ᠯᠣᠣ ᠨᠢᠦ ᠸᠠᠨ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ ᠮᠦᠽᠧᠶ ᠶᠢᠨ ᠪᠠᠶᠢᠭᠤᠯᠤᠯᠲᠠ ᠶᠢᠨ ᠲᠥᠷᠥᠯ ᠵᠦᠢᠯ ᠪᠥᠬᠦ ᠲᠠᠯ᠎ᠠ ᠪᠠᠷ ᠠᠵᠢᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2018-05-23
     ᠭᠠᠵᠠᠷ ᠰᠢᠨᠵᠢᠯᠡᠭᠡ᠂ ᠰᠣᠶᠣᠯ᠂ ᠦᠵᠡᠮᠵᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠤᠬᠠᠭᠤᠯᠭ᠎ᠠ ᠶᠢᠨ ᠡᠷᠴᠢᠮ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠴᠧᠩ ᠭᠤᠸᠠᠨ ᠪᠠᠯᠭᠠᠰᠤᠨ ᠤ ᠬᠤᠲᠠ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠪᠦᠷᠢᠨᠰᠢᠭᠦᠯᠵᠦ᠂ ᠬᠤᠲᠠ ᠪᠠᠯᠭᠠᠰᠤ ᠶᠢᠨ ᠲᠦᠷᠭᠡᠨ ᠬᠥᠭᠵᠢᠬᠦ ᠶᠢ ᠠᠬᠢᠭᠤᠯᠵᠤ᠂ ︽ᠠᠭᠤᠯᠠ ᠤᠰᠤ ᠲᠠᠢ ᠵᠢᠵᠢᠭ ᠬᠤᠲᠠ᠂ ᠰᠣᠶᠣᠯ ᠤᠨ ᠵᠢᠵᠢᠭ ᠬᠤᠲᠠ︾ ᠶᠢ ᠴᠣᠭᠴᠠᠯᠠᠬᠤ ᠶᠢᠨ ᠲᠤᠰᠠᠳᠠ᠂ ᠴᠢᠩ ᠱᠦᠢ ᠾᠧ ᠰᠢᠶᠠᠨ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ ᠮᠦᠽᠧᠶ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ ᠲᠥᠷᠥᠯ ᠵᠦᠢᠯ ᠨᠢ ᠴᠧᠩ ᠭᠤᠸᠠᠨ ᠪᠠᠯᠭᠠᠰᠤᠨ ᠤ ᠶᠦᠩ ᠠᠨ ᠵᠡᠭᠡᠯᠢ ᠶᠢᠨ ᠬᠤᠶᠢᠲᠤ ᠲᠠᠯ᠎ᠠ ᠳᠤ ᠪᠠᠶᠢᠷᠢᠯᠠᠵᠤ᠂ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠲᠠᠯᠠᠪᠠᠢ ᠨᠢ 