︽ᠴᠢᠩ ᠱᠦᠢ ᠾᠧ ᠰᠢᠶᠠᠨ ᠤ 2017 ᠣᠨ ᠳᠤ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ ᠲᠠᠢ ᠡᠷᠦᠭᠡ ᠶᠢᠨ ᠠᠵᠤ ᠦᠢᠯᠡᠰ ᠤᠨ ᠬᠥᠭᠵᠢᠯᠲᠡ ᠶᠢᠨ ᠨᠥᠬᠦᠪᠥᠷᠢ ᠶᠢᠨ ᠲᠤᠬᠠᠢ ᠵᠢᠯᠣᠭᠤᠳᠬᠤ ᠰᠠᠨᠠᠯ︾ ᠢ ᠳᠠᠷᠤᠮᠠᠯᠯᠠᠨ ᠶᠠᠪᠤᠭᠤᠯᠬᠤ ᠲᠤᠬᠠᠢ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2018-05-10
                ᠴᠢᠩ  ᠵᠠᠰᠠᠭ ᠠᠯᠪᠠᠨ ᠲᠠᠷᠬᠠᠭᠠᠭᠰᠠᠨ  ﹇2017﹈ 55 ᠳ᠋ᠤᠭᠠᠷ ᠲᠣᠭᠠᠲᠤ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠡᠯ᠎ᠡ ᠬᠤᠯᠪᠣᠭᠳᠠᠯ ᠪᠦᠬᠦᠢ ᠨᠢᠭᠡᠴᠡ᠄      ︽ᠴᠢᠩ ᠱᠦᠢ ᠾᠧ ᠰᠢᠶᠠᠨ ᠤ 2017 ᠣᠨ ᠳᠤ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ ᠲᠠᠢ ᠡᠷᠦᠭᠡ ᠶᠢᠨ ᠠᠵᠤ ᠦᠢᠯᠡᠰ ᠤᠨ ᠬᠥᠭᠵᠢᠯᠲᠡ ᠶᠢᠨ ᠨᠥᠬᠦᠪᠥᠷᠢ ᠶᠢᠨ ᠲᠤᠬᠠᠢ ᠵᠢᠯᠣᠭᠤᠳᠬᠤ ᠰᠠᠨᠠᠯ︾ ᠢ ᠨᠢᠭᠡᠨᠲᠡ ᠰᠢᠶᠠᠨ ᠤ ᠠᠷᠠᠳ ᠤᠨ ᠵᠠᠰᠠᠭ ᠤᠨ ᠣᠷᠳᠣᠨ ᠤ 2017 ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠶᠠᠷᠢᠯᠴᠠᠨ ᠪᠠᠲᠤᠯᠠᠪᠠ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠯᠠᠪᠯᠠᠯᠲᠠ ᠪᠣᠯᠭᠠᠨ ᠬᠡᠷᠡᠭᠵᠢᠭᠦᠯᠲᠦᠭᠡᠢ᠃            ᠴᠢᠩ ᠱᠦᠢ ᠾᠧ ᠰᠢᠶᠠᠨ ᠤ 2017 ᠣᠨ ᠳᠤ ᠳᠠᠩᠰᠠᠯᠠᠵᠤ ᠺᠠᠷᠲᠯᠠᠭᠰᠠᠨ            ᠶᠠᠳᠠᠭᠤ ᠬᠦᠴᠢᠷᠳᠡᠯ ᠲᠠᠢ ᠡᠷᠦᠭᠡ ᠶᠢᠨ ᠠᠵᠤ ᠦᠢᠯᠡᠰ ᠬᠥᠭᠵᠢᠯᠲᠡ ᠶᠢᠨ            ᠨᠥᠬᠦᠪᠥᠷᠢ ᠶᠢᠨ ᠲᠤᠬᠠᠢ ᠵᠢᠯᠣᠭᠤᠳᠬᠤ ᠰᠠᠨᠠᠯ      2017 ᠣᠨ ᠳᠤ ︽ᠬᠥᠮᠦᠨ ᠨᠢ ᠶᠠᠳᠠᠭᠤ ᠠᠴᠠ ᠠᠩᠭᠢᠵᠢᠷᠠᠵᠤ᠂ ᠰᠢᠶᠠᠨ ᠤ ᠮᠠᠯᠠᠭᠠᠢ ᠪᠠᠨ ᠬᠠᠶᠠᠬᠤ︾ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠮᠠᠨ ᠤ ᠰᠢᠶᠠᠨ ᠤ ᠲᠣᠭᠲᠠᠭᠠᠭᠰᠠᠨ ᠲᠠᠷᠢᠶᠠᠯᠠᠩ ᠮᠠᠯ ᠠᠵᠤ ᠠᠬᠤᠶ ᠪᠠᠷ ᠭᠤᠣᠯᠯᠠᠬᠤ ᠠᠵᠤ ᠦᠢᠯᠡᠰ ᠪᠣᠯᠭᠠᠭᠬᠤ ᠶᠣᠰᠤᠭᠠᠷ᠂ ᠲᠠᠭᠠᠭᠤᠯᠤᠭᠴᠢ ᠠᠵᠤ ᠠᠬᠤᠶᠢᠯᠠᠯ ᠪᠣᠯᠣᠨ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ ᠲᠠᠢ ᠡᠷᠦᠭᠡ ᠶᠢᠨ ᠠᠰᠢᠭ ᠲᠤᠰᠠ ᠲᠠᠢ ᠬᠤᠯᠪᠣᠭᠤᠯᠬᠤ ᠲᠣᠭᠲᠠᠴᠠ ᠪᠣᠯᠣᠨ ᠲᠣᠪᠶᠤᠭ ᠤᠨ ᠬᠡᠯᠪᠡᠷᠢ ᠶᠢᠨ ᠶᠠᠳᠠᠭᠤ ᠶᠢ ᠲᠡᠳᠬᠦᠬᠦ ᠬᠡᠪ ᠵᠠᠭᠪᠤᠷ ᠤᠨ ᠲᠣᠭᠤᠷᠢᠨ ᠳᠤ ᠬᠦᠷᠢᠶᠡᠯᠡᠵᠦ᠂ ᠪᠦᠬᠦ ᠰᠢᠶᠠᠨ ᠤ ᠪᠣᠳᠠᠲᠠᠶ ᠲᠠᠢ ᠤᠶᠠᠯᠳᠤᠭᠤᠯᠤᠨ᠂ ᠲᠤᠰ ᠵᠢᠯᠣᠭᠤᠳᠬᠤ ᠰᠠᠨᠠᠯ ᠢ ᠲᠣᠭᠲᠠᠭ᠋ᠪᠠ᠃      ᠨᠢᠭᠡ᠂ ᠦᠨᠳᠦᠰᠦᠨ ᠵᠠᠷᠴᠢᠮ      ︵ᠨᠢᠭᠡ︶ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ ᠲᠠᠢ ᠡᠷᠦᠭᠡ ᠶᠢᠨ ᠬᠦᠰᠡᠯ ᠶᠢ ᠨᠢ ᠬᠦᠨᠳᠦᠳᠬᠡᠬᠦ ᠵᠠᠷᠴᠢᠮ ᠢ ᠪᠠᠷᠢᠮᠲᠠᠯᠠᠨ᠎ᠠ᠃ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ ᠲᠠᠢ ᠡᠷᠦᠬᠡ ᠠᠴᠠ ᠠᠵᠤ ᠦᠢᠯᠡᠰ ᠢᠶᠠᠨ ᠰᠠᠶᠢᠨ ᠳᠤᠷ᠎ᠠ ᠠᠴᠠ ᠪᠠᠨ ᠰᠣᠩᠭᠤᠵᠤ᠂ ᠥᠪᠡᠷᠲᠡᠭᠡᠨ ᠵᠣᠬᠢᠶᠠᠨ ᠪᠠᠶᠢᠭᠤᠯᠵᠤ ᠬᠡᠷᠡᠭᠵᠢᠭᠦᠯᠦᠯᠨ᠎ᠡ᠃      ︵ᠬᠤᠶᠠᠷ︶ ᠪᠡᠯᠡ ᠮᠥᠩᠭᠦ ᠶᠢ ᠣᠨᠣᠪᠴᠢᠲᠠᠢ ᠪᠠᠷ ᠡᠷᠥᠭᠡ ᠳᠤ ᠬᠦᠷᠦᠭᠦᠯᠵᠦ᠂ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ ᠶᠢ ᠰᠡᠷᠭᠡᠶᠢᠯᠡᠬᠦ ᠵᠠᠷᠴᠢᠮ ᠢ ᠪᠠᠷᠢᠮᠲᠠᠯᠠᠨ᠎ᠠ᠃ ᠶᠠᠳᠠᠭᠤ ᠶᠢ ᠲᠡᠳᠬᠦᠬᠦ ᠪᠡᠯᠡ ᠮᠥᠩᠭᠦ ᠶᠢ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ ᠶᠢ ᠰᠡᠷᠭᠡᠶᠢᠯᠡᠬᠦ ᠶᠢᠨ ᠲᠤᠰᠠᠳᠠ᠂ ᠠᠵᠤ ᠦᠢᠯᠡᠰ ᠤᠨ ᠬᠥᠭᠵᠢᠯᠲᠡ ᠶᠢᠨ ᠨᠥᠬᠦᠪᠥᠷᠢ ᠶᠢᠨ ᠪᠡᠯᠡ ᠮᠥᠩᠭᠦ ᠶᠢ ︽ᠪᠦᠬᠦᠨ ᠳᠤ ᠲᠣᠬᠢᠷᠠᠬᠤ ᠺᠠᠷᠲ︾ ᠢᠶᠠᠷ ᠶᠠᠳᠠᠭᠤ ᠬᠦᠴᠢᠷᠳᠡᠯ ᠲᠠᠢ ᠡᠷᠦᠬᠡ ᠳᠤ ᠰᠢᠭᠤᠳ ᠨᠥᠬᠦᠪᠦᠷᠢᠯᠡᠵᠦ᠂ ᠪᠡᠯᠡ ᠮᠥᠩᠭᠦ ᠣᠯᠭᠤᠬᠤ᠂ ᠬᠡᠷᠡᠭᠯᠡᠯᠲᠡ ᠶᠢ ᠡᠷᠥᠭᠡ ᠲᠤ ᠣᠨᠣᠪᠴᠢᠲᠠᠢ ᠪᠠᠷ ᠬᠦᠷᠭᠡᠬᠦ ᠶᠢ ᠦᠨᠡᠨᠬᠦ ᠪᠠᠲᠤᠯᠠᠨ᠎ᠠ᠃      ︵ᠭᠤᠷᠪᠠ︶ ᠰᠢᠶᠠᠩ ᠪᠠᠯᠭᠠᠰᠤ ᠵᠢᠯᠣᠭᠤᠳᠴᠤ᠂ ᠵᠠᠰᠠᠭ ᠵᠠᠬᠢᠷᠭᠠᠨ ᠤ ᠲᠣᠰᠬᠤᠨ ᠵᠣᠬᠢᠶᠠᠨ ᠪᠠᠶᠢᠭᠤᠯᠵᠤ᠂ ᠡᠷᠦᠬᠡ ᠳᠤ ᠬᠡᠷᠡᠭᠵᠢᠭᠦᠯᠬᠦ ᠵᠠᠷᠴᠢᠮ ᠢ ᠪᠠᠷᠢᠮᠲᠠᠯᠠᠨ᠎ᠠ᠃ ᠠᠵᠤ ᠦᠢᠯᠡᠰ ᠢᠶᠠᠷ ᠶᠠᠳᠠᠭᠤ ᠠᠴᠠ ᠠᠩᠭᠢᠵᠢᠷᠠᠭᠤᠯᠬᠤ ᠲᠥᠷᠥᠯ ᠵᠦᠢᠯ ᠢ ᠰᠢᠶᠠᠩ ᠪᠠᠯᠭᠠᠰᠤ ᠠᠴᠠ ᠵᠢᠯᠣᠭᠤᠳᠬᠤ᠂ ᠵᠠᠰᠠᠭ ᠵᠠᠬᠢᠷᠭᠠᠨ ᠤ ᠲᠣᠰᠬᠤᠨ ᠠᠴᠠ ᠵᠣᠬᠢᠶᠠᠨ ᠪᠠᠶᠢᠭᠤᠯᠵᠤ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ ᠲᠠᠢ ᠡᠷᠦᠬᠡ ᠠᠴᠠ ᠥᠪᠡᠰᠦᠪᠡᠨ ᠬᠡᠷᠡᠭᠵᠢᠭᠦᠯᠦᠨ᠎ᠡ᠃      ︵ᠲᠦᠷᠪᠡ︶ ︽ᠲᠣᠰᠬᠤᠨ ᠡᠷᠦᠬᠡ ᠶᠢᠨ ᠪᠠᠶᠢᠳᠠᠯ ᠳᠤ ᠨᠡᠶᠢᠴᠡᠵᠦ︾᠂ ︽ᠠᠰ ᠠᠰ ᠢᠶᠠᠷ ᠨᠢ ᠵᠥᠪᠯᠡᠬᠦ︾ ᠵᠠᠷᠴᠢᠮ ᠢ ᠪᠠᠷᠢᠮᠲᠠᠯᠠᠨ᠎ᠠ᠃ ᠨᠥᠬᠦᠪᠥᠷᠢ ᠮᠥᠩᠭᠦ ᠥᠭᠬᠦ ᠭᠠᠷᠴᠠᠭ ᠲᠤ ᠵᠢᠭᠰᠠᠭᠠᠭᠳᠠᠭᠰᠠᠨ ᠠᠵᠤ ᠦᠢᠯᠡᠰ ᠢᠶᠠᠷ ᠶᠠᠳᠠᠭᠤ ᠠᠴᠠ ᠠᠩᠭᠢᠵᠢᠷᠠᠭᠤᠯᠬᠤ ᠲᠥᠷᠥᠯ ᠵᠦᠢᠯ ᠢ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ ᠲᠠᠢ ᠡᠷᠦᠬᠡ᠂ ᠲᠣᠰᠬᠤᠨ ᠤ ᠵᠥᠪᠯᠡᠯ᠂ ᠲᠣᠰᠬᠤᠨ ᠳᠤ ᠰᠠᠭᠤᠭ᠎ᠠ ᠶᠠᠳᠠᠭᠤ ᠶᠢ ᠲᠡᠳᠬᠦᠬᠦ ᠠᠵᠢᠯᠯᠠᠬᠤ ᠠᠩᠭᠢ ᠠᠴᠠ ᠬᠠᠪᠰᠤᠷᠤᠨ ᠲᠡᠳᠬᠦᠬᠦ ᠠᠷᠭ᠎ᠠ ᠮᠠᠶ᠋ᠢᠭ ᠪᠣᠯᠤᠨ ᠶᠠᠳᠠᠭᠤ ᠶᠢ ᠲᠡᠳᠬᠦᠬᠦ ᠲᠥᠯᠥᠪᠵᠢᠭᠦᠯᠭᠡ ᠶᠢ ᠡᠷᠦᠬᠡ ᠳᠠᠷᠠᠭᠠᠯᠠᠨ᠂ ᠲᠣᠰᠬᠤᠨ ᠳᠠᠷᠠᠭᠠᠯᠠᠨ ᠲᠣᠭᠲᠠᠭᠠᠵᠤ᠂ ᠲᠥᠯᠥᠪᠵᠢᠭᠦᠯᠭᠡ ᠶᠢ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠵᠥᠪᠰᠢᠶᠡᠷᠡᠭᠦᠯᠦᠭᠡᠳ᠂ ᠰᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠲᠤ ᠮᠡᠳᠡᠭᠦᠯᠵᠦ ᠳᠠᠩᠰᠠᠯᠠᠭᠤᠯᠤᠨ᠎ᠠ᠃      ᠬᠤᠶᠠᠷ᠂ ᠬᠡᠷᠡᠭᠵᠢᠭᠦᠯᠬᠦ ᠠᠭᠤᠯᠭ᠎ᠠ      ᠠᠵᠤ ᠦᠢᠯᠡᠰ ᠢᠶᠠᠷ ᠶᠠᠳᠠᠭᠤ ᠠᠴᠠ ᠠᠩᠭᠢᠵᠢᠷᠠᠭᠤᠯᠬᠤ ᠲᠥᠷᠥᠯ ᠵᠦᠢᠯ ᠨᠢ ᠭᠤᠤᠯᠳᠠᠭᠤ ᠬᠥᠳᠡᠯᠮᠦᠷᠢᠯᠡᠬᠦ ᠴᠢᠳᠠᠪᠤᠷᠢ ᠲᠠᠢ᠂ ᠪᠠᠶᠠᠵᠢᠬᠤ ᠬᠦᠰᠡᠯ ᠲᠠᠢ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠡᠳᠭᠦᠨ ᠳᠡᠮᠵᠢᠬᠦ ᠪᠣᠯᠣᠨ᠎ᠠ᠃  ᠵᠢᠵᠢᠭ ᠬᠤᠯᠢᠮᠠᠭ ᠠᠮᠤ ᠲᠠᠷᠢᠬᠤ᠂  ᠥᠯᠵᠡᠶᠢᠲᠦ ᠤᠳᠪᠠᠯᠠ ᠲᠠᠷᠢᠬᠤ᠂ ᠰᠠᠶᠢᠨ ᠡᠭᠦᠯᠳᠡᠷ ᠤᠨ ᠲᠥᠮᠥᠰᠥ ᠲᠠᠷᠢᠬᠤ᠂ ᠢᠳᠡᠰᠢᠨ ᠬᠤᠨᠢ᠂ ᠢᠳᠡᠰᠢᠨ ᠦᠬᠡᠷ᠂ ᠢᠳᠡᠰᠢᠨ ᠡᠯᠵᠢᠭᠡ᠂ ᠰᠠᠭᠠᠯᠢ ᠶᠢᠨ ᠢᠮᠠᠭ᠎ᠠ᠂ ᠠᠮᠢᠳᠤ ᠭᠠᠭ᠋ᠠᠶ᠂ ᠨᠤᠲᠤᠭ ᠤᠨ ᠥᠨᠳᠡᠭᠡᠨ ᠲᠡᠬᠢᠶ᠎ᠠ ᠲᠡᠵᠢᠭᠡᠵᠦ ᠦᠷᠡᠵᠢᠭᠦᠯᠬᠦ ᠠᠵᠤ ᠦᠢᠯᠡᠰ ᠤᠨ ᠲᠥᠷᠥᠯ ᠵᠦᠢᠯ ᠢ ᠭᠤᠣᠯᠳᠠᠯᠭ᠎ᠠ ᠲᠠᠢ ᠬᠥᠭᠵᠢᠭᠦᠯᠦᠨ᠎ᠡ᠃ ᠠᠵᠤ ᠦᠢᠯᠡᠰ ᠢᠶᠠᠷ ᠶᠠᠳᠠᠭᠤ ᠠᠴᠠ ᠠᠩᠭᠢᠵᠢᠷᠠᠭᠤᠯᠬᠤ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ ᠲᠠᠢ ᠡᠷᠦᠬᠡ ᠳᠤ ᠲᠣᠪᠶᠤᠭ ᠬᠡᠯᠪᠡᠷᠢ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠢ ᠳᠠᠪᠬᠤᠷᠳᠠᠨ ᠬᠡᠷᠡᠭᠵᠢᠭᠦᠯᠵᠦ ᠪᠣᠯᠤᠨ᠎ᠠ᠃ ᠰᠠᠭᠠᠯᠢ ᠶᠢᠨ ᠢᠮᠠᠭ᠎ᠠ ᠲᠡᠵᠢᠭᠡᠵᠦ ᠦᠷᠡᠵᠢᠭᠦᠯᠬᠦ ᠠᠵᠤ ᠦᠢᠯᠡᠰ ᠢ ᠵᠣᠷᠢᠭᠵᠢᠭᠤᠯᠬᠤ ᠶᠢᠨ ᠲᠤᠰᠠᠳᠠ᠂ ᠳᠠᠩ ᠭᠠᠭᠴᠠ ᠰᠠᠭᠠᠯᠢ ᠶᠢᠨ ᠢᠮᠠᠭ᠎ᠠ ᠲᠡᠵᠢᠭᠡᠵᠦ ᠦᠷᠡᠵᠢᠭᠦᠯᠬᠦ ᠠᠵᠤ ᠦᠢᠯᠡᠰ ᠶᠢ ᠰᠣᠩᠭᠤᠭᠰᠠᠨ ᠶᠠᠳᠠᠭᠤ ᠬᠦᠴᠢᠷᠳᠡᠯᠲᠡᠶ ᠡᠷᠦᠬᠡ ᠪᠦᠷᠢ ᠳᠤ ᠬᠠᠮᠤᠭ ᠥᠨᠳᠥᠷ ᠲᠡᠭᠡᠨ 2 ᠲᠦᠮᠡᠨ ᠲᠥᠭᠦᠷᠢᠭ ᠤᠨ ᠨᠥᠬᠦᠪᠥᠷᠢ ᠣᠯᠭᠤᠵᠤ ᠪᠣᠯᠤᠨ᠎ᠠ᠃ ᠰᠠᠭᠠᠯᠢ ᠶᠢᠨ ᠢᠮᠠᠭ᠎ᠠ ᠠᠴᠠ ᠪᠤᠰᠤᠳ ᠭᠠᠷᠴᠠᠭ ᠲᠠᠬᠢ ᠠᠵᠤ ᠦᠢᠯᠡᠰ ᠤᠨ ᠲᠦᠷᠦᠯ ᠵᠦᠢᠯ ᠰᠣᠩᠭᠤᠭᠰᠠᠨ ᠪᠠᠶᠢᠪᠠᠯ᠂ ᠡᠷᠦᠬᠡ ᠪᠦᠷᠢ ᠳᠤ ᠬᠠᠮᠤᠭ ᠥᠨᠳᠥᠷ ᠲᠡᠭᠡᠨ 1 ᠲᠦᠮᠡᠨ ᠲᠥᠭᠦᠷᠢᠭ ᠤᠨ ᠨᠥᠬᠦᠪᠥᠷᠢ ᠣᠯᠭᠤᠵᠤ ᠪᠣᠯᠤᠨ᠎ᠠ᠂ ᠲᠤᠬᠠᠶᠢᠯᠠᠪᠠᠯ ᠠᠵᠤ ᠦᠢᠯᠡᠰ ᠢᠶᠠᠷ ᠶᠠᠳᠠᠭᠤ ᠠᠴᠠ ᠠᠩᠭᠢᠵᠢᠷᠠᠭᠤᠯᠬᠤ ᠨᠥᠬᠦᠪᠥᠷᠢ ᠶᠢᠨ ᠭᠠᠷᠴᠠᠭ ᠢᠶᠠᠷ ᠪᠣᠳᠣᠵᠤ ᠭᠠᠷᠭᠠᠭᠰᠠᠨ ᠨᠥᠬᠦᠪᠥᠷᠢ ᠶᠢᠨ ᠲᠤᠭ᠎ᠠ  ᠨᠢ 1 ᠲᠦᠮᠡᠨ ᠲᠥᠭᠦᠷᠢᠭ ᠠᠴᠠ ᠳᠣᠣᠷ᠎ᠠ ᠪᠠᠶᠢᠬᠤ ᠦᠶ᠎ᠡ ᠳᠤ᠂ ᠪᠣᠳᠣᠵᠤ ᠭᠠᠷᠭᠠᠭᠰᠠᠨ ᠨᠥᠬᠦᠪᠥᠷᠢ ᠮᠥᠩᠭᠦ ᠶᠢᠨ  ᠪᠣᠲᠠᠲᠠᠢ ᠲᠤᠭ᠎ᠠ ᠶᠣᠰᠣᠭᠠᠷ ᠨᠢ ᠨᠥᠬᠦᠪᠥᠷᠢ ᠣᠯᠭᠤᠨ᠎ᠠ︔ 1 ᠲᠦᠮᠡᠨ ᠲᠥᠭᠦᠷᠢᠭ ᠤᠨ ᠥᠨᠳᠥᠷ ᠦᠶ᠎ᠡ ᠪᠠᠶᠢᠬᠤ ᠦᠶ᠎ᠡ ᠳᠤ᠂ 1 ᠲᠦᠮᠡᠨ ᠲᠥᠭᠦᠷᠢᠭ ᠪᠠᠷ ᠨᠥᠬᠦᠪᠦᠷᠢᠯᠨᠨ᠎ᠡ᠃ ᠶᠠᠳᠠᠭᠤ ᠬᠦᠴᠢᠷᠳᠡᠯᠲᠡᠶ ᠡᠷᠦᠬᠡ ᠨᠢ ᠪᠠᠰᠠ ᠲᠡᠳᠡᠨᠡᠷ ᠤᠨ ᠬᠥᠭᠵᠢᠯᠲᠡ ᠶᠢ ᠳᠠᠭᠠᠭᠤᠯᠤᠨ ᠳᠠᠢᠴᠢᠯᠠᠵᠤ ᠴᠢᠳᠠᠬᠤ ᠬᠠᠶᠢᠷ᠎ᠠ ᠰᠡᠳᠬᠢᠯ ᠲᠠᠢ᠂ ᠢᠲᠡᠭᠡᠮᠵᠢ ᠲᠠᠢ᠂ ᠪᠣᠳᠠᠲᠤ ᠬᠦᠴᠦᠨ ᠲᠠᠢ ᠺᠣᠮᠫᠠᠨᠢ᠂ ᠠᠵᠤ ᠠᠬᠤᠶᠢᠯᠠᠯ᠂ ᠬᠤᠷᠰᠢᠶ᠎ᠠ ᠵᠡᠷᠭᠡ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠣᠯ ᠴᠣᠭᠴᠠ ᠶᠢ ᠰᠣᠩᠭᠤᠨ ᠠᠵᠤ ᠦᠢᠯᠡᠰ ᠢᠶᠠᠨ ᠨᠠᠢᠳᠠᠨ ᠬᠠᠮᠢᠶᠠᠷᠤᠭᠤᠯᠵᠤ ᠪᠣᠯᠣᠨ᠎ᠠ᠃      ︵ᠨᠢᠭᠡ︶ ᠣᠨᠴᠠᠯᠢᠭ ᠪᠦᠬᠦᠢ ᠲᠠᠷᠢᠮᠠᠯ ᠤᠨ ᠠᠵᠤ ᠦᠢᠯᠡᠰ      1.ᠵᠢᠵᠢᠭ ᠬᠤᠯᠢᠮᠠᠭ ᠠᠮᠤ ᠶᠢᠨ ᠠᠵᠤ ᠦᠢᠯᠡᠰ᠄ ᠶᠠᠳᠠᠭᠤ ᠬᠦᠴᠢᠷᠳᠡᠯ ᠲᠠᠢ ᠡᠷᠦᠬᠡ ᠶᠢᠨ ᠨᠠᠷᠢᠮᠤ ᠢᠶᠠᠷ ᠭᠤᠣᠯ ᠪᠣᠯᠭᠠᠭᠰᠠᠨ ᠬᠤᠯᠢᠮᠠᠭ ᠠᠮᠤ ᠬᠤᠯᠢᠮᠠᠭ ᠪᠤᠷᠴᠠᠭ ᠪᠣᠯᠣᠨ ᠲᠣᠰᠣᠯᠢᠭ ᠲᠠᠷᠢᠮᠠᠯ ᠬᠤᠮᠠ ᠲᠠᠷᠢᠬᠤ ᠶᠢ ᠵᠣᠷᠢᠭᠵᠢᠭᠤᠯᠤᠨ᠎ᠠ᠃ ᠰᠠᠶᠢᠨ ᠡᠭᠦᠯᠳᠡᠷ ᠤᠨ ᠦᠷ᠎ᠡ ᠶᠢ ᠰᠣᠩᠭᠤᠵᠤ᠂ ᠮᠦ ᠪᠦᠷᠢ ᠶᠢᠨ ᠴᠢᠭᠢ ᠬᠠᠮᠠᠭᠠᠯᠠᠬᠤ ᠪᠠᠷᠢᠮᠵᠢᠶ᠎ᠠ ᠳᠤ ᠬᠥᠷᠥᠭᠰᠡᠨ ᠳᠤ ᠨᠢ ᠮᠦ ᠪᠦᠷᠢ ᠳᠤ 500 ᠲᠥᠭᠦᠷᠢᠭ ᠨᠥᠬᠦᠪᠦᠷᠢᠯᠡᠵᠦ᠂ ᠡᠷᠥᠭᠡ ᠪᠦᠷᠢ ᠳᠤ ᠬᠠᠮᠤᠭ ᠢᠯᠡᠭᠦᠦ ᠳᠡᠭᠡᠨ 5 ᠮᠦ ᠤᠨ ᠨᠥᠬᠦᠪᠦᠷᠢ ᠣᠯᠭᠤᠵᠤ ᠪᠣᠯᠣᠨ᠎ᠠ᠃      2. ᠥᠯᠵᠡᠶᠢᠲᠦ ᠤᠳᠪᠠᠯᠠ ᠶᠢᠨ ᠠᠵᠤ ᠦᠢᠯᠡᠰ᠄ ᠮᠠᠨ ᠤ ᠰᠢᠶᠠᠨ ᠤ ᠥᠪᠡᠷᠮᠢᠴᠡ ᠭᠠᠵᠠᠷ ᠵᠦᠶ᠂ ᠠᠭᠤᠷ ᠠᠮᠢᠰᠬᠤᠯ ᠤᠨ ᠣᠷᠴᠢᠨ ᠲᠣᠭᠤᠷᠢᠨ ᠢ ᠭᠦᠢᠴᠡᠳ ᠠᠰᠢᠭᠯᠠᠵᠤ᠂ ︽ᠺᠣᠮᠫᠠᠨᠢ ︵ᠬᠤᠷᠰᠢᠶ᠎ᠠ︶ + ᠰᠠᠭᠤᠷᠢᠨ ᠭᠠᠵᠠᠷ + ᠶᠠᠳᠠᠭᠤ ᠬᠦᠴᠢᠷᠳᠡᠯᠲᠡᠶ ᠡᠷᠦᠬᠡ︾ ᠶᠢᠨ ᠬᠡᠪ ᠵᠠᠭᠪᠤᠷ ᠶᠣᠰᠣᠭᠠᠷ᠂ ᠥᠯᠵᠡᠶᠢᠲᠦ ᠤᠳᠪᠠᠯᠠ ᠶᠢᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠥᠯᠵᠡᠶᠢᠲᠦ ᠤᠳᠪᠠᠯᠠ ᠲᠠᠷᠢᠭᠰᠠᠨ ᠶᠠᠳᠠᠭᠤ ᠬᠦᠴᠢᠷᠳᠡᠯᠲᠡᠢ ᠡᠷᠦᠬᠡ ᠳᠤ ᠮᠦ ᠪᠦᠷᠢ 500 ᠲᠥᠭᠦᠷᠢᠭ ᠨᠥᠬᠦᠪᠦᠷᠢᠯᠡᠵᠦ᠂ ᠡᠷᠥᠭᠡ ᠪᠦᠷᠢ ᠳᠤ ᠬᠠᠮᠤᠭ ᠢᠯᠡᠭᠦᠦ ᠳᠡᠭᠡᠨ 5 ᠮᠦ ᠤᠨ ᠨᠥᠬᠦᠪᠦᠷᠢ ᠣᠯᠭᠤᠵᠤ ᠪᠣᠯᠣᠨ᠎ᠠ᠃      3. ᠲᠥᠮᠥᠰᠥ ᠲᠠᠷᠢᠬᠤ ᠠᠵᠤ ᠦᠢᠯᠡᠰ᠄ ᠲᠥᠮᠥᠰᠦ ᠶᠢ ᠭᠤᠣᠯ ᠠᠮᠤ ᠪᠤᠳᠠᠭ᠎ᠠ ᠪᠣᠯᠭᠠᠬᠤ ᠪᠠᠶᠢᠯᠳᠤᠬᠤ ᠪᠤᠳᠤᠯᠭ᠎ᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠲᠠᠷᠢᠶᠠᠴᠢᠳ ᠤᠨ ᠰᠠᠶᠢᠨ ᠡᠭᠦᠯᠳᠡᠷ ᠤᠨ ᠲᠥᠮᠥᠰᠥ ᠲᠠᠷᠢᠬᠤ ᠳᠤ ᠣᠷᠣᠯᠴᠠᠵᠬᠤ ᠶᠢ ᠢᠳᠡᠪᠬᠢᠲᠡᠢ ᠵᠣᠷᠢᠭᠵᠢᠭᠤᠯᠵᠤ᠂ ᠲᠥᠮᠥᠰᠥ ᠶᠢᠨ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠰᠠᠶᠢᠨ ᠡᠭᠦᠯᠳᠡᠷ ᠤᠨ ᠲᠥᠮᠥᠰᠥ ᠲᠠᠷᠢᠭᠰᠠᠨ ᠶᠠᠳᠠᠭᠤ ᠬᠦᠴᠢᠷᠳᠡᠯᠲᠡᠶ ᠡᠷᠦᠬᠡ ᠳᠤ ᠮᠦ ᠪᠦᠷᠢ 500 ᠲᠥᠭᠦᠷᠢᠭ ᠨᠥᠬᠦᠪᠦᠷᠢᠯᠡᠵᠦ᠂ ᠡᠷᠥᠭᠡ ᠪᠦᠷᠢ ᠳᠤ ᠬᠠᠮᠤᠭ ᠢᠯᠡᠭᠦᠦ ᠳᠡᠭᠡᠨ 5 ᠮᠦ ᠤᠨ ᠨᠥᠬᠦᠪᠦᠷᠢ ᠣᠯᠭᠤᠵᠤ ᠪᠣᠯᠣᠨ᠎ᠠ᠃      ︵ᠬᠤᠶᠠᠷ︶ ᠣᠨᠴᠠᠯᠢᠭ ᠪᠦᠬᠦᠢ ᠲᠡᠵᠢᠭᠡᠨ ᠦᠷᠡᠵᠢᠭᠦᠯᠬᠦ ᠠᠵᠤ ᠦᠢᠯᠡᠰ      1. ᠢᠳᠡᠰᠢᠨ ᠬᠤᠨᠢᠨ ᠤ ᠠᠵᠤ ᠦᠢᠯᠡᠰ᠄ ᠢᠳᠡᠰᠢᠨ ᠬᠤᠨᠢ ᠲᠡᠵᠢᠭᠡᠨ ᠦᠷᠡᠵᠢᠭᠦᠯᠬᠦ ᠤᠯᠠᠮᠵᠢᠯᠠᠯᠲᠤ ᠠᠵᠤ ᠦᠢᠯᠡᠰ ᠤᠨ ᠳᠠᠪᠠᠭᠤᠯᠢᠭ ᠲᠠᠯ᠎ᠠ ᠪᠠᠨ ᠪᠠᠳᠠᠷᠠᠭᠤᠯᠵᠤ᠂ ᠢᠳᠡᠰᠢᠨ ᠬᠤᠨᠢ ᠲᠡᠵᠢᠭᠡᠨ ᠦᠷᠡᠵᠢᠭᠦᠯᠬᠦ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠨᠠᠰᠤᠨ ᠳᠤ ᠬᠦᠷᠦᠭᠰᠡᠨ ᠰᠠᠶᠢᠨ ᠡᠭᠦᠯᠳᠡᠷ ᠤᠨ ᠢᠳᠡᠰᠢᠨ ᠬᠤᠨᠢᠨ ᠰᠠᠭᠤᠷᠢ ᠡᠬᠡ ᠬᠤᠨᠢ ᠪᠤᠶᠤ ᠬᠤᠴᠠ ᠬᠤᠳᠠᠯᠳᠤᠨ ᠠᠪᠤᠭᠰᠠᠨ ᠶᠠᠳᠠᠭᠤ ᠬᠦᠴᠢᠷᠳᠡᠯᠲᠡᠶ ᠡᠷᠦᠬᠡ ᠳᠤ ᠬᠤᠨᠢ ᠪᠦᠷᠢ 800 ᠲᠥᠭᠦᠷᠢᠭ ᠨᠥᠬᠦᠪᠦᠷᠢᠯᠡᠵᠦ᠂ ᠡᠷᠥᠭᠡ ᠪᠦᠷᠢ ᠳᠤ ᠬᠠᠮᠤᠭ ᠢᠯᠡᠭᠦᠦ ᠳᠡᠭᠡᠨ10 ᠬᠤᠨᠢ ᠶᠢᠨ ᠨᠥᠬᠦᠪᠦᠷᠢ ᠣᠯᠭᠤᠵᠤ ᠪᠣᠯᠣᠨ᠎ᠠ᠃      2. ᠢᠳᠡᠰᠢᠨ ᠡᠯᠵᠢᠭᠡ ᠶᠢᠨ ᠠᠵᠤ ᠦᠢᠯᠡᠰ᠄ ᠥᠪᠥᠷ ᠮᠣᠩᠭᠤᠯ ᠤᠨ ᠼᠣᠣ ᠶᠤᠸᠠᠨ ᠲᠦᠩ ᠮᠦ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠶᠢᠨ ᠮᠠᠨ ᠤ ᠰᠢᠶᠠᠨ ᠳᠤ ᠪᠦᠲᠦᠭᠡᠨ ᠪᠠᠶᠢᠭᠤᠯᠤᠭᠰᠠᠨ ᠲᠦᠮᠡᠨ ᠲᠣᠯᠣᠭᠠᠢ ᠶᠢᠨ ᠬᠡᠪᠴᠢᠶᠡᠵᠢᠯ ᠲᠠᠢ ᠢᠳᠡᠰᠢᠨ ᠡᠯᠵᠢᠭᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠶᠢ ᠲᠥᠰᠢᠭᠯᠡᠵᠦ᠂ ᠢᠳᠡᠰᠢᠨ ᠡᠯᠵᠢᠭᠡ ᠲᠡᠵᠢᠭᠡᠵᠦ ᠦᠷᠡᠵᠢᠭᠦᠯᠬᠦ ᠲᠣᠮᠣ ᠰᠢᠶᠠᠨ ᠢ ᠬᠦᠴᠦᠯᠡᠨ ᠪᠤᠢ ᠪᠣᠯᠭᠠᠨ᠎ᠠ᠃ 2 ᠨᠠᠰᠤᠲᠠᠶ ᠨᠠᠰᠤ ᠠᠴᠠ ᠳᠡᠭᠡᠭᠰᠢ ᠰᠠᠶᠢᠨ ᠡᠭᠦᠯᠳᠡᠷ ᠤᠨ ᠢᠳᠡᠰᠢᠨ ᠡᠯᠵᠢᠭᠡ ᠶᠢᠨ ᠰᠠᠭᠤᠷᠢ ᠡᠬᠡ ᠡᠯᠵᠢᠭᠡ ᠬᠤᠳᠠᠯᠳᠤᠨ ᠠᠪᠤᠭᠰᠠᠨ ᠶᠠᠳᠠᠭᠤ ᠬᠦᠴᠢᠷᠳᠡᠯᠲᠡᠶ ᠡᠷᠦᠬᠡ ᠳᠤ ᠲᠣᠯᠣᠭᠠᠶ ᠪᠦᠷᠢ 5000 ᠲᠥᠭᠦᠷᠢᠭ ᠨᠥᠬᠦᠪᠦᠷᠢᠯᠡᠵᠦ᠂ ᠡᠷᠥᠭᠡ ᠪᠦᠷᠢ ᠳᠤ ᠬᠠᠮᠤᠭ ᠢᠯᠡᠭᠦᠦ ᠳᠡᠭᠡᠨ 2 ᠡᠯᠵᠢᠭᠡ ᠶᠢᠨ ᠨᠥᠬᠦᠪᠦᠷᠢ ᠣᠯᠭᠤᠵᠤ ᠪᠣᠯᠣᠨ᠎ᠠ᠃      3 . ᠢᠳᠡᠰᠢᠨ ᠦᠬᠡᠷ ᠤᠨ ᠠᠵᠤ ᠦᠶ᠋ᠯᠡᠰ᠄ ᠮᠠᠨ ᠤ ᠰᠢᠶᠠᠨ ᠤ ᠲᠡᠵᠢᠭᠡᠯ ᠡᠪᠡᠰᠦᠨ ᠤ ᠡᠬᠢ ᠪᠠᠶᠠᠯᠢᠭ ᠡᠯᠪᠡᠭ ᠪᠠᠶᠠᠯᠢᠭ ᠥᠪᠡᠷᠮᠢᠴᠡ ᠳᠠᠪᠠᠭᠤᠯᠢᠭ ᠲᠤ ᠰᠠᠭᠤᠷᠢᠯᠠᠵᠤ᠂ ᠲᠠᠷᠢᠶᠠᠴᠢᠳ ᠤᠨ ᠢᠳᠡᠰᠢᠨ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠬᠥᠭᠵᠢᠭᠦᠯᠬᠦ ᠵᠣᠷᠢᠭᠵᠢᠭᠤᠯᠤᠨ᠎ᠠ᠃ ᠰᠠᠶᠢᠨ ᠡᠭᠦᠯᠳᠡᠷ ᠤᠨ ᠢᠳᠡᠰᠢᠨ ᠦᠬᠡᠷ ᠤᠨ ᠰᠠᠭᠤᠷᠢ ᠦᠨᠢᠶ᠎ᠡ ᠬᠤᠳᠠᠯᠳᠤᠨ ᠠᠪᠤᠭᠰᠠᠨ ᠶᠠᠳᠠᠭᠤ ᠬᠦᠴᠢᠷᠳᠡᠯᠲᠡᠶ ᠡᠷᠦᠬᠡ ᠳᠤ ᠲᠣᠯᠣᠭᠠᠶ ᠪᠦᠷᠢ 5000 ᠲᠥᠭᠦᠷᠢᠭ ᠨᠥᠬᠦᠪᠦᠷᠢᠯᠡᠵᠦ᠂ ᠡᠷᠥᠭᠡ ᠪᠦᠷᠢ ᠳᠤ ᠬᠠᠮᠤᠭ ᠢᠯᠡᠭᠦᠦ ᠳᠡᠭᠡᠨ 2 ᠦᠬᠡᠷ ᠤᠨ ᠨᠥᠬᠦᠪᠦᠷᠢ ᠣᠯᠭᠤᠵᠤ ᠪᠣᠯᠣᠨ᠎ᠠ᠃      4 . ᠰᠠᠭᠠᠯᠢ ᠶᠢᠨ ᠢᠮᠠᠭ᠎ᠠ ᠶᠢᠨ ᠠᠵᠤ ᠦᠢᠯᠡᠰ᠄ ᠴᠢᠩ ᠱᠦᠢ ᠾᠧ ᠰᠢᠶᠠᠨ ᠬᠠᠶ ᠢᠦᠢ ᠬᠤᠩ ᠰᠠᠭ᠎ᠠ ᠯᠢ ᠶᠢᠨ ᠢᠮᠠᠭ᠎ᠠ ᠶᠢᠨ ᠬᠥᠭᠵᠢᠯᠲᠡ ᠶᠢᠨ ᠰᠠᠭᠤᠷᠢᠨ ᠭᠠᠵᠠᠷ ᠲᠤ ᠲᠦᠰᠢᠭᠯᠡᠵᠦ᠂ ᠬᠤᠩ ᠾᠧ ᠪᠠᠯᠭᠠᠰᠤᠨ ᠤ ᠵᠢᠤᠢ ᠪᠦᠦ ᠵᠤᠸᠠᠩ᠂ ᠴᠢᠶᠠᠨ ᠯᠢᠶᠠᠩ ᠲᠣᠰᠬᠤᠨ ᠤ ᠲᠠᠷᠢᠶᠠᠴᠢᠳ ᠤᠨ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠶᠢ ᠶᠡᠬᠡᠪᠡᠷ ᠬᠥᠭᠵᠢᠭᠦᠯᠦᠨ᠎ᠡ᠃ᠡᠳᠦᠷ ᠲᠤ 5 ᠵᠢᠩ ᠠᠴᠠ ᠪᠠᠭ᠎ᠠ ᠦᠭᠡᠢ ᠰᠦ ᠶᠢᠨ ᠭᠠᠷᠤᠯᠲᠠ ᠲᠠᠢ ᠰᠠᠭᠠᠯᠢ ᠶᠢᠨ ᠢᠮᠠᠭ᠎ᠠ ᠬᠤᠳᠠᠯᠳᠤᠨ ᠠᠪᠤᠭᠰᠠᠨ ᠵᠢᠤᠢ ᠪᠦᠦ ᠵᠤᠸᠠᠩ᠂ ᠴᠢᠶᠠᠨ ᠯᠢᠶᠠᠩ ᠲᠣᠰᠬᠤᠨ ᠤ ᠶᠠᠳᠠᠭᠤ ᠬᠦᠴᠢᠷᠳᠡᠯ ᠲᠠᠢ ᠡᠷᠦᠬᠡ ᠳᠤ  ᠲᠣᠯᠣᠭᠠᠶ ᠪᠦᠷᠢ ᠳᠤ 2000 ᠲᠥᠭᠦᠷᠢᠭ ᠨᠥᠬᠦᠪᠦᠷᠢᠯᠡᠵᠦ᠂ ᠡᠷᠥᠭᠡ ᠪᠦᠷᠢ ᠳᠤ ᠬᠠᠮᠤᠭ ᠢᠯᠡᠭᠦᠦ ᠳᠡᠭᠡᠨ 10 ᠢᠮᠠᠭ᠎ᠠ ᠶᠢᠨ ᠨᠥᠬᠦᠪᠦᠷᠢ ᠣᠯᠭᠤᠵᠤ ᠪᠣᠯᠣᠨ᠎ᠠ᠃      5 . ᠠᠮᠢᠳᠤ ᠭᠠᠭ᠋ᠠᠶ ᠶᠢᠨ ᠠᠵᠤ ᠦᠢᠯᠡᠰ᠄ ᠶᠠᠳᠠᠭᠤ ᠬᠦᠴᠢᠷᠳᠡᠯ ᠲᠠᠢ ᠡᠷᠦᠬᠡ ᠮᠡᠭᠡᠵᠢ ᠲᠣᠷᠣᠢ ᠬᠤᠳᠠᠯᠳᠤᠨ ᠠᠪᠤᠨ ᠲᠡᠵᠢᠭᠡᠨ ᠦᠷᠡᠵᠢᠭᠦᠯᠵᠦ᠂  ᠬᠤᠳᠠᠯᠳᠤᠨ ᠠᠪᠤᠭᠰᠠᠨ ᠲᠣᠷᠣᠢ ᠨᠢ 50 ᠺᠢᠯᠣᠭ᠍ᠷᠠᠮ ᠠᠴᠠ ᠳᠡᠭᠡᠭᠰᠢ ᠳᠤ ᠦᠰᠦᠨ ᠬᠦᠷᠦᠭᠰᠡᠨ ᠪᠠᠶᠢᠪᠠᠯ ᠬᠦᠷᠴᠦ᠂ ᠭᠠᠭ᠋ᠠᠢ ᠪᠦᠷᠢ 1000 ᠲᠥᠭᠦᠷᠢᠭ ᠤᠨ ᠨᠥᠪᠦᠷᠢᠯᠵᠦ᠂ ᠡᠷᠥᠭᠡ ᠪᠦᠷᠢ ᠳᠤ ᠬᠠᠮᠤᠭ ᠢᠯᠡᠭᠦᠦ ᠳᠡᠭᠡᠨ 2 ᠭᠠᠭ᠋ᠠᠢ ᠶᠢᠨ ᠨᠥᠬᠦᠪᠦᠷᠢ ᠣᠯᠭᠤᠵᠤ ᠪᠣᠯᠣᠨ᠎ᠠ᠃      6 . ᠨᠤᠲᠤᠭ ᠤᠨ ᠥᠨᠳᠡᠭᠡᠨ ᠤ ᠲᠠᠬᠢᠶᠠᠨ ᠤ ᠠᠵᠤ ᠦᠢᠯᠡᠰ᠄ ᠲᠠᠷᠢᠶᠠᠴᠢᠳ ᠤᠨ ᠨᠤᠲᠤᠭ ᠤᠨ ᠥᠨᠳᠡᠭᠡᠨ ᠤ ᠲᠡᠬᠢᠶ᠎ᠠ ᠲᠡᠵᠢᠭᠡᠨ ᠦᠷᠡᠵᠢᠭᠦᠯᠬᠦ ᠶᠢ ᠵᠣᠷᠢᠭᠵᠢᠭᠤᠯᠤᠨ᠎ᠠ᠃ ᠨᠠᠰᠤᠨ ᠳᠤ ᠬᠦᠷᠦᠭᠰᠡᠨ‌ᠥᠨᠳᠡᠭᠡᠨ ᠲᠠᠬᠢᠶ᠎ᠠ ᠶᠠᠳᠠᠭᠤ ᠬᠦᠴᠢᠷᠳᠡᠯᠲᠡᠶ ᠡᠷᠦᠬᠡ ᠳᠤ᠂ ᠡᠷᠥᠭᠡ ᠪᠦᠷᠢ ᠳᠤ ᠬᠠᠮᠤᠭ ᠢᠯᠡᠭᠦᠦ ᠳᠡᠭᠡᠨ 50 ᠲᠠᠬᠢᠶ᠎ᠠ ᠶᠢᠨ ᠨᠥᠬᠦᠪᠦᠷᠢ ᠣᠯᠭᠤᠵᠤ ᠪᠣᠯᠣᠨ᠎ᠠ᠃      ︵ᠭᠤᠷᠪᠠ︶ ᠠᠵᠤ ᠦᠢᠯᠡᠰ ᠤᠨ ᠨᠠᠶᠢᠳᠠᠨ ᠬᠠᠮᠢᠶᠠᠷᠤᠯᠲᠠ      ᠠᠵᠤ ᠦᠢᠯᠡᠰ ᠤᠨ ᠨᠠᠶᠢᠳᠠᠨ ᠬᠠᠮᠢᠶᠠᠷᠤᠯᠲᠠ ᠶᠢ ᠬᠡᠷᠡᠭᠵᠢᠭᠦᠯᠵᠦ ᠪᠠᠶᠢᠭ᠎ᠠ ᠶᠠᠳᠠᠭᠤ ᠬᠦᠴᠢᠷᠳᠡᠯᠲᠡᠢ ᠡᠷᠦᠬᠡ ᠳᠤ᠂ ᠡᠯ᠎ᠡ ᠰᠢᠶᠠᠩ ᠪᠠᠯᠭᠠᠰᠤ ︽ᠲᠣᠰᠬᠤᠨ ᠳᠤ ᠬᠦᠷᠲᠡᠯ᠎ᠡ ᠡᠷᠦᠬᠡ ᠳᠤ ᠬᠦᠷᠲᠡᠯ᠎ᠡ︾ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ ᠶᠢ ᠠᠰᠢᠭᠯᠠᠵᠤ᠂ ᠥᠪᠥᠷ ᠮᠣᠩᠭᠤᠯ ᠤᠨ ᠱᠧᠩ ᠳ᠋ᠢ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠼᠣᠣ ᠶᠤᠸᠠᠨ ᠲᠦᠩ ᠶᠤᠸᠠᠨ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ᠂ ᠴᠢᠩ ᠱᠦᠢ ᠾᠧ ᠰᠢᠶᠠᠨ ᠬᠠᠶ ᠢᠦᠢ ᠬᠤᠩ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠠᠵᠢᠯ ᠤᠨ ᠬᠤᠷᠰᠢᠶ᠎ᠠ ᠲᠠᠢ ᠬᠠᠮᠲᠤᠷᠠᠨ ᠠᠵᠢᠯᠯᠠᠵᠤ᠂ ᠲᠠᠪᠤᠨ ᠵᠢᠯ ᠤᠨ ᠨᠠᠶᠢᠳᠠᠨ ᠲᠡᠵᠢᠭᠡᠬᠦ ᠵᠥᠪᠳᠡᠯᠴᠡᠭᠡᠷ ᠲᠣᠭᠲᠠᠭᠠᠵᠤ᠂ ᠰᠠᠭᠠᠯᠢ ᠶᠢᠨ ᠦᠨᠢᠶ᠎ᠡ᠂ ᠢᠳᠡᠰᠢᠨ ᠡᠯᠵᠢᠭᠡ᠂ ᠰᠠᠭᠠᠯᠢ ᠶᠢᠨ ᠢᠮᠠᠭ᠎ᠠ ᠶᠢ ᠨᠠᠶᠢᠳᠠᠨ ᠲᠡᠵᠢᠭᠡᠬᠦ ᠢ ᠬᠡᠷᠡᠭᠵᠢᠭᠦᠯᠵᠦ᠂ ᠵᠢᠯ ᠪᠦᠷᠢ ᠠᠵᠤ ᠠᠬᠤᠶᠢᠯᠠᠯ ᠠᠴᠠ ᠨᠠᠶᠢᠳᠠᠨ ᠲᠡᠵᠢᠭᠡᠯᠭᠡᠭᠰᠡᠨ ᠶᠠᠳᠠᠭᠤ ᠬᠦᠴᠢᠷᠳᠡᠯᠲᠡᠶ ᠡᠷᠦᠬᠡ ᠳᠤ ᠨᠠᠭᠠᠳᠤ ᠵᠠᠬ᠎ᠠ  ᠳᠠᠭᠠᠨ 2000 ᠲᠥᠭᠦᠷᠢᠭ — 4000 ᠲᠥᠭᠦᠷᠢᠭ ᠤᠨ ᠠᠰᠢᠭ ᠬᠤᠪᠢᠶᠠᠵᠤ᠂  ᠵᠥᠪᠳᠡᠯᠴᠡᠭᠡᠷ ᠤᠨ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ ᠠᠵᠤ ᠠᠬᠤᠶᠢᠯᠠᠯ ᠠᠴᠠ ᠬᠡᠷᠡᠭᠯᠡᠵᠦ ᠪᠠᠶᠢᠭ᠎ᠠ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢ ᠪᠠᠶᠢᠭ᠎ᠠ ᠲᠣᠰᠬᠤᠨ ᠤ ᠬᠠᠮᠲᠤ ᠨᠡᠶᠢᠲᠡ ᠳᠤ ᠪᠥᠬᠦ ᠲᠤᠭ᠎ᠠ ᠪᠠᠷ ᠨᠢ  ᠪᠤᠴᠠᠭᠠᠵᠤ ᠰᠢᠨ᠎ᠡ ᠨᠢᠭᠡ ᠡᠭᠡᠯᠵᠢ ᠶᠢᠨ ᠳᠠᠬᠢᠵᠤ ᠶᠠᠳᠠᠭᠤᠷᠠᠭᠰᠠᠨ ᠬᠦᠴᠢᠷᠳᠡᠯ ᠲᠠᠢ ᠡᠷᠦᠬᠡ ᠶᠢᠨ ᠳᠡᠳᠬᠦᠨ ᠳᠡᠮᠵᠢᠬᠦ ᠳᠤ ᠬᠡᠷᠡᠭᠯᠡᠨ᠎ᠡ᠃      ᠭᠤᠷᠪᠠ᠂ ᠬᠡᠷᠡᠭᠵᠢᠭᠦᠯᠬᠦ ᠴᠤᠪᠤᠷᠠᠯ      1 . ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ︽ᠴᠢᠩ ᠱᠦᠢ ᠾᠧ ᠰᠢᠶᠠᠨ ᠤ 2017 ᠣᠨ ᠳᠤ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ︿ᠲᠣᠪᠶᠤᠭ ᠤᠨ ᠮᠠᠶ᠋ᠢᠭ﹀ ᠤᠨ ᠠᠵᠤ ᠦᠢᠯᠡᠰ ᠤᠨ ᠲᠥᠷᠥᠯ ᠵᠦᠢᠯ ᠤᠨ ᠨᠥᠬᠦᠪᠥᠷᠢ ᠶᠢᠨ ᠪᠠᠷᠢᠮᠵᠢᠶ᠎ᠠ ᠶᠢᠨ ᠭᠠᠷᠴᠠᠭ︾ ᠪᠣᠯᠣᠨ ︽ᠴᠢᠩ ᠱᠦᠢ ᠾᠧ ᠰᠢᠶᠠᠨ ᠢ ᠶᠠᠳᠠᠭᠤ ᠠᠴᠠ ᠠᠩᠭᠢᠵᠢᠷᠠᠭᠤᠯᠬᠤ ᠠᠵᠤ ᠦᠢᠯᠡᠰ ᠤᠨ ᠲᠥᠷᠥᠯ ᠵᠦᠢᠯ ᠰᠣᠩᠭᠤᠬᠤ ᠬᠦᠰᠡᠯ ᠰᠠᠨᠠᠭ᠎ᠠ ᠶᠢᠨ ᠪᠢᠴᠢᠭ︾ ᠲᠣᠭᠲᠠᠭᠠᠨ᠎ᠠ᠃      2 . ᠲᠣᠰᠬᠤᠨ ᠤ ᠬᠤᠶᠠᠷ ᠵᠥᠪᠯᠡᠯ ᠪᠣᠯᠣᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠠᠴᠠ ᠶᠠᠳᠠᠭᠤ ᠬᠦᠴᠢᠷᠳᠡᠯ ᠲᠠᠢ ᠡᠷᠦᠬᠡ ᠶᠢᠨ ᠠᠵᠤ ᠦᠢᠯᠡᠰ ᠢᠶᠠᠷ ᠶᠠᠳᠠᠭᠤ ᠠᠴᠠ ᠠᠩᠭᠢᠵᠢᠷᠠᠭᠤᠯᠬᠤ ᠬᠦᠰᠡᠯ ᠰᠠᠨᠠᠭ᠎ᠠ ᠬᠤᠷᠢᠶᠠᠬᠤ ᠶᠢ ᠵᠣᠬᠢᠶᠠᠨ ᠪᠠᠶᠢᠭᠤᠯᠵᠤ᠂ ︽ᠴᠢᠩ ᠱᠦᠢ ᠾᠧ ᠰᠢᠶᠠᠨ ᠢ ᠶᠠᠳᠠᠭᠤ ᠠᠴᠠ ᠠᠩᠭᠢᠵᠢᠷᠠᠭᠤᠯᠬᠤ ᠠᠵᠤ ᠦᠢᠯᠡᠰ ᠤᠨ ᠲᠥᠷᠥᠯ ᠵᠦᠢᠯ ᠰᠣᠩᠭᠤᠬᠤ ᠬᠦᠰᠡᠯ ᠰᠠᠨᠠᠭ᠎ᠠ ᠶᠢᠨ ᠪᠢᠴᠢᠭ︾ ᠢ ᠲᠠᠭᠯᠠᠬᠤ ᠪᠥᠭᠡᠳ ᠶᠠᠳᠠᠭᠤ ᠬᠦᠴᠢᠷᠳᠡᠯ ᠲᠠᠢ ᠡᠷᠦᠬᠡ ᠶᠢᠨ ᠡᠵᠡᠨ ᠢᠶᠠᠷ ᠭᠠᠷ ᠤᠨ ᠦᠰᠦᠭ ᠵᠢᠷᠤᠭᠤᠯᠵᠤ ᠨᠤᠲᠠᠯᠠᠨ᠂ ᠡᠭᠦᠨ ᠤ ᠬᠠᠮᠲᠤ ᠶᠠᠳᠠᠭᠤ ᠬᠦᠴᠢᠷᠳᠡᠯᠲᠡᠶ ᠡᠷᠦᠬᠡ ᠶᠢᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠪᠠᠶᠢᠭᠠᠯᠢᠯᠢᠭ ᠲᠣᠰᠬᠤᠨ ᠢᠶᠠᠷ ᠨᠢᠭᠡᠴᠢ ᠪᠣᠯᠭᠠᠨ ᠶᠠᠳᠠᠭᠤ ᠠᠴᠠ ᠠᠩᠭᠢᠵᠢᠷᠠᠭᠤᠯᠬᠤ ᠲᠥᠯᠥᠪᠵᠢᠭᠦᠯᠭᠡ ᠶᠢ ᠲᠣᠭᠲᠠᠭᠠᠨ᠎ᠠ᠃      3 . ᠰᠢᠶᠠᠩ ᠪᠠᠯᠭᠠᠰᠤ ᠠᠴᠠ ᠬᠥᠮᠥᠨ ᠵᠣᠬᠢᠶᠠᠨ ᠪᠠᠶᠢᠭᠤᠯᠤᠨ ᠶᠠᠳᠠᠭᠤ ᠬᠦᠴᠢᠷᠳᠡᠯᠲᠡᠶ ᠡᠷᠦᠬᠡ ᠶᠢᠨ ᠰᠣᠩᠭᠤᠭᠰᠠᠨ ᠲᠥᠷᠥᠯ ᠵᠦᠢᠯ ᠢ ᠬᠢᠨᠠᠨ ᠬᠠᠷᠭᠤᠭᠤᠯᠬᠤ ᠪᠥᠭᠡᠳ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠬᠢᠨᠠᠨ ᠵᠥᠪᠰᠢᠶᠡᠷᠡᠭᠰᠡᠨ ᠤ ᠳᠠᠷᠠᠭ᠎ᠠ ᠪᠤᠢ ᠪᠣᠯᠣᠭᠰᠠᠨ ᠲᠥᠰᠦᠯ ᠢ ᠰᠢᠶᠠᠩ ᠪᠠᠯᠭᠠᠰᠤᠨ ᠤ ᠭᠤᠣᠯ ᠤᠳᠤᠷᠢᠳᠤᠯᠭ᠎ᠠ ᠭᠠᠷ ᠤᠨ ᠦᠰᠦᠭ ᠵᠢᠷᠤᠭᠰᠠᠨ ᠤ ᠲᠠᠷᠠᠭ᠎ᠠ᠂ ᠰᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠲᠤ ᠮᠡᠳᠡᠭᠦᠯᠵᠦ ᠳᠠᠩᠰᠠᠯᠠᠭᠤᠯᠤᠨ᠎ᠠ᠃      4 . ᠶᠠᠳᠠᠭᠤ ᠬᠦᠴᠢᠷᠳᠡᠯᠲᠡᠶ ᠡᠷᠦᠬᠡ ᠶᠢᠨ ᠲᠥᠷᠥᠯ ᠵᠦᠢᠯ ᠰᠣᠩᠭᠤᠭᠰᠠᠨ ᠬᠦᠰᠡᠯ ᠰᠠᠨᠠᠭ᠎ᠠ ᠶᠢ ᠦᠨᠳᠦᠰᠦᠯᠡᠨ᠂ ᠰᠢᠶᠠᠩ ᠪᠠᠯᠭᠠᠰᠤ ᠶᠢᠨ ᠵᠢᠯᠤᠭᠤᠳᠤᠯᠭ᠎ᠠ ᠳᠣᠣᠷ᠎ᠠ᠂ ᠵᠠᠰᠠᠭ ᠵᠠᠬᠢᠷᠭᠠᠨ ᠤ ᠲᠣᠰᠬᠤᠨ ᠪᠣᠯᠣᠨ ᠤ ᠲᠣᠰᠬᠤᠨ ᠳᠤ ᠰᠠᠭᠤᠭ᠎ᠠ ᠶᠠᠳᠠᠭᠤ ᠶᠢ ᠲᠡᠳᠬᠦᠬᠦ ᠠᠵᠢᠯᠯᠠᠬᠤ ᠠᠩᠭᠢ ᠠᠴᠠ ᠶᠠᠳᠠᠭᠤ ᠬᠦᠴᠢᠷᠳᠡᠯ ᠲᠠᠢ ᠡᠷᠦᠬᠡ ᠶᠢᠨ ᠲᠥᠷᠥᠯ ᠵᠦᠢᠯ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ᠎ᠠ᠃      5 . ᠠᠵᠤ ᠦᠢᠯᠡᠰ ᠤᠨ ᠲᠥᠷᠥᠯ ᠵᠦᠢᠯ ᠢ ᠬᠡᠷᠡᠭᠵᠢᠭᠦᠯᠬᠦ ᠪᠡᠶᠡᠯᠡᠭᠦᠯᠦᠭᠰᠡᠨ ᠤ ᠳᠠᠷᠠᠭ᠎ᠠ᠂ ᠶᠠᠳᠠᠭᠤ ᠬᠦᠴᠢᠷᠳᠡᠯ ᠲᠠᠢ ᠡᠷᠦᠬᠡ ᠶᠢᠨ ᠭᠤᠶᠤᠴᠢᠯᠠᠯ᠂ ᠲᠣᠰᠬᠤᠨ ᠳᠤ ᠰᠠᠭᠤᠭ᠎ᠠ ᠶᠠᠳᠠᠭᠤ ᠶᠢ ᠲᠡᠳᠬᠦᠬᠦ ᠠᠵᠢᠯᠯᠠᠬᠤ ᠠᠩᠭᠢ᠂ ᠡᠷᠥᠬᠡ ᠶᠢ ᠳᠠᠭᠠᠭᠠᠴᠢᠯᠠᠬᠤ ᠺᠠᠳ᠋ᠷ ᠬᠢᠨᠠᠵᠤ ᠭᠠᠷ ᠤᠨ ᠦᠰᠦᠭ ᠵᠢᠷᠤᠬᠤ᠂ ᠵᠠᠰᠠᠭ ᠵᠠᠬᠢᠷᠭᠠᠨ ᠤ ᠲᠣᠰᠬᠤᠨ ᠳᠤ ᠵᠠᠷᠯᠠᠨ ᠮᠡᠳᠡᠭᠳᠡᠭᠰᠡᠨ ᠤ ᠲᠠᠷᠠᠭ᠎ᠠ᠂ ᠰᠢᠶᠠᠩ ᠪᠠᠯᠭᠠᠰᠤᠨ ᠳᠤ ᠮᠡᠳᠡᠭᠳᠡᠨ ᠬᠤᠷᠢᠶᠠᠩᠭᠤᠶᠢᠯᠠᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠢᠨᠠᠨ ᠴᠤᠬᠤᠯᠠᠪᠤᠷᠢᠯᠠᠬᠰᠠᠨ ᠶᠢᠨ ᠳᠠᠷᠠᠭ᠎ᠠ᠂ ︽ᠪᠦᠬᠦᠨ ᠳᠤ ᠲᠣᠬᠢᠷᠠᠬᠤ ᠺᠠᠷᠲ︾ ᠢᠶᠠᠷ ᠳᠠᠮᠵᠢᠭᠤᠯᠤᠨ ᠨᠥᠬᠦᠪᠥᠷᠢ ᠪᠡᠯᠡ ᠮᠥᠩᠭᠦ ᠶᠢ ᠣᠯᠭᠤᠨ᠎ᠠ᠃      ᠲᠦᠷᠪᠡ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠬᠠᠳᠬᠠᠬᠤ ᠬᠡᠷᠡᠭᠲᠡᠶ᠃ ᠰᠢᠶᠠᠨ ᠤ ᠠᠵᠤ ᠦᠢᠯᠡᠰ ᠢᠶᠠᠷ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠤᠨ ᠤᠳᠤᠷᠢᠳᠬᠤ ᠳᠤᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂  ᠠᠵᠢᠯ ᠤᠨ ᠵᠢᠯᠤᠭᠤᠳᠤᠯᠭ᠎ᠠ ᠪᠣᠯᠣᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠦᠨᠡᠨ ᠬᠦ ᠴᠢᠩᠭᠠᠳᠬᠠᠵᠤ᠂ ᠠᠵᠢᠯ ᠤᠨ ᠳᠤᠮᠳᠠᠬᠢ ᠬᠦᠴᠢᠷ ᠪᠡᠷᠬᠡᠰᠢᠶᠡᠯ ᠪᠣᠯᠣᠨ ᠠᠰᠠᠭᠤᠳᠠᠯ ᠤᠳ ᠢ ᠢᠳᠡᠪᠬᠢᠲᠡᠶ ᠪᠠᠷ ᠵᠣᠬᠢᠴᠠᠭᠤᠯᠤᠨ ᠰᠢᠢᠳᠪᠦᠷᠢᠯᠡᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠡᠮᠬᠢ ᠵᠢᠷᠤᠮ ᠲᠠᠢ᠂ ᠤᠷᠤᠭᠰᠢᠲᠠᠶ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠨ᠎ᠠ᠃      ︵ᠬᠤᠶᠠᠷ︶ ᠠᠵᠢᠯ ᠤᠨ ᠨᠡᠶᠢᠯᠡᠯ ᠬᠦᠴᠦᠨ ᠢ ᠪᠤᠢ ᠪᠣᠯᠭᠠᠬᠤ ᠬᠡᠷᠡᠭᠲᠡᠶ᠃ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠮᠡᠷᠭᠡᠵᠢᠯ ᠤᠨ ᠵᠢᠯᠤᠭᠤᠳᠤᠯᠭ᠎ᠠ ᠪᠠ ᠪᠣᠯᠪᠠᠰᠤᠷᠠᠭᠤᠯᠤᠯ ᠢ ᠰᠠᠨᠠᠭᠠᠴᠢᠯᠠᠭ᠎ᠠ ᠠᠴᠠ ᠪᠠᠨ ᠥᠷᠨᠢᠭᠦᠯᠬᠦ᠂ ᠲᠥᠷᠥᠯ ᠵᠦᠢᠯ ᠢ ᠬᠡᠷᠡᠭᠵᠢᠭᠦᠯᠬᠦ᠂ ᠰᠢᠯᠭᠠᠨ ᠠᠪᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠬᠤ ᠶᠢᠨ ᠬᠠᠮᠲᠤ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠴᠠᠭ ᠲᠤᠬᠠᠶ ᠳᠤᠨᠢ ᠳ᠋ᠦᠩᠨᠡᠵᠦ᠂ ᠤᠬᠠᠭᠤᠯᠭ᠎ᠠ ᠪᠠ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠭᠦᠨ ᠵᠤᠵᠠᠭᠠᠨ ᠣᠷᠴᠢᠨ ᠠᠬᠤᠢ ᠶᠢ ᠪᠤᠢ ᠪᠣᠯᠭᠠᠨ᠎ᠠ᠃      ︵ᠭᠤᠷᠪᠠ︶ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠰᠢᠶᠠᠩ ᠪᠠᠯᠭᠠᠰᠤᠨ ᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠡᠷᠦᠬᠡ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠬᠡᠮᠵᠢᠶ᠎ᠡ ᠬᠡᠷᠡᠭᠵᠢᠭᠦᠯᠵᠦ᠂ ᠠᠵᠤ ᠦᠢᠯᠡᠰ ᠤᠨ ᠲᠥᠯᠥᠪᠵᠢᠯᠦᠭᠡ ᠶᠣᠰᠣᠭᠠᠷ ᠶᠠᠳᠠᠭᠤ ᠬᠦᠴᠢᠷᠳᠡᠯ ᠲᠠᠢ ᠡᠷᠦᠬᠡ ᠶᠢᠨ ᠠᠵᠤ ᠦᠢᠯᠡᠰ ᠬᠥᠭᠵᠢᠭᠦᠯᠬᠦ ᠶᠢ ᠵᠢᠯᠣᠭᠤᠳᠴᠤ᠂ ᠪᠣᠳᠠᠲᠠᠶ ᠠᠵᠢᠯᠯᠠᠭ᠎ᠠ ᠳᠡᠭᠡᠷ᠎ᠡ ᠴᠤᠪᠤᠷᠠᠯ ᠢ ᠴᠢᠩᠳᠠᠯᠠᠵᠤ᠂ ᠠᠵᠢᠯᠯᠠᠭ᠎ᠠ ᠪᠠᠨ ᠳᠦᠷᠢᠮᠵᠢᠭᠦᠯᠦᠨ᠂ ᠢᠯᠡ ᠲᠣᠳᠣ ᠲᠥᠪ ᠭᠤᠣᠯᠴᠢ ᠪᠥᠭᠡᠳ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠳᠠᠩᠰᠠ ᠡᠪᠬᠡᠮᠡᠯ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠨᠳᠦᠰᠦᠯᠡᠯ ᠲᠠᠢ ᠂ ᠳᠠᠩᠰᠠ ᠡᠪᠬᠡᠮᠡᠯ ᠲᠠᠢ ᠪᠠᠶᠢᠯᠭᠠᠨ᠎ᠠ᠃      ︵ᠲᠦᠷᠪᠡ︶ ᠪᠡᠯᠡ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠰᠢᠶᠠᠩ ᠪᠠᠯᠭᠠᠰᠤ ᠶᠢᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠬᠡᠷᠡᠭᠯᠡᠬᠦ ᠬᠡᠪᠴᠢᠶ᠎ᠡ᠂ ᠮᠡᠳᠡᠭᠦᠯᠬᠦ ᠴᠤᠪᠤᠷᠠᠯ᠂ ᠪᠡᠯᠡᠨ ᠵᠣᠭᠤᠰ ᠪᠣᠯᠭᠠᠨ ᠰᠣᠯᠢᠬᠤ ᠵᠡᠷᠭᠡ ᠱᠠᠭᠠᠷᠳᠠᠯᠭ᠎ᠠ ᠶᠢ ᠴᠢᠩᠭ᠎ᠠ ᠪᠠᠷᠢᠮᠲᠠᠯᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠰᠠᠶᠢᠲᠤᠷ ᠬᠡᠷᠡᠭᠯᠡᠬᠦ ᠪᠠ  ᠬᠠᠮᠢᠶᠠᠷᠴᠤ᠂ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠦᠢᠯᠡᠳᠬᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ᠂ ᠠᠷᠭᠠᠳᠠᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠲᠦᠷᠦᠯ ᠵᠦᠢᠯ ᠤᠨ ᠰᠢᠯᠭᠠᠨ ᠠᠪᠬᠤ ᠨᠢ ᠪᠠᠷᠢᠮᠵᠢᠶ᠎ᠠ ᠳᠤ ᠨᠡᠶᠢᠴᠡᠬᠦ ᠦᠭᠡᠢ᠂ ᠪᠡᠯᠡ ᠮᠥᠩᠭᠦ ᠪᠠᠷ ᠱᠠᠩᠨᠠᠵᠤ ᠲᠤᠰᠠᠯᠠᠬᠤ ᠨᠢ ᠭᠤᠣᠯᠴᠢ ᠪᠤᠰᠤ ᠵᠢᠴᠢ ᠱᠠᠮᠰᠢᠭᠰᠠᠨ᠂ ᠨᠡᠭᠦᠯᠭᠡᠨ ᠬᠡᠷᠡᠭᠯᠡᠭᠰᠡᠨ᠂ ᠱᠠᠩᠨᠠᠵᠤ ᠨᠥᠬᠦᠪᠥᠷᠢᠯᠡᠬᠦ ᠪᠡᠯᠡ ᠮᠥᠩᠭᠦ ᠶᠢ ᠠᠷᠭᠠᠳᠠᠨ ᠠᠪᠤᠭᠰᠠᠨ ᠪᠠᠶᠢᠪᠠᠯ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠪᠦᠬᠦᠢ ᠬᠥᠮᠦᠰ ᠤᠨ ᠬᠠᠷᠢᠭᠤᠴᠠᠯᠭ᠎ᠠ ᠶᠢ ᠨᠢ ᠲᠤᠯᠭᠠᠨ᠎ᠠ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1