ᠴᠢᠩ ᠱᠦᠢ ᠾᠧ ᠰᠢᠶᠠᠨ 2018 ᠣᠨ ᠤ ᠨᠢᠭᠡᠳᠦᠭᠡᠷ ᠤᠯᠠᠷᠢᠯ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢ 27301 ᠲᠦᠮᠡᠨ ᠲᠥᠭᠦᠷᠢᠭ ᠪᠡᠶᠡᠯᠡᠭᠦᠯᠪᠡ
ᠨᠡᠶᠢᠲᠡᠯᠡᠭᠰᠡᠨ ᠴᠠᠭ᠄
2018-06-04
      2018 ᠣᠨ ᠤ ᠨᠢᠭᠡᠳᠦᠭᠡᠷ ᠤᠯᠠᠷᠢᠯ ᠳᠤ᠂ ᠴᠢᠩ ᠱᠦᠢ ᠾᠧ ᠰᠢᠶᠠᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ 27301 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.2% ᠨᠡᠮᠡᠭᠳᠡᠵᠦ᠂ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠪᠡ᠃ ᠢᠨᠲ᠋ᠧᠷ ᠰᠦᠯᠵᠢᠶᠡᠨ ᠤ ᠲᠦᠭᠡᠮᠡᠯᠵᠢᠭᠦᠯᠬᠦ ᠪᠠ ᠲᠤᠰ ᠰᠢᠶᠠᠨ ᠤ ᠵᠠᠮ ᠬᠠᠷᠢᠯᠴᠠᠭ᠎ᠠ᠂ ᠪᠠᠷᠠᠭᠠᠨ ᠤ ᠭᠦᠢᠯᠭᠡᠭᠡᠨ᠂ ᠮᠡᠳᠡᠭᠡ ᠬᠤᠯᠪᠣᠭ᠎ᠠ ᠵᠡᠷᠭᠡ ᠰᠠᠭᠤᠷᠢ ᠪᠡᠯᠡᠳᠬᠡᠮᠵᠢ ᠶᠢᠨ ᠠᠯᠬᠤᠮ ᠠᠯᠬᠤᠮ ᠢᠶᠠᠷ ᠲᠡᠭᠦᠯᠳᠡᠷᠵᠢᠬᠦ ᠶᠢ ᠳᠠᠭᠠᠯᠳᠤᠨ᠂ ᠰᠠᠭᠤᠭᠠᠯᠢ ᠠᠷᠠᠳ ᠤᠯᠠᠨ ᠲᠦᠮᠡᠨ ᠭᠡᠷ ᠠᠴᠠ ᠪᠠᠨ ᠭᠠᠷᠬᠤ ᠦᠭᠡᠢ᠂ ᠰᠦᠯᠵᠢᠶ᠎ᠡ ᠪᠠᠷ ᠪᠠᠷᠠᠭ᠎ᠠ ᠬᠤᠳᠠᠯᠳᠤᠨ ᠠᠪᠬᠤ᠂ ᠪᠠᠷᠠᠭ᠎ᠠ ᠶᠢ ᠭᠡᠷ ᠲᠤ ᠨᠢ ᠬᠦᠷᠭᠡᠵᠦ ᠥᠭᠬᠦ ᠵᠡᠷᠭᠡ ᠳᠥᠭᠦᠮ ᠳᠥᠲᠡ ᠦᠢᠯᠡᠴᠢᠯᠡᠭᠡ ᠶᠢ ᠬᠦᠷᠲᠡᠪᠡ᠃      ᠪᠦᠷᠢᠳᠬᠡᠯ ᠢ ᠦᠨᠳᠦᠰᠦᠯᠡᠪᠡᠯ᠂ ᠪᠦᠬᠦ ᠰᠢᠶᠠᠨ ᠳᠤ ᠨᠡᠶᠢᠳᠡ ᠲᠦᠷᠭᠡᠨ ᠢᠯᠡᠭᠡᠮᠵᠢ ᠡᠯᠧᠺᠲᠷᠣᠨ ᠬᠤᠳᠠᠯᠳᠤᠭᠠᠨ ᠤ ᠲᠥᠪᠯᠡᠷᠡᠭᠦᠯᠦᠨ ᠲᠠᠷᠬᠠᠭᠠᠬᠤ ᠲᠥᠪ 1᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ 1᠂ ᠲᠣᠬᠢᠷᠠᠭᠤᠯᠤᠨ ᠬᠦᠷᠭᠡᠬᠦ ᠲᠥᠪ 1᠂ ᠲᠦᠷᠭᠡᠨ ᠢᠯᠡᠭᠡᠮᠵᠢ᠂ ᠪᠠᠷᠠᠭ᠎ᠠ ᠶᠢᠨ ᠭᠦᠢᠯᠭᠡᠭᠡᠨ ᠤ ᠦᠢᠯᠡᠴᠢᠯᠡᠭᠡ ᠶᠢᠨ ᠴᠢᠭ᠋ 9 ᠶᠢ ᠪᠠᠶᠢᠭᠤᠯᠪᠠ︔ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠷᠲᠡᠭᠡ ᠶᠢ 55 ᠪᠠᠶᠢᠭᠤᠯᠵᠤ᠂ ᠰᠠᠭᠤᠭᠠᠯᠢ ᠠᠷᠠᠳ ᠤᠨ ᠡᠯᠧᠺᠲᠷᠣᠨ ᠬᠤᠳᠠᠯᠳᠤᠭᠠᠨ ᠤ ᠬᠡᠷᠡᠭᠯᠡᠭᠡ ᠳᠤ ᠶᠡᠬᠡᠳᠡ ᠳᠥᠭᠦᠮ ᠦᠵᠡᠭᠦᠯᠵᠦ᠂ ᠡᠯᠧᠺᠲᠷᠣᠨ ᠬᠤᠳᠠᠯᠳᠤᠭᠠᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ᠂ ᠪᠦᠬᠦ ᠰᠢᠶᠠᠨ ᠤ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠦᠴᠦᠲᠡᠶ ᠳᠠᠶᠢᠴᠢᠯᠠᠭᠰᠠᠨ ᠪᠠᠶᠢᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1