58701.1ᠲᠡᠭᠰᠢ ᠲᠥᠷᠪᠡᠯᠵᠢᠨ ᠮᠧᠲᠷ ᠲᠤ ᠬᠦᠷᠴᠦ᠂ ᠪᠠᠷᠢᠯᠭ᠎ᠠ ᠶᠢᠨ ᠶᠡᠷᠦᠩᠬᠡᠶ ᠲᠠᠯᠠᠪᠠᠶ ᠨᠢ 8217.3 ᠲᠡᠭᠰᠢ ᠳᠥᠷᠪᠡᠯᠵᠢᠨ ᠮᠧᠲᠷ ᠪᠠᠶᠢᠵᠤ᠂ ᠶᠡᠷᠦᠩᠬᠡᠶ ᠪᠡᠯᠡ ᠣᠷᠣᠭᠤᠯᠤᠯᠲᠠ ᠨᠢ 8217.39 ᠲᠦᠮᠡᠨ ᠲᠥᠭᠦᠷᠢᠭ ᠪᠣᠯᠤᠨ᠎ᠠ᠃ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠨᠢ ᠪᠤᠯᠤᠳ ᠪᠤᠲ᠋ᠤᠨ ᠤ ᠪᠣᠷᠣ ᠲᠥᠯᠥᠪ ᠤᠨ ᠪᠦᠲᠦᠴᠡ ᠶᠢ ᠬᠡᠷᠡᠭᠯᠡᠵᠦ᠂ ᠪᠠᠷᠢᠯᠭ᠎ᠠ ᠶᠢᠨ ᠳᠠᠪᠬᠤᠷᠭ᠎ᠠ ᠨᠢ ᠪᠦᠬᠦᠯᠢ ᠴᠣᠭᠴᠠ ᠪᠠᠷ ᠢᠶᠠᠨ ᠬᠤᠶᠠᠷ ᠳᠠᠪᠬᠤᠷᠭ᠎ᠠ ᠬᠡᠰᠡᠭ ᠲᠠᠯ᠎ᠠ ᠳᠤ ᠪᠠᠨ ᠭᠤᠷᠪᠠᠨ ᠳᠠᠪᠬᠤᠷᠭ᠎ᠠ ᠲᠠᠢ᠂ ᠳᠡᠯᠭᠡᠨ ᠦᠵᠡᠭᠦᠯᠬᠦ ᠲᠣᠭᠤᠷᠢᠭ᠂ ᠠᠯᠪᠠᠨ ᠲᠣᠭᠤᠷᠢᠭ ᠪᠣᠯᠭᠠᠨ ᠬᠤᠪᠢᠶᠠᠵᠤ᠂ ᠡᠭᠦᠨ ᠳᠤ ᠳᠡᠯᠭᠡᠨ ᠦᠵᠡᠭᠦᠯᠬᠦ ᠲᠣᠭᠤᠷᠢᠭ ᠶᠢ ᠴᠢᠳᠠᠪᠬᠢ ᠪᠠᠷ ᠨᠢ ᠦᠨᠳᠦᠰᠦᠯᠡᠵᠦ ᠬᠤᠪᠢᠶᠠᠵᠤ᠂ ᠭᠤᠣᠯᠳᠠᠭᠤ᠄ ᠴᠢᠩ ᠱᠦᠢ ᠾᠧ ᠶᠢᠨ ᠬᠥᠮᠦᠨ ᠨᠡᠶᠢᠭᠡᠮ ᠲᠡᠦᠬᠡ ᠶᠢᠨ ᠦᠵᠡᠭᠦᠯᠭᠡ ᠶᠢᠨ ᠲᠢᠩᠬᠢᠮ᠂ ᠬᠠᠳᠤᠨ ᠭᠤᠣᠯ ᠲᠢᠩᠬᠢᠮ᠂ ᠭᠠᠵᠠᠷ ᠰᠢᠨᠵᠢᠯᠡᠭᠡᠨ ᠤ ᠦᠵᠡᠭᠦᠯᠭᠡ ᠶᠢᠨ ᠲᠢᠩᠬᠢᠮ᠂ ᠭᠠᠵᠠᠷ ᠰᠢᠨᠵᠢᠯᠡᠭᠡ ᠶᠢ ᠪᠡᠶ᠎ᠡ ᠪᠠᠷ ᠢᠶᠠᠨ ᠣᠶᠢᠯᠭᠠᠬᠤ ᠲᠢᠩᠬᠢᠮ᠂  ᠰᠢᠨᠵᠢᠯᠡᠬᠦ ᠤᠬᠠᠭᠠᠨ ᠮᠡᠷᠭᠡᠵᠢᠯ ᠢ 3D ᠺᠢᠨᠣ᠋ ᠪᠠᠷ ᠲᠦᠭᠡᠮᠡᠯᠵᠢᠭᠦᠯᠬᠦ ᠦᠵᠡᠭᠦᠯᠭᠡ ᠶᠢᠨ ᠲᠢᠩᠬᠢᠮ ᠮᠡᠲᠦ ᠪᠠᠷ ᠬᠤᠪᠢᠶᠠᠪᠠ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1