6 ᠳ᠋ᠤᠭᠠᠷ ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ | ᠳᠠᠷᠤᠭ᠎ᠠ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ | ᠹᠧᠩ ᠢᠦᠶ ᠵᠧᠨ ᠮᠠᠨ ᠤ ᠬᠤᠲᠠ ᠶᠢᠨ ᠠᠭᠤᠷᠬᠠᠶ ᠶᠢᠨ ᠦᠢᠯᠡᠰ ᠤᠨ ᠬᠦᠷᠢᠶᠡᠯᠡᠩ ᠲᠣᠭᠤᠷᠢᠭ ᠤᠨ ᠣᠷᠣᠨ ᠪᠠᠶᠢᠷᠢ | ᠰᠣᠩᠭᠤᠬᠤ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠳ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠥᠨᠳᠥᠷ | ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠵᠢᠷᠤᠮᠵᠢᠭᠤᠯᠤᠨ ᠬᠠᠮᠢᠶᠠᠷᠴᠤ᠂ ᠬᠠᠷᠢᠴᠠᠩᠭᠤᠶ ᠲᠥᠪᠯᠡᠷᠡᠭᠦᠯᠬᠦ ᠵᠠᠷᠴᠢᠮ | ᠶᠣᠰᠤᠭᠠᠷ᠂ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠠᠶᠤᠯ ᠦᠭᠡᠢ ᠦᠢᠯᠡᠳᠪᠦᠷᠢᠯᠡᠯ ᠤᠨ ᠱᠠᠭᠠᠷᠳᠠᠯᠭ᠎ᠠ ᠳᠤ | ᠨᠡᠶᠢᠴᠡᠭᠰᠡᠨ ᠠᠭᠤᠷᠬᠠᠶ ᠶᠢᠨ ᠦᠢᠯᠡᠰ ᠤᠨ ᠬᠦᠷᠢᠶᠡᠯᠡᠩ ᠲᠣᠭᠤᠷᠢᠭ ᠤᠨ ᠪᠥᠳᠥᠭᠡᠨ ᠪᠠᠶᠢᠭᠤᠯᠤᠯᠲᠠ ᠶᠢᠨ ᠣᠷᠣᠨ | ᠪᠠᠶᠢᠷᠢ ᠶᠢ ᠵᠦᠢ ᠵᠣᠬᠢᠰᠲᠠᠶ ᠴᠢᠯᠥᠭᠡᠲᠡᠶ ᠰᠣᠩᠭᠤᠬᠤ ᠬᠡᠷᠡᠭᠲᠡᠢ ᠭᠡᠪᠡ᠃ | ᠹᠧᠩ ᠢᠦᠶ ᠵᠧᠨ ᠨᠠᠷ ᠤᠷᠢᠳ ᠬᠤᠵᠢᠳ ᠬᠤᠷᠢᠨᠭᠡᠷ ᠰᠢᠶᠠᠨ᠂ ᠴᠢᠩ ᠱᠦᠢ ᠾᠧ ᠰᠢᠶᠠᠨ᠂ ᠲᠣᠭᠲᠠᠬᠤ | ᠰᠢᠶᠠᠨ᠂ ᠲᠦᠮᠡᠳ ᠵᠡᠭᠦᠨ ᠬᠤᠰᠢᠭᠤ᠂ ᠢᠦᠢ ᠴᠢᠤᠸᠠᠨ ᠲᠣᠭᠤᠷᠢᠭ ᠲᠤ ᠭᠦᠨᠵᠡᠭᠡᠶᠢᠷᠡᠨ᠂ ᠤᠭᠰᠠᠷᠠᠮᠠᠯ | ᠪᠠᠷᠢᠯᠭ᠎ᠠ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠣᠷᠣᠨ ᠪᠠᠶᠢᠷᠢ ᠰᠣᠩᠭᠤᠵᠤ ᠪᠠᠶᠢᠭ᠎ᠠ ᠪᠠᠶᠢᠳᠠᠯ᠂ | ᠬᠥᠬᠡᠬᠤᠲᠠ ᠶᠢᠨ ᠰᠢᠨ ᠯᠸᠢ ᠴᠢᠯᠠᠭᠤᠨ ᠮᠠᠲ᠋ᠧᠷᠢᠶᠠᠯ ᠡᠳ᠋ᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠴᠢᠩ | ᠱᠦᠢ ᠾᠧ ᠰᠢᠶᠠᠨ ᠤ ᠬᠤᠩ ᠾᠧ ᠪᠠᠯᠭᠠᠰᠤᠨ ᠤ ᠴᠢᠶᠠᠨ ᠵᠢᠩ ᠭᠧᠤ ᠲᠣᠰᠬᠤᠨ ᠤ 1 ᠳ᠋ᠦ᠋ᠭᠡᠷ 2 ᠳ᠋ᠤᠭᠠᠷ | ᠪᠠᠷᠢᠯᠭ᠎ᠠ ᠶᠢᠨ ᠴᠢᠯᠠᠭᠤᠨ ᠮᠠᠲ᠋ᠧᠷᠢᠶᠠᠯ ᠤᠨ ᠠᠭᠤᠷᠬᠠᠶ ᠵᠢᠴᠢ ᠲᠣᠭᠲᠠᠬᠤ ᠰᠢᠶᠠᠨ᠂ ᠲᠦᠮᠡᠳ ᠵᠡᠭᠦᠨ ᠬᠤᠰᠢᠭᠤ᠂ | ᠢᠦᠶ ᠴᠢᠤᠸᠠᠨ ᠲᠣᠭᠤᠷᠢᠭ ᠤᠨ ᠬᠤᠳᠠᠯᠳᠤᠭᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ | ᠪᠠᠶᠢᠷᠢ ᠰᠣᠩᠭᠤᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃ ᠲᠤᠬᠠᠢ ᠶᠢᠨ ᠲᠠᠯᠠᠪᠠᠢ ᠳᠤ ᠪᠠᠷᠢᠯᠭ᠎ᠠ ᠶᠢᠨ | ᠮᠠᠲ᠋ᠧᠷᠢᠶᠠᠯ᠂ ᠴᠢᠯᠠᠭᠤᠨ ᠮᠠᠲ᠋ᠧᠷᠢᠶᠠᠯ ᠦᠢᠯᠡᠳᠪᠦᠷᠢᠯᠡᠵᠦ ᠡᠳ᠋ᠰᠢᠭᠦᠯᠬᠦ ᠬᠥᠭᠵᠢᠯᠲᠡ ᠶᠢᠨ ᠣᠳᠣᠬᠢ ᠪᠠᠶᠢᠳᠠᠯ᠂ ᠣᠷᠣᠨ | ᠪᠠᠶᠢᠷᠢ ᠰᠣᠩᠭᠤᠬᠤ ᠪᠠᠷ ᠲᠥᠯᠥᠪᠯᠡᠵᠦ ᠪᠠᠶᠢᠭ᠎ᠠ ᠭᠠᠵᠠᠷ ᠣᠷᠣᠨ ᠤ ᠭᠠᠵᠠᠷ ᠲᠠᠷᠢᠶᠠᠨ ᠤ ᠪᠠᠶᠢᠳᠠᠯ᠂ ᠵᠠᠮ | ᠲᠡᠭᠡᠭᠡᠪᠦᠷᠢ ᠶᠢᠨ ᠪᠠᠶᠢᠳᠠᠯ ᠵᠡᠷᠭᠡ ᠶᠢ ᠨᠠᠷᠢᠨ ᠣᠶᠢᠯᠠᠭᠠᠪᠠ᠃ | ᠹᠧᠩ ᠢᠦᠶ ᠵᠧᠨ ᠪᠠᠶᠢᠴᠠᠭᠠᠨ ᠰᠤᠳᠤᠯᠬᠤ ᠳᠠᠭᠠᠨ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠠᠭᠤᠷᠬᠠᠶ ᠶᠢᠨ ᠦᠢᠯᠡᠰ ᠤᠨ ᠬᠦᠷᠢᠶᠡᠯᠡᠩ ᠲᠣᠭᠤᠷᠢᠭ ᠢ ᠵᠢᠷᠤᠮᠵᠢᠭᠤᠯᠤᠨ ᠪᠠᠶᠢᠭᠤᠯᠬᠤ | ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠤᠳᠠ ᠶᠢᠨ ᠲᠣᠭᠤᠷᠢᠭ ᠠᠴᠠ ᠵᠠᠶᠢᠳᠠᠭᠤ᠂ | ᠠᠷᠠᠳ ᠤᠨ ᠰᠠᠭᠤᠴᠠ ᠠᠴᠠ ᠵᠠᠶᠢᠳᠠᠭᠤ᠂ ᠤᠰᠤᠨ ᠰᠤᠷᠪᠤᠯᠵᠢ ᠶᠢᠨ ᠭᠠᠵᠠᠷ ᠠᠴᠠ ᠵᠠᠶᠢᠳᠠᠭᠤ᠂ ᠥᠨᠳᠥᠷ | ᠬᠦᠴᠦᠳᠡᠯᠲᠦ ᠴᠠᠬᠢᠯᠭᠠᠨ ᠤᠲᠠᠰᠤ ᠠᠴᠠ ᠵᠠᠶᠢᠳᠠᠭᠤ ᠵᠡᠷᠭᠡ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠠᠶᠤᠯ | ᠦᠭᠡᠢ ᠦᠢᠯᠡᠳᠪᠦᠷᠢᠯᠡᠯ ᠤᠨ ᠱᠠᠭᠠᠷᠳᠠᠯᠭ᠎ᠠ ᠶᠣᠰᠤᠭᠠᠷ᠂ ᠰᠢᠨᠵᠢᠯᠡᠬᠦ ᠤᠬᠠᠭᠠᠨᠴᠢ ᠪᠠᠷ ᠣᠷᠣᠨ ᠪᠠᠶᠢᠷᠢ ᠰᠣᠩᠭᠤᠵᠤ᠂ | ᠵᠦᠢ ᠵᠣᠬᠢᠰᠲᠠᠶ ᠪᠠᠷ ᠲᠥᠯᠥᠪᠵᠢᠭᠦᠯᠵᠦ᠂ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠵᠡᠮ ᠲᠡᠭᠡᠭᠡᠪᠦᠷᠢ᠂ | ᠦᠢᠯᠡᠳᠪᠦᠷᠢᠯᠡᠯ ᠳᠤ ᠬᠡᠷᠡᠭᠯᠡᠬᠦ ᠴᠠᠬᠢᠯᠭᠠᠨ᠂ ᠲᠡᠭᠡᠭᠡᠪᠦᠷᠢ ᠶᠢᠨ ᠵᠠᠮ ᠢ ᠬᠠᠲᠠᠭᠤᠷᠠᠭᠤᠯᠤᠨ ᠳᠡᠪᠢᠰᠬᠦ᠂ ᠤᠰᠤ | ᠬᠠᠩᠭᠠᠬᠤ᠂ ᠤᠰᠤ ᠲᠠᠲᠠᠷᠠᠭᠤᠯᠬᠤ ᠵᠡᠷᠭᠡ ᠠᠰᠠᠭᠤᠳᠠᠯ ᠢ ᠭᠦᠢᠴᠡᠳ ᠪᠣᠳᠣᠯᠬᠢᠯᠠᠨ᠂ ᠥᠨᠳᠥᠷ ᠪᠠᠷᠢᠮᠵᠢᠶᠠᠲᠤ | ᠪᠣᠬᠢᠷᠲᠤᠯ ᠦᠭᠡᠢ ᠠᠭᠤᠷᠬᠠᠶ ᠶᠢᠨ ᠦᠢᠯᠡᠰ ᠤᠨ ᠬᠦᠷᠢᠶᠡᠯᠡᠩ ᠲᠣᠭᠤᠷᠢᠭ ᠢ ᠬᠠᠷᠢᠴᠠᠩᠭᠤᠶ ᠲᠥᠪᠯᠡᠷᠡᠭᠦᠯᠦᠨ | ᠪᠠᠶᠢᠭᠤᠯᠬᠤ ᠬᠡᠷᠡᠭᠲᠡᠢ ᠭᠡᠪᠡ᠃ | ᠹᠧᠩ ᠢᠦᠶ ᠵᠧᠨ ᠨᠠᠷ ᠪᠠᠰᠠ ᠴᠢᠩ ᠱᠦᠢ ᠾᠧ ᠰᠢᠶᠠᠨ ᠤ ᠬᠠᠶ ᠢᠦᠢ ᠬᠤᠩ ᠬᠤᠷᠰᠢᠶ᠎ᠠ ᠶᠢᠨ ᠰᠠᠭᠠᠯᠢ ᠶᠢᠨ | ᠢᠮᠠᠭ᠎ᠠ ᠲᠡᠵᠢᠭᠡᠨ ᠦᠷᠡᠵᠢᠭᠦᠯᠬᠦ ᠲᠠᠯᠠᠪᠠᠢ ᠳᠤ ᠬᠦᠷᠴᠦ ᠶᠠᠳᠠᠭᠤ ᠶᠢ ᠲᠡᠳᠬᠦᠬᠦ ᠲᠥᠷᠥᠯ ᠵᠦᠢᠯ ᠢ ᠪᠠᠶᠢᠴᠠᠭᠠᠨ | ᠰᠤᠳᠤᠯᠪᠠ᠃ ᠲᠤᠰ ᠬᠤᠷᠰᠢᠶ᠎ᠠ ᠪᠣᠯ ᠴᠢᠩ ᠱᠦᠢ ᠾᠧ ᠰᠢᠶᠠᠨ ᠤ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ | ᠲᠣᠯᠣᠭᠠᠶᠢᠯᠠᠭᠴᠢ ᠠᠵᠤ ᠠᠬᠤᠶᠢᠯᠠᠯ ᠪᠣᠯᠣᠨ᠎ᠠ᠂ ᠶᠠᠳᠠᠭᠤ ᠬᠦᠴᠢᠷᠳᠡᠯᠲᠡᠢ ᠡᠷᠦᠬᠡ ᠯᠦᠭᠡ ᠶᠢᠨ ᠢᠮᠠᠭ᠎ᠠ ᠶᠢ | ᠨᠠᠶᠢᠳᠠᠯᠭ᠎ᠠ ᠪᠠᠷ ᠲᠡᠵᠢᠭᠡᠬᠦ ᠬᠡᠯᠡᠯᠴᠡᠭᠡᠷ ᠲᠣᠭᠲᠠᠭᠠᠬᠤ ᠪᠠᠷ ᠳᠠᠮᠵᠢᠭᠤᠯᠤᠨ᠂ ᠪᠦᠬᠦ ᠰᠢᠶᠠᠨ ᠤ ᠰᠠᠭᠠᠯᠢ ᠶᠢᠨ | ᠢᠮᠠᠭ᠎ᠠ ᠶᠢᠨ ᠠᠵᠤ ᠦᠢᠯᠡᠰ ᠢ ᠵᠢᠯᠣᠭᠤᠳᠤᠨ ᠬᠥᠭᠵᠢᠭᠦᠯᠦᠨ ᠪᠤᠵᠠᠭᠠᠶᠢᠷᠠᠭᠤᠯᠤᠭᠰᠠᠨ ᠢᠶᠠᠷ ᠪᠠᠷᠠᠬᠤ ᠦᠭᠡᠢ ᠪᠠᠰᠠ | ᠲᠤᠬᠠᠶ ᠶᠢᠨ ᠭᠠᠵᠠᠷ ᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠶᠠᠳᠠᠭᠤ ᠬᠦᠴᠢᠷᠳᠡᠯᠲᠡᠶ ᠬᠥᠮᠦᠨ | ᠠᠮᠠ ᠶᠢᠨ ᠶᠠᠳᠠᠭᠤ ᠠᠴᠠ ᠠᠩᠭᠢᠵᠢᠷᠠᠨ ᠪᠠᠶᠠᠵᠢᠬᠤ ᠠᠯᠬᠤᠴᠠ ᠶᠢ ᠲᠦᠷᠭᠡᠳᠬᠡᠬᠦ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | ᠬᠤᠲᠠ ᠶᠢᠨ ᠳᠡᠳ᠋ ᠳᠠᠷᠤᠭ᠎ᠠ ᠪᠢ ᠭᠦᠸᠧ ᠴᠧᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠ ᠮᠠᠨ ᠤ ᠰᠢᠶᠠᠨ ᠤ ᠤᠳᠤᠷᠢᠳᠤᠯᠭ᠎ᠠ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ |