ᠴᠢᠩ ᠱᠦᠢ ᠾᠧ ᠰᠢᠶᠠᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠶᠡᠬᠡᠪᠡᠷ ᠲᠦᠯᠬᠢᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2018-06-06
     ᠴᠢᠩ ᠱᠦᠢ ᠾᠧ ᠰᠢᠶᠠᠨ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠬᠤ ᠪᠠᠷ ᠰᠢᠵᠢᠮ ᠪᠣᠯᠭᠠᠨ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠲᠠᠢ ᠤᠶᠠᠯᠳᠤᠭᠤᠯᠤᠨ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠠᠯᠬᠤᠴᠠ ᠪᠠᠨ ᠲᠦᠷᠭᠡᠳᠬᠡᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠦᠷ᠎ᠡ ᠠᠰᠢᠭ ᠪᠣᠯᠤᠨ ᠥᠷᠢᠰᠥᠯᠳᠦᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠨᠢᠭᠡ ᠳᠤ᠂ ᠲᠤᠰ ᠰᠢᠶᠠᠨ ᠤ ︽12345 +N︾ ᠠᠵᠤ ᠦᠢᠯᠡᠰ ᠤᠨ ᠶᠡᠷᠦᠩᠬᠡᠶ ᠪᠠᠶᠢᠷᠢᠯᠠᠭᠤᠯᠤᠯᠲᠠ ᠶᠣᠰᠤᠭᠠᠷ᠂ ᠾᠦᠨᠾᠧ ᠭᠤᠣᠯ᠂ ᠴᠢᠩ ᠱᠦᠢ ᠾᠧ᠂ ᠬᠠᠲᠤᠨ ᠭᠤᠣᠯ᠂ ᠣᠷᠳᠣ ᠴᠠᠭᠠᠨ ᠬᠡᠷᠡᠮ ᠵᠡᠷᠭᠡ ᠳᠥᠷᠪᠡᠨ ᠠᠵᠤ ᠦᠢᠯᠡᠰ ᠤᠨ ᠪᠦᠰᠡ ᠳᠠᠭᠠᠤ ᠵᠢᠵᠢᠭ ᠨᠠᠷᠢᠮᠤ᠂ ᠬᠠᠷ᠎ᠠ ᠰᠢᠯᠦᠬᠡᠶ᠂ ᠬᠠᠭᠠᠰ ᠵᠡᠷᠯᠢᠭ ᠬᠤᠨᠴᠢᠷ ᠵᠡᠷᠭᠡ ᠪᠠᠷ ᠭᠤᠣᠯ ᠪᠣᠯᠭᠠᠭᠰᠠᠨ ᠣᠨᠴᠠᠯᠢᠭ ᠪᠦᠬᠦᠢ ᠲᠠᠷᠢᠮᠠᠯ᠂ ᠢᠳᠡᠰᠢᠨ ᠬᠤᠨᠢ᠂ ᠰᠠᠭᠠᠯᠢ ᠶᠢᠨ ᠢᠮᠠᠭ᠎ᠠ᠂ ᠢᠳᠡᠰᠢᠨ ᠡᠯᠵᠢᠭᠡ᠂ ᠢᠳᠡᠰᠢᠨ ᠦᠬᠡᠷ ᠵᠡᠷᠭᠡ ᠪᠠᠷ ᠭᠤᠣᠯ ᠪᠣᠯᠭᠠᠭᠰᠠᠨ ᠣᠨᠴᠠᠯᠢᠭ ᠪᠦᠬᠦᠢ ᠲᠡᠵᠢᠭᠡᠨ ᠦᠷᠡᠵᠢᠭᠦᠯᠬᠦ ᠦᠢᠯᠡᠰ ᠵᠡᠷᠭᠡ ᠶᠠᠳᠠᠭᠤ ᠶᠢ ᠲᠡᠳᠬᠦᠬᠦ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ 19 ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠲᠥᠯᠥᠨ ᠳᠠᠭᠠᠭᠤᠯᠬᠤ᠂ ᠠᠵᠤ ᠠᠬᠤᠶᠢᠯᠠᠯ ᠤᠨ ᠳᠠᠶᠢᠴᠢᠯᠠᠨ ᠳᠠᠭᠠᠭᠤᠯᠬᠤ ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠠᠵᠤ ᠦᠢᠯᠡᠰ ᠢᠶᠠᠷ ᠶᠠᠳᠠᠭᠤ ᠠᠴᠠ ᠠᠩᠭᠢᠵᠢᠷᠠᠭᠤᠯᠬᠤ ᠬᠥᠳᠡᠯᠭᠡᠬᠦ ᠬᠦᠴᠦᠨ ᠢ ᠬᠥᠭᠵᠢᠭᠡᠪᠡ᠃ ᠬᠤᠶᠠᠷ ᠲᠤ ᠱᠧᠩ ᠳ᠋ᠢ ᠮᠠᠯ ᠠᠵᠤ ᠠᠬᠤᠶ ᠶᠢᠨ ᠰᠠᠭᠠᠯᠢ ᠶᠢᠨ ᠦᠨᠢᠶ᠎ᠡ ᠶᠢ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠲᠦᠩ ᠶᠤᠸᠠᠨ ᠮᠠᠯ ᠠᠵᠤ ᠠᠬᠤᠶ ᠶᠢᠨ ᠢᠳᠡᠰᠢᠨ ᠡᠯᠵᠢᠭᠡ ᠶᠢ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠴᠠᠩ ᠯᠦᠩ ᠲᠠᠷᠢᠶᠠᠯᠠᠩ ᠮᠠᠯ ᠠᠵᠤ ᠠᠬᠤᠶ ᠶᠢᠨ ᠠᠮᠢᠳᠤ ᠭᠠᠭ᠋ᠠᠶ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ 5 ᠲᠦᠮᠡᠨ ᠮᠥ ᠶᠢᠨ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠲᠥᠷᠥᠯ ᠵᠦᠢᠯ᠂ ᠭᠠᠵᠠᠷ ᠤᠨ ᠪᠦᠷᠬᠦᠪᠴᠢ ᠶᠢ ᠡᠭᠡᠭᠦᠯᠦᠨ ᠬᠤᠷᠢᠶᠠᠵᠤ ᠠᠰᠢᠭᠯᠠᠬᠤ ᠲᠥᠷᠥᠯ ᠵᠦᠢᠯ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠢᠨᠵᠧᠨᠧᠷᠢᠩ ᠢ ᠪᠦᠬᠦ ᠬᠦᠴᠦ ᠪᠠᠷ ᠢᠶᠠᠨ ᠠᠬᠢᠭᠤᠯᠪᠠ᠃ ᠭᠤᠷᠪᠠ ᠳᠤ᠂ ᠬᠤᠩ ᠾᠧ ᠪᠠᠯᠭᠠᠰᠤᠨ ᠤ ᠾᠦᠨᠾᠧ ᠭᠤᠣᠯ ᠤᠨ ᠬᠤᠶᠠᠷ ᠡᠷᠭᠢ ᠳᠤ ᠭᠤᠷᠪᠠᠨ ᠠᠵᠤ ᠦᠢᠯᠡᠰ ᠤᠨ ᠠᠭᠤᠰᠤᠯᠴᠠᠨ ᠬᠥᠭᠵᠢᠬᠦ ᠲᠠᠷᠢᠶᠠᠯᠠᠩ ᠤᠨ ᠶᠡᠷᠦᠩᠬᠡᠶ ᠴᠣᠭᠴᠠ ᠪᠥᠬᠦᠢ ᠪᠥᠳᠥᠭᠡᠨ ᠪᠠᠶᠢᠭᠤᠯᠤᠯᠲᠠ ᠶᠢᠨ ᠳᠦᠷᠦᠯ ᠵᠦᠢᠯ ᠢ ᠬᠡᠷᠡᠭᠵᠢᠭᠦᠯᠪᠡ᠃ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ ᠶᠢ ᠠᠬᠢᠭᠤᠯᠵᠤ᠂ ᠲᠤᠬᠠᠶ ᠶᠢᠨ ᠭᠠᠵᠠᠷ ᠤᠨ ᠪᠣᠬᠢᠷᠲᠤᠯ ᠦᠬᠡᠢ ᠲᠠᠷᠢᠶᠠᠯᠠᠩ ᠤᠨ ᠪᠦᠲᠦᠭᠡᠭᠳᠡᠬᠦᠨ ᠢ ᠪᠦᠬᠦ ᠤᠯᠤᠰ ᠲᠤ ᠪᠣᠷᠣᠯᠠᠭᠤᠯᠵᠤ᠂ ᠴᠢᠩ ᠱᠦᠢ ᠾᠧ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠦᠷ᠎ᠡ ᠠᠰᠢᠭ ᠪᠣᠯᠤᠨ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ ᠭᠤᠷᠪᠠᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠪᠠ᠃ ᠬᠥᠳᠡᠭᠡ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠢ ᠨᠡᠮᠡᠭᠳᠡᠭᠦᠯᠦᠨ ᠶᠠᠳᠠᠭᠤ ᠠᠴᠠ ᠠᠩᠭᠢᠵᠢᠷᠠᠭᠤᠯᠵᠤ ᠪᠠᠶᠠᠵᠢᠭᠤᠯᠬᠤ ᠶᠢ ᠪᠡᠶᠡᠯᠡᠭᠦᠯᠪᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1