| | | | | | 6 ᠳ᠋ᠤᠭᠠᠷ ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ | ᠣᠷᠳᠣᠨ ᠤ ᠰᠢᠶᠠᠨ ᠤ ᠳᠠᠷᠤᠭ᠎ᠠ ᠺᠠᠩ ᠶᠦᠩ ᠴᠢᠶᠠᠩ ᠨᠢ ᠸᠠᠩ ᠱᠠᠨ ᠴᠢᠤᠸᠠᠨ᠂ ᠸᠠᠩ ᠴᠥᠩ ᠶᠢᠩ᠂ ᠱᠢ ᠶᠦᠩ | ᠫᠢᠩ ᠵᠡᠷᠭᠡ ᠰᠢᠶᠠᠨ ᠤ ᠤᠳᠤᠷᠢᠳᠤᠯᠭ᠎ᠠ ᠶᠢᠨ ᠪᠠᠷ᠎ᠠ ᠪᠣᠯᠣᠯᠭ᠎ᠠ ᠪᠠᠷ᠂ ᠰᠢᠶᠠᠨ ᠤ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ᠂ ᠬᠤᠳᠠ ᠶᠢᠨ ᠳᠦᠷᠰᠦ ᠪᠠᠶᠢᠳᠠᠯ᠂ ᠤᠰᠤᠨ ᠤ ᠶᠠᠪᠤᠳᠠᠯ᠂ ᠣᠷᠴᠢᠨ ᠲᠣᠭᠤᠷᠢᠨ ᠤ ᠬᠠᠮᠠᠭᠠᠯᠠᠯᠲᠠ | ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ᠂ ᠮᠠᠨ ᠤ ᠰᠢᠶᠠᠨ ᠤ | ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠠᠷᠢᠭᠤᠨ ᠴᠡᠪᠡᠷ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ | ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠺᠠᠩ ᠶᠦᠩ ᠴᠢᠶᠠᠩ ᠨᠠᠷ ᠤᠷᠢᠳ ᠬᠤᠵᠢᠳ ᠵᠡᠪᠰᠡᠭᠲᠦ | ᠬᠦᠴᠦᠨ ᠤ ᠬᠡᠯᠲᠡᠰ ᠠᠴᠠ ᠲᠡᠷᠭᠡᠨ ᠥᠷᠲᠡᠭᠡ ᠵᠡᠭᠡᠯᠢ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ | ᠪᠠᠶᠢᠳᠠᠯ᠂ ᠵᠡᠭᠡᠯᠢ ᠭᠤᠳᠤᠮᠵᠢ ᠬᠤᠶᠠᠷ ᠲᠠᠯ᠎ᠠ ᠶᠢᠨ ᠲᠣᠭᠲᠠᠭᠠᠯ ᠠᠴᠠ ᠵᠥᠷᠢᠴᠡᠨ ᠲᠡᠷᠭᠡ ᠬᠥᠰᠬᠡ ᠵᠣᠭᠰᠣᠭᠠᠵᠤ | ᠲᠠᠯᠪᠢᠭᠰᠠᠨ ᠢ ᠴᠡᠭᠴᠡᠯᠡᠨ ᠵᠠᠰᠠᠭᠰᠠᠨ ᠪᠠᠶᠢᠳᠠᠯ ᠵᠢᠴᠢ ᠪᠢᠨ ᠾᠧ ᠬᠤᠶᠢᠲᠤ ᠵᠠᠮ ᠤᠨ ᠪᠣᠬᠢᠷ ᠤᠰᠤᠨ ᠤ ᠬᠤᠭᠤᠯᠠᠶ | ᠲᠣᠣᠷ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠪᠠ | ᠃ ᠺᠠᠩ ᠶᠦᠩ ᠴᠢᠶᠠᠩ ᠵᠢᠭᠠᠵᠤ ᠭᠠᠷᠭᠠᠭᠰᠠᠨ ᠨᠢ᠂ ᠣᠷᠴᠢᠨ ᠲᠣᠭᠤᠷᠢᠨ ᠠᠷᠢᠭᠤᠨ ᠴᠡᠪᠡᠷ ᠢ ᠶᠡᠷᠦᠩᠬᠡᠶᠢᠯᠡᠨ | ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠨᠢ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠠᠷᠢᠭᠤᠨ | ᠴᠡᠪᠡᠷ ᠢ ᠰᠠᠶᠢᠵᠢᠷᠠᠭᠤᠯᠵᠤ᠂ ᠠᠷᠠᠳ ᠤᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠨᠢᠭᠡ | ᠵᠦᠢᠯ ᠤᠨ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠪᠣᠯᠣᠨ᠎ᠠ᠃ ᠡᠯ᠎ᠡ ᠱᠠᠲᠤᠨ ᠤ ᠡᠯ᠎ᠡ ᠰᠠᠯᠠᠭ᠎ᠠ | ᠮᠥᠴᠢᠷ ᠤᠨ ᠬᠢᠨ ᠡᠷᠬᠡᠪᠰᠢ ᠲᠠᠨᠢᠯᠲᠠ ᠪᠠᠨ ᠳᠡᠭᠡᠭᠰᠢᠯᠡᠭᠦᠯᠦᠨ᠂ ᠨᠢᠭᠡᠳᠦᠯᠲᠡᠶ ᠲᠥᠯᠥᠪᠯᠡᠨ ᠬᠠᠮᠵᠢᠯᠴᠠᠨ ᠠᠵᠢᠯᠯᠠᠵᠤ᠂ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠵᠤ᠂ ᠵᠢᠵᠢᠭ ᠵᠡᠭᠡᠯᠢ ᠭᠤᠳᠤᠮᠵᠢ ᠳᠤ | ᠨᠡᠶᠢᠲᠡ ᠶᠢᠨ ᠵᠣᠷᠯᠣᠩ ᠢ ᠵᠦᠢ ᠵᠣᠬᠢᠰᠲᠠᠶ ᠲᠥᠯᠥᠪᠵᠢᠭᠦᠯᠦᠨ ᠵᠠᠰᠠᠨ ᠪᠠᠶᠢᠭᠤᠯᠵᠤ᠂ ᠵᠠᠮ ᠬᠠᠷᠢᠯᠴᠠᠭᠠᠨ ᠤ | ᠴᠠᠭᠳᠠᠭ᠎ᠠ ᠪᠣᠯᠤᠨ ᠬᠤᠲᠠ ᠶᠢᠨ ᠳᠦᠷᠰᠦ ᠪᠠᠶᠢᠳᠠᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ | ᠲᠣᠭᠲᠠᠭᠠᠯ ᠠᠴᠠ ᠵᠥᠷᠢᠴᠡᠨ ᠶᠠᠪᠠᠭᠠᠨ ᠬᠥᠮᠦᠨ ᠤ ᠵᠠᠮ ᠳᠤ ᠲᠡᠷᠭᠡ ᠲᠠᠯᠪᠢᠬᠤ ᠠᠰᠠᠭᠤᠳᠠᠯ ᠢ ᠬᠦᠴᠦ ᠪᠠᠨ | ᠨᠡᠶᠢᠯᠡᠭᠦᠯᠦᠨ ᠴᠡᠭᠴᠡᠯᠡᠨ ᠵᠠᠰᠠᠵᠤ᠂ ᠭᠠᠵᠠᠷ ᠳᠤ ᠨᠢ ᠲᠣᠬᠢᠷᠠᠭᠤᠯᠤᠨ ᠲᠡᠷᠭᠡᠨ ᠵᠣᠭᠰᠣᠭᠠᠯ ᠢ ᠲᠥᠯᠥᠪᠵᠢᠭᠦᠯᠵᠦ᠂ | ᠰᠠᠭᠤᠭᠠᠯᠢ ᠠᠷᠠᠳ ᠤᠨ ᠭᠠᠳᠠᠭᠰᠢ ᠭᠠᠷᠬᠤ ᠳᠤ ᠲᠡᠷᠭᠡ ᠵᠣᠭᠰᠣᠬᠤ ᠳᠥᠭᠦᠮ ᠢ ᠪᠠᠲᠤᠯᠠᠬᠤ ᠮᠥᠷᠲᠡᠭᠡᠨ ᠪᠠᠰᠠ ᠵᠠᠮ | ᠬᠠᠷᠢᠯᠴᠠᠭᠠᠨ ᠤ ᠭᠤᠣᠯ ᠵᠠᠮ ᠨᠡᠪᠲᠡᠷᠡᠯᠭᠡ ᠶᠢᠨ ᠰᠠᠭᠠᠳ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃ | |