ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠫᠠᠨ ᠵᠢᠶᠠᠨ ᠵᠢᠶᠦ᠋ᠨ ᠵᠢᠤ ᠼᠠᠢ ᠵᠤᠸᠠᠩ ᠰᠢᠶᠠᠩ ᠳᠤ ᠭᠦᠨᠵᠡᠭᠡᠶᠢᠷᠡᠵᠦ ᠲᠣᠰᠬᠤᠨ ᠳᠤ ᠰᠠᠭᠤᠭ᠎ᠠ ᠺᠠᠳ᠋ᠷ ᠤᠨ ᠠᠵᠢᠯ ᠤᠨ ᠪᠠᠶᠢᠷᠢ ᠳᠤ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2018-05-04
     ᠨᠢᠭᠡᠳᠦᠭᠡᠷ ᠱᠦᠵᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠠᠵᠢᠯ ᠤᠨ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠰᠬᠤᠨ ᠳᠤ ᠰᠠᠭᠤᠭ᠎ᠠ ᠺᠠᠳ᠋ᠷ ᠤᠨ ᠬᠢᠨᠠᠨ ᠰᠢᠯᠭᠠᠬᠤ ᠬᠠᠮᠢᠶᠠᠷᠤᠯᠲᠠ ᠶᠢᠨ ᠠᠷᠭ᠎ᠠ ᠶᠢᠨ ᠱᠠᠭᠠᠷᠳᠠᠯᠭ᠎ᠠ ᠶᠣᠰᠣᠭᠠᠷ ᠠᠵᠢᠯ ᠤᠨ ᠪᠠᠶᠢᠷᠢ ᠳᠠᠭᠠᠨ ᠴᠠᠭ ᠲᠠᠭᠠᠨ ᠬᠦᠷᠴᠦ᠂ ᠶᠠᠳᠠᠭᠤ ᠬᠦᠴᠢᠷᠳᠡᠯ ᠲᠠᠢ ᠠᠶᠢᠯ ᠯᠦᠭᠡ ︽ᠬᠠᠮᠲᠤ ᠬᠤᠭᠤᠯᠠᠯᠠᠨ ᠬᠠᠮᠲᠤ ᠬᠤᠨᠣᠵᠤ ᠬᠠᠮᠲᠤ ᠬᠥᠳᠡᠯᠮᠦᠷᠢᠯᠡᠬᠦ︾ ᠶᠢ ᠪᠠᠲᠤᠯᠠᠬᠤ ᠶᠢᠨ ᠲᠤᠰᠠᠳᠠ᠂ 2018 ᠣᠨ ᠤ 4 ᠳ᠋ᠦ᠋ᠭᠡᠷ ᠰᠠᠷ᠎ᠠ ᠶᠢᠨ 23 ᠤ ᠡᠳᠦᠷ ᠲᠤ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠫᠠᠨ ᠵᠢᠶᠠᠨ ᠵᠢᠶᠦ᠋ᠨ ᠵᠢᠤ ᠼᠠᠢ ᠵᠤᠸᠠᠩ ᠰᠢᠶᠠᠩ ᠳᠤ ᠭᠦᠨᠵᠡᠭᠡᠶᠢᠷᠡᠨ ᠲᠣᠰᠬᠤᠨ ᠳᠤ ᠰᠠᠭᠤᠭ᠎ᠠ ᠺᠠᠳ᠋ᠷ ᠤᠨ ᠠᠵᠢᠯ ᠤᠨ ᠪᠠᠶᠢᠷᠢ ᠳᠠᠭᠠᠨ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠰᠢᠶᠠᠩ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠩ ᠤᠨ ᠵᠠᠰᠠᠭ ᠤᠨ ᠣᠷᠳᠣᠨ ᠤ ᠳᠠᠷᠤᠭ᠎ᠠ ᠴᠢᠶᠣᠤ ᠱᠧᠩ ᠪᠠᠷ᠎ᠠ ᠪᠤᠯᠵᠦ ᠰᠢᠨᠵᠢᠯᠡᠨ ᠪᠠᠶᠢᠴᠠᠭᠠᠪᠠ᠃ ᠰᠢᠨᠵᠢᠯᠡᠨ ᠪᠠᠶᠢᠴᠠᠭᠠᠭᠰᠠᠨ ᠢ ᠦᠨᠳᠦᠰᠦᠯᠡᠪᠡᠯ᠂ ᠡᠯ᠎ᠡ ᠲᠣᠰᠬᠤᠨ ᠳᠤ ᠰᠠᠭᠤᠭ᠎ᠠ ᠺᠠᠳ᠋ᠷ ᠴᠥᠮ ᠠᠵᠢᠯ ᠤᠨ ᠪᠠᠶᠢᠷᠢ  ᠳᠠᠭᠠᠨ ᠪᠠᠶᠢᠪᠠ᠃      ᠡᠭᠦᠨ ᠤ ᠳᠠᠷᠠᠭ᠎ᠠ᠂ ᠬᠡᠯᠲᠡᠰ ᠤᠨ ᠳᠠᠷᠤᠭ᠎ᠠ ᠫᠠᠨ ᠵᠢᠶᠠᠨ ᠵᠢᠶᠦ᠋ᠨ ᠤᠷᠢᠳ ᠬᠤᠵᠢᠳ ᠾᠸᠦ ᠶᠢᠩ ᠫᠠᠨ᠂ ᠬᠤᠣᠰ ᠳᠠᠶᠢᠰᠠ᠂ ᠭᠦ᠋ ᠶᠢᠨ ᠱᠠᠩ ᠲᠣᠰᠬᠤᠨ ᠳᠤ ᠬᠦᠷᠴᠦ ᠲᠡᠭᠦᠨ ᠤ ᠲᠡᠳᠬᠦᠨ ᠬᠠᠪᠰᠤᠷᠴᠤ ᠪᠠᠶᠢᠭ᠎ᠠ ᠺᠠᠷᠲᠯᠠᠨ ᠳᠠᠩᠰᠠᠯᠠᠭᠰᠠᠨ  ᠶᠠᠳᠠᠭᠤ ᠬᠦᠴᠢᠷᠳᠡᠯᠲᠡᠢ ᠠᠶᠢᠯ ᠢ ᠲᠣᠬᠤᠨᠢᠭᠤᠯᠭᠰᠠᠨ ᠪᠥᠭᠡᠳ ᠶᠠᠳᠠᠭᠤ ᠬᠦᠴᠢᠷᠳᠡᠯᠲᠡᠶ ᠠᠶᠢᠯ ᠳᠤ ᠴᠣ ᠰᠢᠨ᠎ᠡ ᠴᠠᠢ ᠶᠢᠨ ᠰᠠᠪᠠ ᠬᠡᠷᠡᠭᠰᠡᠯ ᠬᠦᠷᠭᠡᠵᠦ᠂ ᠡᠷᠡᠭᠦᠯ ᠴᠢᠬᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠠᠯᠬᠤᠮ ᠠᠯᠬᠤᠮ ᠢᠶᠠᠷ ᠪᠣᠢ ᠪᠣᠯᠭᠠᠬᠤ ᠪᠠᠷ ᠬᠥᠲᠥᠯᠥᠨ ᠵᠢᠯᠣᠭᠤᠳᠪᠠ᠃ ᠬᠡᠯᠲᠡᠰ ᠤᠨ ᠳᠠᠷᠤᠭ᠎ᠠ ᠫᠠᠨ ᠵᠢᠶᠠᠨ ᠵᠢᠶᠦ᠋ᠨ ᠪᠠᠰᠠ ᠬᠥᠳᠡᠭᠡ ᠠᠶᠢᠯ ᠤᠨ ᠠᠷᠠᠳ ᠤᠳ ᠲᠠᠢ ᠬᠠᠮᠲᠤ ᠬᠠᠨᠵᠤᠨ ᠳᠡᠭᠡᠷ᠎ᠡ ᠪᠠᠨ ᠰᠠᠭᠤᠭᠠᠳ ᠵᠣᠭᠤᠭᠳᠠᠵᠤ᠂ ᠲᠡᠳᠡᠨ ᠤ ᠭᠡᠷ ᠪᠦᠯᠢ ᠪᠣᠯᠣᠨ ᠡᠷᠡᠭᠦᠯ ᠮᠡᠨᠳᠤ ᠶᠢᠨ ᠪᠠᠶᠢᠳᠠᠯ ᠢ ᠯᠠᠪᠯᠠᠨ ᠠᠰᠠᠭᠤᠵᠤ᠂ ᠶᠠᠳᠠᠭᠤ ᠬᠦᠴᠦᠷᠳᠡᠯᠲᠡᠢ ᠠᠶᠢᠯ ᠶᠢᠨ ᠠᠰᠤᠲᠠᠳ ᠲᠤ ᠤᠶᠤᠨ ᠰᠠᠨᠠᠭᠠᠨ ᠤ ᠲᠠᠯ᠎ᠠ ᠪᠠᠷ ᠬᠢ ᠬᠠᠶᠢᠷ᠎ᠠ ᠬᠠᠯᠠᠮᠵᠢ ᠶᠢ ᠣᠯᠭᠤᠪᠠ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1