ᠴᠢᠩ ᠱᠦᠢ ᠾᠧ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ ᠭᠤᠷᠪᠠᠨ ᠵᠦᠢᠯ ᠤᠨ ᠠᠯᠪᠠᠨ ᠤ ᠵᠠᠷᠤᠳᠠᠯ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠪᠠ
ᠨᠡᠶᠢᠲᠡᠯᠡᠭᠰᠡᠨ ᠴᠠᠭ᠄
2018-06-14
     ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠯᠢ ᠴᠢᠳᠠᠬᠤ ᠪᠠᠷ ᠠᠷᠪᠢᠯᠠᠨ ᠭᠠᠮᠨᠠᠵᠤ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠲᠤᠬᠠᠶ ᠬᠤᠯᠪᠣᠭᠳᠠᠯ ᠪᠦᠬᠦᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠴᠢᠩ ᠱᠦᠢ ᠾᠧ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠶᠢᠨ ᠬᠠᠮᠢᠶᠠᠷᠤᠯᠲᠠ ᠶᠢ ᠦᠨᠡᠨ ᠬᠦ ᠵᠢᠷᠤᠮᠵᠢᠭᠤᠯᠪᠠ ᠃ ᠲᠣᠭᠲᠠᠮᠠᠯ ᠬᠤᠭᠤᠴᠠᠭ᠎ᠠ ᠲᠠᠢ ᠪᠠᠷ ᠬᠤᠷᠢᠶᠠᠩᠭᠤᠶᠢᠯᠠᠨ ᠵᠠᠳᠠᠯᠵᠤ᠂  ᠡᠯ᠎ᠡ ᠰᠠᠯᠠᠭ᠎ᠠ ᠮᠥᠴᠢᠷ ᠤᠨ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠲᠤᠭ᠎ᠠ ᠬᠡᠮᠵᠢᠶ᠎ᠡ ᠶᠢ ᠬᠥᠳᠡᠯᠦᠩᠭᠦᠶ ᠪᠠᠷ ᠬᠢᠨᠠᠨ ᠡᠵᠡᠮᠳᠡᠬᠦ ᠪᠠᠷ ᠳᠠᠮᠵᠢᠭᠤᠯᠤᠨ᠂ ᠠᠰᠠᠭᠤᠳᠠᠯ ᠢ ᠢᠯᠡᠷᠡᠭᠦᠯᠦᠨ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠢᠵᠢᠷᠠᠭᠤᠯᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ ᠪᠠᠭᠠᠰᠬᠠᠬᠤ ᠠᠴᠠ ᠪᠢᠰᠢ ᠨᠡᠮᠡᠭᠳᠡᠬᠦ ᠦᠭᠡᠶ ᠶᠢ ᠦᠨᠡᠨ ᠬᠦ ᠪᠠᠲᠤᠯᠠᠪᠠ᠃ ᠲᠤᠰ ᠰᠢᠶᠠᠨ ᠤ ᠨᠢᠭᠡᠳᠦᠭᠡᠷ ᠤᠯᠠᠷᠢᠯ ᠤᠨ ᠭᠤᠷᠪᠠᠨ ᠵᠦᠢᠯ ᠤᠨ ᠠᠯᠪᠠᠨ ᠵᠠᠷᠤᠳᠠᠯ ᠢ ᠵᠢᠯ ᠤᠨ ᠡᠬᠢᠨ ᠤ ᠲᠥᠰᠦᠪ ᠤᠨ ᠲᠤᠭ᠎ᠠ ᠳᠤ 896 ᠲᠥᠭᠦᠷᠢᠭ ᠲᠣᠬᠢᠷᠠᠭᠤᠯᠵᠤ᠂ ᠡᠭᠦᠨ ᠳᠤ᠄ ᠠᠯᠪᠠᠨ ᠶᠠᠪᠤᠳᠠᠯ ᠤᠨ ᠵᠣᠴᠢᠯᠠᠬᠤ ᠵᠠᠷᠤᠳᠠᠯ 383 ᠲᠥᠭᠦᠷᠢᠭ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠠᠵᠢᠯᠯᠠᠭ᠎ᠠ ᠶᠢ ᠬᠠᠮᠠᠭᠠᠯᠠᠬᠤ ᠵᠠᠷᠤᠳᠠᠯ 513 ᠲᠦᠮᠡᠨ ᠲᠥᠭᠦᠷᠢᠭ ᠲᠣᠬᠢᠷᠠᠭᠤᠯᠪᠠ᠃ ᠨᠢᠭᠡᠳᠦᠭᠡᠷ ᠤᠯᠠᠷᠢᠯ ᠳᠤ᠂ ᠲᠤᠰ ᠰᠢᠶᠠᠨ ᠤ ᠭᠤᠷᠪᠠᠨ ᠵᠦᠢᠯ ᠤᠨ ᠠᠯᠪᠠᠨ ᠤ ᠵᠠᠷᠤᠳᠠᠯ ᠤᠨ ᠵᠠᠷᠤᠯᠭ᠎ᠠ ᠨᠡᠶᠢᠲᠡ 124 ᠲᠦᠮᠡ ᠲᠥᠭᠦᠷᠢᠭ ᠵᠠᠷᠤᠴᠠᠭᠤᠯᠵᠤ᠂ ᠡᠭᠦᠨ ᠳᠤ᠄ ᠠᠯᠪᠠᠨ ᠶᠠᠪᠤᠳᠠᠯ ᠤᠨ ᠵᠣᠴᠢᠯᠠᠬᠤ ᠵᠠᠷᠤᠳᠠᠯ 60 ᠲᠦᠮᠡᠨ ᠲᠥᠭᠦᠷᠢᠭ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠠᠵᠢᠯᠯᠠᠭ᠎ᠠ ᠶᠢ ᠬᠠᠮᠠᠭᠠᠯᠠᠬᠤ ᠵᠠᠷᠤᠳᠠᠯ 64 ᠲᠥᠭᠦᠷᠢᠭ ᠵᠠᠷᠤᠴᠠᠭᠤᠯᠪᠠ︔ ᠬᠤᠷᠠᠯ ᠤᠨ ᠵᠠᠷᠤᠳᠠᠯ 51 ᠲᠦᠮᠡᠨ ᠳ᠋ᠦᠩᠰᠢᠭᠤᠷ ᠲᠥᠭᠦᠷᠢᠭ᠂ ᠪᠣᠯᠪᠠᠰᠤᠷᠠᠭᠤᠯᠤᠯ ᠤᠨ ᠵᠠᠷᠤᠳᠠᠯ 15 ᠲᠦᠮᠡᠨ ᠲᠥᠭᠦᠷᠢᠭ ᠢ ᠵᠠᠷᠤᠴᠠᠭᠤᠯᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1