ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢᠶᠠᠷ ᠪᠠᠭᠤᠷᠠᠶ | ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠨᠳᠦᠰᠦᠨ ᠨᠥᠬᠦᠴᠡᠯ ᠢ ᠰᠠᠶᠢᠵᠢᠷᠠᠭᠤᠯᠵᠤ᠂ ᠵᠢᠭᠠᠨ ᠰᠤᠷᠭᠠᠯᠲᠠ ᠪᠣᠯᠤᠨ | ᠰᠤᠷᠤᠭᠴᠢᠳ ᠤᠨ ᠠᠮᠢᠳᠤᠷᠠᠯ ᠤᠨ ᠬᠠᠮᠤᠭ ᠤᠨ ᠪᠠᠴᠢᠮ ᠬᠡᠷᠡᠭᠴᠡᠭᠡ ᠪᠦᠬᠦᠢ ᠦᠨᠳᠦᠰᠦᠨ ᠲᠥᠬᠦᠭᠡᠷᠦᠮᠵᠢ ᠪᠣᠯᠣᠨ | ᠪᠡᠯᠡᠳᠬᠡᠮᠵᠢ ᠢ ᠪᠦᠲᠦᠭᠡᠨ ᠪᠠᠶᠢᠭᠤᠯᠬᠤ ᠶᠢᠨ ᠲᠤᠰᠠᠳᠠ᠂ ︽2018 ᠣᠨ ᠤ ᠲᠠᠷᠢᠶᠠᠯᠠᠬᠤ ᠮᠠᠯᠵᠢᠬᠤ ᠣᠷᠣᠨ ᠤ | ᠠᠯᠪᠠᠨ ᠵᠢᠷᠤᠮ ᠤᠨ ᠰᠤᠷᠭᠠᠨ ᠬᠥᠮᠦᠵᠢᠯ ᠢᠶᠠᠷ ᠪᠠᠭᠤᠷᠠᠶ ᠰᠤᠷᠭᠠᠭᠤᠯᠢ ᠶᠢ ᠵᠠᠰᠠᠨ ᠰᠠᠶᠢᠵᠢᠷᠠᠭᠤᠯᠬᠤ ᠨᠥᠬᠦᠪᠥᠷᠢ ᠶᠢᠨ | ᠪᠡᠯᠡ ᠮᠥᠩᠭᠦᠨ ᠤ ᠵᠢᠱᠢᠯᠲᠡ ᠲᠤᠭ᠎ᠠ ᠶᠢ ᠤᠷᠢᠳᠴᠢᠯᠠᠨ ᠪᠠᠭᠤᠯᠭᠠᠬᠬᠤ ᠲᠤᠬᠠᠢ ᠮᠡᠳᠡᠭᠳᠡᠯ︾ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠴᠢᠩ ᠱᠦᠢ ᠾᠧ ᠮᠠᠯᠵᠢᠬᠤ ᠲᠠᠷᠢᠶᠠᠯᠠᠬᠤ ᠣᠷᠣᠨ ᠤ ᠠᠯᠪᠠᠨ | ᠵᠢᠷᠤᠮ ᠤᠨ ᠰᠤᠷᠭᠠᠨ ᠬᠥᠮᠦᠵᠢᠯ ᠢᠶᠠᠷ ᠪᠠᠭᠤᠷᠠᠶ ᠰᠤᠷᠭᠠᠭᠤᠯᠢ ᠶᠢ ᠰᠢᠨᠡᠳᠬᠡᠨ ᠵᠠᠰᠠᠬᠤ ᠨᠥᠬᠦᠪᠥᠷᠢ ᠶᠢᠨ ᠪᠡᠯᠡ | ᠮᠥᠩᠭᠦ ᠶᠢ 570 ᠲᠦᠮᠡᠨ ᠲᠥᠭᠦᠷᠢᠭ ᠰᠠᠯᠭᠠᠨ ᠥᠭᠴᠦ᠂ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠪᠠᠭᠤᠷᠠᠢ | ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠦᠨᠳᠦᠰᠦᠨ ᠨᠥᠬᠦᠴᠡᠯ ᠢ ᠤᠯᠠᠮ ᠨᠢᠭᠡ ᠠᠯᠬᠤᠮ ᠰᠢᠢᠳᠪᠦᠷᠢᠯᠡᠵᠦ᠂ | ᠵᠢᠭᠠᠨ ᠰᠤᠷᠭᠠᠯᠲᠠ ᠪᠣᠯᠤᠨ ᠰᠤᠷᠤᠭᠴᠢᠳ ᠤᠨ ᠠᠮᠢᠳᠤᠷᠠᠯ ᠤᠨ ᠪᠠᠴᠢᠮ ᠬᠡᠷᠡᠭᠴᠡᠭᠡ ᠪᠦᠬᠦᠢ ᠦᠨᠳᠦᠰᠦᠨ | ᠲᠥᠬᠦᠭᠡᠷᠦᠮᠵᠢ ᠪᠡᠯᠡᠳᠬᠡᠮᠵᠢ ᠶᠢ ᠤᠷᠢᠳᠠᠪᠠᠷ ᠬᠤᠳᠠᠯᠳᠤᠨ ᠠᠪᠤᠨ ᠪᠦᠲᠦᠭᠡᠨ ᠪᠠᠶᠢᠭᠤᠯᠵᠤ᠂ ᠰᠤᠷᠤᠭᠴᠢ | ᠨᠢᠭᠡᠪᠦᠷᠢ ᠳᠤ ᠴᠥᠮ ᠰᠠᠶᠢᠨ ᠰᠠᠶᠢᠬᠠᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠡᠳ᠋ᠯᠡᠭᠦᠯᠪᠡ᠃ |