ᠬᠥᠬᠡᠬᠤᠲᠠ ᠶᠠᠭ ᠴᠢᠩ ᠱᠦᠢ ᠾᠧ ᠰᠢᠶᠠᠨ ᠤ ᠮᠤᠵᠢ ᠶᠢᠨ ᠲᠡᠰ ᠤᠨ ᠶᠠᠳᠠᠭᠤ ᠬᠦᠴᠢᠷᠳᠡᠯᠲᠡᠶ ᠰᠢᠶᠠᠨ ᠤ ᠲᠣᠭᠠᠨ ᠠᠴᠠ ᠭᠠᠷᠭᠠᠬᠤ ᠬᠤᠲᠠᠨ ᠤ ᠱᠠᠲᠤᠨ ᠤ ᠠᠩᠬᠠᠨ ᠤ ᠬᠢᠨᠠᠯᠲᠠ ᠶᠢ ᠶᠠᠪᠤᠭᠳᠠᠭᠤᠯᠵᠤ ᠪᠤᠢ
ᠨᠡᠶᠢᠲᠡᠯᠡᠭᠰᠡᠨ ᠴᠠᠭ᠄
2018-07-18
     ᠬᠥᠬᠡᠬᠤᠲᠠ ᠶᠢᠨ ᠶᠠᠳᠠᠭᠤ ᠬᠦᠴᠢᠷᠳᠡᠯᠲᠡᠢ ᠰᠢᠶᠠᠨ ᠤ ᠲᠣᠭᠠᠨ ᠠᠴᠠ ᠭᠠᠷᠭᠠᠬᠤ ᠦᠨᠡᠨ ᠪᠣᠳᠠᠲᠤ ᠴᠢᠨᠠᠷ᠂ ᠵᠥᠪ ᠣᠨᠣᠪᠴᠢᠲᠤ ᠴᠢᠨᠠᠷ ᠪᠠ ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠵᠦ᠂ ᠶᠠᠳᠠᠭᠤ ᠬᠦᠴᠢᠷᠳᠡᠯᠲᠡᠢ ᠰᠢᠶᠠᠨ ᠤ ᠲᠣᠭᠠᠨ ᠠᠴᠠ ᠭᠠᠷᠭᠠᠬᠤ ᠬᠤᠳᠠ ᠶᠢᠨ ᠱᠠᠲᠤᠨ ᠤ ᠠᠩᠬᠠᠨ ᠤ ᠬᠢᠨᠠᠯᠲᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠤᠰᠠᠳᠠ᠂ ᠣᠷᠴᠢᠮᠬᠠᠨ᠂ ᠴᠢᠩ ᠱᠦᠢ ᠾᠧ ᠰᠢᠶᠠᠨ ᠤ ᠶᠠᠳᠠᠭᠤ ᠶᠢ ᠲᠡᠳᠬᠦᠬᠦ ᠨᠡᠭᠡᠭᠡᠨ ᠬᠥᠭᠵᠢᠭᠦᠯᠬᠦ ᠠᠵᠢᠯ ᠢ ᠤᠳᠤᠷᠢᠳᠬᠤ ᠳᠤᠭᠤᠶᠢᠯᠠᠩ ᠠᠴᠠ ᠦᠨᠡᠯᠡᠨ ᠵᠢᠱᠢᠵᠦ᠂ ᠰᠢᠶᠠᠨ ᠤ ᠨᠠᠮ ᠤᠨ ᠬᠤᠷᠢᠶ᠎ᠠ ᠶᠢᠨ ᠰᠤᠳᠤᠯᠤᠨ ᠬᠢᠨᠠᠨ ᠶᠠᠷᠢᠯᠴᠠᠵᠤ᠂ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠳᠤ ᠭᠤᠶᠤᠴᠢᠯᠠᠯ ᠭᠠᠷᠭᠠᠭᠰᠠᠨ ᠰᠠᠭᠤᠷᠢᠨ ᠳᠡᠭᠡᠷ᠎ᠡ᠂ ᠬᠥᠬᠡᠬᠤᠲᠠ ᠬᠤᠲᠠ ᠶᠢᠨ ᠳᠡᠰ ᠤᠨ ᠶᠠᠳᠠᠭᠤ ᠬᠦᠴᠢᠷᠳᠡᠯᠲᠡᠢ ᠰᠢᠶᠠᠨ ᠤ ᠲᠣᠭᠠᠨ ᠠᠴᠠ ᠭᠠᠷᠭᠠᠬᠤ ᠠᠩᠬᠠᠨ ᠤ ᠬᠢᠨᠠᠯᠲᠠ ᠶᠢᠨ ᠳᠤᠭᠤᠶᠢᠯᠠᠩ ᠢ ᠪᠠᠶᠢᠭᠤᠯᠵᠤ᠂ 7 ᠳ᠋ᠤᠭᠠᠷ ᠰᠠᠷ᠎ᠠ ᠶᠢᠨ 15 ᠤ ᠡᠳᠦᠷ ᠠᠴᠠ 7 ᠳ᠋ᠤᠭᠠᠷ ᠰᠠᠷ᠎ᠠ ᠶᠢᠨ 23 ᠤ ᠡᠳᠦᠷ ᠪᠣᠯᠲᠠᠯ᠎ᠠ ᠴᠢᠩ ᠱᠦᠢ ᠾᠧ ᠰᠢᠶᠠᠨ ᠤ ᠶᠠᠳᠠᠭᠤ ᠰᠢᠶᠠᠨ ᠤ ᠲᠣᠭᠠᠨ ᠠᠴᠠ ᠭᠠᠷᠭᠠᠬᠤ ᠬᠤᠳᠠ ᠶᠢᠨ ᠱᠠᠲᠤᠨ ᠤ ᠠᠩᠬᠠᠨ ᠤ ᠬᠢᠨᠠᠯᠲᠠ ᠶᠢ ᠥᠷᠨᠢᠭᠦᠯᠬᠦ ᠪᠣᠯᠣᠨ᠎ᠠ᠃      ᠲᠤᠰ ᠤᠳᠠᠭᠠᠨ ᠤ ᠬᠤᠳᠠ ᠶᠢᠨ ᠱᠠᠲᠤᠨ ᠤ ᠠᠩᠬ᠎ᠠ ᠬᠢᠨᠠᠯᠲᠠ ᠨᠢ᠂ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠵᠥᠪᠰᠢᠶᠡᠷᠡᠯ ᠢᠶᠠᠷ ᠳᠠᠮᠵᠢᠭᠤᠯᠤᠨ᠂ ᠬᠤᠲᠠ ᠶᠢᠨ ᠬᠥᠳᠡᠭᠡ ᠠᠵᠤ ᠠᠬᠤᠶ ᠶᠢᠨ ᠵᠥᠪᠯᠡᠯ ᠠᠴᠠ ᠨᠢᠭᠡᠳᠦᠯᠲᠡᠶ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠩᠬᠠᠨ ᠤ ᠬᠢᠨᠠᠯᠲᠠ ᠶᠢᠨ ᠳᠤᠭᠤᠶᠢᠯᠠᠩ ᠤᠨ ᠬᠡᠰᠢᠭᠦᠳ ᠨᠢ ᠬᠤᠳᠠ ᠶᠢᠨ ᠬᠥᠳᠡᠭᠡ ᠠᠵᠤ ᠠᠬᠤᠶ ᠶᠢᠨ ᠵᠥᠪᠯᠡᠯ ᠪᠣᠯᠤᠨ ᠡᠯ᠎ᠡ ᠬᠤᠰᠢᠭᠤ ᠰᠢᠶᠠᠨ ᠲᠣᠭᠤᠷᠢᠭ ᠤᠨ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠠᠴᠠ ᠭᠠᠷᠭᠠᠨ᠂ ᠨᠡᠶᠢᠲᠡ 41 ᠬᠥᠮᠦᠨ ᠪᠣᠯᠤᠨ᠎ᠠ᠃ ᠠᠩᠬᠠᠨ ᠤ ᠬᠢᠨᠠᠯᠲᠠ ᠶᠢᠨ ᠳᠤᠭᠤᠶᠢᠯᠠᠩ ᠳᠤ ᠮᠠᠲ᠋ᠧᠷᠢᠶᠠᠯ ᠤᠨ ᠳᠤᠭᠤᠶᠢᠯᠠᠩ ᠢ 1᠂ ᠡᠷᠦᠭᠡ ᠳᠤ ᠣᠷᠣᠬᠤ ᠳᠤᠭᠤᠶᠢᠯᠠᠩ ᠢ 4 ᠲᠣᠬᠢᠷᠠᠭᠤᠯᠵᠤ᠂ ᠮᠠᠲ᠋ᠧᠷᠢᠶᠠᠯ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠣᠯᠠᠨ ᠲᠦᠮᠡᠨ ᠣᠷᠣᠯᠴᠠᠬᠤ᠂ ᠶᠠᠷᠢᠯᠴᠠᠬᠤ ᠬᠤᠷᠠᠯ ᠬᠢᠵᠦ ᠠᠰᠠᠭᠤᠯᠲᠠ ᠶᠢᠨ ᠬᠠᠭᠤᠳᠠᠰᠤ ᠲᠠᠷᠬᠠᠭᠠᠬᠤ᠂ ᠪᠣᠳᠠᠲᠤ ᠭᠠᠵᠠᠷ ᠲᠤ ᠬᠢᠨᠠᠨ ᠪᠠᠶᠢᠴᠠᠭᠠᠯᠲᠠ ᠥᠷᠨᠢᠭᠦᠯᠬᠦ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠬᠤ ᠪᠣᠯᠣᠨ᠎ᠠ᠃ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ︽ᠬᠤᠶᠠᠷ ᠶᠠᠪᠤᠳᠠᠯ ᠳᠤ ᠰᠠᠨᠠᠭ᠎ᠠ ᠵᠣᠪᠠᠭ᠋ᠤ ᠦᠭᠡᠢ ᠪᠣᠯᠭᠠᠬᠤ᠂ ᠭᠤᠷᠪᠠ ᠶᠢ ᠪᠠᠲᠤᠯᠠᠬᠤ︾᠂ ᠶᠠᠳᠠᠭᠤ ᠬᠦᠴᠢᠷᠳᠡᠯᠲᠡᠢ ᠲᠣᠰᠬᠤᠨ ᠤ ︽ᠭᠠᠴᠠᠭ᠎ᠠ ᠳᠤᠭᠤᠶᠢᠯᠠᠩ ᠤᠨ ᠵᠠᠮ᠂ ᠤᠰᠤ ᠤᠮᠳᠠ ᠶᠢᠨ ᠠᠮᠤᠷ ᠲᠦᠪᠰᠢᠨ᠂ ᠴᠠᠬᠢᠯᠭᠠᠨ ᠬᠦᠴᠦᠨ ᠤ ᠪᠠᠲᠤᠯᠠᠭ᠎ᠠ᠂ ᠰᠤᠷᠭᠠᠨ ᠬᠥᠮᠦᠵᠢᠯ ᠤᠨ ᠪᠠᠲᠤᠯᠠᠭ᠎ᠠ᠂ ᠡᠮᠴᠢᠯᠡᠭᠡᠨ ᠤ ᠪᠠᠲᠤᠯᠠᠭ᠎ᠠ᠂ ᠣᠷᠣᠨ ᠰᠠᠭᠤᠴᠠ ᠶᠢᠨ ᠪᠠᠲᠤᠯᠠᠭ᠎ᠠ᠂ ᠭᠠᠴᠠᠭᠠᠨ ᠤ ᠱᠠᠲᠤᠨ ᠤ ᠤᠯᠠᠨ ᠨᠡᠶᠢᠲᠡ ᠶᠢᠨ ᠦᠢᠯᠡᠴᠢᠯᠡᠭᠡ᠂ ᠠᠵᠤ ᠦᠢᠯᠡᠰ ᠤᠨ ᠬᠥᠭᠵᠢᠯᠲᠡ᠂ ᠬᠠᠮᠲᠤ ᠶᠢᠨ ᠠᠵᠤ ᠠᠬᠤᠶ︾ ᠵᠢᠴᠢ ︽ᠭᠤᠷᠪᠠᠨ ᠨᠤᠷᠮ᠎ᠠ ᠨᠢᠭᠡ ᠬᠡᠮᠵᠢᠶ᠎ᠡ︾ ᠶᠢᠨ ᠪᠠᠷᠢᠮᠵᠢᠶ᠎ᠠ ᠳᠤ ᠬᠦᠷᠦᠭᠰᠡᠨ ᠪᠠᠶᠢᠳᠠᠯ ᠢ ᠭᠤᠣᠯᠳᠠᠯᠭ᠎ᠠ ᠲᠠᠢ ᠬᠢᠨᠠᠨ ᠪᠠᠶᠢᠴᠠᠭᠠᠨ᠎ᠠ︔ ᠶᠠᠳᠠᠭᠤ ᠬᠦᠴᠢᠷᠳᠡᠯᠲᠡᠶ ᠬᠥᠮᠦᠨ ᠠᠮᠠ ᠶᠢ ᠭᠡᠭᠡᠳᠡᠭᠦᠯᠦᠨ ᠦᠨᠡᠯᠡᠭᠰᠡᠨ ᠨᠤᠷᠮ᠎ᠠ᠂ ᠶᠠᠳᠠᠭᠤ ᠠᠴᠠ ᠠᠩᠭᠢᠵᠢᠷᠠᠭᠤᠯᠬᠤ ᠬᠥᠮᠦᠨ ᠠᠮᠠ ᠶᠢ ᠪᠤᠷᠤᠭᠤ ᠭᠠᠷᠭᠠᠭᠰᠠᠨ ᠨᠤᠷᠮ᠎ᠠ ᠪᠣᠯᠣᠨ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠯᠡᠨ ᠵᠢᠱᠢᠵᠦ᠂ ᠪᠦᠬᠦ ᠰᠢᠶᠠᠨ ᠤ ᠶᠡᠷᠦᠩᠬᠡᠶ ᠶᠠᠳᠠᠭᠤᠷᠠᠬᠤ ᠨᠤᠷᠮ᠎ᠠ ᠶᠢ ᠦᠨᠡᠯᠡᠨ ᠵᠢᠱᠢᠨ᠎ᠡ︔ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠂ ᠠᠵᠢᠯ ᠶᠢᠨ ᠨᠠᠶᠢᠳᠠᠪᠤᠷᠢᠵᠢᠭᠤᠯᠤᠯᠲᠠ ᠪᠣᠯᠣᠨ ᠦᠷᠭᠦᠯᠵᠢᠯᠡᠨ ᠬᠠᠪᠰᠤᠷᠤᠨ ᠲᠡᠳᠬᠦᠬᠦ ᠲᠥᠯᠥᠪᠯᠡᠭᠡ ᠵᠢᠴᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠤᠨ ᠲᠤᠬᠢᠷᠠᠭᠤᠯᠤᠯᠳᠠ ᠵᠡᠷᠭᠡ ᠪᠠᠶᠢᠳᠠᠯ ᠢ ᠦᠨᠡᠯᠡᠨ ᠵᠢᠱᠢᠵᠦ᠂ ᠮᠠᠨ ᠤ ᠬᠤᠲᠠ ᠶᠢᠨ ᠶᠠᠳᠠᠭᠤ ᠬᠦᠴᠢᠷᠳᠡᠯᠲᠡᠢ ᠰᠢᠶᠠᠨ ᠤ ᠲᠣᠭᠠᠨ ᠠᠴᠠ ᠭᠠᠷᠭᠠᠬᠤ ᠠᠵᠢᠯ ᠢ ᠴᠢᠨᠠᠷ ᠰᠠᠶᠢᠲᠠᠶ᠂ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠪᠠ᠃      ᠲᠤᠰ ᠤᠳᠠᠭᠠᠨ ᠤ ᠠᠩᠬᠠᠨ ᠤ ᠬᠢᠨᠠᠯᠲᠠ ᠨᠢ ᠴᠢᠩ ᠱᠦᠢ ᠾᠧ ᠰᠢᠶᠠᠨ ᠤ 8 ᠰᠢᠶᠠᠩ ᠪᠠᠯᠭᠠᠰᠤ ᠠᠴᠠ 16 ᠵᠠᠰᠠᠭ ᠵᠠᠬᠢᠷᠭᠠᠨ ᠤ ᠲᠣᠰᠬᠤᠨ ᠢ ᠰᠣᠭᠤᠴᠠᠨ ᠰᠣᠩᠭᠤᠵᠤ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠶᠠᠳᠠᠭᠤ ᠬᠦᠴᠢᠷᠳᠡᠯᠲᠡᠶ ᠲᠣᠰᠬᠤᠨ 11᠂ ᠬᠤᠳᠠ ᠶᠢᠨ ᠱᠠᠲᠤᠨ ᠤ ᠶᠠᠳᠠᠭᠤ ᠬᠦᠴᠢᠷᠳᠡᠯᠲᠡᠶ ᠪᠤᠶᠤ ᠶᠠᠳᠠᠭᠤ ᠬᠦᠴᠢᠷᠳᠡᠯᠲᠡᠶ ᠪᠤᠰᠤ ᠲᠣᠰᠬᠤᠨ ᠢ 5 ᠰᠣᠩᠭᠤᠵᠤ᠂ ᠲᠣᠰᠬᠤᠨ ᠨᠢᠭᠡᠪᠦᠷᠢ ᠠᠴᠠ 20 ᠡᠷᠤᠬᠡ ᠰᠤᠭᠤᠴᠠᠵᠤ᠂ ᠡᠭᠦᠨ ᠳᠤ ᠶᠠᠳᠠᠭᠤ ᠠᠴᠠ ᠠᠩᠭᠢᠵᠢᠷᠠᠭᠰᠠᠨ ᠡᠷᠤᠬᠡ᠂ ᠶᠠᠳᠠᠭᠤ ᠠᠴᠠ ᠠᠩᠭᠢᠵᠢᠷᠠᠭᠠᠳᠤᠢ ᠡᠷᠦᠬᠡ᠂ ᠡᠩ ᠤᠨ ᠡᠷᠦᠬᠡ ᠶᠢ 7᠄ 2᠄ 1 ᠶᠢᠨ ᠬᠠᠷᠢᠴᠠᠯ ᠶᠣᠰᠣᠭᠠᠷ ᠪᠠᠶᠢᠷᠢᠯᠠᠭᠤᠯᠵᠤ᠂ ᠲᠡᠭᠦᠨ ᠤ ᠳᠣᠲᠣᠷᠠᠬᠢ ᠨᠢᠭᠡ ᠲᠣᠰᠬᠤᠨ ᠢ ᠪᠦᠬᠦᠨ ᠢ ᠬᠠᠮᠤᠷᠤᠨ ᠡᠷᠦᠬᠡ ᠳᠤ ᠣᠷᠣᠨ᠎ᠠ᠃      ᠣᠶᠢᠯᠠᠭᠠᠭᠰᠠᠨ ᠢᠶᠠᠷ᠂ ᠣᠳᠣᠬᠠᠨ ᠳᠤ ᠴᠢᠩ ᠱᠦᠢ ᠾᠧ ᠰᠢᠶᠠᠨ ᠤ ᠬᠥᠳᠡᠭᠡ ᠲᠣᠰᠬᠤᠨ ᠤ ᠬᠥᠮᠦᠨ ᠠᠮᠠ 122302  ᠬᠥᠮᠦᠨ᠂ ᠶᠠᠳᠠᠭᠤ ᠠᠴᠠ ᠠᠩᠭᠢᠵᠢᠷᠠᠭᠠᠳᠤᠢ ᠬᠥᠮᠦᠨ ᠠᠮᠠ 646 ᠡᠷᠦᠬᠡ 1382 ᠬᠥᠮᠦᠨ ᠪᠠᠶᠢᠵᠤ᠂ ᠶᠠᠳᠠᠭᠤᠷᠠᠬᠤ ᠨᠤᠷᠮ᠎ᠠ ᠨᠢ 1.13% ᠪᠣᠯᠣᠨ᠎ᠠ᠃ ᠥᠪᠡᠷ ᠢᠶᠠᠨ ᠪᠠᠶᠢᠴᠠᠭᠠᠭᠠᠳ ᠭᠡᠭᠡᠳᠡᠭᠦᠯᠦᠨ ᠦᠨᠡᠯᠡᠭᠰᠡᠨ᠂ ᠪᠤᠷᠤᠭᠤ ᠭᠠᠷᠭᠠᠭᠰᠠᠨ ᠪᠠᠶᠢᠳᠠᠯ ᠪᠠᠶᠢᠬᠤ ᠦᠭᠡᠢ᠂ ᠶᠡᠷᠦᠩᠬᠡᠶᠢᠯᠡᠭᠰᠡᠨ ᠶᠠᠳᠠᠭᠤᠷᠠᠬᠤ ᠨᠤᠷᠮ᠎ᠠ ᠨᠢ 1.13% ᠪᠣᠯᠣᠨ᠎ᠠ᠃ ᠶᠠᠳᠠᠭᠤ ᠠᠴᠠ ᠠᠩᠭᠢᠵᠢᠷᠠᠭᠤᠯᠬᠤ ᠬᠥᠮᠦᠨ ᠠᠮᠠ ᠶᠢᠨ ᠪᠤᠷᠤᠭᠤ ᠭᠠᠷᠭᠠᠭᠰᠠᠨ ᠨᠤᠷᠮ᠎ᠠ ᠨᠢ 0᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠭᠡᠭᠡᠳᠡᠭᠦᠯᠦᠨ ᠦᠨᠡᠯᠡᠭᠰᠡᠨ ᠨᠤᠷᠮ᠎ᠠ ᠨᠢ 0᠂ ᠥᠪᠡᠷ ᠢᠶᠠᠨ ᠪᠠᠶᠢᠴᠠᠭᠠᠭᠠᠳ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠠᠨᠤᠮᠵᠢ ᠶᠢᠨ ᠬᠡᠮᠵᠢᠶ᠎ᠡ ᠨᠢ 98.93% ᠪᠣᠯᠣᠨ᠎ᠠ᠃ 2017 ᠣᠨ ᠳᠤ᠂ ᠴᠢᠩ ᠱᠦᠢ ᠾᠧ ᠰᠢᠶᠠᠨ ᠤ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠥᠰᠥᠯᠲᠡ ᠶᠢᠨ ᠨᠤᠷᠮ᠎ᠠ 10.6% ᠪᠠᠶᠢᠵᠤ᠂ ᠪᠦᠬᠦ ᠣᠷᠣᠨ ᠤ ᠨᠡᠮᠡᠭᠳᠡᠯ ᠤᠨ ᠬᠡᠮᠵᠢᠶ᠎ᠡ ᠠᠴᠠ ᠳᠡᠭᠡᠭᠰᠢ ᠬᠦᠷᠪᠡ᠃ ᠤᠢᠢᠷ᠎ᠠ ᠶᠢᠨ ᠬᠡᠳᠦᠨ ᠵᠢᠯ ᠳᠤ ᠰᠢᠨ᠎ᠡ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠪᠠᠷ ᠳᠠᠮᠵᠢᠭᠠᠳ᠂ ᠴᠢᠩ ᠱᠦᠢ ᠾᠧ ᠰᠢᠶᠠᠨ ᠤ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠪᠣᠯᠣᠨ ᠤᠯᠠᠨ ᠨᠡᠶᠢᠲᠡ ᠶᠢᠨ ᠦᠢᠯᠡᠴᠢᠯᠡᠭᠡ ᠶᠡᠬᠡᠬᠡᠨ ᠳᠡᠭᠡᠭᠰᠢᠯᠡᠪᠡ᠃ ᠶᠠᠳᠠᠭᠤ ᠬᠦᠴᠢᠷᠳᠡᠯᠲᠡᠢ ᠲᠣᠰᠬᠤᠨ ᠤ ᠵᠡᠭᠡᠯᠢ ᠭᠤᠳᠤᠮᠵᠢ ᠶᠢ ᠬᠠᠲᠠᠭᠤᠷᠠᠭᠤᠯᠤᠭᠰᠠᠨ ᠬᠠᠷᠢᠴᠠᠯ ᠨᠢ 100% ᠳᠤ ᠬᠦᠷᠴᠦ᠂ ᠶᠠᠳᠠᠭᠤ ᠬᠦᠴᠢᠷᠳᠡᠯᠲᠡᠢ ᠡᠷᠦᠬᠡ ᠶᠢᠨ ᠣᠷᠣᠨ ᠰᠠᠭᠤᠴᠠ ᠶᠢᠨ ᠠᠮᠤᠷ ᠲᠦᠪᠰᠢᠨ ᠤ ᠬᠠᠷᠢᠴᠠᠯ ᠨᠢ 100% ᠳᠤ ᠬᠦᠷᠴᠦ᠂ ᠤᠰᠤ ᠤᠮᠳᠠ ᠶᠢᠨ ᠠᠮᠤᠷ ᠲᠦᠪᠰᠢᠨ ᠢ ᠪᠠᠲᠤᠯᠠᠵᠤ᠂ ᠴᠠᠬᠢᠯᠭᠠᠨ ᠬᠦᠴᠦᠨ ᠤ ᠲᠣᠰᠬᠤᠨ ᠪᠣᠯᠭᠠᠨ ᠳᠤ ᠨᠡᠪᠲᠡᠷᠡᠭᠦᠯᠬᠦ ᠪᠠ ᠴᠠᠬᠢᠯᠭᠠᠨ ᠲᠣᠣᠷ ᠤᠨ ᠥᠭᠡᠷᠡᠴᠢᠯᠡᠨ ᠵᠠᠰᠠᠯᠲᠠ ᠶᠢ ᠪᠦᠬᠦᠨ ᠢ ᠪᠡᠶᠡᠯᠡᠭᠦᠯᠵᠦ᠂ ᠷᠠᠳᠢᠣ᠋ ᠲᠧᠯᠸᠢᠰ᠂ ᠴᠢᠮᠡᠭᠡ ᠬᠤᠯᠪᠣᠭ᠎ᠠ ᠶᠢᠨ ᠲᠤᠬᠢᠶ᠎ᠠ ᠶᠢ ᠪᠦᠬᠦᠨ ᠢ ᠬᠠᠮᠤᠷᠬᠤ᠂ ᠭᠡᠷ ᠪᠠᠶᠢᠰᠢᠩ ᠤᠨ ᠠᠶᠤᠯ ᠦᠭᠡᠢ ᠶᠢᠨ ᠨᠤᠷᠮ᠎ᠠ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠤᠷᠮ᠎ᠠ ᠨᠢ ᠴᠥᠮ 100% ᠳᠤ ᠬᠦᠷᠴᠦ᠂ ᠲᠣᠰᠬᠤᠨ ᠤ ᠪᠠᠷᠢᠮᠵᠢᠶᠠᠵᠢᠭᠤᠯᠤᠭᠰᠠᠨ ᠡᠷᠡᠭᠦᠯ ᠬᠠᠮᠠᠭᠠᠯᠠᠯ ᠤᠨ ᠥᠷᠥᠭᠡ᠂ ᠰᠣᠶᠣᠯ ᠤᠨ ᠦᠷᠦᠭᠡ᠂ ᠠᠷᠠᠳ ᠲᠤ ᠳᠥᠭᠦᠮ ᠦᠵᠡᠭᠦᠯᠬᠦ ᠬᠤᠯᠪᠣᠯᠳᠤᠭᠰᠠᠨ ᠬᠡᠳᠦ ᠳᠡᠯᠭᠡᠭᠦᠷ ᠨᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠶᠠᠳᠠᠭᠤ ᠬᠦᠴᠢᠷᠳᠡᠯᠲᠡᠢ ᠡᠷᠦᠬᠡ ᠶᠢᠨ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠨᠤᠷᠮ᠎ᠠ ᠨᠢ 100% ᠳᠤ ᠬᠦᠷᠴᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠨᠤᠷᠮ᠎ᠠ ᠨᠢ 100% ᠳᠤ ᠬᠦᠷᠴᠦ᠂ ᠶᠠᠳᠠᠭᠤ ᠬᠦᠴᠢᠷᠳᠡᠯᠲᠡᠶ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ 3 ᠲᠦᠮᠡᠨ ᠲᠥᠭᠦᠷᠢᠭ ᠠᠴᠠ ᠳᠡᠭᠡᠭᠰᠢ ᠬᠦᠷᠪᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1