᠳᠤ ᠤᠯᠤᠰ ᠤᠨ ᠤᠮᠠᠷᠠᠲᠤ | ᠣᠷᠣᠨ ᠤ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠴᠤᠭᠯᠠᠷᠠᠯ ᠤᠨ ᠲᠥᠪ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠡᠭᠦᠯᠡᠨ ᠪᠤᠳᠤᠯᠲᠠ ᠶᠢᠨ ᠲᠥᠪ ᠢ ᠲᠥᠯᠥᠪᠵᠢᠭᠦᠯᠦᠨ ᠪᠠᠶᠢᠭᠤᠯᠣᠨ᠎ᠠ᠃ ᠠᠵᠤ | ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢ ᠲᠦᠷᠭᠡᠪᠴᠢᠯᠡᠨ ᠬᠥᠭᠵᠢᠭᠦᠯᠵᠦ᠂ ᠮᠡᠳᠡᠭᠡ ᠵᠠᠩᠭᠢ ᠶᠢᠨ ᠮᠡᠷᠭᠡᠵᠢᠯ | ᠬᠢᠭᠡᠳ ᠪᠣᠳᠠᠲᠤ ᠴᠣᠭᠴᠠ ᠶᠢᠨ ᠠᠵᠤ ᠠᠬᠤᠶ᠂ ᠤᠯᠠᠨ ᠨᠡᠶᠢᠲᠡ ᠶᠢᠨ ᠦᠢᠯᠡᠴᠢᠯᠡᠭᠡ ᠶᠢᠨ ᠭᠦᠨᠵᠡᠭᠡᠶ | ᠠᠭᠤᠰᠤᠯᠴᠠᠬᠤ ᠶᠢ ᠲᠦᠯᠬᠢᠨ ᠠᠬᠢᠭᠤᠯᠬᠤ ᠬᠡᠷᠡᠭᠲᠡᠶ᠃ ᠳᠡᠭᠡᠳᠦ ᠳᠡᠰ ᠤᠨ ᠲᠤᠨᠤᠭ ᠲᠥᠬᠦᠭᠡᠷᠦᠮᠵᠢ ᠦᠢᠯᠡᠳᠬᠦ | ᠠᠵᠤ ᠦᠢᠯᠡᠰ ᠢ ᠢᠳᠡᠪᠬᠢᠲᠡᠶ ᠲᠦᠯᠬᠢᠨ ᠠᠬᠢᠭᠤᠯᠵᠤ᠂ ᠺᠠᠢ ᠸᠧ ᠮᠠᠰᠢᠨ ᠲᠡᠷᠭᠡᠨ ᠤ ᠨᠡᠶᠢᠲᠡ ᠴᠣᠭᠴᠠ ᠶᠢᠨ | ᠲᠥᠷᠥᠯ ᠵᠦᠢᠯ ᠢ ᠡᠬᠢᠯᠡᠭᠦᠯᠦᠨ ᠪᠠᠶᠢᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠪᠦᠬᠦᠯᠢ ᠴᠣᠭᠴᠠᠲᠣ ᠮᠠᠰᠢᠨ | ᠲᠡᠷᠭᠡ ᠦᠢᠯᠡᠳᠬᠦ ᠴᠢᠳᠠᠪᠤᠷᠢ ᠶᠢ ᠲᠦᠷᠭᠡᠨ ᠪᠤᠢ ᠪᠣᠯᠭᠠᠬᠤ ᠬᠡᠷᠡᠭᠲᠡᠶ᠃ ᠰᠠᠨᠰᠠᠷ ᠤᠨ ᠠᠶᠠᠯᠠᠯ ᠤᠨ ᠰᠢᠨᠵᠢᠯᠡᠭᠡ | ᠮᠡᠷᠭᠡᠵᠢᠯ ᠤᠨ ᠠᠵᠤ ᠦᠢᠯᠡᠳᠪᠦᠷᠢ᠂ ᠰᠠᠨᠰᠠᠷ ᠤᠨ ᠠᠶᠠᠯᠠᠯ ᠤᠨ ᠰᠢᠨᠵᠢᠯᠡᠭᠡ ᠮᠡᠷᠭᠡᠵᠢᠯ ᠵᠡᠷᠭᠡ ᠠᠵᠤ ᠠᠬᠤᠶᠢᠯᠠᠯ ᠤᠨ | ᠬᠠᠮᠲᠤᠷᠠᠨ ᠠᠵᠢᠯᠴᠠᠭᠠ ᠶᠢ ᠴᠢᠩᠭᠠᠳᠬᠠᠵᠤ᠂ ᠳᠡᠭᠡᠳᠦ ᠴᠢᠳᠠᠪᠬᠢᠲᠦ ᠡᠮ ᠡᠮᠨᠡᠯᠭᠡ ᠶᠢᠨ ᠪᠠᠭᠠᠵᠢ ᠬᠡᠷᠡᠭᠰᠡᠯ᠂ | ᠠᠭᠠᠷ ᠤᠨ ᠠᠶᠠᠯᠠᠯ ᠤᠨ ᠲᠣᠨᠣᠭᠯᠠᠯ ᠦᠢᠯᠡᠳᠬᠦ ᠲᠦᠷᠤᠯ ᠵᠦᠢᠯ ᠢ ᠪᠠᠶᠢᠷᠢᠰᠢᠭᠤᠯᠤᠨ ᠪᠥᠳᠥᠭᠡᠨ ᠪᠠᠶᠢᠭᠤᠯᠣᠨ᠎ᠠ᠃ | ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠥᠷᠢᠰᠥᠯᠳᠦᠬᠦ ᠳᠠᠪᠠᠭᠤᠯᠢᠭ ᠲᠠᠯ᠎ᠠ ᠶᠢ ᠪᠠᠳᠠᠷᠠᠭᠤᠯᠵᠤ᠂ ᠡᠯᠧᠺᠲᠷᠣᠨ | ᠴᠠᠬᠢᠭᠤᠷ ᠮᠠᠲ᠋ᠧᠷᠢᠶᠠᠯ᠂ ᠴᠡᠪᠡᠷ ᠬᠥᠩᠭᠡᠨᠴᠠᠭᠠᠨ᠂ ᠪᠠᠯ ᠴᠢᠯᠠᠭᠤᠨ ᠠᠯᠺᠧᠨ᠂ ᠣᠨᠴᠠᠭᠠᠶ ᠮᠠᠭᠨᠢ ᠶᠢᠨ ᠬᠠᠶᠢᠯᠤᠰᠢ | ᠵᠡᠷᠭᠡ ᠰᠢᠨ᠎ᠡ ᠮᠠᠶ᠋ᠢᠭ ᠤᠨ ᠮᠠᠲ᠋ᠧᠷᠢᠶᠠᠯ ᠢ ᠨᠡᠭᠡᠭᠡᠨ ᠬᠦᠭᠵᠢᠭᠦᠯᠵᠦ᠂ ᠵᠦᠩ ᠬᠤᠸᠠᠨ ᠭᠡᠷᠡᠯ ᠴᠡᠨᠡᠭ ᠤᠨ | ᠳᠥᠷᠪᠡᠳᠦᠭᠡᠷ ᠬᠤᠭᠤᠴᠠᠭ᠎ᠠ ᠶᠢ ᠦᠷᠭᠡᠳᠭᠡᠬᠦ᠂ ᠠᠢ ᠡᠯ ᠡᠯᠧᠺᠲᠷᠣᠨ ᠮᠠᠲ᠋ᠧᠷᠢᠶᠠᠯ ᠤᠨ ᠠᠵᠤ ᠦᠢᠯᠡᠰ ᠤᠨ | ᠬᠦᠷᠢᠶᠡᠯᠡᠩ ᠵᠡᠷᠭᠡ ᠲᠦᠷᠦᠯ ᠵᠦᠢᠯ ᠢ ᠲᠦᠷᠭᠡᠪᠴᠢᠯᠡᠨ ᠪᠦᠲᠦᠭᠡᠨ ᠪᠠᠶᠢᠭᠤᠯᠵᠤ᠂ ᠤᠯᠠᠨ ᠡᠰᠢᠵᠢᠭᠰᠡᠨ ᠰᠢᠨ᠎ᠡ | ᠮᠠᠲ᠋ᠧᠷᠢᠶᠠᠯ ᠤᠨ ᠠᠵᠤ ᠦᠢᠯᠡᠰ ᠤᠨ ᠴᠤᠭᠯᠠᠷᠠᠯ ᠢ ᠪᠠᠶᠢᠭᠤᠯᠤᠨ᠎ᠠ᠃ ᠠᠮᠢᠳᠠᠨ ᠤ ᠬᠢᠵᠢᠭ ᠤᠨ ᠲᠠᠷᠢᠯᠭ᠎ᠠ᠂ ᠠᠮᠢᠳᠤ | ᠪᠣᠳᠠᠰ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠡᠪᠴᠢᠶ᠎ᠡ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠶᠢᠨ | ᠢᠦᠢ ᠣᠯᠠᠨ ᠤᠯᠤᠰ ᠤᠨ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ᠂ ᠵᠢᠶᠠᠨ | ᠯᠦᠩ 10 ᠲᠦᠮᠡᠨ ᠲᠣᠨ ᠤᠰᠤᠨ ᠳᠤ ᠠᠭᠤᠰᠤᠮᠠᠬᠠᠢ ᠢᠳᠡᠭᠡᠨ ᠤ ᠰᠢᠷᠬᠡᠭᠯᠢᠭ ᠡᠳ᠋᠂ ᠱᠢ ᠵᠢᠢ ᠹᠦ᠋ ᠺᠠᠩ ᠬᠢᠲᠠᠳ | ᠡᠮ ᠤᠨ ᠰᠢᠩᠭᠡᠨ ᠤᠮᠳᠠ ᠶᠢᠨ ᠲᠦᠷᠦᠯ ᠵᠦᠢᠯ ᠤᠳ ᠢ ᠪᠠᠶᠢᠭᠤᠯᠤᠨ ᠠᠰᠢᠭᠯᠠᠯᠲᠠ ᠳᠤ ᠤᠷᠤᠭᠤᠯᠬᠤ ᠶᠢ | ᠠᠬᠢᠭᠤᠯᠵᠤ᠂ ᠳᠡᠭᠡᠳᠦ ᠲᠡᠰ ᠤᠨ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠠᠵᠤ ᠦᠢᠯᠡᠰ ᠤᠨ ᠰᠢᠰᠲ᠋ᠧᠮ ᠢ | ᠪᠠᠶᠢᠭᠤᠯᠤᠨ᠎ᠠ᠃ ᠣᠷᠴᠢᠨ ᠲᠣᠭᠤᠷᠢᠨ ᠢ ᠬᠠᠮᠠᠭᠠᠯᠠᠨ ᠡᠨᠧᠷᠭᠢ ᠠᠷᠪᠢᠯᠠᠬᠤ ᠠᠵᠤ ᠦᠢᠯᠡᠰ ᠢ ᠢᠳᠡᠪᠬᠢᠲᠡᠶ | ᠬᠥᠭᠵᠢᠭᠦᠯᠵᠦ᠂ ᠶᠢᠨ ᠴᠧᠩ ᠣᠷᠴᠢᠨ ᠠᠬᠤᠶ ᠶᠢ ᠬᠠᠮᠠᠭᠠᠯᠠᠬᠤ ᠨᠠᠷᠢᠨ ᠦᠨᠡᠰᠦᠨ ᠲᠣᠭᠤᠰᠬ᠎ᠠ᠂ ᠿᠢ ᠱᠧᠩ | ᠨᠡᠭᠦᠷᠡᠰᠦᠨ ᠴᠢᠯᠠᠭᠤ ᠶᠢᠨ ᠮᠤᠯᠧᠺᠦ᠋ᠯ ᠰᠢᠭᠰᠢᠭᠦᠷ ᠵᠡᠷᠭᠡ ᠡᠬᠢ ᠪᠠᠶᠠᠯᠢᠭ ᠤᠨ ᠶᠡᠷᠦᠩᠬᠡᠶᠢᠯᠡᠨ ᠠᠰᠢᠭᠯᠠᠬᠤ ᠲᠥᠷᠥᠯ | ᠵᠦᠢᠯ ᠢ ᠬᠡᠷᠡᠭᠵᠢᠭᠦᠯᠦᠨ᠎ᠡ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ | ᠦᠢᠯᠡᠰ ᠤᠨᠦᠢᠯᠡᠳᠬᠦᠨ ᠤ ᠦᠷᠳᠡᠭ ᠤᠨ ᠬᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠤᠢᠢᠯᠡᠳᠭᠦᠨ ᠤ ᠦᠷᠳᠡᠭ ᠳᠠᠬᠢ ᠬᠤᠪᠢ ᠶᠢᠨ ᠵᠢᠩ ᠶᠢ 30% ᠠᠴᠠ ᠳᠡᠭᠡᠭᠰᠢ ᠪᠣᠯᠭᠠᠬᠤ ᠪᠠᠷ ᠬᠦᠴᠦᠯᠡᠨ | ᠴᠢᠷᠮᠠᠶᠢᠨ᠎ᠠ᠃ | ︵ᠭᠤᠷᠪᠠ︶ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠪᠠᠷ ᠭᠤᠣᠯᠳᠠᠯᠭ᠎ᠠ | ᠪᠣᠯᠭᠠᠵᠤ᠂ ᠦᠢᠯᠡᠴᠢᠯᠡᠭᠡᠨ ᠤ ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠢ᠃ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠷᠢᠰᠦᠯᠳᠦᠬᠦ ᠬᠦᠴᠦᠨ ᠢ ᠦᠷᠭᠦᠯᠵᠢᠯᠡᠨ ᠴᠢᠩᠭᠠᠳᠬᠠᠨ᠎ᠠ᠃ | ᠨᠤᠲᠤᠭ ᠤᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠲᠤᠰᠠᠯᠠᠨ ᠬᠠᠮᠲᠤ ᠪᠠᠷ ᠬᠤᠯᠪᠣᠭ᠎ᠠ ᠪᠠᠶᠢᠭᠤᠯᠬᠤ | ᠂ ᠨᠡᠶᠢᠯᠡᠭᠦᠯᠦᠨ ᠲᠠᠬᠢᠨ ᠪᠠᠶᠢᠭᠤᠯᠵᠤ ᠶᠡᠭᠡ ᠬᠡᠪᠴᠢᠶ᠎ᠡ ᠪᠠᠷ ᠬᠢᠬᠦ ᠶᠢ ᠲᠠᠮᠵᠢᠨ᠂ ᠦᠢᠯᠡᠳᠪᠦᠷᠢᠯᠡᠯ ᠤᠨ ᠠᠵᠤ | ᠠᠬᠤᠶᠢᠯᠠᠯ ᠤᠨ ᠰᠦᠯᠵᠢᠶᠡᠨ ᠳᠡᠭᠡᠷ᠎ᠡ ᠪᠣᠷᠣᠯᠠᠭᠤᠯᠬᠤ ᠲᠠᠪᠴᠠᠩ ᠪᠠᠶᠢᠭᠤᠯᠵᠤ᠂ ᠥᠪᠡᠷᠮᠢᠴᠡ ᠣᠨᠴᠠᠯᠢᠭ ᠲᠠᠢ᠂ | ᠲᠤᠰᠬᠠᠶᠢᠵᠢᠭᠰᠠᠨ ᠡᠯᠧᠺᠲᠷᠣᠨ ᠬᠤᠳᠠᠯᠳᠤᠭᠠᠨ ᠤ ᠨᠡᠷ᠎ᠡ ᠲᠡᠮᠳᠡᠭ ᠢ ᠡᠭᠦᠳᠦᠨ᠎ᠡ᠃ ᠤᠯᠤᠰ ᠤᠨ ᠳᠣᠲᠣᠭᠠᠳᠤ | ᠭᠠᠳᠠᠭᠠᠳᠤ ᠶᠢᠨ ᠨᠡᠷᠡᠲᠦ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠮᠠᠨ ᠤ ᠬᠤᠲᠠ ᠳᠤ ᠬᠥᠮᠥᠷᠭᠡᠯᠡᠨ | ᠬᠠᠳᠠᠭᠠᠯᠠᠬᠤ ᠰᠠᠭᠤᠷᠢᠨ ᠭᠠᠵᠠᠷ ᠪᠦᠳᠦᠭᠡᠨ ᠪᠠᠶᠢᠭᠤᠯᠬᠤ ᠶᠢ ᠵᠤᠷᠢᠭᠵᠢᠭᠤᠯᠤᠨ᠎ᠠ᠃ ᠬᠥᠳᠡᠭᠡ ᠲᠣᠰᠬᠤᠨ ᠤ | ᠡᠯᠧᠺᠲᠷᠣᠨ ᠬᠤᠳᠠᠯᠳᠤᠭᠠᠨ ᠤ ᠶᠠᠪᠤᠳᠠᠯ ᠢ ᠲᠦᠷᠭᠡᠪᠴᠢᠯᠡᠨ ᠬᠥᠭᠵᠢᠭᠦᠯᠵᠦ᠂ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠪᠠᠷᠠᠭᠠᠨ ᠤ ᠬᠦᠢᠯᠭᠡᠭᠡ ᠶᠢᠨ ᠲᠣᠬᠢᠷᠠᠭᠤᠯᠤᠨ ᠬᠦᠷᠭᠡᠯᠲᠡ ᠬᠥᠳᠡᠭᠡ ᠲᠣᠰᠬᠤᠨ ᠳᠤ ᠤᠷᠤᠬᠤ ᠵᠢᠱᠢᠶ᠎ᠡ | ᠦᠵᠡᠭᠦᠯᠬᠦ ᠲᠥᠷᠥᠯ ᠵᠦᠢᠯ ᠢ ᠬᠡᠷᠡᠭᠵᠢᠭᠦᠯᠦᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢᠨ | ᠰᠢᠭᠤᠳ ᠬᠤᠳᠠᠯᠳᠤᠨ ᠠᠪᠬᠤ ᠬᠡᠪ ᠵᠠᠭᠪᠤᠷ ᠢ ᠢᠳᠡᠪᠬᠢᠲᠡᠶ ᠨᠡᠭᠡᠭᠡᠵᠦ᠂ ᠤᠯᠤᠰ ᠤᠨ ᠳᠣᠲᠣᠭᠠᠳᠤ ᠪᠣᠯᠣᠨ ᠤᠯᠠᠨ | ᠤᠯᠤᠰ ᠤᠨ ᠵᠠᠬ᠎ᠠ ᠳᠡᠯᠭᠡᠭᠦᠷ ᠶᠢ ᠨᠡᠪᠲᠡᠷᠡᠭᠦᠯᠵᠦ᠂ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠬᠡᠮᠵᠢᠶ᠎ᠡ ᠶᠢ | ᠪᠦᠬᠦ ᠵᠢᠯ ᠳᠤ 900 ᠳ᠋ᠦᠩᠰᠢᠭᠤᠷ ᠲᠥᠭᠦᠷᠢᠭ ᠢ ᠪᠡᠶᠡᠯᠡᠭᠦᠯᠬᠦ ᠪᠠᠷ ᠴᠢᠷᠮᠠᠶᠢᠨ᠎ᠠ᠃ | ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠬᠡᠷᠡᠭᠲᠡᠶ᠃ ᠲᠤᠮᠤ | ᠬᠡᠯᠪᠡᠷᠢ ᠶᠢᠨ ᠪᠠᠷᠠᠭ᠎ᠠ ᠶᠢᠨ ᠭᠦᠢᠯᠭᠡᠭᠡᠨ ᠤ ᠰᠠᠭᠤᠷᠢᠨ ᠭᠠᠵᠠᠷ ᠤᠨ ᠲᠥᠷᠥᠯ ᠬᠤᠪᠢᠶᠠᠨ ᠪᠠᠶᠢᠷᠢᠰᠢᠭᠤᠯᠬᠤ ᠶᠢ | ᠦᠨᠳᠦᠰᠦᠨ ᠳᠡᠭᠡᠨ ᠪᠡᠶᠡᠯᠡᠭᠦᠯᠵᠦ᠂ ᠬᠤᠶᠠᠳᠤᠭᠠᠷ ᠳᠡᠰ ᠠᠴᠠ ᠳᠣᠷᠣᠭᠰᠢ ᠪᠠᠷᠠᠭ᠎ᠠ ᠶᠢᠨ ᠭᠦᠢᠯᠭᠡᠭᠡᠨ ᠤ ᠰᠦᠯᠵᠢᠶ᠎ᠡ | ᠪᠣᠯᠣᠨ ᠦᠵᠦᠭᠦᠷ ᠤᠨ ᠪᠠᠷᠠᠭ᠎ᠠ ᠶᠢᠨ ᠭᠦᠢᠯᠭᠡᠭᠡᠨ ᠤ ᠦᠷᠳᠡᠭᠡ ᠶᠢᠨ ᠲᠣᠬᠢᠷᠠᠭᠤᠯᠣᠯᠲᠠ ᠶᠢ ᠲᠡᠭᠦᠯᠳᠡᠷᠵᠢᠭᠦᠯᠵᠦ᠂ | ᠡᠳ᠋ ᠪᠠᠷᠠᠭᠠᠨ ᠤ ᠭᠦᠢᠯᠭᠡᠭᠡᠨ ᠤ ᠶᠡᠷᠦᠩᠬᠡᠶ ᠰᠠᠭᠤᠷᠢᠨ ᠭᠠᠵᠠᠷ᠂ ᠳᠠᠮᠵᠢᠭᠤᠯᠤᠨ ᠲᠡᠭᠡᠭᠡᠪᠦᠷᠢᠯᠡᠬᠦ ᠰᠠᠭᠤᠷᠢᠨ ᠭᠠᠵᠠᠷ᠂ | ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠰᠠᠭᠤᠷᠢᠨ ᠭᠠᠵᠠᠷ ᠢ ᠪᠦᠳᠦᠭᠡᠨ ᠪᠠᠶᠢᠭᠤᠯᠤᠨ᠎ᠠ᠃ | ᠰᠢᠨᠬᠤᠸᠠ ᠰᠣᠶᠣᠯ ᠤᠨ ᠪᠠᠷᠠᠭᠠᠨ ᠤ ᠭᠦᠢᠯᠭᠡᠭᠡ᠂ ᠵᠢᠦ ᠵᠸᠤ ᠲᠥᠩ ᠡᠮ ᠡᠮᠨᠡᠯᠭᠡ ᠶᠢᠨ ᠪᠠᠷᠠᠭᠠᠨ ᠤ ᠭᠦᠢᠯᠭᠡᠭᠡ | ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ | ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠤᠨ᠎ᠠ᠃ ᠱᠠ ᠯᠢᠶᠠᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ | ᠮᠡᠳᠡᠭᠡ ᠵᠠᠩᠭᠢ ᠶᠢᠨ ᠰᠢᠰᠲ᠋ᠧᠮ ᠢᠶᠠᠷ ᠲᠤᠯᠭᠠᠭᠤᠷᠢ ᠪᠣᠯᠭᠠᠵᠤ᠂ ᠪᠠᠷᠠᠭ᠎ᠠ ᠶᠢᠨ ᠭᠦᠢᠯᠭᠡᠭᠡᠨ ᠤ ᠤᠯᠠᠨ ᠨᠡᠶᠢᠲᠡ ᠶᠢᠨ | ᠮᠡᠳᠡᠭᠡ ᠵᠠᠩᠭᠢ ᠶᠢᠨ ᠲᠠᠪᠴᠠᠩ ᠢ ᠪᠦᠳᠦᠭᠡᠨ ᠪᠠᠶᠢᠭᠤᠯᠵᠤ᠂ ᠪᠠᠷᠠᠭ᠎ᠠ ᠶᠢᠨ ᠭᠦᠢᠯᠭᠡᠭᠡᠨ ᠤ ᠦᠢᠯᠡᠴᠢᠯᠡᠭᠡᠨ ᠤ ᠪᠦᠬᠦ | ᠶᠠᠪᠤᠴᠠ ᠶᠢᠨ ᠮᠡᠳᠡᠭᠡ ᠵᠠᠩᠭᠢᠴᠢᠯᠠᠯᠲᠠ ᠶᠢᠨ ᠬᠠᠮᠢᠶᠠᠷᠤᠯᠲᠠ ᠶᠢ ᠲᠣᠣᠱᠯᠠᠭᠤᠯᠣᠨ᠎ᠠ᠃ | ᠣᠨᠴᠠᠯᠢᠭ ᠪᠦᠬᠦᠢ ᠰᠣᠶᠣᠯ ᠤᠨ ᠠᠵᠤ ᠦᠢᠯᠡᠰ ᠪᠣᠯᠤᠨ ᠰᠣᠶᠣᠯ ᠤᠨ ᠦᠢᠯᠡᠰ ᠢ ᠶᠡᠬᠡᠪᠡᠷ ᠬᠥᠭᠵᠢᠭᠦᠯᠬᠦ | ᠬᠡᠷᠡᠭᠲᠡᠶ᠃ ᠦᠨᠳᠦᠰᠦᠲᠡᠨ ᠤ ᠰᠣᠶᠣᠯ ᠢ ᠬᠥᠭᠵᠢᠭᠦᠯᠦᠨ ᠪᠠᠳᠠᠷᠠᠭᠤᠯᠵᠤ᠂ ᠭᠠᠵᠠᠷ ᠣᠷᠣᠨ ᠤ ᠣᠨᠴᠠᠯᠢᠭ ᠢ | ᠲᠤᠲᠤᠷᠠᠭᠤᠯᠵᠤ᠂ ᠦᠨᠳᠦᠰᠦᠲᠡᠨ ᠤ ᠬᠤᠪᠴᠠᠰᠤ ᠵᠠᠰᠠᠯ ᠪᠣᠯᠣᠨ ᠭᠠᠷ ᠤᠷᠠᠯᠠᠯ ᠤᠨ ᠪᠦᠲᠦᠭᠡᠭᠳᠡᠬᠦᠨ | ᠪᠣᠯᠪᠠᠰᠤᠷᠠᠭᠤᠯᠬᠤ᠂ ᠵᠢᠷᠤᠭ ᠲᠥᠯᠥᠪᠯᠡᠭᠡ ᠵᠡᠷᠭᠡ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠨᠢᠭᠡ ᠪᠦᠯᠦᠭ | ᠢᠯᠡ ᠲᠣᠳᠣ ᠣᠨᠴᠠᠯᠢᠭ ᠲᠠᠢ᠂ ᠡᠯᠪᠡᠭ ᠪᠠᠶᠠᠯᠢᠭ ᠠᠭᠤᠯᠤᠭᠳᠠᠬᠤᠨ ᠲᠠᠢ ᠲᠣᠮᠣ ᠬᠡᠯᠪᠡᠷᠢ ᠶᠢᠨ ᠪᠣᠳᠠᠲᠤ ᠦᠵᠡᠮᠵᠢᠲᠦ | ᠪᠤᠯᠤᠨ ᠲᠠᠶᠢᠰᠠᠨ ᠤ ᠲᠣᠭᠯᠠᠯᠲᠠ ᠶᠢᠨ ᠰᠣᠳᠣᠨ ᠵᠦᠴᠦᠭᠡ ᠨᠠᠶᠢᠷᠠᠭᠤᠯᠬᠤ ᠶᠢ ᠵᠣᠬᠢᠶᠠᠨ ᠪᠠᠶᠢᠭᠤᠯᠵᠤ᠂ ᠨᠢᠭᠡ | ᠪᠦᠯᠦᠭ ᠰᠣᠶᠣᠯ ᠢ ᠪᠡᠶᠡᠴᠢᠯᠡᠨ ᠣᠶᠢᠯᠠᠭᠠᠬᠤ ᠲᠥᠷᠥᠯ ᠵᠦᠢᠯ ᠭᠠᠷᠭᠠᠵᠤ᠂ ᠨᠢᠭᠡ ᠪᠦᠯᠦᠭ ᠦᠨᠳᠦᠰᠦᠲᠡᠨ ᠤ | ᠣᠨᠴᠠᠯᠢᠭ ᠂ ᠭᠠᠵᠠᠷ ᠣᠷᠣᠨ ᠤ ᠣᠨᠴᠠᠯᠢᠭ ᠲᠠᠢ ᠰᠣᠶᠣᠯ ᠤᠨ ᠲᠥᠷᠥᠯ ᠲᠡᠮᠳᠡᠭ ᠤᠨ ᠠᠵᠢᠯᠯᠠᠭ᠎ᠠ ᠶᠢ ᠬᠢᠬᠦ ᠬᠡᠷᠡᠭᠲᠡᠢ | ᠃ ᠬᠤᠳᠠ ᠶᠢᠨ ᠰᠢᠭᠤᠳ ᠬᠠᠷᠢᠶ᠎ᠠ ᠤᠯᠠᠭᠠᠨᠮᠥ᠋ᠴᠢᠷ᠂ ᠤᠯᠠᠭᠠᠨᠮᠥ᠋ᠴᠢᠷ ᠤᠨ ᠣᠷᠳᠣᠨ ᠢ ᠪᠦᠳᠦᠭᠡᠨ ᠪᠠᠶᠢᠭᠤᠯᠵᠤ᠂ | ᠨᠡᠩ ᠣᠯᠠᠨ ᠣᠷᠴᠢᠨ ᠠᠬᠤᠢ ᠲᠠᠢ ᠪᠠᠨ ᠲᠣᠬᠢᠷᠠᠯᠴᠠᠭᠰᠠᠨ᠂ ᠤᠯᠠᠮᠵᠢᠯᠠᠨ ᠲᠠᠷᠬᠠᠵᠤ ᠳᠡᠶᠢᠯᠬᠦ᠂ ᠬᠦᠨᠵᠡᠭᠡᠶᠢᠷᠡᠨ | ᠦᠯᠡᠳᠡᠬᠦ ᠰᠢᠯᠢᠳᠡᠭ ᠪᠦᠲᠦᠭᠡᠯ ᠤᠳ ᠢ ᠵᠣᠬᠢᠶᠠᠨ ᠪᠦᠲᠦᠭᠡᠬᠦ ᠶᠢ ᠵᠣᠷᠢᠭᠵᠢᠭᠤᠯᠤᠨ᠎ᠠ᠃ ᠮᠣᠷᠢᠨ ᠮᠡᠷᠭᠡᠵᠢᠯ ᠵᠡᠷᠭᠡ | ᠤᠷᠤᠯᠳᠤᠭᠠᠨ ᠤ ᠠᠵᠢᠯᠯᠠᠭ᠎ᠠ ᠶᠢ ᠢᠳᠡᠪᠬᠢᠲᠡᠶ ᠪᠠᠷ ᠪᠡᠯᠡᠳᠬᠡᠵᠦ᠂ ᠠᠳᠤᠭᠤᠨ ᠤ ᠰᠣᠶᠣᠯ ᠤᠨ ᠠᠵᠤ ᠦᠢᠯᠡᠰ ᠢ | ᠬᠦᠭᠵᠢᠭᠦᠯᠦᠨ᠎ᠡ᠃ ᠰᠣᠶᠣᠯ ᠤᠨ ᠡᠭᠦᠳᠦᠨ ᠪᠦᠲᠦᠭᠡᠬᠦ ᠰᠡᠳᠬᠢᠮᠵᠢ᠂ ᠰᠣᠨᠢᠨ ᠮᠡᠳᠡᠭᠡ ᠬᠡᠪᠯᠡᠯ᠂ ᠺᠢᠨᠣ᠋ ᠲᠧᠯᠸᠢᠰ | ᠦᠢᠯᠡᠳᠬᠦ ᠵᠡᠷᠭᠡ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠺᠢᠨᠣ᠋ ᠲᠧᠯᠸᠢᠰ᠂ ᠺᠠᠷᠲ᠋ᠣᠨ ᠱᠤᠭ | ᠵᠢᠷᠤᠭ ᠰᠣᠶᠣᠯ ᠤᠨ ᠪᠦᠲᠦᠭᠡᠯᠴᠢ ᠲᠥᠰᠦᠪᠯᠡᠯ ᠤᠨ ᠠᠵᠤ ᠦᠢᠯᠡᠰ ᠤᠨ ᠬᠦᠷᠢᠶᠡᠯᠡᠩ ᠢ ᠲᠥᠯᠥᠪᠵᠢᠭᠦᠯᠦᠨ | ᠪᠥᠳᠥᠭᠡᠨ ᠪᠠᠶᠢᠭᠤᠯᠵᠤ᠂ ᠳᠡᠯᠡᠬᠡᠶ ᠶᠢᠨ ᠦᠨᠳᠦᠰᠦᠲᠡᠨ ᠤ ᠺᠢᠨᠣ᠋ ᠶᠢᠨ ᠦᠵᠡᠰᠬᠦᠯᠡᠩ ᠢ ᠡᠭᠦᠰᠭᠡᠨ ᠪᠠᠶᠢᠭᠤᠯᠵᠤ᠂ | ᠨᠢᠭᠡ ᠪᠦᠯᠦᠭ ᠵᠠᠬ᠎ᠠ ᠳᠡᠯᠭᠡᠭᠦᠷ ᠲᠠᠢ᠂ ᠬᠦᠭᠵᠢᠯᠲᠡ ᠶᠢᠨ ᠢᠷᠡᠭᠡᠳᠦᠢ ᠲᠠᠢ ᠰᠢᠨ᠎ᠡ ᠮᠠᠶ᠋ᠢᠭ ᠤᠨ ᠰᠣᠶᠣᠯ ᠤᠨ | ᠡᠵᠡᠩᠨᠡᠯᠲᠡ ᠶᠢᠨ ᠬᠡᠯᠪᠡᠷᠢ ᠶᠢ ᠪᠦᠳᠦᠭᠡᠨ ᠪᠠᠶᠢᠭᠤᠯᠬᠤ ᠬᠡᠷᠡᠭᠲᠡᠢ᠃ ᠦᠨᠳᠦᠰᠦᠲᠡᠨ ᠤ ᠪᠠ ᠠᠷᠠᠳ ᠤᠨ ᠳᠤᠮᠳᠠᠬᠢ | ᠲᠡᠦᠬᠡ ᠶᠢᠨ ᠳᠤᠷᠠᠰᠬᠠᠯᠲᠤ ᠵᠦᠢᠯ ᠢ ᠴᠤᠭᠯᠠᠭᠤᠯᠬᠤ ᠂ ᠳᠡᠯᠭᠡᠨ ᠦᠵᠡᠭᠦᠯᠬᠦ ᠶᠢ ᠰᠠᠶᠢᠲᠤᠷ ᠬᠢᠵᠦ᠂ ᠣᠯᠠᠨ | ᠲᠦᠮᠡᠨ ᠤ ᠤᠷᠠᠯᠢᠭ ᠤᠨ ᠣᠷᠳᠣᠨ᠂ ᠰᠣᠶᠣᠯ ᠤᠨ ᠵᠣᠴᠢᠨ ᠤ ᠥᠷᠥᠭᠡ ᠵᠡᠷᠭᠡ ᠭᠤᠣᠯᠳᠠᠯᠭ᠎ᠠ ᠲᠠᠢ ᠰᠣᠶᠣᠯ ᠤᠨ | ᠣᠷᠳᠣᠨ ᠤ ᠲᠦᠷᠦᠯ ᠵᠦᠢᠯ ᠢ ᠲᠦᠷᠭᠡᠪᠴᠢᠯᠡᠨ ᠠᠬᠢᠭᠤᠯᠵᠤ᠂ ᠹᠸᠡᠭ ᠵᠧᠤ ᠬᠠᠭᠤᠴᠢᠨ ᠬᠤᠳᠠ ᠶᠢᠨ ᠪᠠᠭᠤᠷᠢ ᠶᠢᠨ | ᠴᠡᠴᠡᠷᠯᠢᠭ᠂ ︽ᠤᠯᠤᠰ ᠤᠨ ᠬᠡᠦᠬᠡᠳ︾ ᠭᠤᠣᠯ ᠰᠡᠳᠦᠪᠲᠦ ᠴᠡᠴᠡᠷᠯᠢᠭ ᠢ ᠡᠬᠢᠯᠡᠨ ᠪᠠᠶᠢᠭᠤᠯᠵᠤ᠂ ᠵᠣᠣ ᠵᠢᠶᠦ᠋ᠨ | ᠤ ᠰᠣᠶᠣᠯ ᠤᠨ ᠨᠠᠶᠢᠷ ᠪᠣᠯᠣᠨ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠰᠣᠶᠣᠯ ᠵᠤᠭᠠᠴᠠᠯ ᠤᠨ | ᠤᠷᠠᠯᠢᠭ ᠤᠨ ᠠᠵᠢᠯᠯᠠᠭ᠎ᠠ ᠶᠢ ᠰᠠᠶᠢᠲᠤᠷ ᠡᠷᠬᠢᠯᠡᠬᠦ ᠬᠡᠷᠡᠭᠲᠡᠢ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ | ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠤᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠶᠢ ᠡᠯᠪᠡᠭ | ᠪᠠᠶᠠᠯᠢᠭ ᠪᠣᠯᠭᠠᠨ᠎ᠠ᠃ | ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠢᠷᠮᠠᠶᠢᠨ ᠪᠤᠢ ᠪᠣᠯᠭᠠᠬᠤ ᠬᠡᠷᠡᠭᠲᠡᠶ᠃ | ᠥᠨᠳᠥᠷ ᠲᠦᠪᠰᠢᠨ ᠪᠦᠬᠦᠢ ᠡᠬᠢᠯᠡᠯᠲᠡ ᠲᠠᠢ ᠵᠢᠭᠤᠯᠴᠢᠯᠠᠯ ᠤᠨ ᠶᠡᠷᠦᠩᠬᠡᠶ ᠬᠥᠭᠵᠢᠯᠲᠡ ᠶᠢᠨ ᠲᠥᠯᠥᠪᠵᠢᠭᠦᠯᠭᠡ᠂ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠭᠤᠣᠯ ᠰᠡᠳᠦᠪᠴᠢᠯᠡᠭᠰᠡᠨ᠂ ᠦᠪᠡᠷᠮᠢᠴᠡᠵᠢᠭᠰᠡᠨ | ᠵᠢᠭᠤᠯᠴᠢᠯᠠᠯ ᠤᠨ ᠲᠤᠰᠬᠠᠶᠢᠵᠢᠭᠰᠠᠨ ᠲᠥᠯᠥᠪᠵᠢᠭᠦᠯᠭᠡ ᠶᠢ ᠲᠣᠭᠲᠠᠭᠠᠨ᠎ᠠ᠃ ᠵᠢᠭᠤᠯᠴᠢᠯᠠᠯ ᠤᠨ | ᠬᠥᠭᠵᠢᠯᠲᠡ ᠵᠢᠨᠱᠠᠩᠨᠠᠯ ᠣᠯᠭᠤᠬᠤ ᠲᠦᠷᠦ ᠶᠢᠨ ᠪᠣᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠵᠢᠭᠤᠯᠴᠢᠯᠠᠯ ᠤᠨ ᠦᠢᠯᠡᠰ ᠤᠨ ᠡᠭᠦᠳᠡᠨ ᠪᠢᠯᠧᠲ ᠤᠨ ᠠᠵᠤ ᠠᠬᠤᠶ ᠠᠴᠠ ᠣᠷᠣᠨ ᠦᠵᠡᠮᠵᠢ ᠨᠢᠭᠡ ᠴᠣᠭᠴᠠ᠂ | ᠠᠵᠤ ᠦᠢᠯᠡᠰ ᠨᠢᠭᠡ ᠴᠣᠭᠴᠨ ᠪᠣᠯᠭᠠᠨ ᠬᠤᠪᠢᠷᠠᠭᠤᠯᠬᠤ ᠬᠡᠷᠡᠭᠲᠡᠶ᠃ ᠵᠢᠭᠤᠯᠴᠢᠯᠠᠯ ᠤᠨ ᠦᠵᠡᠮᠵᠢᠲᠦ ᠣᠷᠣᠨ ᠵᠢᠴᠢ | ᠢᠵᠢ ᠪᠦᠷᠢᠳᠦᠭᠦᠯᠬᠦ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ 2 ᠤᠯᠤᠰ ᠤᠨ ᠳᠡᠰ ᠤᠨ 5 A ᠵᠢᠭᠤᠯᠴᠢᠯᠠᠯ ᠤᠨ ᠦᠵᠡᠮᠵᠢᠲᠦ ᠣᠷᠣᠨ ᠤ ᠡᠬᠢ ᠪᠠᠶᠠᠯᠢᠭ ᠢ | ᠦᠨᠡᠯᠡᠬᠦ ᠶᠢ ᠢᠳᠡᠪᠬᠢᠲᠡᠶ ᠲᠦᠯᠬᠢᠨ ᠠᠬᠢᠭᠤᠯᠵᠤ᠂ 1ᠤᠯᠤᠰ ᠤᠨ ᠲᠠᠰ ᠤᠨ ᠰᠡᠯᠡᠭᠦᠴᠡᠯ ᠠᠮᠠᠷᠠᠯᠲᠠ ᠶᠢᠨ ᠣᠷᠣᠨ | ᠪᠠᠶᠢᠭᠤᠯᠬᠤ ᠪᠠᠷ ᠲᠡᠮᠡᠴᠡᠵᠦ᠂ 17 ᠬᠥᠳᠡᠭᠡ ᠲᠣᠰᠬᠤᠨ ᠤ ᠵᠤᠭᠠᠴᠠᠯ ᠤᠨ ᠵᠢᠱᠢᠶ᠎ᠡ ᠦᠵᠡᠭᠦᠯᠬᠦ ᠲᠣᠰᠬᠤᠨ | ᠪᠠᠶᠢᠭᠤᠯᠤᠨ᠂ ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ | ᠢᠳᠡᠪᠬᠢᠲᠡᠶ ᠡᠭᠦᠳᠦᠨ ᠪᠠᠶᠢᠭᠤᠯᠣᠨ᠎ᠠ᠃ ᠵᠢᠭᠤᠯᠴᠢᠯᠠᠯ ᠤᠨ ᠤᠬᠠᠭᠤᠯᠭ᠎ᠠ ᠶᠢᠨ ᠠᠷᠭ᠎ᠠ ᠪᠠᠷᠢᠯ ᠤᠨ ᠰᠢᠨ᠎ᠡ ᠶᠢ | ᠡᠭᠦᠳᠴᠤ᠂ ᠤᠶᠤᠨᠴᠢ ᠵᠢᠭᠤᠯᠴᠢᠯᠠᠯ ᠤᠨ ᠲᠠᠪᠴᠠᠩ ᠤᠨ ᠪᠦᠳᠤᠭᠡᠨ ᠪᠠᠶᠢᠭᠤᠯᠤᠯᠲᠠ ᠶᠢ ᠲᠦᠷᠭᠡᠳᠭᠡᠬᠦ ᠬᠡᠷᠡᠭᠲᠡᠶ᠃ | ᠵᠢᠭᠤᠯᠴᠢᠯᠠᠯ ᠬᠢᠭᠡᠳ ᠰᠣᠶᠣᠯ᠂ ᠲᠠᠮᠢᠷ᠂ ᠤᠷᠠᠨ ᠰᠠᠶᠢᠬᠠᠨ ᠤ ᠲᠣᠭᠯᠠᠯᠲᠠ ᠵᠡᠷᠭᠡ ᠬᠦᠷᠢᠶ᠎ᠡ ᠴᠡᠷ᠎ᠡ ᠬᠠᠮᠲᠤᠷᠠᠨ | ᠠᠵᠢᠯᠯᠠᠬᠤ ᠶᠢ ᠲᠦᠯᠬᠢᠨ ᠠᠬᠢᠭᠤᠯᠵᠤ᠂ ᠬᠥᠬᠡᠬᠤᠲᠠ ᠶᠢᠨ ᠪᠡᠶ᠎ᠡ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ | ᠺᠣᠮᠫᠠᠨᠢ ᠶᠢ ᠵᠣᠬᠢᠶᠠᠨ ᠪᠠᠶᠢᠭᠤᠯᠤᠨ᠂ ᠰᠣᠳᠣᠨ ᠪᠡᠶ᠎ᠡ ᠲᠠᠮᠢᠷ ᠤᠨ ᠤᠷᠤᠯᠳᠤᠭᠠᠨ ᠪᠠ ᠤᠷᠠᠨ ᠲᠣᠭᠯᠠᠯᠲᠠ ᠶᠢᠨ | ᠫᠷᠤᠭ᠍ᠷᠠᠮ ᠨᠡᠭᠡᠭᠡᠨ ᠠᠰᠢᠭᠯᠠᠵᠤ᠂ ᠣᠯᠠᠨ ᠤᠯᠤᠰ ᠤᠨ ᠮᠠᠷᠠᠰᠤᠨ ᠤ ᠤᠷᠤᠯᠳᠤᠭᠠᠨ ᠶᠠᠪᠤᠭᠤᠯᠵᠤ᠂ ᠵᠢᠭᠤᠯᠴᠢᠯᠠᠯ ᠤᠨ | ᠦᠢᠯᠡᠳᠬᠦᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠪᠣᠯᠣᠨ ᠬᠥᠭᠵᠢᠯᠲᠡ ᠶᠢᠨ ᠬᠡᠪ ᠵᠠᠭᠪᠤᠷ ᠢ ᠲᠠᠰᠤᠷᠠᠯᠳᠠ ᠦᠭᠡᠢ | ᠪᠠᠶᠠᠯᠢᠭᠵᠢᠭᠤᠯᠵᠤ᠂ ︽ᠨᠢᠭᠡ ᠠᠵᠢᠯ ᠲᠦᠷᠦᠯ ᠤᠨ ᠬᠦᠭᠵᠢᠯᠲᠡ︾ ᠪᠠᠷ ︽ᠵᠠᠭᠤᠨ ᠠᠵᠢᠯ ᠲᠥᠷᠥᠯ ᠢ | ᠴᠡᠴᠡᠭᠯᠡᠬᠦᠯᠬᠦ︾ ᠶᠢ ᠲᠠᠶᠢᠴᠢᠯᠠᠨ᠎ᠠ᠃ | ᠮᠥᠩᠭᠦᠨ ᠭᠦᠢᠯᠭᠡᠭᠡᠨ ᠤ ᠦᠢᠯᠡᠰ ᠵᠢᠴᠢ ᠶᠡᠷᠦᠩᠬᠡᠶ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠪᠦᠬᠦ | ᠬᠦᠴᠦ ᠪᠠᠷ ᠠᠬᠢᠭᠤᠯᠣᠨ᠎ᠠ᠃ ᠠᠵᠤ ᠠᠬᠤᠶᠢᠯᠠᠯ ᠤᠨ ᠶᠡᠷᠦᠩᠬᠡᠶ ᠬᠡᠯᠲᠡᠰ ᠤᠨ ᠰᠠᠭᠤᠷᠢᠰᠢᠭᠤᠯᠣᠨ ᠳᠡᠮᠵᠢᠬᠦ | ᠲᠦᠷᠦ ᠶᠢᠨ ᠪᠤᠳᠤᠯᠭ᠎ᠠ ᠶᠢ ᠣᠷᠣᠭᠤᠯᠬᠤ᠂ ᠦᠢᠯᠡᠴᠢᠯᠡᠭᠡ ᠶᠢᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠬᠦᠯᠵᠦ | ᠂ ᠶᠡᠷᠦᠩᠬᠡᠶ ᠬᠡᠯᠲᠡᠰ ᠤᠨ ᠠᠵᠤ ᠠᠬᠤᠶ ᠶᠢᠨ ᠰᠠᠭᠤᠷᠢᠨ ᠭᠠᠵᠠᠷ ᠢ ᠢᠳᠡᠪᠬᠢᠲᠡᠶ ᠡᠭᠦᠳᠦᠨ ᠪᠥᠳᠥᠭᠡᠨ ᠪᠠᠶᠢᠭᠤᠯᠤᠨ᠎ᠠ | ᠃ ᠹᠠᠩ ᠳ᠋ᠢᠩ ᠶᠢᠨ ᠷᠦᠩ ᠵᠡᠷᠭᠡ ᠠᠵᠤ ᠠᠬᠤᠶᠢᠯᠠᠯ ᠤᠨ ᠶᠡᠷᠦᠩᠬᠡᠶ ᠬᠡᠯᠲᠡᠰ ᠤᠨ ᠰᠠᠭᠤᠷᠢᠰᠢᠬᠤ᠂ ᠫᠢᠩ ᠠᠨ᠂ | ᠭᠤᠸᠠᠩ ᠹᠠ᠂ ᠵᠧ ᠱᠠᠩ᠂ ᠾᠧᠩ ᠱᠧᠩ ᠵᠡᠷᠭᠡ ᠮᠥᠩᠭᠦᠨ ᠭᠦᠢᠯᠭᠡᠭᠡᠨ ᠤ ᠬᠤᠪᠢᠶᠠᠷᠢ ᠪᠠᠶᠢᠭᠤᠯᠤᠮᠵᠢ ᠶᠢᠨ | ᠰᠠᠭᠤᠷᠢᠰᠢᠬᠤ ᠶᠢ ᠲᠦᠯᠬᠢᠨ ᠠᠬᠢᠭᠤᠯᠣᠨ᠎ᠠ᠃ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠫᠠᠶᠢᠰᠠ ᠡᠯᠭᠦᠬᠦ ᠶᠢ | ᠲᠡᠳᠬᠦᠨ ᠳᠡᠮᠵᠢᠬᠦ ᠬᠢᠭᠡᠳ ᠱᠠᠩᠨᠠᠨ ᠨᠥᠬᠦᠪᠥᠷᠢᠯᠡᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠲᠠᠯᠠᠪᠤᠷ ᠤᠨ | ᠭᠠᠳᠠᠨᠠᠬᠢ ᠪᠣᠶᠢᠵᠢᠭᠤᠯᠤᠯᠲᠠ ᠶᠢ ᠴᠢᠩᠭᠠᠳᠬᠠᠵᠤ᠂ 4 ᠠᠵᠤ ᠠᠬᠤᠶᠢᠯᠠᠯ ᠢ ᠭᠤᠣᠯ ᠰᠠᠮᠪᠠᠷ᠎ᠠ᠂ ᠰᠢᠨ᠎ᠡ | ᠭᠤᠷᠪᠠᠳᠤᠭᠠᠷ ᠰᠠᠮᠪᠠᠷ᠎ᠠ ᠶᠢᠨ ᠵᠠᠬ᠎ᠠ ᠳᠡᠯᠭᠡᠭᠦᠷ ᠲᠤ ᠭᠠᠷᠭᠠᠬᠤ ᠶᠢ ᠲᠦᠯᠬᠢᠨ ᠠᠬᠢᠭᠤᠯᠵᠤ᠂ 12 ᠠᠵᠤ ᠠᠬᠤᠶᠢᠯᠠᠯ | ᠥᠪᠡᠷᠲᠡᠭᠡᠨ ᠵᠠᠰᠠᠬᠤ ᠣᠷᠣᠨ ᠤ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠫᠠᠶᠢᠰᠠ ᠡᠯᠭᠦᠨ᠎ᠡ᠃ | ᠵᠠᠰᠠᠭ ᠤᠨ ᠣᠷᠳᠣᠨ ᠤ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠶᠢᠨ ᠰᠢᠰᠲ᠋ᠧᠮ᠂ ᠵᠢᠭᠡᠯᠡᠯᠭᠡ ᠶᠢᠨ ᠲᠦᠭᠰᠢᠭᠦᠷᠢ ᠢ | ᠨᠥᠬᠦᠪᠥᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠪᠡᠯᠡ ᠴᠤᠭᠯᠠᠭᠤᠯᠬᠤ ᠴᠢᠳᠠᠮᠵᠢ ᠪᠦᠷᠢᠨ ᠲᠡᠭᠦᠯᠳᠡᠷ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠨᠢ ᠪᠦᠲᠦᠮᠵᠢᠲᠡᠶ ᠤᠯᠠᠨ ᠳᠡᠰ ᠲᠠᠪᠬᠤᠷᠭ᠎ᠠ ᠲᠠᠢ ᠬᠦᠷᠦᠩᠭᠡ ᠶᠢᠨ ᠵᠠᠬ᠎ᠠ | ᠳᠡᠯᠭᠡᠭᠦᠷ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ | ᠬᠤᠷᠠᠯ ᠦᠵᠡᠰᠬᠦᠯᠡᠩ ᠤᠨ ᠠᠵᠤ ᠠᠬᠤᠶ ᠶᠢ ᠲᠡᠮᠵᠢᠨ ᠬᠦᠴᠦᠷᠬᠡᠭᠵᠢᠭᠦᠯᠦᠨ᠎ᠡ᠃ ᠪᠦᠲᠦᠭᠡᠭᠳᠡᠬᠦᠨ ᠢᠶᠠᠨ | ᠳᠡᠯᠭᠡᠨ ᠦᠵᠡᠭᠦᠯᠬᠦ᠂ ᠲᠠᠸᠠᠷ ᠪᠣᠷᠣᠯᠠᠭᠤᠯᠬᠤ ᠵᠡᠷᠭᠡ ᠦᠢᠯᠡᠴᠢᠯᠡᠭᠡᠨ ᠤ ᠲᠦᠷᠦᠯ ᠤᠨ ᠴᠢᠨᠠᠷᠲᠠᠶ ᠦᠵᠡᠰᠬᠦᠯᠡᠩ | ᠴᠤᠭᠯᠠᠭᠠᠨ ᠬᠢᠬᠦ ᠶᠢ ᠲᠡᠮᠵᠢᠵᠦ᠂ ᠲᠠᠯ᠎ᠠ ᠨᠤᠲᠤᠭ ᠤᠨ ᠦᠨᠳᠦᠰᠦᠲᠡᠨ ᠤ ᠤᠨᠴᠠᠯᠢᠭᠲᠠᠢ᠂ ᠰᠢᠨᠵᠢᠯᠡᠭᠡ | ᠮᠡᠷᠭᠡᠵᠢᠯ ᠤᠨ ᠰᠢᠨ᠎ᠡ ᠶᠢ ᠡᠭᠦᠳᠬᠦ᠂ ᠰᠤᠳᠤᠯᠤᠨ ᠨᠡᠭᠡᠭᠡᠵᠦ ᠬᠡᠷᠡᠭᠯᠡᠬᠦ ᠵᠡᠷᠭᠡ ᠳᠡᠯᠭᠡᠷᠡᠭᠦᠯᠬᠦ ᠲᠥᠷᠥᠯ ᠤᠨ | ᠦᠵᠡᠰᠬᠦᠯᠡᠩ ᠴᠤᠭᠯᠠᠭᠠᠨ ᠬᠢᠬᠦ ᠶᠢ ᠲᠡᠮᠵᠢᠵᠦ᠂ ᠬᠤᠶᠠᠳᠤᠭᠠᠷ ᠬᠤᠭᠤᠴᠠᠭᠠᠨ ᠤ ᠳᠡᠯᠡᠬᠡᠶ ᠶᠢᠨ ᠠᠮᠲᠠᠲᠤ ᠢᠳᠡᠭᠡᠨ ᠤ | ᠦᠵᠡᠰᠬᠦᠯᠡᠩ᠂ ᠴᠠᠶ ᠶᠢᠨ ᠦᠵᠡᠰᠬᠦᠯᠡᠩ᠂ ᠤᠯᠠᠨ ᠤᠯᠤᠰ ᠤᠨ ᠮᠠᠰᠢᠨ ᠲᠡᠷᠭᠡᠨ ᠤ ᠦᠵᠡᠭᠦᠯᠦᠯᠭᠡ᠂ ᠪᠣᠬᠢᠷᠲᠤᠯ | ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠵᠡᠰᠬᠦᠯᠡᠩ ᠴᠤᠭᠯᠠᠭᠠᠨ ᠵᠡᠷᠭᠡ ᠲᠤᠮᠤ | ᠬᠡᠯᠪᠡᠷᠢ ᠶᠢᠨ ᠦᠵᠡᠰᠬᠦᠯᠡᠩ ᠢ ᠰᠠᠶᠢᠳᠤᠷ ᠡᠷᠬᠢᠯᠡᠵᠦ᠂ ᠨᠢᠭᠡ ᠪᠦᠯᠦᠭ ᠨᠡᠷ᠎ᠡ ᠠᠯᠳᠠᠷᠰᠢᠭᠰᠠᠨ ᠬᠤᠷᠠᠯ | ᠦᠵᠡᠰᠬᠦᠯᠡᠩ ᠤᠨ ᠲᠥᠷᠥᠯ ᠲᠡᠮᠳᠡᠭ ᠢ ᠪᠦᠳᠦᠭᠡᠨ ᠪᠠᠶᠢᠭᠤᠯᠤᠨ᠎ᠠ᠃ ᠵᠢᠯ ᠤᠨ ᠳᠣᠲᠣᠷ᠎ᠠ ᠲᠤᠮᠦ ᠬᠡᠯᠪᠡᠷᠢ ᠶᠢᠨ | ᠦᠵᠡᠭᠦᠯᠦᠯᠭᠡ ᠴᠤᠭᠯᠠᠭᠠᠨ ᠤ ᠵᠦᠢᠯ ᠢ 20 ᠤᠳᠠᠭ᠎ᠠ ᠠᠴᠠ ᠳᠡᠭᠡᠭᠰᠢ ᠡᠷᠬᠢᠯᠡᠵᠦ᠂ ᠠᠷᠠᠯᠵᠢᠶᠠᠯᠠᠭᠰᠠᠨ ᠶᠡᠷᠦᠩᠬᠡᠢ | ᠦᠷᠳᠡᠭ ᠵᠢᠴᠢ ᠰᠠᠨᠠᠮᠵᠢ ᠶᠢᠨ ᠬᠡᠯᠡᠯᠴᠡᠭᠡᠷ ᠤᠨ ᠪᠦᠬᠦ ᠵᠣᠭᠤᠰᠣᠨ ᠤ ᠲᠤᠭ᠎ᠠ ᠶᠢ 70 ᠳ᠋ᠦᠩᠰᠢᠭᠤᠷ ᠲᠥᠭᠦᠷᠢᠭ | ᠬᠦᠷᠭᠡᠨ᠎ᠡ᠃ | ᠡᠷᠡᠭᠦᠯ ᠮᠡᠨᠳᠤ ᠨᠠᠰᠤᠲᠠᠨ ᠢ ᠠᠰᠠᠷᠠᠬᠤ᠂ ᠭᠡᠷ ᠤᠨ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢ | ᠢᠳᠡᠪᠬᠢᠲᠡᠶ ᠲᠦᠯᠬᠢᠨ ᠠᠬᠢᠭᠤᠯᠣᠨ᠎ᠠ᠃ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠥᠪ ᠢ ᠥᠨᠳᠥᠷ ᠪᠠᠷᠢᠮᠵᠢᠶ᠎ᠠ | ᠪᠠᠷ ᠪᠦᠳᠦᠭᠡᠨ ᠪᠠᠶᠢᠭᠤᠯᠵᠤ᠂ ᠬᠤᠳᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ᠂ ᠮᠣᠩᠭᠤᠯ ᠬᠢᠲᠠᠳ ᠡᠮᠨᠡᠯᠭᠡ ᠶᠢᠨ | ᠬᠤᠷᠢᠶ᠎ᠠ ᠶᠢᠨ ᠡᠮᠴᠢᠯᠡᠭᠡ ᠪᠠ ᠰᠤᠪᠢᠯᠠᠯᠲᠠ ᠶᠢ ᠤᠶᠠᠯᠳᠤᠭᠤᠯᠬᠤ ᠲᠥᠷᠥᠯ ᠵᠦᠢᠯ ᠢ ᠲᠦᠷᠭᠡᠪᠴᠢᠯᠡᠨ ᠬᠡᠷᠡᠭᠵᠢᠭᠦᠯᠵᠦ᠂ | ᠡᠳᠦᠷ ᠲᠣᠲᠣᠮ ᠤᠨ ᠰᠤᠪᠢᠯᠠᠯᠲᠠ᠂ ᠬᠥᠳᠡᠭᠡ ᠲᠣᠰᠬᠤᠨ ᠤ ᠨᠠᠰᠤᠲᠠᠨ ᠤ ᠠᠰᠠᠷᠠᠬᠤ ᠵᠣᠯ ᠵᠢᠷᠭᠠᠯᠲᠤ | ᠬᠦᠷᠢᠶᠡᠯᠡᠩ ᠵᠡᠷᠭᠡ ᠨᠠᠰᠤᠲᠠᠨ ᠢ ᠠᠰᠠᠷᠠᠬᠤ ᠪᠡᠯᠡᠳᠬᠡᠮᠵᠢᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠦᠭᠦ | ᠣᠷᠣᠨ ᠤ ᠲᠡᠷᠢᠭᠦᠨ ᠤ ᠨᠠᠰᠤᠲᠠᠨ ᠢ ᠠᠰᠠᠷᠠᠬᠤ ᠤᠶᠤᠨᠲᠤ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠢ | ᠢᠳᠡᠪᠬᠢᠲᠡᠶ ᠪᠠᠷ ᠡᠭᠦᠳᠬᠦ ᠬᠡᠷᠡᠭᠲᠡᠢ᠃ ᠪᠦᠬᠦ ᠬᠤᠳᠠ ᠶᠢᠨ ᠨᠢᠭᠡᠳᠦᠯᠲᠡᠶ ᠭᠡᠷ ᠤᠨ ᠠᠵᠢᠯ ᠤᠨ ᠦᠢᠯᠡᠴᠢᠯᠡᠭᠡᠨ ᠤ | ᠲᠠᠪᠴᠠᠩ ᠢ ᠪᠦᠲᠦᠭᠡᠨ ᠪᠠᠶᠢᠭᠤᠯᠵᠤ᠂ ᠭᠡᠷ ᠤᠨ ᠠᠵᠢᠯ ᠤᠨ ᠦᠢᠯᠡᠴᠢᠯᠡᠭᠡᠨ ᠤ ᠲᠥᠷᠥᠯ ᠤᠨ ᠬᠠᠮᠢᠶᠠᠷᠤᠯᠲᠠ ᠶᠢ | ᠵᠢᠷᠤᠮᠵᠢᠭᠤᠯᠵᠤ᠂ ᠲᠤᠰᠬᠠᠶᠢᠵᠢᠭᠰᠠᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠳᠠᠯ | ᠠᠬᠤᠶ ᠶᠢᠨ ᠬᠠᠮᠢᠶᠠᠷᠤᠯᠲᠠ᠂ ᠭᠡᠷ ᠤᠨ ᠠᠵᠢᠯ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠤᠬᠠᠶ ᠰᠠᠨᠠᠯ | ᠢ ᠨᠡᠶᠢᠲᠡᠯᠡᠨ᠂ ᠡᠯ᠎ᠡ ᠲᠦᠷᠦᠯ ᠤᠨ ᠣᠷᠣᠨ ᠰᠠᠭᠤᠴᠠ ᠶᠢᠨ ᠬᠤᠷᠢᠶᠠᠯᠠᠯ ᠤᠨ ᠬᠤᠶᠠᠳᠤᠭᠠᠷ ᠳᠡᠰ ᠠᠴᠠ ᠳᠡᠭᠡᠭᠰᠢᠬᠢ | ᠠᠳᠠᠯ ᠠᠬᠤᠶ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠠᠮᠤᠷᠬᠤ ᠶᠢ ᠪᠡᠶᠡᠯᠡᠭᠦᠯᠦᠨ᠎ᠡ᠃ | ᠢᠳᠡᠭᠡᠨ ᠤᠮᠳᠠᠭᠠᠨ᠂ ᠠᠷᠠᠯᠵᠢᠶ᠎ᠠ ᠬᠤᠳᠠᠯᠳᠤᠭ᠎ᠠ ᠵᠡᠷᠭᠡ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ ᠶᠠᠰᠤ | ᠴᠢᠨᠠᠷ ᠢ ᠳᠡᠭᠡᠭᠰᠢᠯᠡᠭᠦᠯᠵᠦ᠂ ᠦᠷ᠎ᠡ ᠠᠰᠢᠭ ᠢ ᠨᠡᠮᠡᠭᠳᠡᠭᠦᠯᠬᠦ ᠶᠢ ᠲᠥᠯᠬᠢᠨ ᠠᠬᠢᠭᠤᠯᠣᠨ᠎ᠠ᠃ ᠬᠡᠷᠡᠭᠯᠡᠭᠡᠨ ᠤ ᠵᠠᠬ᠎ᠠ | ᠳᠡᠯᠭᠡᠭᠦᠷ ᠢ ᠪᠦᠬᠦ ᠲᠠᠯ᠎ᠠ ᠪᠠᠷ ᠴᠡᠭᠴᠡᠯᠡᠨ ᠵᠢᠷᠤᠮᠵᠢᠭᠤᠯᠵᠤ᠂ ᠬᠡᠷᠡᠭᠯᠡᠭᠡᠨ ᠤ ᠣᠷᠴᠢᠨ ᠨᠥᠬᠦᠴᠡᠯ ᠢ | ᠰᠠᠶᠢᠵᠢᠷᠠᠭᠤᠯᠤᠨ᠎ᠠ᠃ ᠬᠤᠲᠠ ᠶᠢᠨ ᠭᠤᠣᠯ ᠲᠣᠭᠤᠷᠢᠭ ᠲᠤ 11ᠥᠪᠡᠷ ᠤᠨ ᠣᠨᠴᠠᠯᠢᠭ ᠪᠦᠬᠦᠢ ᠠᠮᠲᠠᠲᠤ | ᠢᠳᠡᠭᠡᠨ ᠤ ᠵᠡᠭᠡᠯᠢ ᠪᠠᠶᠢᠭᠤᠯᠵᠤ᠂ ᠬᠤᠳᠠᠯᠳᠤᠭᠠᠨ ᠤ ᠶᠡᠷᠦᠩᠭᠡᠢ ᠴᠤᠭᠴᠠ ᠶᠢᠨ ᠤᠯᠠᠨ ᠡᠰᠢᠵᠢᠭᠰᠡᠨ ᠡᠵᠩᠨᠡᠯᠲᠡ ᠶᠢ | ᠵᠤᠷᠢᠭᠵᠢᠭᠤᠯᠵᠤ᠂ ᠰᠦᠯᠵᠢᠶ᠎ᠡ ᠪᠣᠯᠣᠨ ᠡᠩ ᠤᠨ ᠬᠤᠳᠠᠯᠳᠤᠭ᠎ᠠ ᠶᠢᠨ ᠠᠭᠤᠰᠤᠯᠴᠠᠬᠤ ᠶᠢ ᠠᠬᠢᠭᠤᠯᠵᠤ᠂ | ᠤᠯᠠᠮᠵᠢᠯᠠᠯᠲᠤ ᠪᠣᠯᠣᠨ ᠣᠳᠣ ᠦᠶ᠎ᠡ ᠶᠢᠨ ᠬᠡᠪ ᠨᠠᠮᠪᠠ ᠬᠠᠷᠢᠯᠴᠠᠨ ᠠᠬᠢᠭᠤᠯᠵᠤ ᠬᠠᠷᠢᠯᠴᠠᠨ ᠨᠦᠬᠦᠪᠦᠷᠢᠯᠡᠭᠰᠡᠨ | ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠦᠨ᠎ᠡ᠃ | ︵ᠲᠦᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠨᠠᠶᠢᠳᠠᠪᠤᠷᠢᠵᠢᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠠᠬᠢᠴᠠ ᠶᠢ ᠲᠦᠷᠭᠡᠳᠭᠡᠭᠦ | ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ | ᠲᠣᠭᠲᠠᠭᠠᠵᠤ᠂ 4 ᠳ᠋ᠦᠩᠰᠢᠭᠤᠷ ᠲᠥᠭᠦᠷᠢᠭ ᠤᠨ ᠬᠥᠲᠥᠯᠥᠨ ᠵᠢᠯᠤᠭᠤᠳᠬᠤ ᠪᠡᠯᠡ ᠮᠥᠩᠭᠦ ᠤᠷᠤᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ ᠪᠠᠶᠢᠭᠤᠯᠵᠤ᠂ ᠬᠥᠳᠡᠭᠡ ᠲᠣᠰᠬᠤᠨ ᠤ ᠠᠵᠤ | ᠦᠢᠯᠡᠰ ᠤᠨ ᠬᠥᠭᠵᠢᠯᠲᠡ ᠪᠣᠯᠤᠨ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ | ᠬᠤᠲᠠᠴᠢᠯᠠᠭᠰᠠᠨ ᠬᠥᠳᠡᠭᠡ ᠠᠵᠤ ᠠᠬᠤᠶ ᠶᠢ ᠴᠢᠷᠮᠠᠶᠢᠨ ᠨᠠᠷᠢᠯᠢᠭᠵᠢᠭᠤᠯᠬᠤ ᠬᠡᠷᠡᠭᠲᠡᠶ᠃ ᠲᠠᠷᠢᠶᠠᠯᠠᠩ ᠢ ᠶᠠᠰᠤ | ᠴᠢᠨᠠᠷ ᠲᠠᠢ ᠬᠦᠭᠵᠢᠬᠦᠯᠬᠦ᠂ ᠲᠠᠷᠢᠶᠠᠯᠠᠩ ᠢ ᠪᠣᠬᠢᠷᠲᠤᠯ ᠦᠬᠡᠢ ᠬᠦᠭᠵᠢᠭᠦᠯᠬᠦ ᠶᠢ ᠪᠠᠷᠢᠮᠲᠠᠯᠠᠨ᠂ ᠲᠠᠷᠢᠶᠠᠯᠠᠩ ᠤᠨ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠰᠦ | ᠰᠠᠭᠠᠯᠢ ᠶᠢᠨ ᠦᠢᠯᠡᠰ ᠤᠨ ᠲᠡᠰ ᠳᠡᠪᠰᠢᠭᠦᠯᠬᠦ ᠠᠵᠢᠯᠯᠠᠭᠠᠨ ᠤ ᠲᠥᠯᠥᠪᠯᠡᠭᠡ ᠶᠢᠨ ᠲᠤᠭᠤᠷᠢᠨ ᠳᠤ᠂ ᠮᠠᠯᠵᠢᠯ ᠤᠨ | ᠲᠠᠯᠠᠪᠠᠢ ᠶᠢᠨ ᠪᠠᠷᠢᠮᠵᠢᠶᠠᠯᠠᠬᠤ ᠪᠠᠶᠢᠭᠤᠯᠤᠯᠲᠠ ᠪᠣᠯᠣᠨ ᠴᠢᠨᠠᠷ ᠰᠠᠶᠢᠲᠠᠶ ᠲᠡᠵᠢᠭᠡᠯ ᠡᠪᠡᠰᠦ ᠶᠢ ᠬᠡᠪᠴᠢᠶᠡᠵᠢᠭᠦᠯᠦᠨ | ᠲᠠᠷᠢᠬᠤ ᠶᠢ ᠲᠥᠯᠬᠢᠨ ᠠᠬᠢᠭᠤᠯᠵᠤ᠂10 ᠪᠠᠷᠢᠮᠵᠢᠶᠠᠵᠢᠭᠤᠯᠤᠭᠰᠠᠨ ᠰᠠᠭᠠᠯᠢ ᠶᠢᠨ ᠦᠨᠢᠶᠡᠨ ᠤ ᠬᠡᠪᠴᠢᠶᠡᠵᠢᠭᠰᠡᠨ | ᠲᠡᠵᠢᠭᠡᠨ ᠦᠷᠡᠵᠢᠭᠦᠯᠬᠦ ᠲᠠᠯᠠᠪᠠᠢ ᠶᠢ ᠳᠡᠭᠡᠭᠰᠢᠯᠡᠭᠦᠯᠦᠨ ᠲᠡᠭᠦᠯᠳᠡᠷᠵᠢᠭᠦᠯᠵᠦ᠂ ᠦᠨᠢᠶᠡᠨ ᠰᠦ ᠶᠢᠨ ᠭᠠᠷᠤᠯᠲᠠ ᠶᠢ | 180 ᠲᠦᠮᠡᠨ ᠲᠣᠨ ᠬᠦᠷᠭᠡᠨ᠎ᠡ᠃ ᠢᠳᠡᠰᠢᠨ ᠬᠤᠨᠢᠨ ᠤ ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠮᠵᠢᠵᠦ᠂ ᠬᠤᠨᠢ ᠲᠡᠵᠢᠭᠡᠭᠰᠡᠨ ᠬᠡᠮᠵᠢᠶ᠎ᠡ 500 ᠲᠦᠮᠡ ᠬᠦᠷᠴᠦ᠂ | ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠬᠢᠷᠢ ᠬᠡᠮᠵᠢᠶ᠎ᠡ 60% ᠢ ᠲᠠᠪᠠᠭ᠋ᠤ ᠬᠡᠷᠡᠭᠲᠡᠢ᠃ ︽ᠨᠣᠭᠤᠭ᠎ᠠ ᠶᠢᠨ | ᠰᠠᠭᠰᠤᠨ︾ ᠤ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠢᠳᠡᠰᠢᠨ ᠨᠣᠭᠤᠭ᠎ᠠ ᠶᠢᠨ ᠦᠨ᠎ᠡ ᠶᠢᠨ | ᠳᠠᠭᠠᠳᠬᠠᠯ ᠤᠨ ᠲᠤᠷᠰᠢᠯᠲᠠ ᠬᠢᠬᠦ ᠴᠢᠭ᠋ ᠢ ᠥᠷᠨᠢᠭᠦᠯᠵᠦ᠂ ᠲᠤᠰ ᠭᠠᠵᠠᠷ ᠣᠷᠣᠨ ᠤ ᠵᠤᠨ ᠨᠠᠮᠤᠷ ᠤᠨ ᠢᠳᠡᠰᠢᠨ | ᠨᠣᠭᠤᠭ᠎ᠠ ᠬᠠᠩᠭᠠᠬᠤ ᠨᠤᠷᠮ᠎ᠠ ᠶᠢ 65% ᠣᠷᠴᠢᠮ᠂ ᠡᠪᠦᠯ ᠬᠠᠪᠤᠷ ᠤᠨ ᠬᠢ ᠶᠢ 30% ᠤᠷᠴᠢᠮ ᠲᠤᠭᠲᠠᠭᠤᠨ | ᠲᠡᠭᠡᠭᠰᠢᠯᠡᠭᠦᠯᠬᠦ ᠬᠡᠷᠡᠭᠲᠡᠢ᠃ ᠲᠤᠰᠬᠠᠶ ᠲᠦᠷᠦ ᠶᠢᠨ ᠪᠤᠳᠤᠯᠭ᠎ᠠ ᠶᠢ ᠨᠡᠶᠢᠲᠡᠯᠡᠵᠦ᠂ ᠠᠮᠢ ᠠᠬᠤᠶ ᠶᠢᠨ ᠲᠠᠷᠢᠶᠠᠯᠠᠩ ᠂ | ᠵᠢᠭᠤᠯᠴᠢᠯᠠᠯ ᠤᠨ ᠲᠠᠷᠢᠶᠠᠯᠠᠩ ᠂ ᠲᠠᠷᠢᠶᠠᠯᠠᠩ ᠢ ᠪᠡᠶᠡᠴᠢᠯᠡᠨ ᠤᠶᠢᠯᠠᠭᠠᠬᠤ᠂ ᠪᠦᠲᠦᠭᠡᠯᠴᠢ ᠲᠠᠷᠢᠶᠠᠯᠠᠩ ᠢ | ᠬᠦᠭᠵᠢᠭᠦᠯᠬᠦ ᠶᠢ ᠵᠤᠷᠢᠭᠵᠢᠭᠤᠯᠵᠤ᠂ ᠲᠠᠷᠢᠶᠠᠯᠠᠩ ᠤᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ ᠲᠠᠷᠢᠶᠠᠯᠠᠩ ᠤᠨ | ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠵᠤ᠂ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠠᠵᠢᠯ ᠢ ᠲᠦᠯᠬᠢᠨ ᠠᠬᠢᠭᠤᠯᠤᠨ᠎ᠠ᠃ ︽ᠢᠨᠲ᠋ᠧᠷ ᠰᠦᠯᠵᠢᠶ᠎ᠡ + | ᠤᠳᠤ ᠦᠶ᠎ᠡ ᠶᠢᠨ ᠲᠠᠷᠢᠶᠠᠯᠠᠩ︾ ᠢ ᠢᠳᠡᠪᠬᠢᠲᠡᠶ ᠬᠥᠭᠵᠢᠭᠦᠯᠵᠦ᠂ ᠤᠳᠤ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠰᠢᠰᠲ᠋ᠧᠮ᠂ ᠦᠢᠯᠡᠳᠪᠦᠷᠢᠯᠡᠯ ᠤᠨ ᠰᠢᠰᠲ᠋ᠧᠮ᠂ ᠡᠵᠡᠩᠨᠡᠯᠲᠡ ᠶᠢᠨ ᠰᠢᠰᠲ᠋ᠧᠮ ᠢ ᠲᠦᠷᠭᠡᠪᠴᠢᠯᠡᠨ | ᠪᠠᠶᠢᠭᠤᠯᠤᠨ᠎ᠠ᠃ ᠤᠯᠤᠰ ᠤᠨ ᠲᠠᠷᠢᠶᠠᠯᠠᠩ ᠤᠨ ᠠᠵᠤ ᠦᠢᠯᠡᠰ ᠤᠨ ᠥᠷᠢᠰᠥᠯᠳᠦᠬᠦ ᠬᠦᠴᠦᠨ ᠢ ᠲᠡᠭᠡᠭᠰᠢᠯᠡᠭᠦᠯᠬᠦ | ᠰᠢᠨᠵᠢᠯᠡᠭᠡ ᠮᠡᠷᠭᠡᠵᠢᠯ ᠤᠨ ᠠᠵᠢᠯᠯᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠥᠳᠡᠭᠡ ᠠᠵᠤ ᠠᠬᠤᠶ ᠶᠢᠨ | ᠦᠢᠯᠡᠳᠪᠦᠷᠢᠯᠡᠯ ᠤᠨ ᠰᠢᠨᠵᠢᠯᠡᠭᠡ ᠮᠡᠷᠭᠡᠵᠢᠯ ᠤᠨ ᠬᠢᠷᠢ ᠬᠡᠮᠵᠢᠶ᠎ᠡ ᠶᠢ ᠲᠡᠭᠡᠭᠰᠢᠯᠡᠭᠦᠯᠦᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠢᠮ ᠤᠨ ᠴᠢᠨᠠᠷᠲᠠᠶ ᠬᠠᠩᠭᠠᠯᠭ᠎ᠠ ᠶᠢ | ᠴᠢᠩᠭᠠᠳᠬᠠᠬᠤ ᠬᠡᠷᠡᠭᠲᠡᠶ᠃ ᠲᠠᠷᠢᠶᠠᠴᠢᠨ ᠤ ᠭᠡᠷ ᠪᠦᠯᠢ ᠶᠢᠨ ᠡᠵᠡᠩᠨᠡᠯᠲᠡ ᠶᠢᠨ ᠪᠡᠶᠡᠴᠢ ᠴᠣᠭᠴᠠ ᠶᠢᠨ ᠪᠠᠶᠢᠷᠢ | ᠰᠠᠭᠤᠷᠢ ᠶᠢ ᠪᠠᠷᠢᠮᠲᠠᠯᠠᠵᠤ᠂ ᠤᠯᠠᠨ ᠵᠦᠢᠯ ᠤᠨ ᠬᠡᠯᠪᠡᠷᠢ ᠶᠢᠨ ᠵᠣᠬᠢᠮᠵᠢᠲᠠᠶ ᠬᠡᠪᠴᠢᠶᠡᠲᠦ ᠡᠵᠡᠩᠨᠡᠯᠲᠡ ᠶᠢ | ᠬᠦᠭᠵᠢᠭᠦᠯᠵᠦ᠂ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠶᠢ ᠪᠤᠢ ᠪᠤᠯᠭᠠᠨ᠎ᠠ᠃ | ᠲᠤᠯᠤᠭᠠᠶᠢᠯᠠᠭᠴᠢ ᠠᠵᠤ ᠠᠬᠤᠶᠢᠯᠠᠯ ᠪᠣᠯᠣᠨ ᠲᠠᠷᠢᠶᠠᠴᠢᠳ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ | ᠲᠡᠭᠦᠯᠳᠡᠷᠵᠢᠭᠦᠯᠵᠦ᠂ ᠭᠡᠷ ᠪᠦᠯᠢ ᠶᠢᠨ ᠡᠵᠡᠩᠨᠡᠯᠲᠡ ᠪᠣᠯᠣᠨ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ | ᠣᠷᠭᠠᠨᠢᠭ ᠢᠶᠠᠷ ᠬᠤᠯᠪᠤᠯᠳᠤᠬᠤ ᠶᠢ ᠠᠬᠢᠭᠤᠯᠬᠤ ᠬᠡᠷᠡᠭᠲᠡᠶ᠃ ᠬᠥᠳᠡᠭᠡ ᠲᠣᠰᠬᠤᠨ ᠤ ᠭᠠᠵᠠᠷ ᠰᠢᠷᠣᠶ᠂ ᠨᠤᠲᠤᠭ | ᠪᠡᠯᠴᠢᠭᠡᠷ ᠤᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ | ᠬᠥᠳᠡᠭᠡ ᠲᠣᠰᠬᠤᠨ ᠤ ᠭᠡᠷ ᠪᠠᠶᠢᠰᠢᠩ ᠭᠠᠵᠠᠷ ᠰᠢᠷᠣᠶ ᠶᠢᠨ ᠨᠢᠭᠡ ᠴᠣᠭᠴᠠ ᠲᠤᠭᠲᠠᠮᠠᠯ ᠬᠥᠷᠥᠩᠭᠡ ᠶᠢ ᠨᠢᠭᠡᠳᠦᠯᠲᠡᠶ | ᠲᠠᠩᠰᠠᠯᠠᠨ᠎ᠠ᠃ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ ᠲᠣᠭᠲᠠᠪᠤᠷᠢᠲᠠᠶ | ᠪᠥᠭᠡᠳ ᠤᠷᠲᠤ ᠬᠤᠭᠤᠴᠠᠭ᠎ᠠ ᠪᠠᠷ ᠬᠤᠪᠢᠷᠠᠭᠤᠯᠬᠤ ᠦᠭᠡᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ | ᠬᠥᠳᠡᠭᠡ ᠲᠣᠰᠬᠤᠨ ᠤ ᠭᠠᠵᠠᠷ ᠲᠠᠷᠢᠶᠠᠨ ᠤ ︽ᠭᠤᠷᠪᠠᠨ ᠡᠷᠬᠡ ᠶᠢ ᠰᠠᠯᠭᠠᠨ ᠪᠠᠶᠢᠷᠢᠰᠢᠭᠤᠯᠬᠤ︾ ᠥᠭᠡᠷᠡᠴᠢᠯᠡᠯᠲᠡ | ᠶᠢᠨ ᠲᠤᠷᠰᠢᠯᠲᠠ ᠶᠢᠨ ᠴᠢᠭ᠋ ᠢ ᠦᠷᠨᠢᠭᠦᠯᠬᠦ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ ᠤᠨ ᠭᠠᠵᠠᠷ | ᠰᠢᠷᠣᠶ ᠶᠢᠨ ᠡᠷᠭᠢᠯᠲᠡ ᠶᠢᠨ ᠲᠠᠪᠴᠠᠩ ᠪᠣᠯᠣᠨ ᠭᠠᠵᠠᠷ ᠰᠢᠷᠣᠶ ᠶᠢᠨ ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠬᠤ | ᠪᠠᠶᠢᠭᠤᠯᠤᠮᠵᠢ ᠪᠠᠶᠢᠭᠤᠯᠬᠤ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠵᠡᠩᠨᠡᠯᠲᠡ ᠶᠢᠨ | ᠡᠷᠬᠡ ᠶᠢᠨ ᠪᠠᠷᠢᠴᠠᠭᠠᠲᠤ ᠵᠢᠭᠡᠯᠡᠯᠭᠡ ᠶᠢ ᠠᠬᠢᠭᠤᠯᠵᠤ᠂ ᠨᠡᠩ ᠪᠦᠷᠢᠨ ᠲᠡᠭᠦᠯᠳᠡᠷ ᠲᠠᠷᠢᠶᠠᠯᠠᠩ ᠤᠨ ᠪᠠᠲᠤᠯᠠᠭ᠎ᠠ ᠶᠢᠨ | ᠲᠣᠭᠲᠠᠴᠠ ᠶᠢ ᠲᠦᠷᠭᠡᠪᠴᠢᠯᠡᠨ ᠪᠠᠶᠢᠭᠤᠯᠵᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ | ᠪᠠᠷᠢᠮᠵᠢᠶᠠᠵᠢᠭᠤᠯᠤᠯᠲᠠ ᠳᠦᠷᠢᠮᠵᠢᠭᠦᠯᠦᠯᠲᠡ ᠶᠢᠨ ᠲᠣᠷᠰᠢᠯᠲᠠ ᠶᠢᠨ ᠴᠢᠭ᠋ ᠤᠨ ᠪᠦᠲᠦᠭᠡᠨ ᠪᠠᠶᠢᠭᠤᠯᠣᠯᠲᠠ ᠶᠢ | ᠥᠷᠨᠢᠭᠦᠯᠵᠦ᠂ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠭᠦᠢᠴᠡᠳᠬᠡᠬᠦ᠂ ᠬᠠᠮᠢᠶᠠᠷᠬᠤ᠂ ᠦᠢᠯᠡᠴᠢᠯᠡᠬᠦ ᠪᠠ ᠦᠷ᠎ᠡ | ᠳ᠋ᠦᠩ ᠵᠡᠷᠭᠡ ︽ᠲᠠᠪᠤ ᠶᠢ ᠢᠯᠡ ᠪᠣᠯᠭᠠᠬᠤ︾ ᠶᠢ ᠲᠦᠯᠬᠢᠨ ᠠᠬᠢᠭᠤᠯᠤᠨ᠎ᠠ᠃ | ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ | ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠵᠦ ᠡᠮᠬᠢᠯᠡᠨ ᠨᠡᠶᠢᠯᠡᠭᠦᠯᠵᠦ᠂ ᠤᠷᠲᠤ | ᠬᠤᠭᠤᠴᠠᠭᠠᠨ ᠤ ᠬᠦᠴᠦᠨ ᠪᠦᠬᠦᠢ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠪᠡᠯᠡ ᠣᠷᠣᠭᠤᠯᠵᠤ ᠪᠡᠯᠡ | ᠲᠣᠬᠢᠷᠠᠭᠤᠯᠬᠤ ᠠᠷᠭ᠎ᠠ ᠵᠠᠮ ᠢ ᠥᠷᠭᠡᠳᠬᠡᠵᠦ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢᠨ ᠲᠠᠯ᠎ᠠ ᠪᠠᠷ ᠬᠢ ᠣᠷᠣᠭᠤᠯᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠨ᠎ᠠ᠃ ᠥᠨᠳᠥᠷ | ᠪᠦᠲᠦᠮᠵᠢᠲᠡᠶ ᠤᠰᠤ ᠠᠷᠪᠢᠯᠠᠬᠤ ᠲᠠᠷᠢᠶᠠᠯᠠᠩ ᠶᠢ ᠶᠡᠬᠡᠪᠡᠷ ᠬᠥᠭᠵᠢᠭᠦᠯᠵᠦ᠂ ᠤᠰᠤ ᠠᠷᠪᠢᠯᠠᠬᠤ ᠣᠰᠣᠯᠠᠯᠲᠠ ᠶᠢᠨ | ᠲᠠᠯᠠᠪᠠᠢ ᠶᠢ 20 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠎ᠡ᠃ ᠲᠠᠷᠢᠶᠠᠯᠠᠩ ᠤᠨ ᠠᠮᠢ ᠠᠬᠤᠢ ᠶᠢᠨ ᠬᠠᠮᠠᠭᠠᠯᠠᠯᠲᠠ ᠶᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠠᠷᠢᠶᠠᠯᠠᠩ ᠤᠨ ᠡᠮ ᠬᠡᠷᠡᠭᠯᠡᠬᠦ ᠬᠡᠮᠵᠢᠶ᠎ᠡ ᠶᠢ ᠦᠷᠭᠦᠯᠵᠢᠯᠡᠨ | ᠪᠠᠭᠤᠷᠠᠭᠤᠯᠬᠤ ᠶᠢ ᠲᠦᠯᠬᠢᠨ ᠠᠬᠢᠭᠤᠯᠵᠤ᠂ ᠪᠤᠷᠳᠤᠭᠤᠷ ᠣᠷᠣᠭᠤᠯᠬᠤ ᠪᠦᠲᠦᠴᠡ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠮᠠᠯ ᠵᠢᠭᠦᠷᠲᠡᠨ ᠤ ᠪᠠᠭᠠᠰᠤ ᠵᠡᠷᠭᠡ ᠪᠣᠬᠢᠷ ᠵᠦᠢᠯᠡᠰ ᠢ ᠬᠤᠣᠷ ᠦᠭᠡᠶᠢᠵᠢᠭᠦᠯᠦᠨ ᠰᠢᠢᠳᠪᠦᠷᠢᠯᠡᠬᠦ | ᠪᠠ ᠡᠰᠢ ᠰᠦᠷᠡᠯ ᠢ ᠡᠬᠢ ᠪᠠᠶᠠᠯᠢᠭᠵᠢᠭᠤᠯᠵᠤ ᠶᠡᠷᠦᠩᠬᠡᠶᠢᠯᠡᠨ ᠠᠰᠢᠭᠯᠠᠬᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ | ᠬᠥᠳᠡᠭᠡ ᠲᠣᠰᠬᠤᠨ ᠤ ᠬᠤᠭ ᠨᠣᠪᠰᠢ᠂ ᠪᠣᠬᠢᠷᠲᠤᠯ ᠤᠰᠤ ᠶᠢ ᠵᠠᠰᠠᠬᠤ᠂ ᠵᠣᠷᠯᠣᠩ ᠤᠨ ᠪᠥᠲᠥᠭᠡᠨ ᠪᠠᠶᠢᠭᠤᠯᠤᠯᠲᠠ | ᠪᠤᠯᠤᠨ ᠠᠶᠢᠯ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠪᠠᠷ ᠭᠤᠣᠯ ᠠᠭᠤᠯᠭ᠎ᠠ ᠪᠣᠯᠭᠠᠨ ᠥᠷᠨᠢᠭᠦᠯᠵᠦ᠂ | ᠬᠥᠳᠡᠭᠡ ᠲᠣᠰᠬᠤᠨ ᠤ ᠬᠥᠮᠦᠰ ᠤᠨ ᠣᠷᠣᠰᠢᠨ ᠠᠮᠢᠳᠤᠷᠠᠬᠤ ᠣᠷᠴᠢᠨ ᠠᠬᠤᠶ ᠶᠢ ᠴᠡᠭᠴᠡᠯᠡᠨ ᠵᠠᠰᠠᠬᠤ ᠭᠤᠷᠪᠠᠨ | ᠵᠢᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠬᠥᠭᠵᠢᠯᠲᠡ ᠶᠢᠨ | ᠪᠠᠶᠢᠭᠤᠯᠤᠯᠲᠠ ᠶᠢᠨ ᠳᠤᠲᠠᠭᠤᠳᠠᠯ ᠢ ᠲᠦᠷᠭᠡᠪᠴᠢᠯᠡᠨ ᠨᠥᠬᠦᠪᠥᠷᠢᠯᠡᠬᠦ ᠬᠡᠷᠡᠭᠲᠡᠢ᠃ | ︵ᠲᠠᠪᠤ︶ ᠬᠤᠷᠢᠨᠭᠡᠷ ᠰᠢᠶᠠᠨ ᠤ ᠰᠢᠨ᠎ᠡ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ | ᠲᠦᠯᠬᠢᠨ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠬᠦᠴᠦᠯᠡᠨ ᠪᠣᠢ ᠪᠤᠯᠭᠠᠬᠤ | ᠬᠡᠷᠡᠭᠲᠡᠢ᠃ | ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠢ ᠢᠳᠡᠪᠬᠢᠲᠡᠶ ᠪᠠᠷ | ᠬᠥᠲᠥᠯᠥᠨ ᠵᠢᠯᠣᠭᠤᠳᠣᠨ᠎ᠠ᠃ ᠤᠯᠤᠰ ᠤᠨ ᠢᠨᠲ᠋ᠧᠷ ᠰᠦᠯᠵᠢᠶᠡᠨ ᠤ ᠰᠢᠭᠤᠳ ᠬᠤᠯᠪᠣᠭᠠᠨ ᠤ ᠴᠢᠭ᠋᠂ ᠤᠯᠤᠰ ᠤᠨ | ᠬᠤᠭᠤᠷᠣᠨᠳᠣᠬᠢ ᠬᠤᠯᠪᠣᠭᠠᠨ ᠤ ᠲᠤᠰᠬᠠᠶ ᠵᠠᠮ᠂ ᠪᠣᠬᠢᠷᠲᠤᠯ ᠦᠭᠡᠢ ᠮᠥᠩᠭᠦᠨ ᠭᠦᠢᠯᠭᠡᠭᠡᠨ ᠤ ᠦᠭᠡᠷᠡᠴᠢᠯᠡᠯᠲᠡ ᠶᠢᠨ | ᠰᠢᠨ᠎ᠡ ᠶᠢ ᠡᠭᠦᠳᠬᠦ ᠲᠤᠷᠰᠢᠯᠲᠠ ᠶᠢᠨ ᠲᠣᠭᠤᠷᠢᠭ᠂ ᠤᠯᠤᠰ ᠤᠨ ᠡᠷᠡᠭᠦᠯᠵᠢᠭᠦᠯᠦᠯ ᠤᠨ ᠵᠢᠱᠢᠶ᠎ᠡ ᠦᠵᠡᠭᠦᠯᠬᠦ ᠠᠵᠤ | ᠦᠢᠯᠡᠰ ᠤᠨ ᠶᠡᠷᠦᠩᠬᠡᠶᠢᠯᠡᠭᠰᠡᠨ ᠰᠢᠨ᠎ᠡ ᠶᠢ ᠡᠭᠦᠳᠬᠦ ᠲᠣᠷᠰᠢᠯᠲᠠ ᠶᠢᠨ ᠴᠢᠭ᠋ ᠤᠨ ᠰᠢᠨ᠎ᠡ ᠲᠣᠭᠤᠷᠢᠭ ᠲᠤ | ᠪᠠᠶᠢᠭᠤᠯᠬᠤ ᠶᠢ ᠲᠡᠮᠡᠴᠡᠨ ᠣᠯᠵᠣ᠂ ᠢᠷᠡᠭᠡᠳᠦᠶ ᠶᠢᠨ ᠬᠥᠭᠵᠢᠯᠲᠡ ᠶᠢ ᠬᠥᠲᠥᠯᠥᠨ ᠵᠢᠯᠣᠭᠤᠳᠬᠤ ᠰᠠᠭᠤᠷᠢ ᠪᠣᠯᠬᠤ | ᠲᠣᠯᠭᠠᠭᠤᠷᠢᠯᠠᠬᠤ ᠳᠠᠪᠠᠭᠤᠯᠢᠭ ᠪᠣᠯᠣᠨ ᠭᠤᠣᠯᠯᠠᠬᠤ ᠥᠷᠢᠰᠥᠯᠳᠦᠭᠡᠨ ᠤ ᠳᠠᠪᠠᠭᠤᠯᠢᠭ ᠢ ᠪᠣᠶᠢᠵᠢᠭᠤᠯᠣᠨ | ᠴᠣᠭᠴᠠᠯᠠᠨ᠎ᠠ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠡ ᠵᠠᠩᠭᠢ ᠶᠢᠨ ᠲᠥᠪ ᠤᠨ ᠭᠠᠮᠰᠢᠭ ᠲᠤ ᠪᠡᠯᠡᠳᠬᠡᠬᠦ | ᠲᠥᠪ᠂ ᠵᠢᠩ ᠳ᠋ᠦᠩ ︽ᠠᠽᠢᠶ᠎ᠠ ᠨᠢᠭᠡᠳᠦᠭᠡᠷ ᠨᠡᠷᠡᠮᠵᠢᠲᠦ︾ ᠣᠳᠣᠬᠢᠴᠢᠯᠠᠭᠰᠠᠨ ᠪᠠᠷᠠᠭᠠᠨ ᠤ ᠭᠦᠢᠯᠭᠡᠭᠡᠨ ᠤ | ᠬᠦᠷᠢᠶᠡᠯᠡᠩ᠂ ᠰᠠᠨᠰᠠᠷ ᠤᠨ ᠠᠶᠠᠯᠠᠯ ᠤᠨ ᠶᠢᠰᠦᠳᠦᠭᠡᠷ ᠬᠦᠷᠢᠶᠡᠯᠡᠩ ᠳᠠᠬᠢ ᠵᠢᠯᠣᠭᠤᠴᠢ ᠦᠭᠡᠶ ᠨᠢᠰᠬᠡᠯ᠂ ᠴᠢᠩ | ᠬᠤᠸᠠ ᠲᠦᠩ ᠹᠠᠩ ᠠᠭᠠᠷ ᠤᠨ ᠢᠯᠴᠢ ᠶᠢᠨ ᠬᠥᠭᠡᠷᠭᠡ ᠶᠢᠨ ᠴᠡᠪᠡᠷ ᠡᠨᠧᠷᠭᠢ ᠶᠢᠨ ᠰᠤᠷᠪᠤᠯᠵᠢ᠂ ᠶᠢᠨ ᠳ᠋ᠢ | ᠪᠦᠯᠦᠭᠯᠡᠯ ᠤᠨ ᠣᠶᠣᠨᠲᠣ ᠵᠠᠮ ᠬᠠᠷᠢᠯᠴᠠᠭ᠎ᠠ ᠵᠡᠷᠭᠡ ᠳᠦᠷᠦᠯ ᠵᠦᠢᠯ ᠢ ᠦᠨᠡᠨᠬᠦ ᠨᠠᠶᠢᠳᠠᠪᠤᠷᠢᠵᠢᠭᠤᠯᠵᠤ᠂ ᠠᠵᠣ | ᠦᠢᠯᠡᠰ ᠤᠨ ᠦᠷᠨᠢᠭᠦᠨ ᠬᠦᠭᠵᠢᠯᠲᠡ ᠪᠠ ᠲᠦᠷᠦᠯ ᠵᠦᠢᠯ ᠤᠨ ᠶᠡᠭᠡ ᠪᠦᠳᠦᠬᠡᠨ ᠪᠠᠶᠢᠭᠤᠯᠤᠯᠲᠠ ᠶᠢᠨ ᠠᠮᠢᠳᠤᠯᠢᠭ | ᠪᠠᠶᠢᠳᠠᠯ ᠢ ᠪᠦᠬᠦ ᠲᠠᠯ᠎ᠠ ᠪᠠᠷ ᠪᠤᠢ ᠪᠣᠯᠭᠠᠬᠤ ᠬᠡᠷᠡᠭᠲᠡᠶ᠃ ᠠᠮᠧᠷᠢᠺᠠ ᠶᠢᠨ ᠴᠠᠬᠢᠭᠤᠷ ᠬᠦᠨᠳᠡᠢ᠂ ᠪᠡᠭᠡᠵᠢᠩ ᠤᠨ ᠵᠦᠩ | ᠭᠤᠸᠠᠨ ᠼᠦᠨ ᠵᠢᠴᠢ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠪᠣᠯᠤᠨ ᠠᠵᠤ ᠠᠬᠤᠶᠢᠯᠠᠯ ᠤᠨ ᠬᠤᠭᠤᠷᠣᠨᠳᠣᠬᠢ ᠬᠠᠮᠲᠤᠷᠠᠯᠴᠠᠭ᠎ᠠ ᠰᠣᠯᠢᠯᠴᠠᠭ᠎ᠠ ᠶᠢ | ᠴᠢᠩᠭᠠᠳᠬᠠᠵᠣ᠂ ᠰᠢᠭᠤᠳ ᠬᠠᠮᠲᠤᠷᠠᠨ ᠠᠵᠢᠯᠯᠠᠬᠤ ᠬᠠᠷᠢᠴᠠᠭ᠎ᠠ ᠶᠢ ᠪᠠᠶᠢᠭᠤᠯᠬᠤ ᠶᠢ ᠲᠦᠯᠬᠢᠨ ᠠᠬᠢᠭᠤᠯᠵᠤ᠂ | ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠵᠣ᠂ ᠠᠵᠤ ᠦᠢᠯᠡᠰ ᠶᠢ ᠰᠢᠯᠵᠢᠭᠦᠯᠵᠦ ᠬᠦᠯᠢᠶᠡᠨ | ᠳᠠᠭᠠᠭᠠᠴᠢᠯᠠᠭᠰᠠᠨ᠂ ᠴᠢᠳᠠᠪᠤᠷᠢᠲᠠᠨ ᠤ ᠤᠶᠤᠨ ᠴᠢᠳᠠᠪᠤᠷᠢ ᠬᠤᠷᠠᠭᠰᠠᠨ ᠦᠨᠳᠦᠷ ᠲᠦᠪᠰᠢᠨ ᠪᠦᠬᠦᠢ ᠰᠢᠨ᠎ᠡ | ᠲᠣᠭᠤᠷᠢᠭ ᠢ ᠴᠣᠭᠴᠠᠯᠠᠨ ᠪᠠᠶᠢᠭᠤᠯᠣᠨ᠎ᠠ᠃ | ᠠᠵᠤ ᠦᠢᠯᠡᠰ ᠪᠣᠯᠤᠨ ᠬᠤᠳᠠ ᠶᠢᠨ ᠠᠭᠤᠰᠤᠯᠳᠤᠭᠰᠠᠨ ᠬᠦᠭᠵᠢᠯᠲᠡ ᠶᠢ ᠪᠦᠬᠦ ᠲᠠᠯ᠎ᠠ ᠪᠠᠷ ᠲᠦᠯᠬᠢᠨ | ᠠᠬᠢᠭᠤᠯᠣᠨ᠎ᠠ᠃ ᠰᠢᠭᠤᠶᠢᠲᠤ ᠵᠢᠵᠢᠭ ᠪᠠᠯᠭᠠᠰᠤ ᠪᠣᠯᠣᠨ ᠠᠮᠢ ᠠᠬᠤᠶ ᠶᠢᠨ ᠨᠡᠶᠢᠭᠡᠮ ᠲᠣᠭᠤᠷᠢᠭ ᠤᠨ | ᠪᠠᠶᠢᠭᠤᠯᠣᠯᠲᠠ ᠶᠢᠨ ᠣᠶᠢᠯᠠᠭᠠᠭᠳᠠᠬᠤᠨ ᠢᠶᠠᠷ ᠲᠤᠭ᠎ᠠ ᠪᠦᠭᠡᠭᠡᠨᠡᠷᠡᠯ ᠤᠨ ᠵᠢᠵᠢᠭ ᠪᠠᠯᠭᠠᠰᠤ᠂ ᠮᠥᠩᠭᠦᠨ | ᠭᠦᠢᠯᠭᠡᠭᠡᠨ ᠤ ᠵᠢᠵᠢᠭ ᠪᠠᠯᠭᠠᠰᠤ᠂ ᠰᠤᠷᠭᠠᠨ ᠬᠥᠮᠦᠵᠢᠯ ᠤᠨ ᠵᠢᠵᠢᠭ ᠪᠠᠯᠭᠠᠰᠤ᠂ ᠰᠣᠪᠢᠯᠠᠯᠲᠠ ᠶᠢᠨ ᠵᠢᠵᠢᠭ | ᠪᠠᠯᠭᠠᠰᠣ ᠶᠢ ᠦᠨᠳᠦᠷ ᠪᠠᠷᠢᠮᠵᠢᠶ᠎ᠠ ᠪᠠᠷ ᠴᠣᠭᠴᠠᠯᠠᠨ ᠪᠠᠶᠢᠭᠤᠯᠵᠣ᠂ ᠲᠥᠷᠥᠯ ᠵᠦᠢᠯ ᠢ ᠣᠷᠣᠭᠤᠯᠤᠨ ᠠᠪᠴᠢᠷᠠᠵᠣ᠂ | ᠠᠵᠤ ᠦᠢᠯᠡᠰ ᠪᠤᠶᠢᠵᠢᠭᠤᠯᠤᠨ ᠬᠦᠭᠵᠢᠭᠦᠯᠬᠦ ᠳᠤ ᠰᠠᠭᠤᠷᠢ ᠪᠠᠲᠤᠯᠠᠭ᠎ᠠ ᠶᠢᠨ ᠲᠠᠪᠴᠠᠩ ᠪᠠᠶᠢᠭᠤᠯᠵᠣ ᠥᠭᠬᠦ ᠬᠡᠷᠡᠭᠲᠡᠶ | ᠃ ᠶᠢᠨ ᠱᠧᠩ ᠲᠦᠷᠭᠡᠨ ᠵᠠᠮ ᠤᠨ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠳᠠᠭᠤᠰᠬᠠᠨ᠂ ᠪᠣᠥ ᠪᠧᠢ ᠾᠧ | ᠭᠤᠣᠯ ᠪᠣᠯᠣᠨ ᠰᠢᠷᠬᠤᠰᠣ ᠭᠤᠣᠯ ᠤᠨ ᠵᠠᠰᠠᠯᠲᠠ ᠶᠢᠨ ᠢᠨᠵᠧᠨᠧᠷᠢᠩ ᠪᠣᠯᠣᠨ ᠭᠤᠣᠯᠯᠠᠬᠤ ᠣᠷᠣᠨ ᠤ ᠠᠮᠢ | ᠠᠬᠤᠢ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠲᠦᠷᠭᠡᠪᠴᠢᠯᠡᠨ ᠬᠡᠷᠡᠭᠵᠢᠭᠦᠯᠵᠦ᠂ ᠬᠤᠳᠠ ᠶᠢᠨ | ᠶᠠᠪᠣᠳᠠᠯ ᠤᠨ ᠲᠥᠬᠦᠭᠡᠷᠦᠮᠵᠢ ᠬᠢᠭᠡᠳ ᠭᠠᠵᠠᠷ ᠳᠣᠣᠷᠠᠬᠢ ᠨᠡᠶᠢᠲᠡ ᠶᠢᠨ ᠬᠤᠭᠤᠯᠠᠶ ᠶᠢᠨ ᠬᠤᠩᠭᠢᠯ ᠤᠨ ᠪᠦᠲᠦᠭᠡᠨ | ᠪᠠᠶᠢᠭᠤᠯᠤᠯᠲᠠ ᠶᠢ ᠨᠡᠶᠢᠳᠡᠮ ᠳᠤᠨᠢ ᠲᠦᠯᠬᠢᠨ ᠤᠷᠤᠭᠰᠢᠯᠠᠭᠤᠯᠵᠤ᠂ ︽ᠬᠤᠣᠰ ᠬᠤᠲᠠ ᠬᠤᠶᠠᠷ ᠲᠡᠩᠭᠡᠯᠢᠭ ᠲᠠᠪᠤᠨ | ᠲᠥᠪ︾ ᠣᠷᠣᠨ ᠵᠠᠶ ᠶᠢᠨ ᠰᠢᠰᠲ᠋ᠧᠮ ᠪᠣᠯᠣᠨ ︽ᠭᠤᠷᠪᠠᠨ ᠬᠦᠨᠳᠡᠯᠡᠨ ᠲᠠᠪᠤᠨ ᠭᠤᠣᠯᠳᠣ︾ ᠪᠦᠲᠦᠴᠡᠲᠦ ᠵᠠᠮ ᠤᠨ | ᠲᠣᠣᠷ ᠤᠨ ᠰᠢᠰᠲ᠋ᠧᠮ ᠢ ᠪᠦᠲᠦᠭᠡᠨ ᠪᠠᠶᠢᠭᠤᠯᠣᠨ᠎ᠠ᠃ | ᠤᠯᠠᠨ ᠨᠡᠶᠢᠲᠡ ᠶᠢᠨ ᠦᠢᠯᠡᠴᠢᠯᠡᠭᠡ ᠶᠢᠨ ᠪᠠᠲᠣᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ | ᠃ ᠣᠶᠣᠨᠴᠢ ᠵᠠᠰᠠᠭ ᠤᠨ ᠶᠠᠪᠣᠳᠠᠯ ᠤᠨ ᠲᠠᠪᠴᠠᠩ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠨ᠂ | ᠬᠠᠮᠢᠶᠠᠷᠤᠯᠲᠠ ᠶᠢᠨ ᠪᠠᠶᠢᠭᠤᠯᠣᠮᠵᠢ ᠪᠣᠯᠣᠨ ᠠᠵᠢᠯᠯᠠᠭᠠᠨ ᠤ ᠲᠣᠭᠲᠠᠴᠠ ᠶᠢ ᠬᠦᠴᠦᠯᠡᠨ ᠰᠢᠯᠢᠳᠡᠭᠵᠢᠭᠦᠯᠵᠦ᠂ ᠰᠢᠨ᠎ᠡ | ᠲᠣᠭᠤᠷᠢᠭ ᠤᠨ ᠲᠥᠷᠥᠯ ᠵᠦᠢᠯ ᠢ ᠣᠷᠣᠭᠤᠯᠤᠨ ᠠᠪᠴᠢᠷᠠᠵᠣ ᠪᠠᠶᠢᠭᠤᠯᠬᠤ ᠦᠢᠯᠡᠴᠢᠯᠡᠭᠡ ᠶᠢᠨ ᠪᠠᠲᠤᠯᠠᠭ᠎ᠠ ᠶᠢᠨ | ᠶᠠᠪᠤᠴᠠ ᠶᠢ ᠲᠦᠷᠭᠡᠪᠴᠢᠯᠡᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ | ᠬᠡᠷᠡᠭᠵᠢᠭᠦᠯᠦᠯᠲᠡ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠨᠡᠩ ᠦᠨᠳᠦᠷ ᠪᠦᠲᠦᠮᠵᠢᠲᠠᠢ | ᠰᠢᠯᠢᠳᠡᠭᠵᠢᠭᠦᠯᠦᠨ ᠴᠣᠮᠬᠠᠳᠬᠠᠭᠰᠠᠨ ᠨᠠᠶᠢᠳᠠᠪᠦᠷᠢᠵᠢᠭᠤᠯᠬᠤ ᠬᠦᠴᠦᠯᠡᠴᠡ ᠴᠢᠩᠭ᠎ᠠ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢᠨ ᠣᠷᠴᠢᠨ ᠢ ᠪᠦᠬᠦ ᠬᠦᠴᠦᠨ ᠢᠶᠠᠷ ᠪᠤᠢ ᠪᠣᠯᠭᠠᠨ᠎ᠠ᠃ ᠨᠡᠶᠢᠲᠡ ᠶᠢᠨ ᠬᠡᠷᠡᠭᠯᠡᠭᠡᠨ ᠤ | ᠦᠢᠯᠡᠴᠢᠯᠡᠭᠡᠨ ᠤ ᠪᠡᠯᠡᠳᠬᠡᠮᠵᠢ ᠶᠢ ᠲᠦᠷᠭᠡᠳᠬᠡᠨ ᠪᠠᠶᠢᠭᠤᠯᠵᠤ᠂ ᠲᠤᠮᠤ ᠳ᠋ᠠᠶᠢᠲ᠋ᠠ ᠶᠢᠨ ᠬᠡᠷᠡᠭᠯᠡᠭᠡᠨ ᠤ ᠳᠡᠭᠡᠳᠦ | ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠶᠢᠨ ᠲᠥᠷᠥᠯ ᠵᠦᠢᠯ ᠶᠢ ᠡᠬᠢᠯᠡᠭᠦᠯᠦᠨ | ᠪᠠᠶᠢᠭᠤᠯᠵᠤ᠂ ᠰᠢᠨ᠎ᠡ ᠲᠣᠭᠤᠷᠢᠭ ᠤᠨ ᠢᠵᠢ ᠪᠦᠷᠢᠳᠦᠭᠰᠡᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠳᠠ ᠦᠭᠡᠢ | ᠲᠡᠭᠦᠯᠳᠡᠷᠵᠢᠭᠦᠯᠬᠦ ᠬᠡᠷᠡᠭᠲᠡᠶ᠃ ᠰᠢᠨ᠎ᠡ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠪᠣᠯᠤᠨ ᠡᠯ᠎ᠡ ᠲᠦᠷᠦᠯ ᠤᠨ | ᠲᠤᠰᠬᠠᠶ ᠵᠦᠢᠯ ᠤᠨ ᠲᠥᠯᠥᠪᠵᠢᠭᠦᠯᠭᠡ ᠶᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠶᠢ ᠲᠦᠯᠬᠢᠨ | ᠣᠷᠣᠭᠰᠢᠯᠠᠭᠤᠯᠵᠣ᠂ ︽ᠤᠯᠤᠰ ᠤᠨ ᠳᠡᠰ ᠤᠨ ᠰᠢᠨ᠎ᠡ ᠲᠣᠭᠤᠷᠢᠭ︾ ᠶᠢ ᠠᠯᠪᠠᠨ ᠶᠣᠰᠣ ᠪᠠᠷ | ᠴᠣᠬᠤᠯᠠᠪᠣᠷᠢᠯᠠᠭᠤᠯᠬᠤ ᠶᠢ ᠲᠡᠮᠡᠴᠡᠨ ᠣᠯᠬᠤ ᠬᠡᠷᠡᠭᠲᠡᠢ᠃ | ︵ᠵᠢᠷᠭᠤᠭ᠎ᠠ︶ ᠡᠯ᠎ᠡ ᠲᠦᠷᠦᠯ ᠤᠨ ᠴᠢᠬᠤᠯᠠ ᠬᠦᠴᠦᠨ ᠵᠦᠢᠯ ᠤᠨ ᠪᠠᠲᠣᠯᠠᠭ᠎ᠠ ᠶᠢᠨ ᠲᠣᠭᠲᠠᠭᠤᠨ ᠨᠡᠮᠡᠭᠳᠡᠯ | ᠢ ᠴᠢᠩᠭᠠᠳᠬᠠᠵᠣ᠂ ᠬᠥᠳᠡᠯᠭᠡᠭᠴᠢ ᠡᠨᠧᠷᠭᠢ ᠶᠢᠨ ᠰᠣᠯᠢᠯᠲᠠ ᠬᠥᠭᠵᠢᠯᠲᠡ ᠶᠢ ᠠᠬᠢᠭᠤᠯᠬᠤ ᠬᠡᠷᠡᠭᠲᠡᠢ᠃ | ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠭᠦᠨᠵᠡᠭᠡᠶ ᠲᠦᠯᠬᠢᠨ ᠠᠬᠢᠭᠤᠯᠣᠨ᠎ᠠ᠃ ᠤᠯᠤᠰ ᠤᠨ | ᠰᠢᠨ᠎ᠡ ᠶᠢ ᠡᠭᠦᠳᠬᠦ ᠬᠡᠯᠪᠡᠷᠢ ᠶᠢᠨ ᠬᠤᠳᠠ ᠪᠠᠷ ᠵᠥᠪᠰᠢᠶᠡᠷᠡᠭᠳᠡᠭᠰᠡᠨ ᠠᠵᠠ ᠲᠣᠬᠢᠶᠠᠯ ᠶᠢ ᠠᠳᠬᠤᠵᠤ᠂ ᠰᠢᠨ᠎ᠡ ᠶᠢ | ᠡᠭᠦᠳᠬᠦ ᠠᠵᠤ ᠠᠬᠤᠶᠢᠯᠠᠯ ᠶᠢ ᠪᠤᠶᠢᠵᠢᠭᠤᠯᠬᠤ᠂ ᠰᠢᠨ᠎ᠡ ᠶᠢ ᠡᠭᠦᠳᠬᠦ ᠠᠴᠢᠶᠠᠯᠠᠪᠤᠷᠢ ᠶᠢᠨ ᠪᠥᠳᠥᠭᠡᠨ ᠪᠠᠶᠢᠭᠤᠯᠤᠯᠲᠠ | ᠪᠣᠯᠣᠨ ᠰᠤᠳᠤᠯᠤᠨ ᠨᠡᠭᠡᠭᠡᠯᠲᠡ ᠶᠢᠨ ᠪᠠᠶᠢᠭᠤᠯᠤᠮᠵᠢ ᠶᠢᠨ ᠰᠢᠨ᠎ᠡ ᠶᠢ ᠡᠭᠦᠳᠦᠨ ᠳᠡᠰ ᠳᠡᠪᠰᠢᠬᠦ ᠵᠡᠷᠭᠡ ᠨᠠᠢᠮᠠᠨ | ᠵᠦᠢᠯ ᠤᠨ ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠶᠢ ᠡᠭᠦᠳᠬᠦ ᠬᠥᠳᠡᠯᠭᠡᠭᠴᠢ ᠬᠦᠴᠦᠨ ᠢ ᠦᠷᠭᠦᠯᠵᠢᠯᠡᠨ | ᠬᠦᠭᠵᠢᠭᠦᠯᠦᠨ᠎ᠡ᠃ ᠰᠢᠨ᠎ᠡ ᠶᠢ ᠡᠭᠦᠳᠬᠦ ᠬᠥᠲᠥᠯᠥᠨ ᠵᠢᠯᠣᠭᠤᠳᠬᠤ ᠰᠠᠭᠤᠷᠢ ᠮᠥᠩᠭᠦ ᠶᠢ ᠰᠠᠶᠢᠲᠤᠷ ᠬᠡᠷᠡᠭᠯᠡᠵᠦ᠂ | ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ | ᠡᠨᠡ ᠨᠢᠭᠡ ᠵᠢᠯ ᠤᠨ ᠬᠤᠭᠤᠴᠠᠭᠠᠨ ᠳᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 50 ᠶᠢ ᠰᠢᠨ᠎ᠡ ᠪᠠᠷ | ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃ ᠬᠤᠷᠢᠨᠭᠡᠷ ᠤᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ | ᠬᠦᠷᠢᠶᠡᠯᠡᠩ ᠶᠢ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠣ ᠦᠢᠯᠡᠰ ᠤᠨ ᠨᠡᠭᠡᠭᠡᠯᠲᠡ ᠶᠢᠨ | ᠲᠣᠭᠤᠷᠢᠭ ᠪᠣᠯᠬᠤ ᠶᠢ ᠳᠡᠮᠵᠢᠨ᠎ᠡ᠃ ᠬᠥᠬᠡᠬᠤᠲᠠ ᠶᠢᠨ ᠰᠢᠨᠵᠢᠯᠡᠭᠡ ᠮᠡᠷᠭᠡᠵᠢᠯ ᠤᠨ ᠬᠤᠳᠡ ᠲᠥᠯᠥᠪᠵᠢᠭᠦᠯᠭᠡ | ᠬᠢᠭᠡᠳ ᠬᠤᠲᠠ ᠶᠢᠨ ᠵᠢᠷᠤᠭ ᠲᠥᠰᠥᠪ ᠢ ᠪᠡᠶᠡᠯᠡᠭᠦᠯᠵᠦ᠂ 800 ᠮᠥ ᠰᠢᠨᠵᠢᠯᠡᠭᠡ ᠮᠡᠷᠭᠡᠵᠢᠯ ᠤᠨ ᠬᠤᠳᠡ ᠵᠢᠱᠢᠶ᠎ᠡ | ᠦᠵᠡᠭᠦᠯᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠰᠢᠨ᠎ᠡ ᠪᠠᠷ ᠪᠠᠶᠢᠭᠤᠯᠤᠭᠰᠠᠨ | ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ 2᠂ ᠣᠯᠠᠨ ᠢᠶᠠᠷ ᠢᠶᠠᠨ ᠡᠭᠦᠳᠬᠦ ᠣᠷᠣᠨ ᠵᠠᠶ | ᠪᠣᠯᠣᠨ ᠣᠳᠣᠨ ᠴᠣᠭᠴᠠᠯᠠᠬᠤ ᠣᠷᠣᠨ ᠵᠠᠶ10 ᠶᠢ ᠰᠢᠨ᠎ᠡ ᠪᠠᠷ ᠪᠠᠶᠢᠭᠤᠯᠵᠤ᠂ ᠠᠺᠠᠳᠧᠮᠢᠴᠢ ᠶᠢᠨ ᠠᠵᠢᠯᠯᠠᠬᠤ | ᠦᠷᠲᠡᠭᠡ 2 ᠶᠢ ᠰᠢᠨ᠎ᠡ ᠪᠠᠷ ᠪᠠᠶᠢᠭᠤᠯᠵᠣ᠂ ᠰᠢᠨ᠎ᠡ ᠶᠢ ᠡᠭᠦᠳᠬᠦ ᠰᠤᠳᠤᠯᠤᠨ ᠨᠡᠭᠡᠭᠡᠬᠦ ᠪᠠᠶᠢᠭᠤᠯᠤᠮᠵᠢ10 ᠶᠢ | ᠪᠤᠶᠢᠵᠢᠭᠤᠯᠤᠨ ᠴᠣᠭᠴᠠᠯᠠᠨ᠎ᠠ᠃ ᠠᠵᠤ ᠠᠬᠤᠶᠢᠯᠠᠯ᠂ ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠭᠡ ᠮᠡᠷᠭᠡᠵᠢᠯ ᠤᠨ | ᠰᠣᠳᠣᠯᠭᠠᠨ ᠤ ᠬᠦᠷᠢᠶᠡᠯᠡᠩ ᠳᠤ ᠲᠦᠰᠢᠭᠯᠡᠨ᠂ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠤᠨ ᠶᠠᠪᠣᠴᠠ ᠶᠢᠨ | ᠳᠣᠮᠳᠠᠬᠢ ᠲᠤᠷᠰᠢᠯᠲᠠ ᠪᠣᠯᠣᠨ ᠪᠣᠯᠪᠠᠰᠣᠷᠠᠩᠭᠤᠶᠢᠵᠢᠬᠤ ᠰᠠᠭᠤᠷᠢᠨ ᠭᠠᠵᠠᠷ ᠶᠢ ᠪᠠᠶᠢᠭᠤᠯᠵᠣ᠂ ᠲᠤᠰᠬᠠᠶ ᠠᠰᠢᠭ ᠤᠨ | ᠠᠷᠠᠯᠵᠢᠶ᠎ᠠ ᠪᠣᠯᠣᠨ ᠪᠣᠳᠠᠲᠣ ᠬᠡᠷᠡᠭᠯᠡᠭᠡᠨ ᠤ ᠳᠡᠭᠡᠳᠦ ᠰᠢᠨ᠎ᠡ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ | ᠵᠡᠷᠭᠡ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠣᠨ᠎ᠠ᠃ | ᠪᠦᠲᠦᠮᠵᠢᠲᠡᠶ ᠪᠡᠯᠡ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠦᠨ᠎ᠡ᠃ ᠳᠤᠲᠠᠭᠤᠳᠠᠯ ᠢ ᠨᠥᠬᠦᠪᠥᠷᠢᠯᠡᠬᠦ | ᠪᠠ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠲᠠᠢ ᠨᠢᠭᠲᠠ ᠤᠶᠠᠯᠳᠤᠭᠤᠯᠵᠤ᠂ ᠠᠵᠤ ᠦᠢᠯᠡᠰ᠂ | ᠠᠷᠠᠳ ᠤᠨ ᠠᠮᠢᠳᠤᠷᠠᠯ᠂ ᠰᠠᠭᠤᠷᠢ ᠲᠥᠬᠦᠭᠡᠷᠦᠮᠵᠢ ᠵᠡᠷᠭᠡ ᠡᠯ᠎ᠡ ᠬᠦᠷᠢᠶᠡᠨ ᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠣ᠂ ᠪᠦᠬᠦ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ | 300 ᠶᠢ ᠬᠡᠷᠡᠭᠵᠢᠭᠦᠯᠬᠦ ᠪᠠᠷ ᠴᠢᠷᠮᠠᠶᠢᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 900 | ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠪᠠᠶᠢᠨ᠎ᠠ᠃ ᠵᠠᠰᠠᠮᠠᠯ ᠵᠠᠮ ᠤᠨ ᠵᠠᠮ ᠤᠨ ᠲᠣᠣᠷ ᠤᠨ ᠰᠢᠰᠲ᠋ᠧᠮ ᠢ | ᠲᠦᠷᠭᠡᠪᠴᠢᠯᠡᠨ ᠲᠡᠭᠦᠯᠳᠡᠷᠵᠢᠭᠦᠯᠵᠦ᠂ 311ᠮᠤᠵᠢ ᠶᠢᠨ ᠵᠠᠰᠠᠮᠠᠯ ᠵᠠᠮ ᠤᠨ ᠦᠴᠤᠸᠠᠨ ᠠᠴᠠ ᠶᠠᠩ ᠱᠤ᠋ ᠬᠠᠰᠢᠯᠭ᠎ᠠ | ᠬᠦᠷᠬᠦ ᠵᠠᠰᠠᠮᠠᠯ ᠵᠠᠮ᠂ 110 ᠤᠯᠤᠰ ᠤᠨ ᠵᠡᠮ ᠤᠨ ᠪᠢᠴᠢᠭᠡᠴᠢ ᠠᠴᠠ ᠰᠢᠷᠡᠭᠡᠴᠢ ᠬᠦᠷᠬᠦ ᠵᠠᠰᠠᠮᠠᠯ ᠵᠠᠮ ᠪᠠ 7 | ᠰᠢᠶᠠᠨ ᠤ ᠬᠡᠪᠴᠢᠶᠡᠨ ᠤ ᠵᠠᠰᠠᠮᠠᠯ ᠵᠠᠮ ᠤᠨ ᠲᠥᠷᠥᠯ ᠵᠦᠢᠯ ᠢ ᠬᠡᠷᠡᠭᠵᠢᠭᠦᠯᠵᠦ᠂ ᠬᠦᠬᠡᠬᠤᠲᠠ ᠠᠴᠠ ᠦᠴᠣᠸᠠᠨ | ᠬᠥᠷᠬᠦ ᠵᠠᠰᠠᠮᠠᠯ ᠵᠠᠮ ᠤᠨ ᠳᠠᠯᠠᠨ ᠬᠠᠷ᠎ᠠ ᠠᠭᠤᠯᠠ ᠶᠢᠨ ᠨᠦᠬᠡᠨ ᠵᠠᠮ ᠤᠨ ᠰᠢᠵᠢᠮ ᠪᠠᠷᠢᠯᠭ᠎ᠠ ᠶᠢ ᠵᠢᠯ ᠤᠨ ᠡᠴᠦᠰ | ᠲᠡᠷᠭᠡ ᠨᠡᠪᠲᠡᠷᠡᠭᠦᠯᠬᠦ ᠪᠠᠷ ᠴᠢᠷᠮᠠᠶᠢᠨ᠎ᠠ᠃ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠢ ᠡᠬᠢᠯᠡᠭᠦᠯᠦᠨ | ᠪᠠᠶᠢᠭᠤᠯᠵᠤ᠂ ᠬᠥᠬᠡᠬᠤᠲᠠ ᠠᠴᠠ ᠴᠢᠭᠤᠯᠭᠠᠲᠣ ᠬᠠᠭᠠᠯᠭ᠎ᠠ ᠬᠦᠷᠬᠦ ᠦᠨᠳᠦᠷ ᠬᠤᠷᠳᠣᠴᠠᠲᠣ ᠲᠡᠮᠦᠷ ᠵᠠᠮ ᠵᠡᠷᠭᠡ | ᠭᠤᠣᠯᠳᠠᠯᠭ᠎ᠠ ᠲᠠᠢ ᠲᠡᠮᠥᠷ ᠵᠠᠮ ᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ | ᠠᠬᠢᠭᠤᠯᠬᠤ ᠬᠡᠷᠡᠭᠲᠡᠢ᠃ ᠪᠡᠯᠡ ᠣᠷᠣᠭᠤᠯᠵᠣ ᠪᠡᠯᠡ ᠲᠣᠬᠢᠷᠠᠭᠤᠯᠬᠤ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠷᠠᠳ ᠤᠨ ᠪᠡᠯᠡ ᠣᠷᠣᠭᠤᠯᠤᠯᠲᠠ ᠶᠢ ᠵᠣᠷᠢᠭᠵᠢᠭᠤᠯᠬᠤ ᠪᠠ ᠮᠥᠩᠭᠦᠨ ᠭᠦᠢᠯᠭᠡᠭᠡᠨ ᠤ | ᠲᠠᠯ᠎ᠠ ᠪᠠᠷ ᠲᠡᠳᠬᠦᠨ ᠳᠡᠮᠵᠢᠬᠦ ᠵᠡᠷᠭᠡ ᠰᠠᠨᠠᠯ ᠰᠠᠨᠠᠭᠤᠯᠭ᠎ᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ | ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠶᠡᠬᠡᠪᠡᠷ ᠲᠡᠮᠵᠢᠵᠦ᠂ ᠠᠰᠢᠭ ᠬᠤᠨᠵᠢᠪᠣᠷᠢ ᠶᠢᠨ | ᠴᠢᠨᠠᠷᠲᠠᠶ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠶᠢ ᠨᠡᠶᠢᠭᠡᠮ ᠳᠠᠶᠠᠭᠠᠷ ᠲᠤ ᠴᠢᠯᠥᠭᠡᠲᠡᠶ ᠨᠡᠭᠡᠭᠡᠬᠦ ᠶᠢ | ᠵᠣᠷᠢᠭᠵᠢᠭᠤᠯᠵᠤ ᠂ ᠠᠷᠠᠳ ᠤᠨ ᠬᠥᠷᠥᠩᠭᠡ ᠬᠢᠭᠡᠳ PPP ᠯᠤᠭ᠎ᠠ ᠶᠢᠨ ᠲᠥᠷᠥᠯ ᠵᠦᠢᠯ ᠤᠨ | ᠬᠠᠮᠲᠣᠷᠠᠯᠴᠠᠭ᠎ᠠ ᠶᠢ ᠳᠡᠮᠵᠢᠨ᠂ ᠠᠷᠠᠳ ᠤᠨ ᠪᠡᠯᠡ ᠣᠷᠣᠭᠤᠯᠤᠯᠲᠠ ᠶᠢ ᠤᠯᠠᠮ ᠨᠢᠭᠡ ᠠᠯᠬᠤᠮ ᠥᠷᠭᠡᠳᠬᠡᠵᠦ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠡᠯᠡ ᠣᠷᠣᠭᠤᠯᠤᠯᠲᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠬᠤ | ᠬᠡᠷᠡᠭᠲᠡᠶ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠶᠡᠬᠡᠪᠡᠷ ᠥᠷᠨᠢᠭᠦᠯᠬᠦ ᠬᠡᠷᠡᠭᠲᠡᠢ᠃ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠨᠢ ᠪᠦᠬᠦ ᠬᠤᠲᠠ ᠪᠠᠷ ᠢᠶᠠᠨ ︽ᠨᠢᠭᠡᠨ ᠬᠥᠯᠭᠡ ᠰᠢᠲᠠᠷ᠎ᠠ ᠮᠡᠲᠦ ᠪᠠᠶᠢᠬᠤ︾ ᠶᠢ | ᠪᠠᠷᠢᠮᠲᠠᠯᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠤᠨ ᠠᠪᠴᠢᠷᠠᠬᠤ ᠲᠦᠷᠦ ᠶᠢᠨ ᠪᠤᠳᠤᠯᠭ᠎ᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠪᠦᠬᠦ ᠬᠤᠳᠠ ᠶᠢᠨ ᠨᠢᠭᠡᠳᠦᠯᠲᠡᠶ ᠲᠦᠷᠦᠯ ᠵᠦᠢᠯ ᠤᠨ ᠡᠬᠢ ᠪᠠᠶᠠᠯᠢᠭ ᠤᠨ | ᠬᠥᠮᠥᠷᠭᠡ ᠶᠢ ᠨᠠᠶᠢᠷᠠᠭᠤᠯᠤᠨ ᠵᠣᠭᠢᠶᠠᠬᠤ ᠬᠡᠷᠡᠭᠲᠡᠢ᠃ ᠬᠤᠲᠠ ᠶᠢᠨ ᠴᠢᠬᠤᠯᠠ ᠶᠡᠭᠡ ᠲᠦᠷᠦᠯ ᠵᠦᠢᠯ ᠤᠨ ᠠᠯᠪᠠᠨ | ᠬᠡᠷ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠭᠦᠷᠭᠡ ᠴᠢᠳᠠᠪᠬᠢ ᠶᠢ ᠴᠢᠩᠭᠠᠳᠬᠠᠵᠣ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠣᠨ᠎ᠠ᠃ ᠶᠡᠬᠡᠪᠡᠷ ᠬᠤᠳᠠᠯᠳᠤᠭᠠᠴᠢᠨ | ᠤᠷᠢᠬᠤ᠂ ᠲᠣᠮᠣ ᠬᠤᠳᠠᠯᠳᠤᠭᠠᠴᠢᠨ ᠢ ᠣᠷᠢᠬᠤ᠂ ᠬᠤᠳᠠᠯᠳᠣᠭᠠᠴᠢᠳ ᠢ ᠬᠠᠮᠲᠣ ᠣᠷᠢᠬᠤ ᠳᠤ ᠰᠠᠭᠤᠷᠢᠯᠠᠨ᠂ | ᠬᠤᠰᠢᠭᠤ ᠰᠢᠶᠠᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭᠠᠳᠬᠠᠵᠤ᠂ ᠡᠯ᠎ᠡ ᠭᠠᠵᠠᠷ ᠣᠷᠣᠨ ᠤ ᠬᠤᠳᠠᠯᠳᠤᠭᠠᠴᠢᠨ ᠤᠷᠢᠬᠤ ᠡᠩᠨᠡᠭᠡ ᠶᠢ ᠲᠤᠰᠬᠠᠶ | ᠵᠣᠬᠢᠶᠠᠨ ᠪᠠᠶᠢᠭᠤᠯᠬᠤ ᠶᠢ ᠵᠢᠯᠣᠭᠤᠳᠤᠨ ᠳᠡᠮᠵᠢᠵᠦ᠂ ᠬᠤᠳᠠᠯᠳᠤᠭᠠᠴᠢᠨᠤᠷᠢᠬᠤ ᠶᠢ ᠪᠦᠬᠦ ᠬᠦᠴᠦ ᠪᠠᠨ | ᠲᠥᠪᠯᠡᠷᠡᠭᠦᠯᠦᠨ ᠠᠳᠬᠤᠵᠣ ᠪᠠᠶᠢᠭ᠎ᠠ ᠪᠠᠶᠢᠳᠠᠯ ᠢ ᠪᠣᠢ ᠪᠣᠯᠭᠠᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠬᠡᠪ ᠵᠠᠭᠪᠣᠷ ᠢᠶᠠᠨ ᠰᠢᠨ᠎ᠡ ᠶᠢ ᠡᠭᠦᠳᠴᠦ᠂ ᠬᠤᠳᠠᠯᠳᠤᠭᠠᠨ ᠤ ᠡᠪᠯᠡᠯ ᠤᠨ ᠬᠤᠳᠠᠯᠳᠣᠭᠠᠴᠢᠨ ᠤᠷᠢᠬᠤ ᠂ ᠠᠵᠣ | ᠠᠬᠤᠢ ᠶᠢᠨ ᠬᠦᠷᠢᠶᠡᠯᠡᠩ ᠲᠣᠭᠤᠷᠢᠭ ᠤᠨ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠶᠢᠨ | ᠬᠤᠳᠠᠯᠳᠤᠭᠠᠴᠢᠨ ᠤᠷᠢᠬᠤ ᠶᠢ ᠴᠢᠩᠭᠠᠳᠬᠠᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠦᠷᠦ ᠶᠢᠨ | ᠪᠤᠳᠤᠯᠭ᠎ᠠ ᠶᠢ ᠨᠠᠶᠢᠳᠠᠪᠦᠷᠢᠵᠢᠭᠤᠯᠬᠤ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠣᠷᠴᠢᠨ ᠠᠬᠤᠢ ᠶᠢ | ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠦᠨᠡᠨᠴᠢ ᠪᠠᠷ ᠬᠠᠨᠳᠣᠨ᠂ ᠢᠲᠡᠭᠡᠯ ᠢᠶᠠᠷ ᠬᠤᠳᠠᠯᠳᠤᠭᠠᠴᠢᠨ ᠣᠷᠢᠵᠣ᠂ | ᠬᠤᠳᠠᠯᠳᠣᠭᠠᠴᠢᠨ ᠢᠶᠠᠷ ᠬᠤᠳᠠᠯᠳᠣᠭᠠᠴᠢᠨ ᠢ ᠣᠷᠢᠵᠣ᠂ ᠠᠵᠣ ᠠᠬᠤᠶᠢᠯᠠᠯ ᠢᠶᠠᠷ ᠠᠵᠣ ᠠᠬᠤᠶᠢᠯᠠᠯ ᠢ ᠲᠠᠲᠠᠬᠤ | ᠰᠢᠯᠣᠭᠤᠨ ᠵᠠᠮ ᠢ ᠨᠡᠭᠡᠭᠡᠬᠦ ᠬᠡᠷᠡᠭᠲᠡᠢ᠃ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠵᠢᠯᠣᠭᠤᠳᠤᠨ | ᠨᠡᠪᠲᠡᠷᠡᠭᠦᠯᠬᠦ ᠠᠰᠢᠭᠲᠠᠶ ᠠᠵᠠ ᠲᠣᠬᠢᠶᠠᠯ ᠢ ᠠᠳᠬᠤᠨ᠂ ᠨᠢᠭᠡ ᠪᠦᠯᠦᠭ ᠰᠢᠨ᠎ᠡ ᠪᠠᠷ ᠬᠥᠭᠵᠢᠭᠰᠡᠨ ᠠᠵᠤ | ᠦᠢᠯᠡᠰ ᠤᠨ ᠲᠥᠷᠥᠯ ᠵᠦᠢᠯ᠂ ᠰᠣᠶᠣᠯ ᠤᠨ ᠪᠦᠲᠦᠭᠡᠯᠴᠢ ᠲᠥᠷᠥᠯ ᠵᠦᠢᠯ᠂ ᠬᠥᠳᠡᠯᠮᠦᠷᠢ ᠨᠢᠭᠲᠠᠷᠠᠭᠰᠠᠨ | ᠬᠡᠯᠪᠡᠷᠢ ᠶᠢᠨ ᠦᠢᠯᠡᠴᠢᠯᠡᠭᠡᠨ ᠤ ᠲᠦᠷᠦᠯ ᠵᠦᠢᠯ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠣᠮᠵᠢ ᠶᠢ | ᠣᠷᠣᠭᠤᠯᠣᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃ ᠪᠦᠬᠦ ᠵᠢᠯ ᠤᠨ ᠭᠠᠳᠠᠭᠠᠳᠤ ᠠᠴᠠ ᠣᠷᠣᠭᠤᠯᠬᠤ ᠲᠦᠷᠦᠯ | ᠵᠦᠢᠯ 280 ᠠᠴᠠ ᠳᠡᠭᠡᠭᠰᠢ᠂ ᠤᠯᠤᠰ ᠤᠨ ᠳᠣᠲᠣᠭᠠᠳᠤ ᠭᠠᠳᠠᠭᠠᠳᠤ ᠠᠴᠠ ᠣᠷᠣᠭᠤᠯᠬᠤ ᠭᠡᠵᠦ ᠪᠠᠶᠢᠭ᠎ᠠ ᠪᠡᠯᠡ | ᠮᠥᠩᠭᠦ 600 ᠳ᠋ᠦᠩᠰᠢᠭᠤᠷ ᠲᠥᠭᠦᠷᠢᠭ ᠪᠣᠯᠣᠨ᠎ᠠ᠃ | ᠥᠭᠡᠷᠡᠴᠢᠯᠡᠯᠲᠡ ᠶᠢᠨ ᠬᠥᠳᠡᠯᠭᠡᠭᠴᠢ ᠡᠨᠧᠷᠭᠢ ᠶᠢ ᠲᠦᠷᠭᠡᠳᠬᠡᠨ ᠰᠣᠯᠠᠯᠠᠬᠤ ᠬᠡᠷᠡᠭᠲᠡᠢ᠃ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠬᠦᠴᠦᠨ ᠵᠦᠢᠯ ᠤᠨ | ᠵᠠᠬ᠎ᠠ ᠳᠡᠯᠭᠡᠭᠦᠷᠴᠢᠯᠡᠯᠲᠡ ᠶᠢᠨ ᠲᠣᠬᠢᠷᠠᠭᠤᠯᠣᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠤᠣᠯᠳᠠᠭᠤ ︽ | ᠡᠪᠳᠡᠬᠦ︾ ︽ᠲᠣᠭᠲᠠᠭᠠᠬᠤ︾ ︽ᠪᠠᠭᠤᠷᠠᠭᠤᠯᠬᠤ︾ ᠳᠡᠭᠡᠷ᠎ᠡ ᠬᠦᠴᠦ ᠲᠠᠯᠪᠢᠵᠤ᠂ ᠦᠢᠯᠡᠳᠪᠦᠷᠢᠯᠡᠬᠦ ᠴᠢᠳᠠᠮᠵᠢ ᠶᠢ | ᠪᠠᠭᠤᠷᠠᠭᠤᠯᠬᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠪᠠᠬᠢᠵᠢᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ᠲᠠᠸᠠᠷ ᠤᠨ ᠭᠡᠷ ᠪᠠᠶᠢᠰᠢᠩ ᠤᠨ 420 ᠲᠦᠮᠡᠨ ᠲᠡᠭᠰᠢ ᠳᠥᠷᠪᠡᠯᠵᠢᠨ ᠮᠧᠲᠷ ᠤᠨ ᠳᠠᠷᠣᠭᠳᠠᠯ ᠢ | ᠰᠢᠩᠭᠡᠭᠡᠵᠦ᠂ ᠪᠣᠳᠠᠲᠤ ᠴᠣᠭᠴᠠᠲᠣ ᠠᠵᠤ ᠠᠬᠤᠶ ᠶᠢᠨ ᠥᠪᠡᠷ ᠤᠨ ᠥᠷᠲᠡᠭ ᠢ ᠦᠷᠭᠦᠯᠵᠢᠯᠡᠨ ᠳᠣᠷᠣᠭᠰᠢᠯᠠᠭᠤᠯᠬᠤ | ᠬᠡᠷᠡᠭᠲᠡᠢ᠃ ᠡᠷᠬᠡ ᠶᠢ ︽ ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢᠨ ᠡᠷᠴᠢᠮ ᠢ | ᠴᠢᠩᠭᠠᠷᠠᠭᠤᠯᠵᠤ᠂ ᠬᠠᠷᠢᠴᠠᠩᠭᠤᠶ ᠲᠥᠪᠯᠡᠷᠡᠵᠦ ᠪᠠᠶᠢᠭ᠎ᠠ ᠵᠠᠰᠠᠭ ᠵᠠᠬᠢᠷᠭᠠᠨ ᠤ ᠵᠥᠪᠰᠢᠶᠡᠷᠡᠬᠦ ᠡᠷᠬᠡ ᠶᠢᠨ | ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ︽ᠨᠢᠭᠡᠨ ᠲᠠᠮᠠᠭ᠎ᠠ ᠪᠠᠷ ᠬᠢᠨᠠᠨ ᠵᠥᠪᠰᠢᠶᠡᠷᠡᠬᠦ︾ ᠶᠢ | ᠶᠠᠪᠤᠭᠤᠯᠵᠤ᠂ ︽ᠳᠠᠩᠰᠠ ᠶᠢ ᠪᠠᠷᠢᠮᠵᠢᠶᠠᠵᠢᠭᠤᠯᠬᠤ︾ ᠶᠢ ᠬᠡᠷᠡᠭᠵᠢᠭᠦᠯᠬᠦ ᠬᠡᠷᠡᠭᠲᠡᠢ᠃ ᠤᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠠᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠠᠨ ᠨᠡᠶᠢᠲᠡ ᠶᠢᠨ ᠡᠬᠢ | ᠪᠠᠶᠠᠯᠢᠭ ᠤᠨ ᠲᠤᠬᠢᠷᠠᠭᠤᠯᠤᠯᠳᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠲᠦᠯᠬᠢᠨ ᠠᠬᠢᠭᠤᠯᠵᠤ᠂ ᠵᠠᠬ᠎ᠠ | ᠳᠡᠯᠭᠡᠭᠦᠷ ᠤᠨ ᠭᠤᠣᠯᠴᠢ ᠥᠷᠢᠰᠥᠯᠳᠦᠭᠡᠨ ᠤ ᠡᠮᠬᠢ ᠵᠢᠷᠤᠮ ᠢ ᠬᠠᠮᠠᠭᠠᠯᠠᠬᠤ ᠬᠡᠷᠡᠭᠲᠡᠶ᠃ ᠡᠳ᠋ ᠤᠨ ᠵᠠᠰᠠᠭ | ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠣᠷᠣᠯᠭ᠎ᠠ ᠶᠢᠨ | ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠣ᠂ ᠭᠠᠶᠢᠯᠢ ᠶᠢᠨ ᠪᠤᠰᠤ ᠣᠷᠣᠯᠭ᠎ᠠ ᠶᠢᠨ ᠡᠵᠡᠯᠡᠬᠦ ᠬᠠᠷᠢᠴᠠᠯ ᠢ | 20 % ᠳᠣᠲᠣᠷ᠎ᠠ ᠬᠢᠵᠠᠭᠠᠷᠯᠠᠨ᠎ᠠ᠃ ᠤᠯᠤᠰ ᠤᠨ ᠥᠮᠴᠢᠯᠡᠯ ᠤᠨ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ | ᠠᠵᠢᠯᠯᠠᠭᠠᠨ ᠤ ᠥᠭᠡᠷᠡᠴᠢᠯᠡᠯᠲᠡ ᠶᠢ ᠲᠥᠯᠬᠢᠨ ᠠᠬᠢᠭᠤᠯᠵᠤ᠂ ᠴᠢᠩ ᠴᠧᠩ ᠤᠯᠤᠰ ᠤᠨ ᠥᠮᠴᠢᠯᠡᠯ ᠤᠨ | ᠬᠦᠷᠦᠩᠭᠡ ᠶᠢᠨ ᠡᠵᠡᠩᠨᠡᠯᠲᠡ ᠶᠢᠨ ᠺᠣᠮᠫᠠᠨᠢ ᠶᠢᠨ ᠵᠠᠬ᠎ᠠ ᠳᠡᠯᠭᠡᠭᠦᠷᠴᠢᠯᠡᠬᠦ ᠠᠯᠬᠤᠴᠠ ᠶᠢ ᠲᠦᠷᠭᠡᠳᠬᠡᠵᠦ᠂ ᠣᠯᠠᠨ | ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠢ ᠺᠣᠮᠫᠠᠨᠢ ᠶᠢᠨ ᠪᠠᠶᠢᠭᠤᠯᠣᠯ ᠤᠨ ᠲᠣᠭᠲᠠᠯᠴᠠᠭ᠎ᠠ ᠶᠢᠨ | ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠬᠦ ᠬᠡᠷᠡᠭᠲᠡᠢ᠃ ᠤᠯᠠᠨ ᠨᠡᠶᠢᠲᠡ ᠶᠢᠨ ᠵᠠᠮ ᠬᠠᠷᠢᠯᠴᠠᠭ᠎ᠠ᠂ ᠤᠰᠤ | ᠬᠡᠷᠡᠭᠯᠡᠬᠦ ᠵᠡᠷᠭᠡ ᠶᠢᠨ ᠦᠨ᠎ᠡ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠦᠨ᠎ᠡ ᠬᠠᠩᠰᠢ ᠶᠢᠨ | ᠪᠦᠷᠢᠯᠳᠦᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ | ᠭᠠᠳᠠᠭᠰᠢ ᠨᠡᠭᠡᠭᠡᠯᠲᠡ ᠶᠢ ᠢᠳᠡᠪᠬᠢᠲᠡᠶ ᠪᠠᠷ ᠥᠷᠭᠡᠳᠬᠡᠬᠦ ᠬᠡᠷᠡᠭᠲᠡᠢ᠃ ᠬᠤᠶᠠᠳᠤᠭᠠᠷ ᠬᠤᠭᠤᠴᠠᠭᠠᠨ ᠤ | ᠳᠤᠮᠳᠠᠳᠤ ᠮᠣᠩᠭᠤᠯ ᠤᠨ ᠦᠵᠡᠰᠭᠦᠯᠡᠩ ᠤᠨ ᠬᠠᠮᠲᠤᠷᠠᠯᠴᠠᠭᠠᠨ ᠤ ᠦᠷ᠎ᠡ ᠪᠦᠲᠦᠭᠡᠯ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠤᠷᠤᠰ ᠮᠣᠩᠭᠤᠯ ᠬᠢᠭᠡᠳ ᠧᠦ᠋ᠷᠣᠫᠠ ᠠᠽᠢᠶ᠎ᠠ ᠶᠢᠨ ᠭᠠᠵᠠᠷ ᠣᠷᠣᠨ ᠤ ᠬᠤᠭᠤᠷᠣᠨᠳᠣᠬᠢ | ᠠᠵᠤ ᠠᠬᠤᠶ ᠠᠷᠠᠯᠵᠢᠶ᠎ᠠ᠂ ᠠᠵᠤ ᠦᠢᠯᠡᠰ ᠪᠣᠯᠤᠨ ᠬᠥᠮᠦᠨ ᠰᠣᠶᠣᠯ ᠤᠨ ᠰᠣᠯᠢᠯᠴᠠᠭᠠᠨ ᠤ ᠬᠠᠮᠲᠤᠷᠠᠯᠴᠠᠭ᠎ᠠ ᠶᠢ | ᠲᠠᠰᠤᠷᠠᠯᠲᠠ ᠦᠭᠡᠢ ᠴᠢᠩᠭᠠᠳᠬᠠᠵᠤ᠂ ᠢᠨᠳᠤᠨᠧᠰᠢᠶ᠎ᠠ ᠳᠤ ᠬᠦᠷᠴᠦ ᠬᠦᠬᠡᠬᠤᠲᠠ ᠶᠢᠨ ᠬᠠᠮᠲᠤᠷᠠᠯᠴᠠᠭ᠎ᠠ | ᠰᠣᠯᠢᠯᠴᠠᠭ᠎ᠠ ᠶᠢᠨ ᠳᠡᠯᠭᠡᠷᠡᠭᠦᠯᠦᠨ ᠲᠠᠨᠢᠯᠴᠠᠭᠤᠯᠬᠤ ᠬᠤᠷᠠᠯ ᠢ ᠡᠷᠬᠢᠯᠡᠨ᠎ᠡ᠃ ᠱᠠ ᠯᠢᠶᠠᠩ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠤᠨ ᠲᠢᠶᠠᠨᠵᠢᠨ ᠤ ᠤᠰᠤ ᠦᠭᠡᠢ ᠭᠠᠷᠠᠮ ᠪᠣᠯᠣᠨ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠤᠨ | ᠠᠭᠠᠷ ᠤᠨ ᠭᠠᠷᠠᠮ ᠤᠨ ᠪᠣᠭᠤᠮᠲᠠ ᠥᠩᠭᠡᠷᠡᠬᠦ ᠳᠠᠪᠠᠭᠤᠯᠢᠭ ᠶᠢ ᠠᠰᠢᠭᠯᠠᠨ᠂ ᠤᠯᠠᠨ ᠤᠯᠤᠰ ᠤᠨ ᠴᠢᠨᠠᠷᠲᠠᠶ ᠲᠡᠮᠦᠷ | ᠵᠠᠮ᠂ ᠠᠭᠠᠷ ᠤᠨ ᠲᠡᠭᠡᠭᠡᠪᠦᠷᠢ ᠶᠢᠨ ᠪᠣᠭᠤᠮᠲᠠ ᠶᠢ ᠲᠦᠷᠭᠡᠳᠬᠡᠨ ᠪᠠᠶᠢᠭᠤᠯᠣᠨ᠎ᠠ᠃ ᠪᠠᠷᠠᠭ᠎ᠠ ᠲᠡᠭᠡᠭᠡᠪᠦᠷᠢᠯᠡᠬᠦ | ᠠᠭᠠᠷ ᠤᠨ ᠠᠶᠠᠯᠠᠯ ᠤᠨ ᠺᠣᠮᠫᠠᠨᠢ ᠶᠢᠨ ᠮᠠᠨ ᠤ ᠬᠤᠲᠠ ᠳᠤ ᠣᠯᠠᠨ ᠤᠯᠤᠰ ᠪᠣᠯᠣᠨ ᠤᠯᠤᠰ ᠤᠨ ᠳᠣᠲᠣᠭᠠᠳᠤ ᠶᠢᠨ | ᠠᠭᠠᠷ ᠤᠨ ᠠᠶᠠᠯᠠᠯ ᠤᠨ ᠱᠤᠭᠤᠮ ᠨᠡᠪᠲᠡᠷᠡᠬᠦ ᠶᠢ ᠢᠳᠡᠪᠬᠢᠲᠡᠶ ᠲᠡᠮᠵᠢᠵᠤ᠂ ᠠᠭᠠᠷ ᠤᠨ ᠠᠵᠤ ᠦᠢᠯᠡᠰ ᠤᠨ | ᠬᠥᠭᠵᠢᠯᠲᠡ ᠶᠢ ᠳᠠᠶᠢᠴᠢᠯᠠᠨ᠎ᠠ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠤᠯᠠᠨ ᠤᠯᠤᠰ ᠤᠨ | ᠬᠠᠮᠲᠤᠷᠠᠯᠴᠠᠭ᠎ᠠ ᠶᠢ ᠳᠡᠮᠵᠢᠵᠦ᠂ ᠭᠠᠳᠠᠭᠰᠢ ᠴᠢᠭᠯᠡᠭᠦᠯᠦᠭᠰᠡᠨ ᠠᠵᠤ ᠠᠬᠤᠶ ᠶᠢ ᠲᠦᠷᠭᠡᠳᠬᠡᠨ ᠬᠦᠭᠵᠢᠭᠦᠯᠦᠨ᠎ᠡ᠃ | ᠪᠡᠭᠡᠵᠢᠩ ᠲᠢᠶᠠᠨᠵᠢᠨ ᠾᠧᠪᠸᠢ ᠯᠦᠭᠡ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠬᠥᠬᠡᠬᠤᠲᠠ ᠪᠤᠭᠤᠲᠤ ᠣᠷᠳᠣᠰ ᠤᠨ ᠬᠠᠮᠵᠢᠯᠴᠠᠭ᠎ᠠ ᠶᠢ ᠴᠢᠩᠭᠠᠳᠬᠠᠵᠤ᠂ ᠨᠡᠩ ᠨᠢᠭᠲᠠ | ᠬᠠᠷᠢᠯᠴᠠᠭ᠎ᠠ ᠲᠠᠢ ᠣᠷᠣᠨ ᠪᠦᠰᠡ ᠶᠢᠨ ᠬᠥᠭᠵᠢᠯᠲᠡ ᠶᠢᠨ ᠬᠠᠮᠲᠤ ᠶᠢᠨ ᠴᠣᠭᠴᠠ ᠶᠢ ᠴᠣᠭᠴᠠᠯᠠᠨ ᠪᠠᠶᠢᠭᠤᠯᠣᠨ᠎ᠠ᠃ | ︵ᠲᠤᠯᠤᠭ᠎ᠠ︶ ᠲᠥᠪ ᠬᠤᠳᠡ ᠶᠢᠨ ᠴᠢᠨᠰᠠᠭ᠎ᠠ ᠴᠢᠳᠠᠪᠬᠢ ᠶᠢᠨ ᠳᠡᠭᠡᠭᠰᠢᠯᠡᠯᠲᠡ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠬᠤᠲᠠ ᠪᠠᠯᠭᠠᠰᠣ ᠶᠢᠨ ᠴᠣᠭᠯᠠᠷᠠᠯ ᠤᠨ ᠳᠠᠶᠢᠴᠢᠯᠠᠬᠤ ᠦᠢᠯᠡᠳᠦᠯ ᠢ ᠪᠦᠬᠦ ᠲᠠᠯ᠎ᠠ ᠪᠠᠷ | ᠨᠡᠮᠡᠭᠳᠡᠭᠦᠯᠦᠨ ᠴᠢᠩᠭᠠᠳᠬᠠᠨ᠎ᠠ᠃ | ᠲᠥᠯᠥᠪᠵᠢᠭᠦᠯᠭᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠨᠡᠮᠡᠭᠳᠡᠭᠦᠯᠦᠨ᠎ᠡ᠃ ᠬᠤᠲᠠ ᠶᠢᠨ | ᠲᠥᠯᠥᠪᠵᠢᠭᠦᠯᠭᠡ ᠶᠢᠨ ᠵᠥᠪᠯᠡᠯ ᠤᠨ ᠡᠭᠦᠷᠭᠡ ᠴᠢᠳᠠᠪᠬᠢ ᠶᠢ ᠴᠢᠩᠭᠠᠳᠬᠠᠵᠤ᠂ ᠲᠥᠯᠥᠪᠵᠢᠭᠦᠯᠭᠡ ᠶᠢᠨ ᠠᠵᠢᠯ ᠢ | ᠪᠦᠬᠦ ᠲᠠᠯ᠎ᠠ ᠪᠠᠷ ᠴᠢᠩᠭᠠᠳᠬᠠᠬᠤ ᠵᠢᠯᠣᠭᠤᠳᠬᠤ ᠰᠠᠨᠠᠯ ᠲᠣᠭᠲᠠᠭᠠᠵᠣ᠂ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ | ᠶᠠᠪᠤᠴᠠ ᠶᠢ ᠲᠡᠭᠦᠯᠳᠡᠷᠵᠢᠭᠦᠯᠵᠦ᠂ ᠤᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ | ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢᠨ ᠲᠥᠪ ᠴᠢᠩᠭ᠎ᠠ ᠴᠢᠨᠠᠷ ᠪᠣᠯᠣᠨ ᠡᠷᠬᠡ ᠰᠦᠷᠲᠦ ᠴᠢᠨᠠᠷ ᠢ | ᠴᠢᠩᠭᠠᠳᠬᠠᠵᠤ᠂ ︽ᠲᠥᠯᠥᠪᠵᠢᠭᠦᠯᠭᠡ ᠪᠠᠷ ᠬᠤᠰᠢᠭᠤᠴᠢᠯᠠᠭᠤᠯᠵᠣ᠂ ᠪᠦᠲᠦᠭᠡᠨ ᠪᠠᠶᠢᠭᠤᠯᠤᠯᠲᠠ ᠶᠢ ᠳᠠᠭᠠᠭᠤᠯᠬᠤ︾ | ᠶᠢ ᠭᠤᠶᠢᠪᠢᠰᠢ ᠦᠭᠡᠢ ᠪᠠᠷᠢᠮᠲᠠᠯᠬᠤ ᠶᠣᠰᠣ ᠳᠦᠷᠢᠮ ᠪᠣᠯᠭᠠᠬᠤ ᠬᠡᠷᠡᠭᠲᠡᠢ᠃ ᠰᠢᠨ᠎ᠡ ᠨᠢᠭᠡᠨ ᠡᠭᠡᠯᠵᠢ ᠶᠢᠨ | ᠬᠤᠳᠠ ᠶᠢᠨ ᠶᠡᠷᠦᠩᠬᠡᠶ ᠳᠦᠷᠢᠮ ᠶᠢ ᠵᠠᠰᠠᠨ ᠨᠠᠶᠢᠷᠠᠭᠤᠯᠬᠤ ᠠᠵᠢᠯ ᠢ ᠡᠬᠢᠯᠡᠭᠦᠯᠵᠦ᠂ ᠬᠤᠳᠠ ᠶᠢᠨ ︽ᠬᠤᠣᠰ ᠵᠠᠰᠠᠬᠤ | ︾ ᠵᠡᠷᠭᠡ 14 ᠵᠦᠢᠯ ᠤᠨ ᠲᠤᠰᠬᠠᠶ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠢ ᠥᠷᠨᠢᠭᠦᠯᠵᠦ᠂ ︽ᠤᠯᠠᠨ | ᠳᠦᠷᠢᠮ ᠢ ᠨᠢᠭᠡᠳᠬᠡᠬᠦ︾ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠣᠨ᠎ᠠ᠃ ᠰᠢᠶᠠᠩ ᠪᠠᠯᠭᠠᠰᠤᠨ ᠤ | ᠲᠥᠯᠥᠪᠵᠢᠭᠦᠯᠭᠡ ᠶᠢᠨ ᠵᠥᠪᠯᠡᠯ ᠤᠨ ᠲᠦᠷᠢᠮ ᠢ ᠬᠡᠷᠡᠭᠵᠢᠭᠦᠯᠵᠦ᠂ ᠰᠢᠶᠠᠩ ᠪᠠᠯᠭᠠᠰᠤ᠂ ᠬᠥᠳᠡᠭᠡ ᠲᠣᠰᠬᠤᠨ ᠤ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠠᠮᠢᠶᠠᠷᠤᠯᠲᠠ ᠶᠢ ᠴᠢᠩᠭᠠᠳᠬᠠᠵᠤ᠂ ᠬᠤᠳᠠ ᠬᠥᠳᠡᠭᠡ ᠶᠢᠨ | ᠲᠥᠯᠥᠪᠵᠢᠭᠦᠯᠭᠡ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ | ᠭᠤᠣᠯ ᠬᠤᠲᠠ ᠲᠣᠭᠤᠷᠢᠭ ᠢ ᠵᠠᠰᠠᠨ ᠥᠭᠡᠷᠡᠴᠢᠯᠡᠵᠦ ᠪᠥᠳᠥᠭᠡᠨ ᠪᠠᠶᠢᠭᠤᠯᠬᠤ ᠶᠢ ᠦᠷᠭᠦᠯᠵᠢᠯᠡᠨ | ᠴᠢᠩᠭᠠᠳᠬᠠᠨ᠎ᠠ᠃ ᠬᠤᠳᠠ ᠶᠢᠨ ᠵᠠᠮ ᠤᠨ ᠰᠢᠰᠲ᠋ᠧᠮ ᠢ ᠲᠡᠭᠦᠯᠳᠡᠷᠵᠢᠭᠦᠯᠦᠨ᠂ ᠪᠠᠶᠠᠨ ᠵᠠᠮ᠂ ᠶᠢᠨ ᠬᠠᠢ ᠵᠠᠮ ᠵᠡᠷᠭᠡ | ᠲᠦᠷᠭᠡᠨ ᠵᠠᠮ ᠤᠨ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠪᠣᠯᠣᠨ ᠬᠤᠲᠠ ᠲᠣᠭᠤᠷᠢᠭᠰᠠᠨ ᠭᠤᠷᠪᠠᠳᠣᠭᠠᠷ | ᠲᠦᠷᠭᠡᠨ ᠵᠠᠮ ᠤᠨ ᠪᠦᠲᠦᠭᠡᠨ ᠪᠠᠶᠢᠭᠤᠯᠣᠯᠲᠠ ᠶᠢ ᠲᠦᠷᠭᠡᠳᠬᠡᠨ ᠠᠬᠢᠭᠤᠯᠵᠤ᠂ ᠡᠨᠡ ᠵᠢᠯ ᠲᠡᠷᠭᠡ ᠨᠡᠪᠲᠡᠷᠡᠭᠦᠯᠬᠦ ᠪᠠᠷ | ᠴᠢᠷᠮᠠᠶᠢᠬᠤ ᠬᠡᠷᠡᠭᠲᠡᠢ᠃ 53 ᠵᠠᠮ ᠬᠥᠭᠦᠷᠭᠡ ᠶᠢᠨ ᠨᠡᠪᠳᠡᠷᠡᠯ ᠤᠨ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠵᠦ᠂ 73 ᠪᠠᠭ᠎ᠠ ᠵᠡᠭᠡᠯᠢ ᠭᠤᠳᠣᠮᠵᠢ ᠶᠢ ᠵᠠᠰᠠᠨ ᠥᠭᠡᠷᠡᠴᠢᠯᠡᠨ᠎ᠡ᠃ ᠭᠠᠵᠠᠷ ᠳᠣᠣᠷᠠᠬᠢ ᠲᠡᠮᠦᠷ ᠵᠠᠮ ᠤᠨ | 1᠂ 2 ᠳ᠋ᠤᠭᠠᠷ ᠱᠤᠭᠤᠮ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠲᠡᠷᠭᠡᠨ ᠥᠷᠲᠡᠭᠡᠨ ᠤ ᠭᠤᠣᠯ ᠴᠣᠭᠴᠠ | ᠶᠢ ᠪᠠᠶᠢᠭᠤᠯᠤᠨ ᠳᠠᠭᠤᠰᠬᠠᠵᠤ᠂ ᠨᠦᠬᠡᠨ ᠵᠠᠮ ᠤᠨ ᠬᠡᠰᠡᠭ ᠪᠦᠯᠦᠭ ᠨᠢ ᠨᠡᠪᠲᠡᠷᠡᠬᠦ ᠶᠢ ᠪᠡᠶᠡᠯᠡᠭᠦᠯᠬᠦ ᠬᠡᠷᠡᠭᠲᠡᠢ᠃ | ᠳᠥᠭᠦᠮ ᠪᠦᠳᠦᠭᠦᠯᠢᠭ ᠣᠷᠣᠨ ᠰᠠᠭᠤᠴᠠ10036 ᠡᠷᠦᠬᠡ᠂ 363 ᠲᠦᠮᠡᠨ ᠲᠡᠭᠰᠢ ᠳᠥᠷᠪᠡᠯᠵᠢᠨ ᠮᠧᠲᠷ ᠶᠢ | ᠵᠠᠰᠠᠨ ᠰᠢᠨᠡᠳᠬᠡᠵᠦ᠂ ᠤᠯᠤᠰ ᠤᠨ ᠬᠠᠭᠤᠴᠢᠨ ᠲᠣᠭᠤᠷᠢᠭ ᠢ ᠰᠢᠨᠡᠳᠬᠡᠨ ᠥᠭᠡᠷᠡᠴᠢᠯᠡᠬᠦ ᠲᠣᠷᠰᠢᠯᠲᠠ ᠶᠢᠨ | ᠬᠤᠳᠠ ᠶᠢᠨ ᠡᠭᠦᠷᠭᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ᠪᠠᠷᠢᠮᠵᠢᠶ᠎ᠠ ᠪᠠᠨ ᠳᠡᠭᠡᠭᠰᠢᠯᠡᠭᠦᠯᠦᠨ ᠥᠭᠡᠷᠡᠴᠢᠯᠡᠬᠦ | ᠬᠠᠭᠤᠴᠢᠨ ᠲᠣᠭᠤᠷᠢᠭ 78 ᠪᠣᠢ᠃ ᠤᠰᠤᠨ ᠤ ᠡᠬᠢ ᠰᠤᠷᠪᠤᠯᠵᠢ ᠶᠢᠨ ᠣᠷᠣᠨ ᠤ ᠬᠠᠮᠠᠭᠠᠯᠠᠯᠲᠠ᠂ ᠪᠠᠴᠢᠮ | ᠪᠠᠶᠢᠳᠠᠯ ᠢ ᠠᠷᠭᠠᠴᠠᠭᠠᠨ ᠴᠡᠪᠡᠷᠰᠢᠭᠦᠯᠬᠦ ᠦᠢᠯᠡᠳᠪᠦᠷᠢ᠂ ᠪᠣᠬᠢᠷ ᠤᠰᠤᠨ ᠤ ᠠᠷᠢᠭᠤᠳᠬᠠᠯ᠂ ᠪᠣᠷᠣᠭᠠᠨ ᠤ ᠤᠰᠤ ᠶᠢᠨ | ᠪᠣᠬᠢᠷ ᠤᠰᠤ ᠶᠢ ᠰᠠᠯᠭᠠᠬᠤ᠂ ᠢᠯᠴᠢ ᠡᠭᠦᠰᠭᠡᠭᠴᠢ ᠴᠢᠭ᠋ ᠤᠨ ᠪᠦᠲᠦᠭᠡᠨ ᠪᠠᠶᠢᠭᠤᠯᠤᠯᠲᠠ ᠵᠡᠷᠭᠡ ᠪᠠᠷᠢᠯᠭ᠎ᠠ ᠶᠢᠨ | ᠠᠵᠢᠯ ᠢ ᠥᠷᠨᠢᠭᠦᠯᠵᠦ᠂ ᠮᠢᠩᠭᠠᠨ ᠲᠣᠨ ᠤ ᠬᠤᠭ ᠨᠣᠪᠰᠢ ᠰᠢᠢᠳᠪᠦᠷᠢᠯᠡᠬᠦ ᠦᠢᠯᠡᠳᠪᠦᠷᠢ 2 ᠶᠢ ᠡᠬᠢᠯᠡᠭᠦᠯᠦᠨ | ᠪᠠᠶᠢᠭᠤᠯᠵᠣ᠂ ᠳᠠᠬᠢᠯᠲᠠ ᠡᠬᠢ ᠪᠠᠶᠠᠯᠢᠭ ᠤᠨ ᠵᠠᠬ᠎ᠠ ᠳᠡᠯᠭᠡᠭᠦᠷ ᠢ ᠲᠦᠯᠦᠪᠵᠢᠭᠦᠯᠦᠨ ᠪᠦᠳᠦᠬᠡᠨ ᠪᠠᠶᠢᠭᠤᠯᠣᠨ᠎ᠠ᠃ | ᠱᠠᠨᠰᠢ ᠪᠡᠭᠡᠵᠢᠩ ᠤᠨ ᠳᠥᠷᠪᠡᠨ ᠱᠤᠭᠤᠮ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠰᠢᠭᠤᠳ ᠬᠠᠩᠭᠠᠯᠲᠠ ᠶᠢ | ᠲᠥᠯᠬᠢᠨ ᠠᠬᠢᠭᠤᠯᠵᠤ᠂ ᠬᠤᠳᠠ ᠶᠢᠨ ᠬᠤᠣᠰ ᠬᠡᠢ ᠶᠢᠨ ᠡᠬᠢ ᠰᠣᠷᠪᠣᠯᠵᠢ ᠶᠢᠨ ᠬᠠᠩᠭᠠᠯᠭ᠎ᠠ ᠶᠢ ᠪᠡᠶᠡᠯᠡᠭᠦᠯᠬᠦ | ᠬᠡᠷᠡᠭᠲᠡᠢ᠃ ᠪᠦᠬᠦ ᠵᠢᠯ ᠳᠤ ᠡᠯ᠎ᠡ ᠲᠥᠷᠥᠯ ᠤᠨ ᠤᠰᠤ ᠲᠠᠲᠠᠷᠠᠭᠤᠯᠬᠤ ᠬᠤᠭᠤᠯᠠᠶ ᠶᠢᠨ ᠲᠣᠣᠷ 203 ᠺᠢᠯᠣᠮᠧᠲᠷ | ᠳᠡᠪᠢᠰᠴᠦ᠂ ᠬᠤᠲᠠ ᠶᠢᠨ ᠳᠣᠲᠣᠷᠠᠬᠢ ᠬᠠᠭᠤᠴᠢᠷᠠᠭᠰᠠᠨ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠢ 60 | ᠺᠢᠯᠣᠮᠧᠲᠷ᠂ ᠢᠯᠴᠢ ᠬᠠᠩᠭᠠᠬᠤ ᠬᠤᠭᠤᠯᠠᠶ ᠶᠢᠨ ᠲᠣᠣᠷ ᠢ 300 ᠺᠢᠯᠣᠮᠧᠲᠷ ᠥᠭᠡᠷᠡᠴᠢᠯᠡᠨ ᠰᠢᠨᠡᠳᠬᠡᠵᠦ᠂ | ᠬᠤᠳᠠ ᠶᠢᠨ ᠰᠠᠭᠤᠷᠢ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ | ᠬᠤᠳᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠬᠠᠶᠠᠭᠳᠠᠮᠠᠯ ᠭᠠᠵᠠᠷ ᠤᠨ ᠨᠣᠭᠤᠭᠠᠷᠠᠭᠤᠯᠣᠯᠲᠠ ᠶᠢᠨ ᠲᠥᠷᠥᠯ ᠵᠦᠢᠯ 1 ᠶᠢ ᠬᠡᠷᠡᠭᠵᠢᠭᠦᠯᠵᠦ᠂ 2 ᠴᠡᠴᠡᠷᠯᠢᠭ | ᠰᠢᠨ᠎ᠡ ᠪᠠᠷ ᠪᠠᠶᠢᠭᠤᠯᠵᠣ᠂ ᠮᠢᠩᠭᠠᠨ ᠮᠦ ᠭᠤᠣᠯᠲᠤ ᠪᠣᠷᠣ ᠶᠢᠨ ᠬᠦᠷᠢᠶᠡᠯᠡᠩ᠂ ᠮᠧᠩ ᠼᠤᠤ ᠪᠦᠯᠦᠭᠯᠡᠯ ᠤᠨ ᠡᠪᠡᠰᠦ | ᠴᠡᠴᠡᠭ ᠤᠨ ᠬᠦᠷᠢᠶᠡᠯᠡᠩ ᠢ ᠪᠠᠶᠢᠭᠤᠯᠣᠨ᠂ 3000 ᠲᠦᠮᠡᠨ ᠰᠠᠭᠤᠷᠢ ᠮᠣᠳᠣ ᠰᠢᠨ᠎ᠡ ᠪᠠᠷ ᠵᠠᠶᠢᠯᠠᠵᠣ᠂ | ᠨᠣᠭᠤᠭᠠᠷᠠᠭᠤᠯᠤᠯᠲᠠ ᠶᠢᠨ ᠲᠠᠯᠠᠪᠠᠶ ᠶᠢ 2400 ᠮᠦ ᠰᠢᠨ᠎ᠡ ᠪᠠᠷ ᠨᠡᠮᠡᠭᠳᠡᠭᠦᠯᠦᠨ᠎ᠡ ᠃ | ᠬᠤᠳᠠ ᠶᠢᠨ ᠬᠠᠮᠢᠶᠠᠷᠤᠯᠲᠠ ᠶᠢ ᠨᠠᠷᠢᠯᠢᠭᠵᠢᠭᠤᠯᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠬᠤ ᠬᠡᠷᠡᠭᠲᠡᠢ᠃ | ᠬᠤᠳᠠ ᠶᠢᠨ ᠬᠠᠮᠢᠶᠠᠷᠤᠯᠲᠠ ᠶᠢᠨ ᠵᠥᠪᠯᠡᠯ ᠤᠨ ᠡᠭᠦᠷᠭᠡ ᠴᠢᠳᠠᠪᠬᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ | ᠂ ᠣᠷᠣᠨ ᠪᠦᠰᠡ᠂ ᠰᠠᠯᠠᠭ᠎ᠠ ᠮᠥᠴᠢᠷ ᠬᠤᠭᠤᠷᠣᠨᠳᠤ ᠪᠠᠨ ᠬᠠᠮᠵᠢᠯᠴᠠᠨ ᠬᠠᠮᠢᠶᠠᠷᠬᠤ ᠪᠠ ᠬᠤᠯᠪᠣᠭᠠᠯᠠᠨ | ᠬᠦᠳᠡᠯᠦᠯᠴᠡᠵᠦ ᠬᠠᠤᠯᠢ ᠬᠡᠷᠡᠭᠵᠢᠭᠦᠯᠬᠦ ᠶᠢ ᠪᠡᠶᠡᠯᠡᠭᠦᠯᠵᠦ᠂ ᠨᠡᠩ ᠨᠠᠷᠢᠨ ᠨᠢᠭᠲᠠ ᠤᠷᠳᠤ ᠬᠤᠭᠤᠴᠠᠭᠠᠨ ᠤ | ᠪᠥᠳᠥᠮᠵᠢᠳᠤ ᠬᠠᠮᠢᠶᠠᠷᠤᠯᠲᠠ ᠶᠢᠨ ᠲᠣᠭᠲᠠᠴᠠ ᠶᠢ ᠪᠣᠢ ᠪᠣᠯᠭᠠᠨ᠎ᠠ᠃ ᠬᠤᠳᠠ ᠶᠢᠨ ᠣᠷᠴᠢᠨ ᠲᠣᠭᠤᠷᠢᠨ ᠤ | ᠶᠡᠷᠦᠩᠬᠡᠶᠢᠯᠡᠭᠰᠡᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠴᠡᠭᠴᠡᠯᠡᠨ ᠵᠠᠰᠠᠬᠤ | ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠴᠡᠭᠴᠡᠯᠡᠨ ᠵᠠᠰᠠᠬᠤ ᠬᠡᠪᠴᠢᠶ᠎ᠡ ᠪᠠᠨ ᠥᠷᠭᠡᠳᠬᠡᠨ᠂ ᠴᠡᠭᠴᠡᠯᠡᠨ | ᠵᠠᠰᠠᠬᠤ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠤᠯᠤᠰ ᠤᠨ ᠴᠡᠪᠡᠷ ᠬᠤᠳᠠ ᠶᠢ ᠪᠦᠲᠦᠭᠡᠨ ᠪᠠᠶᠢᠭᠤᠯᠬᠤ ᠪᠠᠷ | ᠢᠳᠡᠪᠬᠢᠯᠡᠨ ᠴᠢᠷᠮᠠᠶᠢᠬᠤ ᠬᠡᠷᠡᠭᠲᠡᠢ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠪᠠᠷᠢᠮᠵᠢᠶᠠᠴᠢᠯᠠᠭᠰᠠᠨ | ᠬᠠᠮᠢᠶᠠᠷᠤᠯᠲᠠ ᠶᠢ ᠴᠢᠩᠭᠠᠳᠬᠠᠵᠤ᠂ ᠬᠤᠳᠠ ᠶᠢᠨ ᠵᠠᠮ ᠤᠨ ᠮᠠᠰᠢᠨᠴᠢᠯᠠᠭᠰᠠᠨ ᠴᠡᠪᠡᠷᠯᠡᠭᠡ ᠶᠢᠨ ᠨᠤᠷᠮ᠎ᠠ ᠶᠢ 80 | % ᠠᠴᠠ ᠳᠡᠭᠡᠭᠰᠢ ᠲᠣᠭᠲᠠᠪᠤᠷᠢᠵᠢᠭᠤᠯᠵᠤ᠂ ᠬᠦᠬᠡᠬᠤᠲᠠ ᠳᠤ 500 ᠵᠣᠭᠰᠣᠭᠠᠯ ᠥᠷᠲᠡᠭᠡ ᠪᠣᠯᠣᠨ ᠡᠯ᠎ᠡ | ᠲᠥᠷᠥᠯ ᠤᠨ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ 40 ᠪᠠᠶᠢᠭᠤᠯᠵᠣ᠂ ᠬᠤᠭᠤᠯᠠ ᠪᠤᠳᠠᠭᠠᠨ ᠤ ᠬᠤᠭ | ᠨᠣᠪᠰᠢ ᠶᠢ ᠰᠢᠢᠳᠪᠦᠷᠢᠯᠡᠬᠦ ᠠᠵᠢᠯ ᠤᠨ ᠪᠦᠬᠦᠨ ᠢ ᠪᠦᠷᠬᠦᠭᠦᠯᠬᠦ ᠶᠢ ᠪᠡᠶᠡᠯᠡᠭᠦᠯᠦᠨ᠎ᠡ᠃ ᠪᠠᠷᠢᠯᠭ᠎ᠠ ᠶᠢᠨ ᠠᠵᠢᠯ ᠤᠨ | ᠪᠠᠶᠢᠭᠤᠯᠣᠯᠲᠠ ᠬᠠᠮᠢᠶᠠᠷᠣᠯᠲᠠ ᠶᠢ ᠴᠢᠩᠭᠠᠳᠬᠠᠵᠤ᠂ ᠲᠡᠭᠦᠨ ᠤ ᠵᠠᠮ ᠬᠠᠷᠢᠯᠴᠠᠭ᠎ᠠ ᠪᠣᠯᠣᠨ ᠣᠷᠴᠢᠨ ᠲᠣᠭᠤᠷᠢᠨ | ᠵᠡᠷᠭᠡ ᠳᠤ ᠦᠵᠡᠭᠦᠯᠬᠦ ᠨᠥᠯᠥᠭᠡ ᠶᠢ ᠪᠠᠭᠠᠰᠬᠠᠬᠤ ᠬᠡᠷᠡᠭᠲᠡᠢ᠃ ᠡᠯ᠎ᠡ ᠲᠦᠷᠦᠯ ᠤᠨ ᠡᠬᠢ ᠪᠠᠶᠠᠯᠢᠭ ᠪᠣᠯᠣᠨ | ᠬᠠᠮᠢᠶᠠᠷᠤᠯᠲᠠ ᠶᠢᠨ ᠲᠠᠪᠴᠠᠩ ᠢ ᠨᠢᠭᠡᠳᠬᠡᠵᠦ᠂ ︽ᠣᠶᠣᠨᠴᠢᠷ ᠬᠥᠬᠡᠬᠤᠲᠠ︾ ᠤᠨ ᠪᠦᠲᠦᠭᠡᠨ ᠪᠠᠶᠢᠭᠤᠯᠤᠯᠲᠠ ᠶᠢ | ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠤᠲᠠ ᠶᠢ ᠪᠦᠷᠬᠦᠵᠦ᠂ ᠨᠢᠭᠡᠳᠦᠯᠲᠡᠶ ᠲᠥᠯᠥᠪᠯᠡᠨ ᠠᠰᠢᠭᠯᠠᠵᠣ᠂ | ᠨᠢᠭᠡᠳᠦᠯᠲᠡᠶ ᠵᠢᠯᠣᠭᠤᠳᠴᠤ᠂ ᠨᠢᠭᠡᠳᠦᠯᠲᠡᠶ ᠲᠤᠬᠢᠷᠠᠭᠤᠯᠵᠣ ᠳᠡᠶᠢᠯᠬᠦ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ | ᠬᠠᠮᠢᠶᠠᠷᠤᠯᠲᠠ ᠶᠢᠨ ᠲᠠᠪᠴᠠᠩ ᠢ ᠪᠣᠢ ᠪᠣᠯᠭᠠᠬᠤ ᠬᠡᠷᠡᠭᠲᠡᠶ᠃ ᠰᠠᠭᠤᠭᠠᠯᠢ ᠠᠷᠠᠳ ᠤᠨ ᠲᠣᠭᠤᠷᠢᠭ ᠳᠠᠬᠢ ᠬᠦᠷᠢᠶ᠎ᠡ | ᠬᠠᠰᠢᠶ᠎ᠠ ᠶᠢ ᠣᠷᠢᠳᠠᠪᠠᠷ ᠨᠤᠷᠠᠭᠠᠵᠣ ᠳᠠᠷᠠᠭ᠎ᠠ ᠨᠢ ᠨᠣᠭᠤᠭᠠᠷᠠᠭᠤᠯᠬᠤ ᠲᠣᠷᠰᠢᠯᠲᠠ ᠶᠢᠨ ᠴᠢᠭ᠋ ᠪᠣᠯᠣᠨ ᠬᠦᠷᠢᠶ᠎ᠡ | ᠬᠠᠰᠢᠶᠠᠨ ᠤ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠠᠮᠢᠶᠠᠷᠣᠯᠲᠠ ᠳᠤ ᠲᠦᠰᠢᠭᠯᠡᠨ | ᠬᠤᠳᠠ ᠶᠢᠨ ᠴᠢᠨᠠᠷ ᠳᠡᠰ ᠢ ᠳᠡᠭᠡᠭᠰᠢᠯᠡᠭᠦᠯᠵᠦ᠂ ᠬᠤᠳᠠ ᠶᠢᠨ ᠠᠭᠤᠯᠤᠭᠳᠠᠬᠤᠨ ᠢ ᠪᠠᠶᠠᠯᠢᠭᠵᠢᠭᠤᠯᠵᠣ᠂ ᠬᠤᠳᠠ ᠶᠢᠨ | ᠷᠢᠳᠢ ᠰᠢᠳᠢ ᠶᠢ ᠢᠯᠡᠷᠡᠭᠦᠯᠬᠦ ᠪᠣᠯᠤᠨ᠎ᠠ᠃ | ᠵᠠᠮ ᠬᠠᠷᠢᠯᠴᠠᠭᠠᠨ ᠤ ᠲᠦᠭᠵᠢᠷᠡᠯ ᠢ ᠰᠢᠯᠤᠭᠤᠳᠬᠠᠬᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠬᠦ | ᠬᠡᠷᠡᠭᠲᠡᠢ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠵᠥᠪᠯᠡᠯ ᠢ ᠪᠠᠶᠢᠭᠤᠯᠵᠤ᠂ ᠵᠠᠮ ᠬᠠᠷᠢᠯᠴᠠᠭᠠᠨ ᠤ ᠲᠦᠭᠵᠢᠷᠡᠯ ᠢ | ᠵᠠᠰᠠᠬᠤ ᠬᠠᠮᠲᠤᠷᠠᠭᠰᠠᠨ ᠬᠤᠷᠠᠯ ᠤᠨ ᠲᠥᠷᠢᠮ ᠢ ᠲᠣᠭᠲᠠᠭᠠᠵᠣ᠂ ᠰᠠᠯᠠᠭ᠎ᠠ ᠮᠦᠴᠢᠷ ᠤᠨ ᠬᠤᠯᠪᠣᠭᠠᠯᠠᠨ | ᠬᠥᠳᠡᠯᠦᠯᠴᠡᠬᠦ ᠶᠢ ᠴᠢᠩᠭᠠᠳᠬᠠᠬᠤ ᠬᠡᠷᠡᠭᠲᠡᠢ᠃ ᠡᠩ ᠲᠡᠷᠢᠭᠦᠨ ᠳᠤ ᠨᠡᠶᠢᠲᠡ ᠶᠢᠨ ᠮᠠᠰᠢᠨ ᠲᠡᠷᠭᠡᠨ ᠤ ᠬᠦᠭᠵᠢᠯᠲᠡ ᠶᠢ | ᠲᠦᠯᠬᠢᠨ ᠠᠬᠢᠭᠤᠯᠵᠤ᠂ ᠨᠡᠶᠢᠲᠡ ᠶᠢᠨ ᠮᠠᠰᠢᠨ ᠲᠡᠷᠭᠡᠨ ᠤ ᠲᠠᠯᠠᠪᠤᠷ ᠥᠷᠲᠡᠭᠡ 13 ᠶᠢ ᠰᠢᠨ᠎ᠡ ᠪᠠᠷ ᠪᠠᠶᠢᠭᠤᠯᠤᠨ᠂ | ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ 500 ᠶᠢ ᠬᠤᠳᠠᠯᠳᠤᠨ ᠠᠪᠴᠣ᠂ ᠨᠡᠶᠢᠲᠡ ᠶᠢᠨ ᠮᠠᠰᠢᠨ ᠤ | ᠲᠤᠰᠬᠠᠶ ᠱᠤᠭᠤᠮ 326 ᠺᠢᠯᠣᠮᠧᠲᠷ ᠲᠦᠯᠦᠪᠯᠡᠨ ᠵᠢᠷᠣᠵᠣ᠂ ᠨᠡᠶᠢᠲᠡ ᠶᠢᠨ ᠮᠠᠰᠢᠨ ᠤ ᠱᠤᠭᠤᠮ 11 ᠵᠤᠷᠪᠤᠰ | ᠰᠢᠨ᠎ᠡ ᠪᠠᠷ ᠨᠡᠮᠡᠨ᠂ ᠰᠤᠷᠤᠭᠴᠢ ᠶᠢᠨ ᠲᠤᠰᠬᠠᠶ ᠨᠡᠶᠢᠲᠡ ᠶᠢᠨ ᠮᠠᠰᠢᠨ ᠤ ᠱᠤᠭᠤᠮ 12 ᠵᠤᠷᠪᠤᠰ ᠢ ᠬᠡᠷᠡᠭᠯᠡᠯᠲᠡ ᠳᠤ | ᠣᠷᠣᠭᠤᠯᠵᠣ᠂ ᠵᠠᠮ ᠬᠠᠷᠢᠯᠴᠠᠭᠠᠨ ᠤ ᠢᠳᠡ ᠦᠶ᠎ᠡ ᠳᠠᠬᠢ ᠪᠦᠰᠡ ᠬᠤᠭᠤᠷᠣᠨᠳᠣᠬᠢ ᠱᠤᠭᠤᠮ 5 ᠵᠤᠷᠪᠤᠰ᠂ | ᠵᠤᠷᠰᠢᠯᠲᠦ ᠨᠡᠶᠢᠲᠡ ᠶᠢᠨ ᠮᠠᠰᠢᠨ ᠤ ᠱᠤᠭᠤᠮ 3 ᠵᠤᠷᠪᠤᠰ ᠢ ᠨᠡᠭᠡᠭᠡᠵᠦ᠂ ᠶᠠᠪᠠᠭᠠᠨ ᠬᠥᠮᠦᠨ ᠤ ᠵᠡᠭᠡᠯᠢ ᠭᠡᠲᠦᠯᠬᠦ | ᠬᠥᠭᠦᠷᠭᠡ 10 ᠶᠢ ᠰᠢᠨ᠎ᠡ ᠪᠠᠷ ᠪᠠᠶᠢᠭᠤᠯᠣᠨ᠎ᠠ᠃ ᠵᠠᠮ ᠡᠵᠡᠯᠡᠭᠰᠡᠨ ᠪᠠᠷᠢᠯᠭ᠎ᠠ ᠶᠢ ᠴᠡᠪᠡᠷᠯᠡᠬᠦ ᠪᠠ ᠰᠢᠷᠤᠭ ᠨᠡᠭᠦᠯᠭᠡᠬᠦ | ᠲᠤᠰᠬᠠᠶ ᠠᠵᠢᠯᠯᠠᠭ᠎ᠠ ᠶᠢ ᠥᠷᠨᠢᠭᠦᠯᠵᠦ᠂ 9 ᠵᠤᠷᠪᠤᠰ ︽ᠮᠤᠬᠤᠷ ᠵᠠᠮ︾ ᠢ ᠲᠡᠷᠭᠡ ᠨᠡᠪᠲᠡᠷᠡᠭᠦᠯᠵᠦ᠂ ᠵᠠᠮ | ᠬᠠᠷᠢᠯᠴᠠᠭᠠᠨ ᠤ ᠰᠠᠭᠠᠳ ᠦᠭᠡᠢ ᠣᠷᠴᠢᠯ ᠢ ᠪᠣᠢ ᠪᠣᠯᠭᠠᠬᠤ ᠬᠡᠷᠡᠭᠲᠡᠢ᠃ ᠬᠤᠲᠠᠨ ᠳᠠᠬᠢ ᠡᠯ᠎ᠡ ᠵᠡᠭᠡᠯᠢ | ᠭᠤᠳᠣᠮᠵᠢ ᠳᠤ ᠲᠡᠷᠭᠡᠨ ᠵᠣᠭᠰᠣᠭᠠᠯ ᠵᠢᠷᠣᠵᠣ ᠲᠥᠯᠥᠪᠯᠡᠨ᠂ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠶᠢᠨ ᠲᠡᠷᠭᠡᠨ ᠵᠣᠭᠰᠣᠭᠠᠯ ᠢ ᠠᠯᠬᠤᠮ ᠠᠯᠬᠤᠮ ᠢᠶᠠᠷ ᠨᠡᠶᠢᠭᠡᠮ ᠨᠡᠶᠢᠲᠡ ᠳᠤ ᠴᠢᠯᠥᠭᠡᠲᠡᠶ | ᠲᠠᠯᠪᠢᠵᠤ᠂ 10 ᠪᠡᠶᠡᠲᠦ ᠴᠣᠭᠴᠠᠲᠣ ᠲᠡᠷᠭᠡᠨ ᠵᠣᠭᠰᠣᠭᠠᠯ ᠪᠠᠶᠢᠭᠤᠯᠤᠨ᠂ ᠲᠡᠷᠭᠡ ᠵᠣᠭᠰᠣᠭᠠᠬᠤ ᠣᠷᠣ 2 | ᠲᠦᠮᠡ ᠶᠢ ᠰᠢᠨ᠎ᠡ ᠪᠠᠷ ᠨᠡᠮᠡᠭᠳᠡᠭᠦᠯᠦᠨ᠎ᠡ᠃ ᠰᠦᠯᠵᠢᠶᠡᠨ ᠳᠡᠭᠡᠷ᠎ᠡ ᠲᠡᠷᠭᠡ ᠳᠠᠭᠤᠳᠠᠬᠤ ᠬᠢᠨᠠᠯᠲᠠ ᠬᠠᠮᠢᠶᠠᠷᠣᠯᠲᠠ ᠶᠢ | ᠴᠢᠩᠭᠠᠳᠬᠠᠬᠤ ᠬᠡᠷᠡᠭᠲᠡᠶ᠃ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠵᠠᠮ | ᠬᠠᠷᠢᠯᠴᠠᠭᠠᠨ ᠤ ᠲᠡᠮᠳᠡᠭ ᠵᠢᠷᠤᠭᠠᠰᠤ ᠶᠢ ᠰᠢᠰᠲ᠋ᠧᠮ ᠲᠠᠢ ᠵᠢᠷᠣᠵᠣ ᠲᠦᠯᠦᠪᠯᠡᠬᠦ ᠪᠠ ᠥᠭᠡᠷᠡᠴᠢᠯᠡᠨ ᠵᠠᠰᠠᠵᠤ᠂ | ᠣᠶᠣᠨᠴᠢ ᠵᠠᠮ ᠬᠠᠷᠢᠯᠴᠠᠭᠠᠨ ᠤ ᠡᠵᠡᠮᠰᠢᠯ ᠤᠨ ᠵᠢᠯᠣᠭᠤᠳᠬᠤ ᠲᠠᠪᠴᠠᠩ ᠢ ᠲᠡᠭᠦᠯᠳᠡᠷᠵᠢᠭᠦᠯᠬᠦ ᠬᠡᠷᠡᠭᠲᠡᠶ᠃ ᠭᠠᠷ | ᠣᠲᠠᠰᠣᠨ ᠤ ᠵᠠᠮ ᠬᠠᠷᠢᠯᠴᠠᠭ᠎ᠠ ᠶᠢᠨ ᠦᠢᠯᠡᠴᠢᠯᠡᠭᠡᠨ ᠤ ᠲᠠᠪᠴᠠᠩ ᠢ ᠨᠡᠪᠲᠡᠷᠡᠭᠦᠯᠵᠦ᠂ ᠬᠤᠳᠠ ᠶᠢᠨ ᠠᠷᠠᠳ ᠤᠨ ᠵᠠᠮ | ᠬᠠᠷᠢᠯᠴᠠᠭᠠᠨ ᠤ ᠲᠦᠭᠵᠢᠷᠡᠯ ᠢ ᠵᠠᠰᠠᠬᠤ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠵᠣ᠂ ᠲᠦᠷᠢᠮ ᠠᠴᠠ | ᠵᠦᠷᠢᠴᠡᠭᠰᠡᠨ ᠠᠵᠢᠯᠯᠠᠭ᠎ᠠ ᠶᠢ ᠰᠡᠭᠦᠳᠡᠷᠯᠡᠨ ᠰᠢᠩᠭᠡᠭᠡᠵᠦ ᠰᠦᠯᠵᠢᠶᠡᠨ ᠳᠤ ᠳᠠᠮᠵᠢᠭᠤᠯᠬᠤ᠂ ᠡ᠊ᠩ ᠤᠨ ᠵᠠᠮ | ᠬᠠᠷᠢᠯᠴᠠᠭᠠᠨ ᠤ ᠡ᠊ᠨᠳᠡᠯ ᠢ ᠠᠷᠤ ᠲᠠᠪᠴᠠᠩ ᠳᠤ ᠲᠦᠯᠦᠬᠦ ᠪᠠ ᠳᠦᠷᠢᠮ ᠠᠴᠠ ᠵᠥᠷᠢᠴᠡᠭᠰᠡᠨ ᠠᠵᠢᠯᠯᠠᠭ᠎ᠠ ᠶᠢ | ᠰᠦᠯᠵᠢᠶᠡᠨ ᠳᠡᠭᠡᠷ᠎ᠡ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠶ᠃ | ᠭᠤᠣᠯᠳᠠᠯᠭ᠎ᠠ ᠲᠠᠢ ᠬᠤᠲᠠ ᠪᠠᠯᠭᠠᠰᠤ ᠶᠢᠨ ᠪᠦᠳᠤᠭᠡᠨ ᠪᠠᠶᠢᠭᠤᠯᠤᠯᠲᠠ ᠶᠢ ᠲᠥᠪᠯᠡᠷᠡᠭᠦᠯᠦᠨ ᠳᠡᠮᠵᠢᠬᠦ ᠬᠡᠷᠡᠭᠲᠡᠶ᠃ | ᠦᠢᠯᠡᠳᠪᠦᠷᠢᠯᠡᠯ ᠤᠨ ᠣᠷᠣᠨ ᠵᠠᠶ ᠶᠢᠨ ᠡᠷᠴᠢᠮᠯᠢᠭ ᠪᠥᠭᠡᠳ ᠥᠨᠳᠥᠷ ᠪᠦᠲᠦᠮᠵᠢᠲᠡᠶ᠂ ᠠᠮᠢᠳᠤᠷᠠᠯ ᠤᠨ ᠣᠷᠣᠨ | ᠵᠠᠶ ᠶᠢᠨ ᠣᠷᠣᠰᠢᠨ ᠲᠣᠭᠲᠠᠨᠢᠬᠤ ᠳᠤ ᠲᠣᠬᠢᠷᠠᠮᠵᠢᠲᠠᠶ᠂ ᠠᠮᠢ ᠠᠬᠤᠶ ᠶᠢᠨ ᠣᠷᠣᠨ ᠵᠠᠶ ᠨᠢ ᠭᠤᠴᠣ ᠰᠠᠶᠢᠬᠠᠨ | ᠪᠠᠶᠢᠬᠤ ᠶᠡᠷᠦᠩᠬᠡᠶ ᠱᠠᠭᠠᠷᠳᠠᠯᠭ᠎ᠠ ᠶᠣᠰᠣᠭᠠᠷ᠂ ᠬᠤᠲᠠ ᠪᠠᠯᠭᠠᠰᠤ ᠶᠢᠨ ᠠᠵᠤ ᠦᠢᠯᠡᠰ ᠤᠨ ᠴᠢᠳᠠᠮᠵᠢ ᠶᠢᠨ ᠪᠠᠶᠢᠷᠢ | ᠲᠣᠭᠲᠠᠭᠠᠯᠲᠠ ᠶᠢ ᠲᠠᠰᠤᠷᠠᠯᠲᠠ ᠦᠭᠡᠶ ᠴᠢᠩᠭᠠᠳᠬᠠᠵᠤ᠂ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ᠂ | ᠠᠷᠠᠯᠵᠢᠶ᠎ᠠ ᠬᠤᠳᠠᠯᠳᠤᠭ᠎ᠠ ᠪᠣᠯᠣᠨ ᠡᠳ᠋ ᠪᠠᠷᠠᠭᠠᠨ ᠤ ᠭᠦᠢᠯᠭᠡᠭᠡ᠂ ᠰᠢᠨ᠎ᠡ ᠶᠢ ᠡᠭᠦᠳᠴᠦ ᠰᠤᠳᠤᠯᠤᠨ ᠨᠡᠭᠡᠭᠡᠬᠦ᠂ | ᠵᠢᠭᠤᠯᠴᠢᠯᠠᠯ ᠵᠡᠷᠭᠡ ᠲᠤᠰᠬᠠᠶ ᠣᠨᠴᠠᠯᠢᠭ ᠪᠦᠬᠦᠢ ᠵᠢᠵᠢᠭ ᠬᠤᠲᠠ ᠪᠠᠯᠭᠠᠰᠤ ᠶᠢ ᠲᠦᠷᠭᠡᠪᠴᠢᠯᠡᠨ ᠪᠣᠶᠢᠵᠢᠭᠤᠯᠣᠨ᠎ᠠ᠃ | ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ ᠪᠣᠯᠣᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ | ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡ ᠪᠣᠯᠣᠨ ᠣᠷᠣᠰᠢᠨ | ᠰᠠᠭᠤᠬᠤ ᠴᠢᠳᠠᠮᠵᠢ ᠶᠢ ᠲᠡᠭᠦᠯᠳᠡᠷᠵᠢᠭᠦᠯᠵᠦ᠂ ᠬᠥᠮᠦᠨ ᠠᠮᠠ ᠶᠢᠨ ᠲᠥᠪᠯᠡᠷᠡᠯ ᠪᠣᠯᠣᠨ ᠬᠥᠳᠡᠭᠡ ᠲᠣᠰᠬᠤᠨ ᠢ | ᠳᠠᠶᠢᠴᠢᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ | ︵ᠨᠠᠢᠮᠠ︶ ᠠᠮᠢ ᠠᠬᠤᠢ ᠶᠢᠨ ᠬᠠᠮᠠᠭᠠᠯᠠᠯᠲᠠ ᠶᠢᠨ ᠪᠥᠳᠥᠭᠡᠨ ᠪᠠᠶᠢᠭᠤᠯᠣᠯᠲᠠ ᠶᠢ ᠪᠦᠬᠦ ᠲᠠᠯ᠎ᠠ ᠪᠠᠷ | ᠴᠢᠩᠭᠠᠳᠬᠠᠵᠤ᠂ ᠠᠮᠢ ᠠᠬᠤᠶ ᠶᠢᠨ ᠪᠠᠲᠤᠯᠠᠭ᠎ᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ | ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ ᠦᠷᠭᠦᠯᠵᠢᠯᠡᠨ ᠲᠦᠯᠬᠢᠨ ᠠᠬᠢᠭᠤᠯᠣᠨ᠎ᠠ᠃ ᠭᠤᠣᠯ ᠠᠭᠤᠯᠠ | ᠨᠢᠷᠤᠭᠤ᠂ ᠵᠡᠮ ᠬᠠᠷᠢᠯᠴᠠᠭᠠᠨ ᠤ ᠭᠤᠣᠯ ᠵᠡᠮ᠂ ᠭᠤᠣᠯ ᠪᠣᠯᠬᠤ ᠭᠤᠣᠯ ᠮᠥᠷᠡᠨ ᠢᠶᠠᠷ ᠭᠤᠣᠯᠳᠠᠯᠭ᠎ᠠ ᠪᠣᠯᠭᠠᠨ᠂ | ᠲᠦᠮᠡᠳ ᠤᠨ ᠲᠠᠯ᠎ᠠ ᠭᠠᠵᠠᠷ ᠢᠶᠠᠷ ᠭᠤᠣᠯ ᠴᠣᠭᠴᠠ ᠪᠤᠯᠭᠠᠵᠣ᠂ ᠤᠯᠤᠰ ᠤᠨ ᠴᠢᠬᠤᠯᠠ ᠶᠡᠭᠡ ᠠᠮᠢ ᠠᠬᠤᠶ ᠶᠢ | ᠵᠠᠰᠠᠨ ᠰᠡᠷᠭᠦᠭᠡᠬᠦ ᠢᠨᠵᠧᠨᠧᠷᠢᠩ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠣᠨ᠎ᠠ᠃ ᠳᠠᠯᠠᠨ ᠬᠠᠷ᠎ᠠ ᠠᠭᠤᠯᠠ ᠶᠢᠨ | ᠡᠮᠦᠨ᠎ᠡ ᠪᠡᠯ᠂ ᠮᠠᠨ ᠬᠠᠨ ᠱᠠᠨᠠᠭᠤᠯᠠ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠵᠠᠰᠠᠯᠲᠠ ᠶᠢᠨ ᠦᠷ᠎ᠡ | ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠳᠣᠲᠤᠷᠠᠬᠢ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠢ ᠪᠦᠬᠦᠨ ᠢ ᠴᠡᠪᠡᠷᠯᠡᠨ ᠬᠠᠭᠠᠵᠤ᠂ ᠠᠭᠤᠷᠬᠠᠶ ᠶᠢᠨ | ᠣᠷᠣᠨ ᠤ ᠠᠮᠢ ᠠᠬᠤᠶ ᠶᠢᠨ ᠰᠡᠷᠭᠦᠨ ᠵᠠᠰᠠᠯᠲᠠ ᠶᠢ ᠲᠦᠯᠬᠢᠨ ᠠᠬᠢᠭᠤᠯᠵᠤ ᠂ ᠳᠠᠯᠠᠨ ᠬᠠᠷ᠎ᠠ ᠠᠭᠤᠯᠠ ᠶᠢᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ 7 ᠭᠤᠤ ᠶᠢᠨ ᠰᠢᠰᠲ᠋ᠧᠮ ᠢ ᠵᠠᠰᠠᠬᠤ ᠢᠨᠵᠧᠨᠧᠷᠢᠩ ᠢ ᠬᠡᠷᠡᠭᠵᠢᠭᠦᠯᠦᠨ᠎ᠡ | ᠃ ᠬᠥᠬᠡᠬᠤᠲᠠ ᠪᠤᠭᠤᠲᠤ ᠤᠷᠳᠤᠰ ᠤᠨ ᠬᠠᠳᠤᠨ ᠭᠤᠣᠯ ᠳᠠᠭᠠᠤ ᠶᠢᠨ ᠠᠮᠢ ᠠᠬᠤᠶ ᠶᠢᠨ ᠬᠤᠩᠬᠢᠯ ᠪᠣᠯᠣᠨ ᠮᠤᠨᠢ | ᠠᠭᠤᠯᠠ ᠶᠢᠨ ᠠᠷᠤ ᠬᠤᠷᠮᠣᠶ ᠶᠢ ᠨᠣᠭᠤᠭᠠᠷᠠᠭᠤᠯᠬᠤ ᠢᠨᠵᠧᠨᠧᠷᠢᠩ ᠢ ᠡᠬᠢᠯᠡᠭᠦᠯᠵᠦ᠂ ᠨᠣᠭᠤᠭᠠᠷᠠᠭᠤᠯᠵᠤ | ᠣᠶᠢᠵᠢᠭᠤᠯᠬᠤ ᠡᠷᠴᠢᠮ ᠢ ᠪᠦᠭᠦ ᠲᠠᠯ᠎ᠠ ᠪᠠᠷ ᠴᠢᠩᠭᠠᠷᠠᠭᠤᠯᠵᠤ᠂ ᠪᠦᠬᠦ ᠵᠢᠯ ᠳᠤ ᠠᠮᠢ ᠠᠬᠤᠶ ᠶᠢᠨ ᠪᠦᠳᠦᠬᠡᠨ | ᠪᠠᠶᠢᠭᠤᠯᠤᠯᠲᠠ ᠶᠢ 25 ᠲᠦᠮᠡᠨ ᠮᠦ ᠪᠡᠶᠡᠯᠡᠭᠦᠯᠦᠨ᠎ᠡ᠃ | ᠬᠠᠮᠤᠭ ᠤᠨ ᠴᠢᠩᠭ᠎ᠠ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠬᠤ | ᠬᠡᠷᠡᠭᠲᠡᠶ᠃ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠬᠠᠳᠣᠨ | ᠭᠤᠣᠯ ᠤᠨ ᠤᠰᠤ ᠶᠢ ᠬᠦᠬᠡᠬᠤᠲᠠ ᠳᠤ ᠲᠠᠲᠠᠬᠤ ᠲᠥᠬᠦᠭᠡᠷᠦᠮᠵᠢ ᠂ ᠳᠠᠬᠢᠯᠲᠠ ᠤᠰᠤ ᠠᠰᠢᠭᠯᠠᠬᠤ ᠶᠢ | ᠴᠢᠩᠭᠠᠳᠬᠠᠬᠤ᠂ ᠲᠠᠷᠢᠶᠠᠨ ᠭᠠᠵᠠᠷ ᠢ ᠥᠨᠳᠥᠷ ᠪᠦᠲᠦᠮᠵᠢᠲᠡᠶ ᠤᠰᠤ ᠠᠷᠪᠢᠯᠠᠬᠤ ᠶᠢ ᠬᠡᠷᠡᠭᠵᠢᠭᠦᠯᠬᠦ ᠵᠡᠷᠭᠡ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠬᠦ ᠪᠠᠷ ᠳᠠᠮᠵᠢᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ | ᠶᠡᠷᠦᠩᠬᠡᠶᠢᠯᠡᠭᠰᠡᠨ ᠵᠠᠰᠠᠯᠲᠠ ᠶᠢ ᠲᠦᠷᠭᠡᠳᠬᠡᠨ ᠠᠬᠢᠭᠤᠯᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠬᠡᠷᠡᠭᠯᠡᠭᠰᠡᠨ | ᠬᠡᠪᠴᠢᠶ᠎ᠡ ᠶᠢ ᠪᠦᠲᠦᠮᠵᠢᠲᠡᠶ ᠪᠠᠭᠤᠷᠠᠭᠤᠯᠤᠨ᠎ᠠ᠃ ᠲᠣᠭᠲᠠᠬᠤ ᠴᠢᠩ ᠱᠦᠢ ᠾᠧ ᠠᠵᠤ ᠦᠢᠯᠡᠳᠪᠦᠷᠢ ᠶᠢᠨ | ᠬᠦᠷᠢᠶᠡᠯᠡᠩ ᠤᠨ ᠳᠠᠬᠢᠯᠳᠠ ᠤᠰᠤᠨ ᠠᠰᠢᠭᠯᠠᠯᠲᠠ ᠶᠢᠨ ᠲᠤᠰᠬᠠᠶ ᠱᠤᠭᠤᠮ ᠢ ᠳᠡᠪᠢᠰᠴᠦ᠂ ᠲᠠᠬᠢᠯᠳᠠ ᠤᠰᠤ ᠶᠢ | ᠠᠰᠢᠭᠯᠠᠬᠤ ᠨᠤᠷᠮ᠎ᠠ 50 % ᠠᠴᠠ ᠳᠡᠭᠡᠭᠰᠢ ᠪᠠᠶᠢᠬᠤ ᠬᠡᠷᠡᠭᠲᠡᠢ᠃ ︽ᠭᠤᠣᠯ ᠮᠦᠷᠡᠨ ᠤ ᠠᠵᠢᠯ ᠳᠤ | ᠬᠠᠷᠢᠭᠤᠴᠠᠬᠤ ᠳᠠᠷᠤᠭ᠎ᠠ ᠶᠢᠨ ᠳᠦᠷᠢᠮ︾᠂ ︽ᠨᠠᠭᠤᠷ ᠴᠥᠭᠦᠷᠥᠮ ᠤᠨᠠᠵᠢᠯ ᠳᠤ ᠬᠠᠷᠢᠭᠤᠴᠠᠬᠤ ᠳᠠᠷᠤᠭ᠎ᠠ ᠶᠢᠨ | ᠳᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠭᠡ ᠲᠦᠷᠭᠡᠨ ᠭᠤᠣᠯ ᠤᠨ ᠪᠦᠬᠦ ᠣᠷᠣᠰᠬᠠᠯ᠂ ᠾᠦᠨᠾᠧ | ᠭᠤᠣᠯ ᠵᠡᠷᠭᠡ 7 ᠭᠤᠣᠯ ᠮᠥᠷᠡᠨ ᠢ ᠵᠠᠰᠠᠬᠤ ᠢᠨᠵᠧᠨᠧᠷᠢᠩ ᠢ ᠲᠦᠯᠬᠢᠨ ᠠᠬᠢᠭᠤᠯᠵᠤ᠂ ᠬᠠᠷ᠎ᠠ ᠤᠰᠤ ᠨᠠᠭᠤᠷ ᠤᠨ | ᠨᠤᠭᠤ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠬᠠᠷ᠎ᠠ ᠤᠰᠤ ᠨᠠᠭᠤᠷ ᠤᠨ ᠤᠰᠤ ᠲᠠᠲᠠᠬᠤ ᠢᠨᠵᠧᠨᠧᠷᠢᠩ ᠢ | ᠡᠬᠢᠯᠡᠭᠦᠯᠦᠨ᠂ ᠭᠤᠤᠯ ᠨᠠᠭᠤᠷ ᠤᠨ ᠤᠰᠤᠨ ᠤ ᠰᠢᠰᠲ᠋ᠧᠮ ᠤᠨ ᠬᠠᠷᠢᠯᠴᠠᠨ ᠨᠡᠪᠲᠡᠷᠡᠯᠴᠡᠬᠦ ᠪᠠ ᠤᠰᠤᠨ ᠤ ᠡᠬᠢ | ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠲᠦᠯᠬᠢᠨ ᠠᠬᠢᠭᠤᠯᠬᠤ ᠬᠡᠷᠡᠭᠲᠡᠶ᠃ | ᠠᠮᠢ ᠠᠬᠤᠶ ᠶᠢᠨ ᠪᠣᠯᠪᠠᠰᠤᠨ ᠤ ᠲᠦᠷᠢᠮ ᠤᠨ ᠪᠠᠶᠢᠭᠤᠯᠤᠯᠲᠠ ᠶᠢ ᠲᠥᠷᠭᠡᠳᠬᠡᠭᠦ ᠬᠡᠷᠡᠭᠲᠡᠢ᠃ ᠭᠤᠣᠯ | ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠵᠦ᠂ ᠠᠮᠢ ᠠᠬᠤᠶ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠢ ᠵᠠᠭᠠᠭᠯᠠᠨ ᠲᠣᠭᠲᠠᠭᠠᠬᠤ ᠬᠡᠷᠡᠭᠲᠡᠢ᠃ ᠤᠳᠤᠷᠢᠳᠬᠤ ᠺᠠᠳ᠋ᠷ ᠤᠨ | ᠲᠤᠰᠢᠶᠠᠯ ᠠᠴᠠ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠬᠢᠨᠠᠨ ᠪᠣᠳᠣᠯᠲᠠ ᠶᠢ | ᠪᠦᠬᠦ ᠲᠠᠯ᠎ᠠ ᠪᠠᠷ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠬᠦᠷᠦᠩᠬᠡ ᠬᠤᠭᠰᠢᠯ ᠤᠨ ᠥᠮᠴᠢᠯᠡᠬᠦ ᠡᠷᠬᠡ ᠶᠢᠨ | ᠳᠦᠷᠢᠮ ᠢ ᠲᠡᠭᠦᠯᠳᠡᠷᠵᠢᠭᠦᠯᠵᠦ᠂ ᠠᠮᠢ ᠠᠬᠤᠶ ᠶᠢᠨ ᠣᠷᠴᠢᠨ ᠠᠬᠤᠶ ᠶᠢᠨ ᠬᠢᠨᠠᠨ ᠬᠠᠮᠢᠶᠠᠷᠤᠯᠲᠠ ᠶᠢᠨ | ᠪᠠᠶᠢᠭᠤᠯᠤᠯ ᠳᠤ ᠥᠭᠡᠷᠡᠴᠢᠯᠡᠯᠲᠡ ᠬᠢᠵᠦ᠂ ᠵᠠᠬ᠎ᠠ ᠳᠡᠯᠭᠡᠭᠦᠷᠴᠢᠯᠡᠭᠰᠡᠨ ᠤᠯᠠᠨ ᠡᠰᠢᠲᠦ ᠠᠮᠢ ᠠᠬᠤᠶ ᠶᠢᠨ | ᠨᠥᠬᠦᠪᠥᠷᠢᠯᠡᠬᠦ ᠲᠣᠭᠲᠠᠴᠠ ᠶᠢ ᠰᠤᠳᠤᠯᠤᠨ ᠪᠠᠶᠢᠭᠤᠯᠬᠤ ᠬᠡᠷᠡᠭᠲᠡᠶ᠃ | ︵ᠶᠢᠰᠦ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠬᠠᠮᠲᠤ ᠪᠠᠷ ᠪᠠᠶᠢᠭᠤᠯᠬᠤ ᠬᠠᠮᠲᠤ ᠪᠠᠷ | ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠳᠠᠯ ᠢ ᠪᠦᠬᠦ ᠬᠦᠴᠦ ᠪᠠᠷ ᠢᠶᠠᠨ ᠪᠣᠢ | ᠪᠣᠯᠭᠠᠬᠤ ᠬᠡᠷᠡᠭᠲᠡᠢ᠃ | ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠶᠢ ᠶᠡᠬᠡᠪᠡᠷ ᠠᠬᠢᠭᠤᠯᠬᠤ ᠬᠡᠷᠡᠭᠲᠡᠶ᠃ ︽ᠠᠩᠬᠠᠨ ᠤ | ᠡᠭᠦᠳᠦᠯᠲᠡ ᠳᠤ ᠲᠤᠰᠠᠯᠠᠬᠤ︾ ᠨᠡᠷᠡᠳᠤ ᠲᠡᠮᠳᠡᠭᠲᠦ ᠶᠢᠨ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠠᠵᠢᠯ | ᠣᠯᠭᠤᠬᠤ ᠠᠳᠠᠯ ᠦᠢᠯᠡᠰ ᠴᠣᠭᠴᠠᠯᠠᠬᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠬᠥᠳᠡᠯᠮᠦᠷᠢ ᠬᠦᠴᠦᠨ ᠢ ᠬᠡᠷᠡᠭᠯᠡᠬᠦ ᠶᠡᠷᠦᠩᠬᠡᠶᠢᠯᠡᠭᠰᠡᠨ | ᠦᠢᠯᠡᠴᠢᠯᠡᠭᠡᠨ ᠤ ᠵᠠᠬ᠎ᠠ ᠳᠡᠯᠭᠡᠭᠦᠷ ᠢ ᠲᠦᠷᠭᠡᠪᠴᠢᠯᠡᠨ ᠪᠠᠶᠢᠭᠤᠯᠵᠤ᠂ ᠰᠣᠷᠭᠠᠭᠤᠯᠢ ᠲᠡᠭᠦᠰᠦᠭᠰᠡᠨ ᠣᠶᠣᠲᠠᠳ᠂ | ᠦᠢᠯᠡᠳᠪᠦᠷᠢᠯᠡᠬᠦ ᠴᠢᠳᠠᠮᠵᠢ ᠶᠢ ᠪᠠᠭᠤᠷᠠᠭᠤᠯᠣᠭᠰᠠᠨ ᠠᠵᠤ ᠠᠬᠤᠶᠢᠯᠠᠯ ᠤᠨ ᠬᠤᠪᠢᠶᠠᠷᠢᠯᠠᠨ ᠭᠠᠷᠤᠭᠰᠠᠨ ᠠᠵᠢᠯᠳᠡᠨ | ᠠᠵᠢᠯᠴᠢᠨ᠂ ᠬᠥᠳᠡᠭᠡ ᠲᠣᠰᠬᠤᠨ ᠤ ᠦᠯᠡᠭᠦᠦ ᠬᠥᠳᠡᠯᠮᠦᠷᠢ ᠬᠦᠴᠦ ᠶᠢᠨ ᠠᠵᠢᠯ ᠣᠯᠭᠤᠬᠤ ᠠᠵᠢᠯ ᠢ ᠰᠠᠶᠢᠲᠤᠷ | ᠠᠳᠬᠤᠬᠤ ᠬᠡᠷᠡᠭᠲᠡᠶ᠃ ᠲᠠᠮᠫᠣᠷᠠᠯ ᠠᠴᠠ ᠪᠣᠯᠵᠣ ᠳᠦᠷᠢᠮ ᠢᠶᠠᠨ ᠬᠤᠪᠢᠷᠠᠭᠤᠯᠣᠭᠰᠠᠨ ᠠᠵᠤ ᠠᠬᠤᠶᠢᠯᠠᠯ ᠤᠨ | ᠠᠵᠢᠯᠳᠠᠨ ᠠᠵᠢᠯᠴᠢᠨ ᠢ ᠲᠥᠪᠬᠢᠨᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠠᠩᠬᠠᠷᠴᠤ᠂ ᠪᠦᠲᠦᠴᠡ ᠶᠢᠨ ᠴᠢᠨᠠᠷᠲᠤ | ᠠᠵᠢᠯ ᠦᠭᠡᠶᠢᠳᠡᠯ ᠤᠨ ᠵᠥᠷᠢᠴᠡᠯ ᠢ ᠨᠠᠮᠳᠠᠭᠤᠯᠬᠤ ᠬᠡᠷᠡᠭᠲᠡᠢ᠃ ᠠᠮᠢᠳᠤᠯᠢᠭ ᠠᠵᠢᠯ ᠣᠯᠭᠤᠯᠲᠠ ᠪᠣᠯᠣᠨ ᠰᠢᠨ᠎ᠡ | ᠮᠠᠶ᠋ᠢᠭ ᠤᠨ ᠠᠵᠢᠯ ᠣᠯᠭᠤᠯᠲᠠ ᠶᠢ ᠳᠡᠮᠵᠢᠬᠦ ᠶᠢ ᠴᠢᠩᠭᠠᠳᠬᠠᠬᠤ ᠬᠡᠷᠡᠭᠲᠡᠶ᠃ ᠠᠵᠢᠯ ᠣᠯᠭᠤᠯᠲᠠ ᠳᠤ ᠲᠤᠰᠠᠯᠠᠬᠤ | ᠲᠦᠷᠤ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠳᠡ ᠶᠢᠨ ᠬᠠᠯᠠᠮᠵᠢ ᠶᠢᠨ ᠴᠢᠨᠠᠷᠲᠠᠶ | ᠠᠵᠢᠯ ᠤᠨ ᠪᠠᠶᠢᠷᠢ ᠣᠯᠭᠤᠬᠤ ᠪᠠ ᠬᠠᠮᠢᠶᠠᠷᠬᠤ ᠠᠵᠢᠯ ᠢ ᠵᠢᠷᠤᠮᠵᠢᠭᠤᠯᠵᠣ᠂ ︽ᠠᠵᠢᠯ ᠣᠯᠤᠭᠰᠠᠨ ᠬᠥᠮᠦᠨ ᠦᠭᠡᠢ | ᠭᠡᠷ ᠪᠦᠯᠢ︾ ᠳᠤ ᠲᠤᠰᠠᠯᠠᠮᠵᠢ ᠦᠵᠡᠭᠦᠯᠬᠦ ᠠᠵᠢᠯ ᠢ ᠰᠠᠶᠢᠲᠤᠷ ᠠᠳᠬᠤᠨ᠎ᠠ᠃ | ᠠᠷᠠᠳ ᠤᠨ ᠠᠮᠢᠳᠤᠷᠠᠯ ᠤᠨ ᠨᠡᠶᠢᠭᠡᠮ ᠤᠨ ᠪᠠᠲᠣᠯᠠᠭ᠎ᠠ ᠶᠢᠨ ᠲᠣᠣᠷ ᠢ ᠯᠠᠪᠳᠠᠭᠤᠨ ᠪᠠᠲᠤᠲᠠᠢ ᠪᠠᠶᠢᠯᠭᠠᠨ᠎ᠠ᠃ | ᠪᠦᠬᠦ ᠠᠷᠠᠳ ᠢᠶᠠᠷ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠯᠪᠠᠨ | ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠳᠦᠷᠢᠮ ᠢ ᠨᠢᠭᠡᠳᠬᠡᠨ᠎ᠡ᠃ ᠨᠡᠶᠢᠲᠡ ᠶᠢᠨ ᠪᠤᠰᠤ ᠠᠵᠤ ᠠᠬᠤᠶᠢᠯᠠᠯ ᠤᠨ ᠠᠵᠢᠯᠲᠠᠨ ᠠᠵᠢᠯᠴᠢᠨ᠂ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ᠂ ᠠᠮᠢᠳᠤᠯᠢᠭ ᠢᠶᠠᠷ ᠠᠵᠢᠯ ᠣᠯᠤᠭᠰᠠᠳ ᠪᠣᠯᠣᠨ ᠬᠥᠯᠥᠰᠥᠨ | ᠠᠵᠢᠯᠴᠢᠨ ᠢᠶᠠᠷ ᠭᠤᠣᠯᠳᠠᠯᠭ᠎ᠠ ᠪᠣᠯᠭᠠᠨ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ | ᠬᠡᠷᠡᠭᠲᠡᠶ᠃ ᠬᠦᠴᠢᠷᠳᠡᠯᠲᠡᠶ ᠠᠷᠠᠳ ᠤᠨ ᠠᠮᠢᠳᠣᠷᠠᠯ ᠤᠨ ᠪᠠᠲᠤᠯᠠᠭ᠎ᠠ ᠶᠢᠨ ᠬᠦᠴᠦᠯᠡᠴᠡ ᠶᠢ ᠨᠡᠮᠡᠭᠳᠡᠭᠦᠯᠵᠦ᠂ ᠡᠮ | ᠡᠮᠨᠡᠯᠭᠡ ᠶᠢᠨ ᠠᠪᠤᠷᠠᠨ ᠲᠤᠰᠠᠯᠠᠬᠤ ᠪᠠ ᠲᠦᠷ ᠴᠠᠭ ᠤᠨ ᠠᠪᠤᠷᠠᠨ ᠲᠤᠰᠠᠯᠠᠬᠤ ᠶᠢ ᠰᠠᠶᠢᠲᠤᠷ ᠬᠢᠬᠦ ᠬᠡᠷᠡᠭᠲᠡᠶ᠃ ︽ | ᠨᠢᠭᠡ ᠰᠠᠯᠠᠭ᠎ᠠ ᠮᠥᠴᠢᠷ ᠬᠦᠯᠢᠶᠡᠨ ᠠᠪᠴᠤ᠂ ᠣᠯᠠᠨ ᠰᠠᠯᠠᠭ᠎ᠠ ᠮᠦᠴᠢᠷ ᠬᠠᠮᠵᠢᠯᠴᠠᠨ ᠰᠢᠢᠳᠪᠦᠷᠢᠯᠡᠬᠦ︾ | ᠲᠣᠭᠲᠠᠴᠠ ᠶᠢ ᠲᠡᠭᠦᠯᠳᠡᠷᠵᠢᠭᠦᠯᠵᠦ᠂ ᠬᠦᠴᠢᠷᠳᠡᠯᠲᠡᠶ ᠠᠷᠠᠳ ᠤᠨ ᠴᠠᠭ ᠲᠤᠬᠠᠶ ᠳᠤᠨᠢ ᠲᠤᠰᠠᠯᠠᠮᠵᠢ ᠬᠦᠷᠲᠡᠵᠦ | ᠳᠡᠶᠢᠯᠬᠦ ᠶᠢ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠢ | ᠬᠠᠶᠢᠷᠠᠯᠠᠵᠤ ᠬᠠᠮᠠᠭᠠᠯᠠᠬᠤ ᠪᠠ ᠬᠤᠳᠠ ᠬᠥᠳᠡᠭᠡ ᠶᠢᠨ ᠬᠦᠴᠢᠷᠳᠡᠯᠲᠡᠶ ᠬᠡᠥᠬᠡᠳ ᠤᠨ ᠪᠠᠲᠤᠯᠠᠭ᠎ᠠ ᠶᠢ ᠴᠢᠩᠭᠠᠳᠬᠠᠵᠤ᠂ | ᠦᠷᠡᠭᠳᠡᠭᠰᠡᠨ ᠪᠠᠭᠠᠲᠤᠷ ᠤᠨ ᠭᠡᠷ ᠪᠦᠯᠢ ᠪᠣᠯᠤᠨ ᠭᠤᠨᠢ ᠨᠠᠰᠤᠲᠠᠨ ᠢ ᠬᠠᠷᠠᠭᠠᠯᠵᠠᠨ ᠬᠠᠪᠰᠤᠷᠴᠤ᠂ ᠵᠡᠮᠳᠡᠭᠴᠦᠳ ᠤᠨ | ︽ᠬᠤᠶᠠᠷ ᠵᠦᠢᠯ ᠤᠨ ᠨᠥᠬᠦᠪᠥᠷᠢ︾ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠎ᠠ᠃ ᠨᠡᠶᠢᠭᠡᠮ | ᠲᠣᠭᠤᠷᠢᠭ ᠪᠠ ᠭᠡᠷ ᠪᠦᠯᠢ ᠶᠢᠨ ᠮᠠᠶ᠋ᠢᠭ ᠤᠨ ᠬᠠᠭᠤᠴᠢᠷᠠᠭᠰᠠᠨ ᠲᠥᠬᠦᠭᠡᠷᠦᠮᠵᠢ ᠶᠢ ᠥᠭᠡᠷᠡᠴᠢᠯᠡᠨ | ᠰᠠᠶᠢᠵᠢᠷᠠᠭᠤᠯᠬᠤ ᠶᠢ ᠴᠢᠩᠭᠠᠳᠬᠠᠵᠤ᠂ ᠨᠠᠰᠤᠲᠠᠨ ᠰᠠᠭᠤᠭ᠎ᠠ ᠬᠠᠷᠢᠴᠠᠯ ᠥᠨᠳᠥᠷ ᠣᠷᠣᠨ ᠰᠠᠭᠤᠴᠠ ᠶᠢᠨ ᠠᠰᠠᠷ ᠲᠤ | ᠴᠠᠬᠢᠯᠭᠠᠨ ᠱᠠᠲᠤ ᠪᠠᠶᠢᠷᠢᠯᠠᠭᠤᠯᠬᠤ ᠶᠢ ᠳᠡᠮᠵᠢᠨ᠎ᠡ᠃ ᠭᠡᠷ ᠪᠠᠶᠢᠰᠢᠩ ᠭᠠᠵᠠᠷ ᠬᠦᠷᠦᠩᠭᠡ ᠶᠢᠨ ᠦᠯᠡᠳᠡᠭᠳᠡᠯ | ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ︽ᠦᠨᠡᠮᠯᠡᠯ ᠠᠪᠬᠤ ᠳᠤ ᠬᠦᠴᠢᠷᠲᠡᠶ︾ ︽ | ᠲᠡᠬᠢᠠ ᠪᠤᠴᠠᠬᠤ ᠳᠤ ᠬᠦᠴᠢᠷᠲᠡᠶ︾ ᠪᠠᠶᠢᠬᠤ ᠵᠡᠷᠭᠡ ᠠᠰᠠᠭᠤᠳᠠᠯ ᠢ ᠲᠦᠷᠭᠡᠪᠴᠢᠯᠡᠨ ᠰᠢᠢᠳᠪᠦᠷᠢᠯᠡᠬᠦ ᠬᠡᠷᠡᠭᠲᠡᠢ᠃ | 4173 ᠨᠡᠶᠢᠲᠡ ᠶᠢᠨ ᠲᠦᠷᠢᠶᠡᠰᠦᠨ ᠤ ᠭᠡᠷ ᠪᠠᠶᠢᠰᠢᠩ ᠂ 27.3 ᠲᠦᠮᠡᠨ ᠲᠡᠭᠰᠢ ᠳᠥᠷᠪᠡᠯᠵᠢᠨ ᠮᠧᠲᠷ | ᠨᠡᠶᠢᠲᠡ ᠶᠢᠨ ᠲᠦᠷᠢᠶᠡᠰᠦᠨ ᠤ ᠭᠡᠷ ᠪᠠᠶᠢᠰᠢᠩ ᠤᠨ ᠲᠦᠷᠢᠶᠡᠰᠦᠯᠡᠵᠦ ᠬᠤᠳᠠᠯᠳᠣᠭᠠᠯᠠᠬᠤ ᠶᠢ ᠵᠡᠷᠭᠡᠪᠡᠷ | ᠶᠠᠪᠣᠭᠳᠠᠭᠤᠯᠬᠤ ᠶᠢ ᠲᠦᠯᠬᠢᠨ ᠠᠬᠢᠭᠤᠯᠣᠨ᠎ᠠ᠃ ᠣᠷᠣᠨ ᠰᠠᠭᠤᠴᠠ ᠶᠢᠨ ᠲᠦᠷᠢᠮ ᠤᠨ ᠥᠭᠡᠷᠡᠴᠢᠯᠡᠯᠲᠡ ᠪᠣᠯᠣᠨ | ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠠᠶᠢᠭᠤᠯᠤᠯᠲᠠ ᠶᠢ ᠲᠥᠷᠭᠡᠳᠬᠡᠵᠦ᠂ ᠨᠡᠩ ᠤᠯᠠᠨ ᠣᠬᠢ | ᠰᠢᠯᠢᠳᠡᠭ ᠠᠮᠢ ᠠᠬᠤᠶ ᠶᠢᠨ ᠣᠷᠣᠨ ᠰᠠᠭᠤᠴᠠ ᠶᠢᠨ ᠦᠢᠯᠡᠳᠬᠦᠨ ᠬᠠᠩᠭᠠᠨ᠎ᠠ᠃ | ᠰᠤᠷᠭᠠᠨ ᠬᠥᠮᠦᠵᠢᠯ ᠤᠨ ᠦᠢᠯᠡᠰ ᠢ ᠤᠷᠢᠳᠠᠪᠠᠷ ᠬᠦᠭᠵᠢᠭᠦᠯᠦᠨ᠎ᠡ᠃ ᠰᠤᠷᠭᠠᠨ ᠬᠥᠮᠦᠵᠢᠯ ᠤᠨ | ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠶᠡᠬᠡᠪᠡᠷ ᠲᠦᠯᠬᠢᠨ ᠠᠬᠢᠭᠤᠯᠵᠤ᠂ ᠠᠯᠪᠠᠨ ᠠᠴᠠ | ᠡᠷᠬᠢᠯᠡᠭᠰᠡᠨ ᠳᠤᠮᠳᠠᠳᠤ ᠪᠠᠭ᠎ᠠ ᠰᠤᠷᠭᠠᠭᠤᠯᠢ 9᠂ ᠬᠡᠦᠬᠡᠳ ᠤᠨ ᠴᠡᠴᠡᠷᠯᠢᠭ 9 ᠶᠢ ᠰᠢᠨ᠎ᠡ ᠪᠠᠷ ᠥᠭᠡᠷᠡᠴᠢᠯᠡᠵᠦ | ᠥᠷᠭᠡᠳᠬᠡᠨ ᠪᠠᠶᠢᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠣᠨᠴᠠᠭᠠᠶ ᠰᠤᠷᠭᠠᠨ | ᠬᠥᠮᠦᠵᠢᠯ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠨᠢᠯᠬ᠎ᠠ ᠬᠡᠥᠬᠡᠳ ᠢ ᠠᠰᠠᠷᠠᠵᠤ ᠬᠠᠷᠠᠭᠠᠯᠵᠠᠬᠤ ᠬᠢᠭᠡᠳ | ᠬᠡᠦᠬᠡᠳ ᠤᠨ ᠡᠬᠢᠨ ᠤ ᠦᠶ᠎ᠡ ᠶᠢᠨ ᠬᠥᠮᠦᠵᠢᠯ ᠤᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠰᠤᠷᠭᠠᠭᠤᠯᠢ ᠶᠢᠨ ᠳᠠᠷᠤᠭ᠎ᠠ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠪᠣᠯᠤᠨ ᠨᠡᠷᠡᠲᠦ ᠪᠠᠭᠰᠢ | ᠬᠥᠮᠦᠵᠢᠭᠦᠯᠬᠦ ᠶᠢ ᠰᠠᠶᠢᠲᠤᠷ ᠠᠳᠬᠤᠵᠤ᠂ ᠴᠢᠨᠠᠷᠯᠢᠭ ᠰᠤᠷᠭᠠᠭᠤᠯᠢ ᠶᠢᠨ ᠪᠦᠯᠦᠭᠯᠡᠯ ᠮᠠᠶ᠋ᠢᠭ ᠢᠶᠠᠷ ᠰᠤᠷᠭᠠᠭᠤᠯᠢ | ᠡᠷᠬᠢᠯᠡᠬᠦ ᠶᠢ ᠵᠣᠷᠢᠭᠵᠢᠭᠤᠯᠵᠤ᠂ ᠣᠷᠣᠭᠤᠯᠤᠨ ᠠᠪᠴᠢᠷᠠᠬᠤ ᠪᠠ ᠬᠤᠯᠪᠣᠭᠠᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ | ᠤᠯᠤᠰ ᠤᠨ ᠳᠣᠲᠣᠭᠠᠳᠤ ᠶᠢᠨ ᠨᠡᠷᠡᠲᠦ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠬᠢᠯᠡᠬᠦ ᠶᠢ ᠳᠡᠮᠵᠢᠨ᠂ | ᠴᠢᠨᠠᠷᠯᠢᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠡᠩᠴᠡᠭᠦᠷᠢᠲᠡᠶ ᠬᠠᠮᠲᠣ ᠪᠠᠷ ᠡᠳ᠋ᠯᠡᠬᠦ ᠬᠥᠭᠵᠢᠯᠲᠡ ᠶᠢ | ᠠᠬᠢᠭᠤᠯᠬᠤ ᠬᠡᠷᠡᠭᠲᠡᠢ᠃ ᠨᠡᠶᠢᠭᠡᠮ ᠤᠨ ᠬᠦᠴᠦᠨ ᠤ ᠰᠤᠷᠭᠠᠨ ᠬᠥᠮᠦᠵᠢᠯ ᠡᠷᠬᠢᠯᠡᠬᠦ ᠶᠢ ᠳᠡᠮᠵᠢᠵᠦ ᠵᠢᠷᠤᠮᠵᠢᠭᠤᠯᠤᠨ᠎ᠠ᠃ | ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | 15 ᠵᠢᠯ ᠤᠨ ᠳᠦᠷᠢᠮᠲᠦ ᠮᠣᠩᠭᠤᠯ ᠰᠤᠷᠭᠠᠭᠤᠯᠢ ᠶᠢ ᠡᠬᠢᠯᠡᠨ ᠪᠠᠶᠢᠭᠤᠯᠣᠨ᠎ᠠ᠃ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠪᠣᠯᠪᠠᠰᠤᠷᠠᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠬᠦᠷᠢᠶᠡᠯᠡᠩ ᠲᠣᠭᠤᠷᠢᠭ ᠢ ᠲᠦᠯᠦᠪᠵᠢᠭᠦᠯᠦᠨ ᠪᠠᠶᠢᠭᠤᠯᠵᠣ᠂ ᠦᠢᠯᠡᠳᠪᠦᠷᠢᠯᠡᠯ ᠬᠥᠮᠦᠵᠢᠯ ᠤᠨ ᠤᠶᠠᠯᠳᠤᠯ ᠪᠣᠯᠣᠨ | ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠡᠯᠪᠡᠷᠢ ᠪᠠᠨ ᠬᠤᠪᠢᠷᠠᠭᠤᠯᠤᠭᠰᠠᠨ | ᠬᠦᠭᠵᠢᠯᠲᠡ ᠶᠢᠨ ᠪᠠᠶᠢᠳᠠᠯ ᠳᠤ ᠵᠣᠬᠢᠴᠠᠭᠰᠠᠨ ᠠᠵᠤ ᠦᠢᠯᠡᠳᠪᠦᠷᠢ ᠶᠢᠨ ᠠᠵᠢᠯᠴᠢᠨ ᠪᠣᠯᠤᠨ ᠲᠧᠭᠨᠢᠭ ᠮᠡᠷᠭᠡᠵᠢᠯ ᠤᠨ | ᠡᠩᠨᠡᠭᠡ ᠶᠢ ᠪᠠᠶᠢᠭᠤᠯᠣᠨ᠎ᠠ᠃ | ᠡᠷᠡᠭᠦᠯ ᠬᠦᠬᠡᠬᠤᠲᠠ ᠶᠢ ᠲᠥᠷᠭᠡᠳᠬᠡᠨ ᠪᠠᠶᠢᠭᠤᠯᠣᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠬᠤᠳᠠ ᠶᠢᠨ ᠳᠡᠰ ᠠᠴᠠ ᠳᠣᠷᠣᠭᠰᠢᠬᠢ | ᠡᠮᠨᠡᠯᠭᠡ ᠶᠢᠨ ᠬᠤᠷᠢᠶ᠎ᠠ ᠶᠢᠨ ᠤᠳᠤ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠲᠦᠷᠢᠮ ᠢ | ᠪᠠᠶᠢᠭᠤᠯᠬᠤ ᠶᠢ ᠲᠦᠯᠬᠢᠨ ᠠᠬᠢᠭᠤᠯᠣᠨ᠎ᠠ᠃ ᠳᠡᠰ ᠬᠤᠪᠢᠶᠠᠵᠤ ᠣᠨᠣᠰᠢᠯᠠᠨ ᠡᠮᠨᠡᠬᠦ ᠲᠦᠷᠢᠮ ᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ᠡᠮᠴᠢᠯᠡᠭᠡᠨ ᠤ ᠬᠤᠯᠪᠣᠭᠠᠲᠤ ᠴᠣᠭᠴᠠ ᠪᠣᠯᠣᠨ ᠨᠡᠷᠡᠲᠦ ᠡᠮᠴᠢ ᠶᠢᠨ ᠠᠵᠢᠯ ᠤᠨ | ᠲᠠᠰᠤᠭ ᠤᠨ ᠪᠦᠲᠦᠭᠡᠨ ᠪᠠᠶᠢᠭᠤᠯᠤᠯᠲᠠ ᠶᠢ ᠲᠥᠷᠭᠡᠳᠬᠡᠵᠦ᠂ ᠦᠨᠳᠦᠰᠦᠨ ᠱᠠᠲᠤᠨ ᠤ ᠡᠮ ᠡᠮᠨᠡᠯᠭᠡ ᠶᠢᠨ | ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ︽ᠡᠮᠨᠡᠯᠭᠡ ᠶᠢᠨ | ᠳᠠᠭᠠᠳᠬᠠᠯ᠂ ᠡᠮ ᠤᠨ ᠵᠦᠢᠯ᠂ ᠡᠮᠴᠢᠯᠡᠯᠭᠡ ᠭᠤᠷᠪᠠ ᠶᠢᠨ ᠬᠠᠮᠲᠤᠷᠠᠨ ᠬᠥᠳᠡᠯᠦᠯᠴᠡᠬᠦ︾ ᠶᠢ ᠭᠦᠨᠵᠡᠭᠡᠶ ᠲᠦᠯᠬᠢᠨ | ᠠᠬᠢᠭᠤᠯᠵᠤ᠂ ᠡᠮ ᠤᠨ ᠵᠦᠢᠯ ᠤᠨ ᠦᠨ᠎ᠡ ᠶᠢ ᠦᠷᠭᠦᠯᠵᠢᠯᠡᠨ ᠪᠠᠭᠤᠷᠠᠭᠤᠯᠵᠣ᠂ ᠣᠷᠣᠨ ᠤ ᠳᠣᠲᠣᠷ᠎ᠠ ᠪᠠ ᠮᠤᠵᠢ | ᠠᠯᠤᠰᠯᠠᠨ ᠡᠮᠨᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠶᠢ ᠲᠦᠯᠬᠢᠨ ᠠᠬᠢᠭᠤᠯᠬᠤ ᠬᠡᠷᠡᠭᠲᠡᠢ᠃ ᠨᠡᠶᠢᠭᠡᠮ ᠤᠨ | ᠬᠦᠴᠦᠨ ᠤ ᠤᠯᠠᠨ ᠳᠡᠰ ᠳᠠᠪᠬᠤᠷᠭ᠎ᠠ ᠶᠢᠨ ᠤᠯᠠᠨ ᠶᠠᠩᠵᠤ ᠶᠢᠨ ᠡᠮᠴᠢᠯᠡᠭᠡᠨ ᠤ ᠦᠢᠯᠡᠴᠢᠯᠡᠭᠡ ᠬᠠᠩᠭᠠᠬᠤ ᠶᠢ | ᠳᠡᠮᠵᠢᠵᠦ᠂ ᠡᠮ ᠡᠮᠨᠡᠯᠭᠡ ᠶᠢᠨ ᠦᠢᠯᠡᠴᠢᠯᠡᠭᠡᠨ ᠤ ᠪᠦᠲᠦᠮᠵᠢᠲᠡᠶ ᠬᠠᠩᠭᠠᠯᠭ᠎ᠠ ᠶᠢ ᠥᠷᠭᠡᠳᠬᠡᠬᠦ ᠬᠡᠷᠡᠭᠲᠡᠢ᠃ ᠡᠮ | ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠬᠤᠲᠠ ᠶᠢᠨ | ᠳᠣᠲᠣᠷᠠᠬᠢ ᠳᠥᠷᠪᠡᠨ ᠲᠣᠭᠤᠷᠢᠭ ᠤᠨ ᠲᠥᠪ ᠡᠮᠨᠡᠯᠭᠡ ᠶᠢᠨ ᠬᠤᠷᠢᠶ᠎ᠠ ᠶᠢ ᠥᠭᠡᠷᠡᠴᠢᠯᠡᠵᠦ ᠥᠷᠭᠡᠳᠬᠡᠨ | ᠪᠠᠶᠢᠭᠤᠯᠬᠤ ᠶᠢ ᠡᠬᠢᠯᠡᠭᠦᠯᠵᠦ᠂ ᠤᠯᠤᠰ ᠤᠨ ᠳᠣᠲᠣᠭᠠᠳᠤ ᠪᠣᠯᠣᠨ ᠣᠷᠣᠨ ᠤ ᠳᠣᠲᠣᠷᠠᠬᠢ ᠲᠤᠮᠤ ᠬᠡᠯᠪᠡᠷᠢ ᠶᠢᠨ | ᠡᠮᠴᠢᠯᠡᠭᠡᠨ ᠤ ᠪᠠᠶᠢᠭᠤᠯᠤᠮᠵᠢ ᠯᠤᠭ᠎ᠠ ᠶᠢᠨ ᠡᠮᠨᠡᠯᠭᠡ ᠶᠢᠨ ᠬᠤᠯᠪᠣᠭᠠᠲᠣ ᠴᠣᠭᠴᠠ ᠶᠢ ᠪᠠᠶᠢᠭᠤᠯᠣᠨ᠎ᠠ᠃ ᠬᠤᠳᠠ ᠶᠢᠨ | ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ ᠪᠠ ᠬᠤᠳᠠ ᠶᠢᠨ ᠭᠤᠷᠪᠠᠳᠤᠭᠠᠷ ᠡᠮᠨᠡᠯᠭᠡ ᠶᠢᠨ | ᠬᠤᠷᠢᠶᠠᠨ ᠤ ᠡᠷᠡᠭᠦᠯᠵᠢᠯ ᠤᠨ ᠲᠥᠪ ᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠵᠦ᠂ 10 | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠣᠨ᠎ᠠ᠃ ︽ | ᠨᠠᠰᠤᠲᠠᠳ ᠪᠣᠯᠣᠨ ᠶᠠᠳᠠᠭᠤ ᠬᠦᠴᠢᠷᠳᠡᠯᠲᠡᠶ ᠬᠦᠮᠦᠰ ᠶᠢ ᠬᠠᠷᠠᠭᠠᠯᠵᠠᠨ ᠬᠠᠶᠢᠷᠠᠯᠠᠬᠤ ᠠᠵᠢᠯᠯᠠᠭ᠎ᠠ︾ ᠶᠢᠨ ᠲᠦᠷᠦᠯ | ᠵᠦᠢᠯ ᠢ ᠡᠬᠢᠯᠡᠭᠦᠯᠵᠦ᠂ ᠡᠷᠡᠭᠦᠯ ᠨᠡᠶᠢᠭᠡᠮ ᠲᠣᠭᠤᠷᠢᠭ ᠢ ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ | ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ | ᠠᠬᠢᠭᠤᠯᠵᠤ᠂ ᠬᠥᠮᠦᠨ ᠠᠮᠠ ᠶᠢᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ᠃ | ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠢᠳᠡᠪᠬᠢᠲᠡᠶ ᠠᠬᠢᠭᠤᠯᠣᠨ᠎ᠠ᠃ ᠦᠨᠳᠦᠰᠦᠨ ᠱᠠᠲᠤᠨ ᠤ | ᠠᠷᠠᠳᠴᠢᠯᠠᠯ ᠤᠨ ᠤᠯᠤᠰ ᠲᠦᠷᠦ ᠪᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠠᠷᠪᠠᠳᠤᠭᠠᠷ ᠬᠤᠭᠤᠴᠠᠭᠠᠨ ᠤ ᠭᠠᠴᠠᠭᠠᠨ ᠤ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ | ᠰᠣᠩᠭᠤᠭᠤᠯᠢ ᠶᠢ ᠶᠠᠪᠣᠭᠤᠯᠣᠨ᠎ᠠ᠃ ᠨᠡᠶᠢᠭᠡᠮ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ | ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠰᠢᠨ᠎ᠡ ᠶᠢ ᠡᠭᠦᠳᠦᠭᠰᠡᠨ ᠵᠢᠱᠢᠶ᠎ᠡ ᠦᠵᠡᠭᠦᠯᠬᠦ ᠨᠡᠶᠢᠭᠡᠮ | ᠲᠣᠭᠤᠷᠢᠭ 100 ᠶᠢ ᠪᠠᠶᠢᠭᠤᠯᠵᠣ᠂ ᠬᠥᠳᠡᠭᠡ ᠲᠣᠰᠬᠤᠨ ᠤ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ | ᠲᠤᠷᠰᠢᠨ ᠬᠢᠬᠦ ᠪᠠᠷ ᠪᠣᠢ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠲᠣᠷᠰᠢᠯᠲᠠ ᠶᠢᠨ ᠬᠤᠲᠠ ᠶᠢᠨ | ᠪᠥᠳᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠦᠬᠦ ᠬᠤᠲᠠ ᠶᠢᠨ | ᠨᠢᠭᠡᠳᠦᠯᠲᠡᠶ ᠢᠲᠡᠭᠡᠮᠵᠢ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠣ᠂ ᠢᠲᠡᠭᠡᠮᠵᠢᠲᠡᠶ ᠪᠠᠶᠢᠬᠤ ᠶᠢ | ᠤᠷᠮᠠᠰᠢᠭᠤᠯᠬᠤ ᠪᠠ ᠢᠲᠡᠭᠡᠯ ᠠᠯᠳᠠᠪᠠᠯ ᠵᠠᠯᠬᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠢᠲᠡᠭᠡᠮᠵᠢ ᠶᠢᠨ ᠣᠷᠴᠢᠨ | ᠨᠥᠬᠦᠴᠡᠯ ᠢ ᠰᠢᠯᠢᠳᠡᠭᠵᠢᠭᠦᠯᠦᠨ᠎ᠡ᠃ ︽ᠬᠦᠯᠦᠰᠦᠨ ᠮᠦᠩᠭᠦ ᠬᠤᠶᠢᠰᠢᠯᠠᠭᠤᠯᠬᠤ ᠶᠢ ᠴᠡᠭᠴᠡᠯᠡᠵᠦ᠂ ᠴᠠᠭ ᠲᠣᠬᠠᠢ | ᠳᠤᠨᠢ ᠣᠯᠭᠤᠬᠤ ᠶᠢ ᠬᠠᠮᠠᠭᠠᠯᠠᠬᠤ︾ ᠠᠵᠢᠯ ᠢ ᠪᠦᠬᠦ ᠬᠦᠴᠦᠨ ᠢᠶᠠᠷ ᠠᠳᠬᠤᠵᠤ᠂ ᠬᠥᠯᠥᠰᠥᠨ ᠠᠵᠢᠯᠴᠢᠨ ᠤ | ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠶ᠃ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠰᠣᠯᠢᠯᠴᠠᠭ᠎ᠠ | ᠠᠭᠤᠰᠤᠯᠴᠠᠯ ᠢ ᠠᠬᠢᠭᠤᠯᠣᠨ᠎ᠠ᠃ ᠱᠠᠰᠢᠨ ᠰᠤᠷᠲᠠᠬᠤᠨ ᠤ ᠡᠶ᠎ᠡ ᠵᠣᠬᠢᠴᠠᠯ ᠪᠣᠯᠣᠨ ᠲᠣᠭᠲᠠᠭᠤᠨ ᠪᠠᠶᠢᠳᠠᠯ ᠢ ᠪᠦᠬᠦ | ᠬᠦᠴᠦᠨ ᠢᠶᠠᠷ ᠢᠶᠠᠨ ᠬᠠᠮᠠᠭᠠᠯᠠᠨ᠎ᠠ᠃ ᠮᠣᠩᠭᠤᠯ ᠬᠡᠯᠡ ᠪᠢᠴᠢᠭ ᠢ ᠳᠡᠯᠭᠡᠷᠡᠭᠦᠯᠬᠦ ᠶᠢ ᠬᠦᠨᠳᠦᠳᠬᠡᠨ ᠦᠵᠡᠵᠦ᠂ | ᠮᠣᠩᠭᠤᠯ ᠬᠡᠯᠡ ᠪᠢᠴᠢᠭ ᠤᠨ ᠮᠡᠳᠡᠭᠡ ᠵᠠᠩᠭᠢᠴᠢᠯᠠᠯᠲᠠ ᠶᠢᠨ ᠶᠡᠷᠦᠩᠬᠡᠶᠢᠯᠡᠭᠰᠡᠨ ᠲᠠᠪᠴᠠᠩ ᠢ ᠪᠠᠶᠢᠭᠤᠯᠵᠤ᠂ ᠮᠣᠩᠭᠤᠯ | ᠬᠡᠯᠡᠨ ᠤ ᠰᠤᠪᠠᠭ ᠢ ᠡᠷᠬᠢᠯᠡᠬᠦ ᠬᠡᠷᠡᠭᠲᠡᠢ᠃ ᠤᠯᠠᠭᠠᠨ ᠵᠠᠭᠠᠯᠮᠠᠶ ᠶᠢᠨ ᠦᠢᠯᠡᠰ ᠢ ᠶᠡᠬᠡᠪᠡᠷ ᠬᠦᠭᠵᠢᠭᠦᠯᠵᠦ᠂ | ᠨᠡᠶᠢᠲᠡ ᠶᠢᠨ ᠠᠰᠠᠷᠠᠮᠵᠢ ᠪᠣᠯᠤᠨ ᠨᠢᠭᠦᠯᠡᠰᠦᠩᠭᠦᠶ ᠶᠢᠨ ᠠᠵᠢᠯ ᠦᠢᠯᠡᠰ ᠤᠨ ᠬᠠᠤᠯᠢ ᠶᠣᠰᠣᠭᠠᠷ ᠡᠷᠡᠭᠦᠯ ᠢᠶᠠᠷ | ᠬᠥᠭᠵᠢᠬᠦ ᠶᠢ ᠲᠦᠯᠬᠢᠨ ᠠᠬᠢᠭᠤᠯᠣᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ ᠵᠡᠷᠭᠡ ᠤᠯᠠᠨ ᠲᠦᠮᠡᠨ ᠤ ᠡᠪᠯᠡᠯ ᠪᠦᠯᠬᠦᠮ ᠤᠨ | ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠡᠭᠲᠡᠶ᠂ ᠬᠡᠦᠬᠡᠳ᠂ ᠨᠠᠰᠤᠲᠠᠨ᠂ | ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠣᠯᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠵᠦᠢ ᠵᠣᠬᠢᠰᠲᠠᠶ ᠡᠷᠡᠮᠡᠯᠵᠡᠯ | ᠱᠠᠭᠠᠷᠳᠠᠯᠭ᠎ᠠ ᠶᠢ ᠬᠠᠤᠯᠢ ᠶᠣᠰᠣᠭᠠᠷ ᠴᠠᠭ ᠲᠤᠬᠠᠶ ᠳᠤᠨᠢ ᠰᠢᠢᠳᠪᠦᠷᠢᠯᠡᠨ᠎ᠡ᠃ ᠠᠶᠤᠯᠭᠦᠶ ᠦᠢᠯᠡᠳᠪᠦᠷᠢᠯᠡᠯ ᠢ | ᠰᠢᠨᠲᠠᠷᠠᠰᠢ ᠦᠭᠡᠢ ᠰᠠᠶᠢᠨ ᠠᠳᠬᠤᠵᠤ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ | ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠴᠠᠭ | ᠠᠭᠤᠷ ᠵᠡᠷᠭᠡ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠳᠠ ᠶᠢᠨ ᠭᠠᠯ ᠤᠨᠲᠠᠷᠠᠭᠠᠬᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂1326 ᠭᠠᠯ ᠤᠨᠲᠠᠷᠠᠭᠠᠭᠤᠯ᠂ 56 ᠭᠠᠯ ᠤᠨᠲᠠᠷᠠᠭᠠᠬᠤ ᠳᠡᠭᠡᠯᠡᠶ | ᠭᠤᠭᠤᠵᠢᠭᠤᠷ ᠰᠢᠨ᠎ᠡ ᠪᠠᠷ ᠲᠠᠭᠠᠷᠠᠭᠤᠯᠵᠣ᠂ 243 ᠨᠡᠶᠢᠭᠡᠮ ᠲᠣᠭᠤᠷᠢᠭ ᠤᠨ ᠭᠠᠯ ᠤᠨᠲᠠᠷᠠᠭᠠᠬᠤ ᠪᠢᠴᠢᠯ ᠥᠷᠲᠡᠭᠡ | ᠪᠠᠶᠢᠭᠤᠯᠬᠤ ᠪᠠᠷ ᠪᠠᠶᠢᠨ᠎ᠠ᠃ ︽ᠪᠦᠬᠦ ᠣᠯᠣᠰ ᠤᠨ ᠢᠳᠡᠭᠡᠨ ᠤ ᠠᠮᠣᠷ ᠲᠦᠪᠰᠢᠨ ᠤ ᠵᠢᠱᠢᠶ᠎ᠡ ᠦᠵᠡᠭᠦᠯᠬᠦ ᠬᠤᠲᠠ | ᠶᠢ ᠡᠭᠦᠳᠦᠨ ᠪᠠᠶᠢᠭᠤᠯᠬᠤ ᠪᠠ ᠲᠠᠷᠢᠶᠠᠯᠩ ᠤᠨ ᠪᠦᠲᠦᠭᠡᠭᠳᠡᠭᠦᠨ ᠤ ᠴᠢᠨᠠᠷ ᠴᠢᠨᠰᠠᠭ᠎ᠠ ᠠᠮᠣᠷ ᠲᠦᠪᠰᠢᠨ ᠰᠢᠶᠠᠨ ᠢ | ᠡᠭᠦᠳᠦᠨ ᠪᠠᠶᠢᠭᠤᠯᠬᠤ︾ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ︽ᠲᠣᠭᠤᠭᠠᠨ ᠭᠡᠷ ᠤᠨ | ᠬᠤᠪᠢᠰᠤᠯᠲᠠ︾ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠢᠳᠡᠭᠡᠨ ᠡᠮ ᠤᠨ ᠵᠦᠢᠯ ᠤᠨ ᠠᠶᠤᠯᠭᠦᠶ ᠶᠢᠨ | ᠵᠠᠰᠠᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ | ᠪᠦᠬᠦ ᠲᠠᠯ᠎ᠠ ᠪᠠᠷ ᠴᠢᠩᠭᠠᠳᠬᠠᠵᠤ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠬᠦ ᠬᠡᠷᠡᠭᠲᠡᠶ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠨ᠂ ᠴᠡᠷᠢᠭ ᠠᠷᠠᠳ ᠤᠨ ᠠᠭᠤᠰᠤᠯᠴᠠᠯ ᠤᠨ | ᠬᠦᠭᠵᠢᠯᠲᠡ ᠶᠢ ᠠᠬᠢᠭᠤᠯᠵᠤ᠂ ᠴᠡᠷᠢᠭ ᠬᠥᠮᠦᠨ ᠴᠡᠷᠢᠭ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠬᠤ ᠬᠡᠷᠡᠭᠲᠡᠶ᠃ ᠠᠮᠤᠷ ᠲᠠᠶᠢᠪᠤᠩ ᠲᠥᠪ ᠬᠤᠲᠠ ᠶᠢᠨ ᠪᠠᠶᠢᠭᠤᠯᠤᠯᠲᠠ ᠶᠢ ᠭᠦᠨᠵᠡᠭᠡᠶ ᠲᠦᠯᠬᠢᠨ | ᠠᠬᠢᠭᠤᠯᠵᠤ᠂ ᠬᠠᠤᠯᠢ ᠶᠢ ᠵᠥᠷᠢᠴᠡᠭᠰᠡᠨ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠠᠷᠠᠳ ᠣᠯᠠᠨ ᠤ ᠠᠮᠤᠷ ᠲᠦᠪᠰᠢᠨ ᠤ ᠰᠡᠳᠬᠢᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ︵ᠠᠷᠪᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠣ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠵᠠᠰᠠᠭ ᠪᠠᠷᠢᠬᠤ ᠳᠤ | ᠬᠠᠮᠤᠭ ᠭᠤᠣᠯ ᠨᠢ ᠲᠣᠰ ᠪᠡᠶ᠎ᠡ ᠶᠢᠨ ᠪᠠᠶᠢᠭᠤᠯᠣᠯᠲᠠ ᠪᠣᠯᠣᠨ᠎ᠠ᠃ ᠬᠤᠳᠠ ᠶᠢᠨ ᠵᠠᠰᠠᠭ ᠤᠨ ᠣᠷᠳᠣᠨ ᠨᠢ ᠡᠭᠦᠷᠭᠡ | ᠴᠢᠳᠠᠪᠤᠷᠢ ᠶᠢᠨ ᠬᠤᠪᠢᠷᠠᠭᠤᠯᠣᠯᠲᠠ ᠪᠠᠨ ᠲᠦᠷᠭᠡᠳᠬᠡᠵᠦ᠂ ᠵᠠᠰᠠᠭ ᠵᠠᠬᠢᠷᠭᠠᠨ ᠤ ᠠᠵᠢᠯᠯᠠᠭ᠎ᠠ ᠪᠠᠨ ᠵᠢᠷᠤᠮᠵᠢᠭᠤᠯᠤᠨ᠂ | ᠦᠢᠯᠡᠴᠢᠯᠡᠭᠡᠨ ᠤ ᠦᠢᠯᠡᠳᠦᠯ ᠴᠢᠳᠠᠮᠵᠢ ᠪᠠᠨ ᠰᠢᠯᠢᠳᠡᠭᠵᠢᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ | ᠠᠷᠠᠳ ᠲᠦᠮᠡᠨ ᠤ ᠰᠡᠳᠬᠢᠯ ᠬᠠᠨᠤᠮᠰᠢᠭᠰᠠᠨ ᠰᠤᠷᠤᠯᠴᠠᠬᠤ ᠪᠠ ᠬᠠᠤᠯᠢ ᠪᠠᠷ ᠵᠠᠰᠠᠬᠤ ᠮᠠᠶ᠋ᠢᠭ ᠤᠨ ᠥᠨᠳᠥᠷ | ᠪᠦᠲᠦᠮᠵᠢᠲᠡᠶ ᠠᠷᠢᠭᠤᠨ ᠴᠢᠬᠡᠴᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠣᠨ᠎ᠠ᠃ | ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃ ︽ᠲᠦᠷᠪᠡᠨ ᠣᠬᠠᠮᠰᠠᠷ︾ ᠢ ᠪᠠᠲᠤ ᠪᠠᠬᠢ ᠪᠤᠢ ᠪᠣᠯᠭᠠᠵᠤ᠂ ︽ | ᠲᠦᠷᠪᠡᠡ ᠢᠲᠡᠭᠡᠯ︾ ᠢ ᠪᠠᠷᠢᠮᠲᠠᠯᠠᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠭᠰᠡᠨ ᠨᠢᠭᠡᠳᠦᠯᠲᠡᠶ ᠤᠳᠤᠷᠢᠳᠤᠯᠭ᠎ᠠ ᠶᠠᠪᠣᠭᠤᠯᠬᠤ ᠶᠢ ᠡᠷᠡᠰ | ᠬᠠᠮᠠᠭᠠᠯᠠᠵᠣ᠂ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠶᠣᠰᠣ ᠲᠦᠷᠢᠮ ᠢ ᠴᠢᠩᠭ᠎ᠠ ᠵᠢᠷᠣᠮᠯᠠᠨ᠂ ᠨᠠᠮ ᠤᠨ | ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ ᠴᠢᠩᠭ᠎ᠠ ᠪᠠᠶᠢᠯᠭᠠᠵᠤ᠂ ᠦᠵᠡᠯ ᠰᠠᠨᠠᠭ᠎ᠠ ᠤᠯᠤᠰ ᠲᠦᠷᠦ | ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ | ᠢᠮᠠᠭᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠬᠡᠷᠡᠭᠲᠡᠶ᠃ ᠨᠠᠮ ᠤᠨ ᠦᠨᠳᠦᠰᠦᠨ ᠤᠨᠤᠯ᠂ ᠦᠨᠳᠦᠰᠦᠨ | ᠱᠤᠭᠤᠮ᠂ ᠦᠨᠳᠦᠰᠦᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠲᠥᠪ ᠬᠤᠲᠠ ᠶᠢᠨ ᠡᠯ᠎ᠡ | ᠵᠦᠢᠯ ᠤᠨ ᠠᠵᠢᠯ ᠢᠮᠠᠭᠲᠠ ᠵᠥᠪ ᠴᠢᠭᠯᠡᠯ ᠢᠶᠠᠷ ᠯᠠᠪᠳᠠᠭᠤᠨ ᠪᠠᠲᠤᠲᠠᠶ ᠶᠠᠪᠣᠭᠳᠠᠬᠤ ᠶᠢ ᠪᠠᠲᠣᠯᠠᠨ᠎ᠠ᠃ ᠨᠠᠮ ᠤᠨ | ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠴᠢᠭᠯᠡᠯ ᠢ ᠠᠳᠬᠤᠨ᠂ ᠪᠦᠬᠦ ᠲᠠᠯ᠎ᠠ ᠶᠢ ᠬᠠᠮᠢᠶᠠᠷᠴᠣ᠂ | ᠨᠠᠶᠢᠳᠠᠪᠣᠷᠢᠵᠢᠭᠤᠯᠬᠤ ᠶᠢ ᠪᠠᠲᠣᠯᠠᠬᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠵᠠᠷᠯᠢᠭ ᠤᠨ | ᠰᠠᠭᠠᠳ ᠦᠭᠡᠢ ᠶᠠᠪᠣᠭᠳᠠᠬᠤ᠂ ᠵᠠᠷᠯᠢᠭ ᠢ ᠴᠢᠩᠭ᠎ᠠ ᠪᠡᠶᠡᠯᠡᠭᠦᠯᠬᠦ᠂ ᠠᠯᠬᠤᠭ᠎ᠠ ᠨᠢᠭᠡᠲᠡᠶ ᠪᠠᠶᠢᠬᠤ ᠶᠢ ᠪᠠᠲᠣᠯᠠᠵᠣ᠂ ᠡᠯ᠎ᠡ | ᠵᠦᠢᠯ ᠤᠨ ᠡᠭᠦᠷᠭᠡ ᠶᠢ ᠰᠢᠭᠤᠷᠬᠠᠢ ᠪᠡᠶᠡᠯᠡᠭᠦᠯᠦᠨ᠎ᠡ᠃ | ᠰᠤᠷᠤᠯᠴᠠᠬᠤ ᠰᠤᠷᠲᠠᠯ ᠢ ᠶᠡᠭᠡ ᠪᠠᠷ ᠳᠡᠯᠭᠡᠷᠡᠭᠦᠯᠦᠨ᠎ᠡ᠃ ᠰᠢᠨ᠎ᠡ ᠴᠠᠭ ᠦᠶ᠎ᠡ ᠰᠢᠨ᠎ᠡ ᠪᠠᠶᠢᠷᠢᠯᠠᠭᠤᠯᠤᠯᠲᠠ | ᠰᠢᠨ᠎ᠡ ᠱᠠᠭᠠᠷᠳᠠᠯᠭ᠎ᠠ ᠶᠢᠨ ᠲᠣᠭᠤᠷᠢᠨ ᠳᠤ ᠨᠠᠰᠤᠨ ᠲᠤᠷᠰᠢᠳᠠ ᠰᠤᠷᠤᠯᠴᠠᠬᠤ ᠣᠶᠢᠯᠠᠭᠠᠭᠳᠠᠬᠤᠨ ᠢ ᠪᠠᠲᠤ ᠪᠠᠬᠢ ᠪᠤᠢ | ᠪᠣᠯᠭᠠᠵᠤ᠂ ᠺᠠᠳ᠋ᠷ ᠤᠨ ᠡᠩᠨᠡᠭᠡᠨ ᠤ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠤᠯᠴᠠᠬᠤ | ᠬᠡᠯᠪᠡᠷᠢ ᠶᠢᠨ ᠵᠠᠰᠠᠭ ᠤᠨ ᠣᠷᠳᠣᠨ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ ︽ᠬᠤᠶᠠᠷ ᠢ | ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠤᠨ ᠠᠵᠢᠯ ᠢ | ᠪᠠᠶᠢᠩᠭᠤᠵᠢᠭᠤᠯᠵᠤ ᠳᠦᠷᠢᠮᠵᠢᠭᠦᠯᠬᠦ ᠶᠢ ᠭᠦᠨᠵᠡᠭᠡᠶ ᠲᠦᠯᠬᠢᠨ ᠠᠬᠢᠭᠤᠯᠵᠤ᠂ ︽ᠣᠭ ᠰᠠᠨᠠᠭ᠎ᠠ ᠪᠠᠨ ᠥᠯᠥ ᠮᠠᠷᠲᠠᠨ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠦᠮᠦᠵᠢᠯ ᠢ ᠯᠠᠪᠳᠠᠭᠤᠨ ᠪᠠᠲᠤᠲᠠᠶ | ᠥᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠣᠯᠣᠨ᠂ | ᠠᠵᠢᠯ ᠢᠶᠠᠨ ᠠᠬᠢᠭᠤᠯᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷ ᠤᠨ ᠰᠣᠷᠣᠯᠴᠠᠯᠭ᠎ᠠ ᠪᠣᠯᠪᠠᠰᠣᠷᠠᠯ ᠢ ᠪᠦᠬᠦ | ᠲᠠᠯ᠎ᠠ ᠪᠠᠷ ᠥᠷᠨᠢᠭᠦᠯᠵᠦ᠂ ᠭᠠᠳᠠᠭᠰᠢ ᠭᠠᠷᠴᠤ ᠰᠣᠯᠢᠯᠴᠠᠬᠤ ᠪᠠ ᠠᠵᠢᠯ ᠤᠨ ᠪᠠᠶᠢᠷᠢ ᠪᠠᠨ ᠡᠭᠡᠯᠵᠢᠯᠡᠨ | ᠦᠢᠯᠡᠳᠦᠯᠭᠡᠵᠢᠬᠦ᠂ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠬᠤ ᠵᠡᠷᠭᠡ ᠠᠳᠠᠯᠢ ᠪᠤᠰᠤ ᠬᠡᠯᠪᠡᠷᠢ ᠪᠠᠷ | ᠳᠠᠮᠵᠢᠭᠤᠯᠤᠨ᠂ ᠤᠯᠤᠰ ᠲᠥᠷᠥ ᠶᠢᠨ ᠣᠨᠣᠯ᠂ ᠲᠡᠷᠢᠭᠦᠨ ᠤ ᠦᠵᠡᠯᠲᠡ᠂ ᠲᠤᠬᠠᠶᠢᠯᠠᠭᠰᠠᠨ ᠠᠵᠢᠯ ᠤᠨ ᠮᠡᠳᠡᠯᠭᠡ | ᠵᠡᠷᠭᠡ ᠪᠠᠨ ᠴᠢᠩᠭᠠᠳᠬᠠᠵᠤ᠂ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠺᠠᠳ᠋ᠷᠴᠤᠳ ᠤᠨ ᠡᠩᠨᠡᠭᠡ ᠶᠢ | ᠲᠥᠷᠭᠡᠳᠬᠡᠨ ᠪᠠᠶᠢᠭᠤᠯᠵᠤ᠂ ᠲᠤᠰᠬᠠᠶ ᠮᠡᠷᠭᠡᠵᠢᠯ ᠤᠨ ᠴᠢᠳᠠᠪᠣᠷᠢ ᠶᠢ ᠬᠦᠮᠦᠵᠢᠭᠦᠯᠦᠨ᠂ ᠲᠤᠰᠬᠠᠶ ᠮᠡᠷᠭᠡᠵᠢᠯ ᠤᠨ | ᠵᠣᠷᠢᠭ ᠰᠠᠨᠠᠭ᠎ᠠ ᠶᠢ ᠪᠠᠳᠠᠷᠠᠭᠤᠯᠵᠣ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠴᠢᠳᠠᠪᠤᠷᠢ ᠪᠠᠨ ᠨᠡᠮᠡᠭᠳᠡᠭᠦᠯᠵᠦ᠂ | ᠥᠷᠭᠡᠨ ᠤᠯᠠᠨ ᠺᠠᠳ᠋ᠷ ᠤᠨ ᠬᠥᠭᠵᠢᠯᠲᠡ ᠶᠢᠨ ᠵᠢᠮ᠎ᠡ ᠶᠣᠰᠣ ᠶᠢ ᠡᠵᠡᠮᠳᠡᠬᠦ᠂ ᠴᠠᠭ ᠤᠨ ᠪᠠᠶᠢᠳᠠᠯ ᠢ ᠵᠠᠳᠠᠯᠣᠨ | ᠰᠢᠨᠵᠢᠯᠡᠬᠦ᠂ ᠴᠢᠨᠠᠷ ᠰᠠᠶᠢᠲᠠᠶ ᠬᠦᠭᠵᠢᠯᠲᠡ ᠶᠢ ᠠᠬᠢᠭᠤᠯᠬᠤ ᠵᠡᠷᠭᠡ ᠴᠢᠳᠠᠪᠣᠷᠢ ᠶᠢ ᠲᠠᠰᠤᠷᠠᠯᠳᠠ ᠦᠭᠡᠢ | ᠳᠡᠭᠡᠭᠰᠢᠯᠡᠭᠦᠯᠦᠨ᠎ᠡ᠃ | ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠠᠬᠢᠭᠤᠯᠣᠨ᠎ᠠ᠃ ᠬᠠᠤᠯᠢ ᠪᠠᠷ ᠵᠠᠰᠠᠬᠤ ᠰᠡᠳᠬᠢᠴᠡ ᠶᠢ ᠪᠠᠲᠤ | ᠪᠠᠬᠢ ᠪᠤᠢ ᠪᠣᠯᠭᠠᠵᠤ᠂ ︽ᠴᠢᠬᠤᠯᠠ ᠶᠡᠭᠡ ᠬᠡᠷᠡᠭ ᠶᠠᠪᠤᠳᠠᠯ ᠤᠨ ᠰᠢᠢᠳᠪᠦᠷᠢ᠂ ᠴᠢᠬᠤᠯᠠ ᠺᠠᠳ᠋ᠷ ᠤᠨ ᠲᠤᠰᠢᠶᠠᠯ | ᠡᠭᠦᠷᠭᠡᠯᠡᠯ᠂ ᠴᠢᠬᠤᠯᠠ ᠲᠥᠷᠥᠯ ᠵᠦᠢᠯ ᠤᠨ ᠲᠤᠬᠢᠷᠠᠭᠤᠯᠤᠯᠲᠠ᠂ ᠶᠡᠭᠡ ᠬᠡᠮᠵᠢᠶᠡᠨ ᠤ ᠵᠠᠷᠤᠳᠠᠯ ᠤᠨ ᠬᠡᠷᠡᠭᠯᠡᠯᠲᠡ︾ | ᠶᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠦᠷᠢᠮ ᠢ ᠨᠠᠷᠢᠨ ᠬᠢᠨᠠᠮᠠᠭᠠᠶ ᠬᠡᠷᠡᠭᠵᠢᠭᠦᠯᠦᠨ᠂ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠶᠢ ᠲᠣᠷᠰᠢᠨ ᠬᠢᠬᠦ ᠠᠵᠢᠯ ᠢ ᠭᠦᠨᠵᠡᠭᠡᠶ ᠲᠦᠯᠬᠢᠨ | ᠠᠬᠢᠭᠤᠯᠵᠤ᠂ ᠰᠢᠢᠳᠪᠦᠷᠢᠲᠦ ᠪᠤᠳᠦᠯᠭ᠎ᠠ ᠲᠣᠭᠲᠠᠭᠠᠬᠤ ᠠᠴᠠ ᠡᠮᠦᠨᠡᠬᠢ ᠲᠦᠭᠰᠢᠭᠦᠷᠢ ᠶᠢ ᠦᠨᠡᠯᠡᠨ ᠵᠢᠱᠢᠬᠦ ᠬᠠᠤᠯᠢ | ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠭᠤᠣᠯᠴᠢ ᠦᠷᠢᠰᠦᠯᠳᠦᠭᠡᠨ ᠢ ᠬᠢᠨᠠᠨ ᠪᠠᠶᠢᠴᠠᠭᠠᠬᠤ ᠳᠦᠷᠢᠮ ᠵᠡᠷᠭᠡ | ᠠᠵᠢᠯ ᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠠᠯᠢᠪᠠ ᠡᠷᠬᠡ ᠶᠢ ᠬᠠᠤᠯᠢ ᠪᠠᠷ ᠵᠠᠰᠠᠬᠤ ᠵᠢᠮ ᠢᠶᠠᠷ | ᠶᠠᠪᠣᠭᠳᠠᠭᠤᠯᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ | ᠰᠠᠨᠠᠭᠤᠯᠭ᠎ᠠ ᠪᠣᠯᠣᠨ ᠤᠯᠤᠰ ᠲᠦᠷᠤ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠨᠠᠷᠢᠨ ᠭᠢᠨᠠᠮᠭᠠᠢ | ᠰᠢᠢᠳᠪᠦᠷᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ | ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ ᠤᠨ ᠶᠠᠷᠢᠶ᠎ᠠ | ᠬᠡᠯᠡᠯᠴᠡᠭᠡᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳᠴᠢᠯᠠᠭᠰᠠᠨ ᠨᠠᠮ ᠪᠦᠯᠦᠭ᠂ | ᠦᠢᠯᠡᠳᠪᠦᠷᠢ ᠬᠤᠳᠠᠯᠳᠤᠭᠠᠴᠢᠳ ᠤᠨ ᠬᠤᠯᠪᠣᠭ᠎ᠠ᠂ ᠨᠠᠮ ᠤᠨ ᠭᠠᠳᠠᠨᠠᠬᠢ ᠰᠡᠭᠡᠭᠡᠲᠡᠨ ᠤ ᠨᠥᠬᠦᠷᠯᠡᠯ ᠤᠨ ᠬᠤᠯᠪᠣᠭ᠎ᠠ | ᠪᠣᠯᠣᠨ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ | ᠳᠣᠯᠣᠳᠤᠭᠠᠷ ᠲᠠᠪᠤᠨ ᠵᠢᠯ ᠤᠨ ᠲᠥᠯᠥᠪᠯᠡᠭᠡ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠶᠢ ᠰᠠᠶᠢᠲᠤᠷ ᠠᠳᠬᠤᠵᠤ᠂ ᠪᠦᠬᠦ ᠠᠷᠠᠳ ᠤᠨ ᠤᠬᠠᠮᠰᠠᠷ ᠠᠴᠠ ᠪᠠᠨ ᠬᠠᠤᠯᠢ ᠴᠠᠭᠠᠵᠠ ᠶᠢ ᠰᠠᠬᠢᠬᠤ | ᠂ ᠤᠴᠢᠷ ᠶᠠᠪᠤᠳᠠᠯ ᠲᠤᠯᠭᠠᠷᠠᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠲᠦᠰᠢᠭᠯᠡᠬᠦ ᠶᠢ | ᠵᠢᠯᠣᠭᠤᠳᠣᠨ᠎ᠠ᠃ | ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠠᠶᠢᠴᠠᠭᠠᠨ ᠰᠤᠳᠤᠯᠤᠯᠲᠠ ᠬᠢᠬᠦ | ᠰᠤᠷᠲᠠᠯ ᠢ ᠶᠡᠬᠡᠪᠡᠷ ᠪᠠᠳᠠᠷᠠᠭᠤᠯᠬᠤ᠂ ᠺᠠᠳ᠋ᠷᠴᠤᠳ ᠤᠨ ᠦᠨᠳᠦᠰᠦᠨ ᠱᠠᠲᠤᠨ ᠳᠤ ᠪᠠᠭᠤᠵᠤ ᠪᠠᠶᠢᠳᠠᠯ ᠢ | ᠣᠶᠢᠯᠠᠭᠠᠬᠤ ᠶᠢ ᠲᠥᠯᠬᠢᠨ ᠠᠬᠢᠭᠤᠯᠵᠤ᠂ ᠣᠯᠠᠨ ᠲᠦᠮᠡᠨ ᠤ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ᠂ | ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠰᠢᠢᠳᠪᠦᠷᠢᠯᠡᠨ᠎ᠡ᠃ ᠦᠨᠡᠨᠴᠢ | ᠢᠲᠡᠭᠡᠮᠵᠢᠲᠡᠶ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ︽ᠰᠢᠨ᠎ᠡ ᠨᠣᠶᠠᠨ ᠬᠠᠭᠤᠴᠢᠨ | ᠲᠠᠩᠰᠠ ᠶᠢ ᠬᠠᠮᠢᠶᠠᠷᠬᠤ ᠦᠭᠡᠢ︾ ᠮᠡᠲᠦ ᠶᠢᠨ ᠠᠰᠠᠭᠤᠳᠠᠯ ᠢ ᠡᠷᠡᠰ ᠬᠤᠷᠢᠭᠯᠠᠨ᠂ ︽ᠲᠦᠯᠬᠢᠬᠦ ᠵᠠᠶᠢᠯᠠᠬᠤ | ᠤᠳᠠᠭᠠᠰᠢᠷᠠᠭᠤᠯᠬᠤ︾ ᠵᠡᠷᠭᠡ ᠲᠤᠰᠬᠠᠯ ᠶᠡᠬᠡᠲᠡᠶ ᠠᠰᠠᠭᠤᠳᠠᠯ ᠢ ᠡᠷᠡᠰ ᠢᠶᠠᠷ ᠵᠠᠯᠬᠠᠭᠠᠨ ᠰᠢᠳᠬᠡᠵᠦ᠂ ᠠᠯᠵᠠᠭᠤ | ᠬᠤᠶᠢᠷᠭᠤ ᠵᠠᠰᠠᠭ ᠤᠨ ᠦᠢᠯᠡ ᠠᠵᠢᠯᠯᠠᠭ᠎ᠠ ᠶᠢ ᠴᠢᠩᠭ᠎ᠠ ᠴᠡᠭᠴᠡᠯᠡᠬᠦ ᠬᠡᠷᠡᠭᠲᠡᠢ᠃ ᠤᠯᠠᠨ ᠲᠦᠮᠡᠨ ᠤ ᠬᠡᠷᠡᠭᠴᠡᠭᠡ ᠳᠤ | ᠵᠣᠬᠢᠴᠠᠭᠤᠯᠤᠨ᠂ ᠬᠡᠷᠡᠭ ᠶᠠᠪᠤᠳᠠᠯ ᠭᠦᠢᠴᠡᠳᠬᠡᠬᠦ ᠴᠤᠪᠤᠷᠠᠯ ᠢ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠦᠷ᠎ᠡ | ᠪᠦᠲᠦᠮᠵᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃ | ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠣᠷᠢ ᠪᠠᠨ ᠨᠡᠮᠡᠭᠳᠡᠭᠦᠯᠵᠦ᠂ ᠦᠨᠡᠨ ᠦᠭᠡ ᠬᠡᠯᠡᠵᠦ᠂ ᠪᠣᠳᠠᠲᠤ | ᠶᠠᠪᠤᠳᠠᠯ ᠬᠢᠵᠦ᠂ ᠪᠣᠳᠠᠲᠠᠢ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠶᠢ ᠪᠠᠷᠢᠮᠲᠠᠯᠠᠵᠤ᠂ ᠵᠣᠷᠢᠭᠲᠠᠶ ᠪᠠᠷ | ᠬᠠᠷᠢᠭᠤᠴᠠᠯᠭ᠎ᠠ ᠡᠭᠦᠷᠭᠡᠯᠡᠵᠦ᠂ ᠬᠦᠴᠢᠷ ᠪᠡᠷᠬᠡᠰᠢᠶᠡᠯ ᠢ ᠲᠣᠭᠤᠯᠣᠨ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠂ | ᠮᠣᠩᠭᠤᠯ ᠮᠣᠷᠢᠨ ᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠢ ᠪᠣᠳᠠᠲᠠᠶ ᠪᠠᠷ ᠬᠢᠵᠦ᠂ ᠨᠠᠷᠢᠯᠢᠭ ᠬᠢᠵᠦ᠂ | ᠰᠠᠶᠢᠲᠤᠷ ᠬᠢᠨ᠎ᠡ᠃ | ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠨ᠎ᠠ᠃ ᠨᠠᠮ ᠤᠨ ᠰᠤᠷᠲᠠᠯ ᠪᠣᠯᠣᠨ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠯᠵᠠᠷᠠᠯ ᠤᠨ ᠠᠰᠠᠭᠤᠳᠠᠯ ᠢ ᠴᠡᠭᠴᠡᠯᠡᠨ | ᠵᠠᠰᠠᠬᠤ ᠡᠷᠴᠢᠮ ᠢᠶᠠᠨ ᠲᠠᠰᠤᠷᠠᠯᠲᠠ ᠦᠭᠡᠶ ᠴᠢᠩᠭᠠᠷᠠᠭᠤᠯᠵᠤ᠂ ᠢᠯᠵᠠᠷᠠᠯ ᠢ ᠡᠰᠡᠷᠭᠦᠴᠡᠬᠦ ᠳᠡᠶᠢᠯᠦᠩᠭᠦᠶ ᠪᠠᠶᠢᠳᠠᠯ ᠢ | ᠪᠠᠬᠢᠵᠢᠭᠦᠯᠦᠨ᠎ᠡ᠃ ᠲᠥᠪ ᠬᠤᠷᠢᠶ᠎ᠠ ᠶᠢᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢᠨ ᠦᠷ᠎ᠡ | ᠪᠦᠲᠦᠭᠡᠯ ᠢ ᠪᠠᠬᠢᠵᠢᠭᠦᠯᠦᠨ ᠬᠡᠷᠡᠭᠵᠢᠭᠦᠯᠵᠦ᠂ ︽ᠳᠥᠷᠪᠡᠨ ᠰᠤᠷᠲᠠᠯ︾ ᠤᠨ ᠠᠰᠠᠭᠤᠳᠠᠯ ᠢ ᠦᠷᠭᠦᠯᠵᠢᠯᠡᠨ | ᠴᠡᠭᠴᠡᠯᠡᠨ ᠵᠠᠰᠠᠵᠣ᠂ ᠣᠨᠴᠠ ᠡᠷᠬᠡ ᠶᠢᠨ ᠦᠵᠡᠯ ᠰᠠᠨᠠᠭ᠎ᠠ ᠪᠣᠯᠣᠨ ᠦᠵᠡᠭᠳᠡᠯ ᠢ ᠡᠷᠡᠰ ᠡᠰᠡᠷᠭᠦᠴᠡᠬᠦ ᠬᠡᠷᠡᠭᠲᠡᠶ᠃ | ᠤᠯᠤᠰ ᠤᠨ ᠬᠢᠨᠠᠨ ᠪᠠᠶᠢᠴᠠᠭᠠᠬᠤ ᠪᠠᠶᠢᠭᠤᠯᠣᠯ ᠤᠨ ᠥᠭᠡᠷᠡᠴᠢᠯᠡᠯᠲᠡ ᠶᠢ ᠭᠦᠨᠵᠡᠭᠡᠶ ᠲᠤᠤᠱᠯᠠᠭᠤᠯᠵᠤ᠂ ᠬᠢᠨᠠᠨ | ᠪᠠᠶᠢᠴᠠᠭᠠᠬᠤ ᠬᠤᠷᠢᠶ᠎ᠠ ᠶᠢᠨ ᠠᠵᠢᠯ ᠢᠶᠠᠨ ᠥᠷᠨᠢᠭᠦᠯᠬᠦ ᠶᠢ ᠪᠦᠬᠦ ᠬᠦᠴᠦ ᠪᠠᠷ ᠢᠶᠠᠨ ᠳᠡᠮᠵᠢᠨ᠎ᠡ᠃ ᠭᠤᠣᠯᠳᠠᠯᠭ᠎ᠠ ᠲᠠᠢ | ᠳᠦᠷᠦᠯ ᠵᠦᠢᠯ᠂ ᠭᠤᠣᠯᠳᠠᠯᠭ᠎ᠠ ᠲᠠᠢ ᠬᠦᠷᠢᠶ᠎ᠡ ᠴᠠᠷ᠎ᠠ᠂ ᠶᠡᠭᠡ ᠲᠣᠭᠠᠨ ᠤ ᠵᠠᠷᠤᠯᠭ᠎ᠠ ᠶᠢ ᠬᠢᠨᠠᠨ ᠪᠤᠳᠤᠬᠤ | ᠬᠦᠴᠦᠯᠡᠴᠡ ᠪᠠᠨ ᠨᠡᠮᠡᠭᠳᠡᠭᠦᠯᠦᠨ᠎ᠡ᠃ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠪᠣᠯᠣᠨ ᠠᠯᠳᠠᠭ᠎ᠠ ᠪᠤᠷᠤᠭᠤ ᠶᠢ | ᠪᠠᠭᠲᠠᠭᠠᠨ ᠵᠠᠯᠠᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠲᠡᠳᠡᠭᠡᠷ ᠵᠣᠷᠢᠭᠲᠠᠶ ᠬᠠᠷᠢᠭᠤᠴᠠᠯᠭ᠎ᠠ ᠡᠭᠦᠷᠭᠡᠯᠡᠬᠦ᠂ | ᠪᠣᠳᠠᠲᠤ ᠶᠠᠪᠤᠳᠠᠯ ᠬᠢᠬᠦ᠂ ᠬᠤᠪᠢ ᠪᠠᠨ ᠪᠣᠳᠣᠬᠤ ᠦᠭᠡᠢ ᠺᠠᠳ᠋ᠷ ᠢ ᠳᠡᠮᠵᠢᠵᠦ᠂ ᠡᠷᠴᠢ ᠵᠣᠷᠢᠭ ᠢ ᠨᠢ ᠬᠦᠪᠴᠢᠯᠡᠨ᠂ | ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ | ᠲᠥᠯᠥᠭᠡᠯᠡᠭᠴᠢᠳ ᠡ᠂ ᠰᠢᠨ᠎ᠡ ᠠᠶᠠᠨ ᠨᠢᠭᠡᠨᠲᠡ ᠡᠬᠢᠯᠡᠭᠰᠡᠨ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠴᠢᠩᠭ᠎ᠠ ᠨᠢᠭᠲᠠᠷᠠᠨ ᠪᠦᠯᠬᠦᠮᠳᠡᠵᠦ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ | ᠶᠡᠷᠦᠩᠬᠡᠶ ᠱᠦᠵᠢ ᠶᠢᠨ︽ᠦᠵᠡᠰᠭᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ | ᠶᠡᠭᠡ ᠳᠤᠮᠳᠠᠳᠤ ᠶᠢᠨ ᠵᠡᠭᠦᠳᠦ ᠶᠢ ᠬᠠᠮᠲᠤᠪᠡᠷ ᠲᠡᠷᠭᠡᠯᠰᠢᠭᠦᠯᠬᠦ︾ ᠴᠢᠬᠤᠯᠠ ᠵᠢᠭᠠᠪᠤᠷᠢ ᠶᠣᠰᠣᠭᠠᠷ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠲᠠ ᠪᠠᠨ ᠪᠣᠯᠭᠠᠵᠣ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠳᠠ ᠶᠢᠨ ᠨᠠᠮ ᠤᠨ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ | ᠲᠦᠮᠡᠨ ᠢ ᠴᠢᠩᠭ᠎ᠠ ᠲᠦᠰᠢᠭᠯᠡᠨ᠂ ᠬᠠᠷᠠᠭ᠎ᠠ ᠲᠡᠷᠯᠡᠨ ᠰᠠᠬᠢᠨ ᠪᠠᠷᠠᠯᠠᠵᠣ᠂ ᠡᠷᠡᠰ ᠵᠣᠷᠢᠭᠲᠠᠢ ᠪᠠᠷ ᠴᠢᠷᠮᠠᠶᠢᠨ | ᠣᠷᠣᠭᠰᠢᠯᠠᠵᠣ᠂ ᠰᠢᠷᠭᠠᠭᠤ ᠬᠠᠲᠠᠭᠤᠵᠢᠯᠲᠠᠢ ᠪᠠᠷ ᠠᠵᠢᠯᠯᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠣᠨ ᠪᠦᠲᠦᠭᠡᠬᠦ ᠰᠢᠢᠳᠪᠦᠷᠢᠲᠦ ᠢᠯᠠᠯᠲᠠ ᠶᠢ ᠣᠯᠵᠣ᠂ ᠣᠷᠣᠨ ᠤ ᠲᠥᠪ ᠤᠨ ᠨᠡᠶᠢᠭᠡᠮ ᠵᠢᠷᠤᠮ ᠤᠨ | ᠣᠳᠣᠬᠢᠴᠢᠯᠠᠭᠰᠠᠨ ᠪᠦᠳᠦᠭᠡᠨ ᠪᠠᠶᠢᠭᠤᠯᠣᠯᠲᠠ ᠶᠢ ᠲᠦᠷᠭᠡᠳᠬᠡᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ | |