4 ᠳ᠋ᠦ᠋ᠭᠡᠷ ᠰᠠᠷ᠎ᠠ ᠶᠢᠨ 27 ᠤ ᠡᠳᠦᠷ᠂ ᠶᠣᠣ ᠭᠧᠤ ᠰᠢᠶᠠᠩ ᠨᠢ ᠥᠪᠥᠷ ᠮᠣᠩᠭᠤᠯ ᠤᠨ ᠲᠠᠷᠢᠶᠠᠯᠠᠩ ᠤᠨ | ᠶᠡᠭᠡ ᠰᠤᠷᠭᠠᠭᠤᠯᠢ ᠶᠢᠨ ᠫᠷᠣᠹᠧᠰᠰᠣᠷ ᠯᠢ ᠯᠢᠶᠠᠨ ᠭᠦᠸᠧ᠂ ᠯᠢ ᠰᠢᠶᠣᠣ ᠶᠠᠨ ᠵᠢᠴᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠬᠦᠷᠢᠶᠡᠯᠡᠩ ᠤᠨ ᠳᠡᠳ᠋ ᠡᠷᠬᠢᠯᠡᠭᠴᠢ ᠮᠧᠩ ᠷᠦᠢ ᠵᠢᠶᠠᠩ ᠤᠨ ᠳᠠᠭᠠᠭᠤᠯᠤᠭᠰᠠᠨ 30 | ᠭᠠᠷᠤᠶ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠤᠷᠢᠨ᠂ ᠳ᠋ᠠ ᠵᠢᠩ ᠭᠸᠦ᠂ ᠯᠢᠦ ᠴᠢᠩ᠂ | ᠶᠠᠩ ᠫᠦᠸᠧ ᠵᠡᠷᠭᠡ ᠬᠠᠶᠢᠲᠠᠩ ᠵᠢᠮᠢᠰ ᠤᠨ ᠰᠠᠭᠤᠷᠢᠨ ᠭᠠᠵᠠᠷ ᠲᠤ᠂ ᠬᠠᠶᠢᠲᠠᠩ ᠵᠢᠮᠢᠰ ᠤᠨ ᠵᠠᠯᠭᠠᠬᠤ ᠮᠡᠷᠭᠡᠵᠢᠯ ᠤᠨ | ᠪᠣᠯᠪᠠᠰᠤᠷᠠᠭᠤᠯᠤᠯ ᠢ ᠲᠥᠪᠯᠡᠷᠡᠭᠦᠯᠦᠨ ᠥᠷᠨᠢᠭᠦᠯᠪᠡ᠃ | ᠲᠤᠰᠬᠠᠶ ᠮᠡᠷᠭᠡᠵᠢᠯᠲᠡᠨ ᠤ ᠲᠤᠬᠠᠶ ᠶᠢᠨ ᠲᠠᠯᠠᠪᠠᠢ ᠤᠨ ᠵᠢᠭᠠᠨ ᠰᠤᠷᠭᠠᠯᠲᠠ᠂ ᠪᠤᠲᠠᠲᠢ ᠠᠵᠢᠯᠯᠠᠭ᠎ᠠ ᠪᠠᠷ | ᠳᠠᠮᠵᠢᠭᠤᠯᠤᠨ᠂ ᠪᠣᠯᠪᠠᠰᠤᠷᠠᠭᠤᠯᠤᠯ ᠳᠤ ᠣᠷᠣᠯᠴᠠᠭᠰᠠᠨ ᠬᠥᠮᠦᠰ ᠨᠢ ᠬᠠᠶᠢᠲᠠᠩ ᠵᠢᠮᠢᠰ ᠤᠨ ᠵᠠᠰᠠᠨ ᠬᠠᠶᠢᠴᠢᠯᠠᠬᠤ | ᠪᠠ ᠵᠠᠯᠭᠠᠬᠤ ᠮᠡᠷᠭᠡᠵᠢᠯ ᠢ ᠡᠵᠡᠮᠰᠢᠭᠰᠡᠨ ᠪᠥᠭᠡᠳ ᠬᠠᠷᠢᠭᠰᠠᠨ ᠤ ᠲᠠᠷᠠᠭ᠎ᠠ ᠴᠠᠭ ᠲᠤᠬᠠᠶ ᠳᠤᠨᠢ ᠰᠣᠷᠣᠭᠰᠠᠨ | ᠮᠡᠷᠭᠡᠵᠢᠯ ᠢᠶᠠᠨ ᠶᠠᠳᠠᠭᠤ ᠬᠦᠴᠢᠷᠳᠡᠯ ᠲᠠᠢ ᠡᠷᠦᠬᠡ ᠪᠦᠷᠢ ᠳᠤ ᠵᠢᠭᠠᠵᠤ ᠥᠭᠴᠦ᠂ ᠨᠣᠲᠤᠭ ᠤᠨ ᠢᠶᠠᠨ ᠠᠪᠤ ᠡᠵᠢ | ᠠᠬᠠᠨ ᠳᠡᠭᠦᠦᠰ ᠢ ᠮᠡᠷᠭᠡᠵᠢᠯ ᠢᠶᠠᠷ ᠶᠠᠳᠠᠭᠤ ᠠᠴᠠ ᠨᠢ ᠠᠩᠭᠢᠵᠢᠷᠠᠭᠤᠯᠤᠨ ᠪᠠᠶᠠᠵᠢᠭᠤᠯᠵᠤ᠂ ᠮᠡᠷᠭᠡᠵᠢᠯ ᠢᠶᠠᠷ ᠨᠡᠩ | ᠦᠵᠡᠰᠬᠦᠯᠡᠩ᠂ ᠨᠡᠩ ᠡᠶ᠎ᠡ ᠵᠣᠬᠢᠴᠠᠯ ᠲᠠᠢ ᠰᠢᠨ᠎ᠡ ᠶᠣᠣ ᠭᠧᠤ ᠢ ᠪᠠᠶᠢᠭᠤᠯᠤᠨ᠎ᠠ ᠭᠡᠵᠡᠭᠡᠪᠡ᠃ |