ᠴᠢᠩ ᠱᠦᠢ ᠾᠧ ᠰᠢᠶᠠᠨ ᠤ ᠤᠯᠤᠰ ᠳᠦᠷᠤ ᠬᠠᠤᠯᠢ ᠴᠠᠭᠠᠵᠠ ᠶᠢᠨ ᠵᠥᠪᠯᠡᠯ ᠤᠨ ᠱᠦᠵᠢ ᠯᠢ ᠷᠦᠢ ᠵᠢᠶᠦ᠋ᠨ ᠯᠠᠮᠠ ᠶᠢᠨ ᠳᠤᠬᠤᠢ ᠪᠠᠯᠭᠠᠰᠤ ᠳᠤ  ᠭᠦᠨᠵᠡᠭᠡᠶᠢᠷᠡᠵᠦ ᠶᠠᠳᠠᠭᠤ ᠬᠦᠴᠢᠷᠳᠡᠯᠲᠡᠶ ᠡᠷᠦᠬᠡ ᠶᠢ ᠰᠤᠷᠪᠤᠯᠵᠢᠯᠠᠪᠠ
ᠨᠡᠶᠢᠲᠡᠯᠡᠭᠰᠡᠨ ᠴᠠᠭ᠄
2018-05-01
       2018 ᠣᠨ ᠤ 4 ᠳ᠋ᠦ᠋ᠭᠡᠷ ᠰᠠᠷ᠎ᠠ ᠶᠢᠨ 27 ᠤ ᠡᠳᠦᠷ᠂ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠱᠦᠵᠢ ᠯᠢ ᠷᠦᠢ ᠵᠢᠶᠦ᠋ᠨ ᠯᠠᠮᠠ ᠶᠢᠨ ᠳᠤᠬᠤᠢ ᠪᠠᠯᠭᠠᠰᠤ ᠳᠤ ᠭᠦᠨᠵᠡᠭᠡᠶᠢᠷᠡᠨ ᠰᠢᠨ᠎ᠡ ᠪᠠᠷ ᠬᠠᠪᠰᠤᠷᠤᠯᠴᠠᠭ᠎ᠠ ᠪᠠᠶᠢᠭᠤᠯᠤᠭᠰᠠᠨ ᠶᠠᠳᠠᠭᠤ ᠬᠦᠴᠢᠷᠳᠡᠯ ᠲᠠᠢ ᠡᠷᠦᠬᠡ ᠲᠠᠢ ᠪᠠᠨ ᠵᠣᠯᠭᠠᠪᠠ᠃ ᠡᠷᠦᠭᠡ ᠳᠤ ᠣᠷᠣᠭᠰᠠᠨ ᠤ ᠳᠠᠷᠠᠭ᠎ᠠ᠂ ᠯᠢ ᠷᠦᠢ ᠵᠢᠶᠦ᠋ᠨ ᠲᠠᠷᠢᠶᠠᠴᠢᠨ ᠡᠷᠦᠭᠡ ᠯᠦᠭᠡ ᠨᠠᠷᠢᠨ ᠨᠢᠮᠪᠠᠶ ᠶᠠᠷᠢᠯᠴᠠᠵᠤ᠂ ᠲᠡᠭᠦᠨ ᠤ ᠭᠡᠷ ᠪᠦᠯᠢ ᠶᠢᠨ ᠪᠠᠶᠢᠳᠠᠯ᠂ ᠶᠠᠳᠠᠭᠤᠷᠠᠭᠰᠠᠨ ᠰᠢᠯᠲᠠᠭᠠᠨ ᠪᠠ ᠶᠠᠳᠠᠬᠤ ᠶᠢ ᠲᠡᠳᠬᠦᠬᠦ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠶᠠᠳᠠᠭᠤ ᠶᠢ ᠲᠡᠳᠬᠦᠬᠦ ᠳᠤ ᠤᠷᠢᠳᠠᠪᠠᠷ ᠵᠣᠷᠢᠭ ᠶᠢ ᠨᠢ ᠬᠥᠪᠴᠢᠯᠡᠳᠡᠭ᠂ ᠯᠢ ᠱᠦᠵᠢ ᠲᠡᠭᠦᠨ ᠢ ᠬᠦᠴᠢᠷᠳᠡᠯ ᠳᠤ ᠢᠳᠡᠪᠬᠢᠲᠡᠢ ᠪᠠᠷ ᠬᠠᠨᠳᠤᠵᠤ᠂ ᠨᠠᠮ ᠪᠠ ᠵᠠᠰᠠᠭ ᠤᠨ ᠣᠷᠳᠣᠨ ᠤ ᠳᠡᠮᠵᠢᠯᠭᠡ ᠳᠣᠤᠷ᠎ᠠ᠂ ᠬᠤᠪᠢ ᠪᠡᠶ᠎ᠡ ᠶᠢᠨ ᠲᠠᠰᠣᠷᠠᠯᠳᠠ ᠥᠭᠡᠢ ᠴᠢᠷᠮᠠᠶᠢᠯᠭ᠎ᠠ ᠪᠠᠷ ᠳᠠᠮᠵᠢᠭᠤᠯᠤᠨ᠂ ᠶᠠᠳᠠᠭᠤ ᠪᠠᠶᠢᠳᠠᠯ ᠠᠴᠠ ᠡᠷᠲᠡᠬᠡᠨ ᠠᠩᠭᠢᠵᠢᠷᠠᠬᠤ ᠬᠡᠷᠡᠭᠲᠡᠶ ᠭᠡᠵᠦ ᠵᠣᠷᠢᠭᠵᠢᠭᠤᠯᠪᠠ᠃      ᠲᠡᠷᠠᠭ᠎ᠠ ᠨᠢ᠂ ᠯᠢ ᠷᠦᠢ ᠵᠢᠶᠦ᠋ᠨ ᠨᠢ ᠪᠠᠯᠭᠠᠰᠤ ᠶᠢᠨ ᠳᠠᠷᠤᠭ᠎ᠠ ᠯᠢᠦ  ᠽᠠᠢ ᠰᠢᠶᠠᠨ ᠵᠢᠴᠢ ᠬᠤᠪᠢᠳᠠᠨ ᠬᠠᠮᠢᠶᠠᠷᠬᠤ ᠺᠠᠳ᠋ᠷᠴᠤᠳ ᠤᠨ ᠪᠠᠷ᠎ᠠ ᠪᠣᠯᠣᠯᠭ᠎ᠠ ᠲᠠᠢ ᠪᠠᠷ᠂ ᠵᠢᠶᠦ᠋ᠨ ᠽᠢ ᠶᠢᠨ ᠵᠡᠭᠡᠯᠢ ᠪᠣᠯᠣᠨ ᠪᠠᠯᠭᠠᠰᠤ ᠶᠢᠨ ᠣᠷᠣᠵᠤ ᠭᠠᠷᠬᠤ ᠵᠠᠮ ᠳᠤ ᠬᠦᠷᠴᠦ ᠪᠠᠯᠭᠠᠰᠤᠨ ᠤ ᠬᠤᠭ ᠨᠣᠪᠰᠢ ᠶᠢ ᠴᠡᠭᠴᠡᠯᠡᠨ ᠵᠠᠰᠠᠭᠰᠠᠨ ᠪᠠᠶᠢᠳᠠᠯ ᠢ ᠭᠤᠣᠯᠳᠠᠯᠭ᠎ᠠ ᠲᠠᠢ ᠪᠠᠷ ᠪᠠᠶᠢᠴᠠᠭᠠᠨ ᠦᠵᠡᠵᠦ᠂ ᠵᠠᠰᠠᠬᠤ ᠠᠵᠢᠯ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠪᠠ᠃      ᠯᠢ ᠱᠦᠵᠢ ᠵᠢᠭᠠᠵᠤ ᠭᠠᠷᠭᠠᠭᠰᠠᠨ ᠨᠢ᠂ ᠠᠷᠠᠳ ᠤᠯᠠᠨ ᠤ ᠠᠮᠢᠳᠤᠷᠠᠯ ᠤᠨ ᠰᠠᠶᠢᠨ ᠰᠠᠶᠢᠬᠠᠨ ᠣᠷᠴᠢᠨ ᠨᠥᠬᠦᠴᠡᠯ ᠤᠨ ᠬᠡᠷᠡᠭᠴᠡᠭᠡ ᠶᠢ ᠬᠠᠩᠭᠠᠬᠤ ᠪᠣᠯ ᠵᠠᠰᠠᠭ ᠤᠨ ᠣᠷᠳᠣᠨ ᠤ ᠴᠢᠬᠤᠯᠠ ᠡᠭᠦᠷᠭᠡ ᠬᠠᠷᠢᠭᠤᠴᠠᠯᠭ᠎ᠠ ᠪᠣᠯᠣᠨ᠎ᠠ ᠂ ᠡᠨᠡ ᠪᠣᠯ ᠦᠨᠡᠨ ᠪᠣᠳᠠᠲᠠᠶ ᠠᠷᠠᠳ ᠤᠨ ᠠᠮᠢᠳᠤᠷᠠᠯ ᠤᠨ ᠢᠨᠵᠧᠨᠧᠷᠢᠩ᠂ ᠮᠥᠨᠴᠦ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭᠠᠨ ᠤ ᠴᠢᠬᠤᠯᠠ ᠠᠭᠤᠯᠭ᠎ᠠ ᠮᠥᠨ᠃ ᠯᠠᠮᠠ ᠶᠢᠨ ᠳᠤᠬᠤᠢ ᠪᠠᠯᠭᠠᠰᠤᠨ ᠤ ᠪᠣᠳᠠᠲᠠᠶ ᠳᠤ ᠴᠢᠭᠯᠡᠭᠦᠯᠦᠨ᠂ ᠤᠯᠠᠨ ᠠᠷᠭ᠎ᠠ ᠵᠠᠮ ᠣᠯᠠᠨ ᠠᠷᠭ᠎ᠠ ᠬᠡᠮᠵᠢᠶ᠎ᠡ ᠪᠠᠷ ᠪᠠᠯᠭᠠᠰᠤᠨ ᠤ ᠣᠷᠴᠢᠨ ᠲᠣᠭᠤᠷᠢᠨ ᠢ ᠵᠠᠰᠠᠨ ᠰᠠᠶᠢᠵᠢᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠷᠠᠳ ᠤᠯᠠᠨ ᠳᠤ ᠭᠤᠶᠣ ᠰᠠᠶᠢᠬᠠᠨ ᠲᠠᠭᠠᠯᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠢ ᠭᠡᠪᠡ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1