ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦ᠋ᠩ ᠵᠧᠵᠢᠶᠠᠩ ᠮᠤᠵᠢ ᠳᠤ ᠬᠦᠷᠴᠦ ᠬᠤᠳᠠᠯᠳᠤᠭᠠᠴᠢᠨ ᠤᠷᠢᠬᠤ ᠪᠠᠶᠢᠴᠠᠭᠠᠯᠲᠠ ᠶᠢᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2018-07-19
     2018 ᠣᠨ ᠤ 7 ᠳ᠋ᠤᠭᠠᠷ ᠰᠠᠷ᠎ᠠ ᠶᠢᠨ 10 ᠤ ᠡᠳᠦᠷ ᠠᠴᠠ 13 ᠤ ᠡᠳᠦᠷ ᠪᠣᠯᠲᠠᠯ᠎ᠠ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦ᠋ᠩ ᠨᠠᠷ ᠬᠤᠲᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠬᠤᠷᠢᠨᠭᠡᠷ ᠰᠢᠶᠠᠨ ᠤ ᠨᠠᠮ ᠤᠨ ᠬᠤᠷᠢᠶ᠎ᠠ ᠶᠢᠨ ᠱᠦᠵᠢ ᠸᠠᠩ ᠸᠧᠢ ᠯᠢᠶᠠᠩ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠲᠠ ᠶᠢᠨ ᠴᠢᠬᠤᠯᠠ ᠶᠡᠭᠡ ᠲᠥᠷᠥᠯ ᠵᠦᠢᠯ ᠤᠨ ᠠᠯᠪᠠᠨ ᠭᠡᠷ ᠤᠨ ᠡᠷᠬᠢᠯᠡᠭᠴᠢ ᠵᠠᠩ ᠭᠦᠸᠧ ᠫᠢᠩ ᠤᠨ ᠳᠠᠭᠠᠭᠤᠯᠭ᠎ᠠ ᠳᠣᠣᠷ᠎ᠠ᠂ ᠬᠤᠷᠢᠨᠭᠡᠷ ᠰᠢᠶᠠᠨ ᠤ ᠬᠤᠳᠠᠯᠳᠤᠭᠠᠴᠢᠨ ᠤᠷᠢᠬᠤ ᠰᠢᠨᠵᠢᠯᠡᠨ ᠪᠠᠶᠢᠴᠠᠭᠠᠬᠤ ᠪᠦᠯᠬᠦᠮ ᠲᠠᠢ ᠬᠠᠮᠲᠤ ᠪᠠᠷ ᠵᠧᠵᠢᠶᠠᠩ ᠮᠤᠵᠢ ᠳᠤ ᠬᠦᠷᠴᠦ ᠬᠤᠳᠠᠯᠳᠤᠭᠠᠴᠢᠨ ᠤᠷᠢᠬᠤ ᠪᠠᠶᠢᠴᠠᠭᠠᠯᠲᠠ ᠶᠢᠨ ᠠᠵᠢᠯᠯᠠᠭ᠎ᠠ ᠢ ᠥᠷᠨᠢᠭᠦᠯᠪᠡ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂  ᠰᠢᠶᠠᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠯᠢ ᠯᠢᠦ ᠰᠢᠶᠣᠣ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠳ᠋ᠦ᠋ ᠬᠦᠢ ᠵᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠱᠢ ᠶᠦᠩ ᠫᠢᠩ ᠵᠡᠷᠭᠡ ᠪᠠᠶᠢᠴᠠᠭᠠᠯᠲᠠ ᠳᠤ ᠣᠷᠣᠯᠴᠠᠪᠠ᠃      ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦ᠋ᠩ ᠨᠠᠷ ᠬᠠᠩᠵᠧᠦ ᠶᠢᠨ ᠿᠢ ᠴᠠᠩ ᠱᠧᠩ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠬᠡᠯᠲᠡᠰ ᠵᠢᠴᠢ ᠺᠣᠮᠫᠠᠨᠢ ᠶᠢᠨ ᠬᠠᠷᠢᠶᠠᠲᠤ ᠹᠦ᠋ ᠶᠠᠩ ᠬᠤᠩ ᠱᠧᠩ ᠪᠠᠷᠢᠯᠭ᠎ᠠ ᠶᠢᠨ ᠶᠠᠰᠤᠯᠢᠭ ᠮᠠᠲ᠋ᠧᠷᠢᠶᠠᠯ ᠦᠢᠯᠡᠳᠪᠦᠷᠢᠯᠡᠬᠦ᠂ ᠨᠣᠭᠤᠭᠠᠷᠠᠭᠤᠯᠬᠤ ᠰᠠᠭᠤᠷᠢᠨ ᠭᠠᠵᠠᠷ ᠢ ᠭᠤᠣᠯᠳᠠᠯᠭ᠎ᠠ ᠲᠠᠢ ᠪᠠᠷ ᠪᠠᠶᠢᠴᠠᠭᠠᠨ ᠦᠵᠡᠭᠰᠡᠨ ᠪᠥᠭᠡᠳ ᠡᠮᠦᠨᠡᠬᠢ ᠬᠤᠭᠤᠴᠠᠭᠠᠨ ᠤ ᠠᠵᠤ ᠠᠬᠤᠶᠢᠯᠠᠯ ᠭᠠᠵᠠᠷ ᠣᠷᠣᠨ ᠬᠤᠶᠠᠷ ᠡᠲᠡᠭᠡᠳ ᠤᠨ ᠭᠦᠢᠴᠡᠳ ᠪᠠᠶᠢᠴᠠᠭᠠᠨ ᠨᠤᠲᠠᠯᠠᠯᠲᠠ᠂ ᠨᠡᠪᠲᠡᠷᠡᠯᠴᠡᠨ ᠵᠥᠪᠳᠡᠯᠴᠡᠭᠰᠡᠨ ᠰᠠᠭᠤᠷᠢᠨ ᠳᠡᠭᠡᠷ᠎ᠡ᠂ ᠿᠢ ᠴᠠᠩ ᠱᠧᠩ ᠪᠦᠯᠦᠭᠯᠡᠯ ᠯᠤᠭ᠎ᠠ ᠵᠢᠩᠬᠢᠨᠢ ᠪᠠᠷ ᠬᠠᠮᠵᠢᠯᠴᠠᠭ᠎ᠠ ᠶᠢᠨ ᠰᠠᠨᠠᠮᠵᠢ ᠪᠠᠨ ᠲᠣᠬᠢᠷᠠᠯᠴᠠᠭᠰᠠᠨ ᠤ ᠬᠠᠮᠲᠤ ᠲᠤᠰ ᠺᠤᠮᠫᠠᠨᠢ ᠯᠤᠭ᠎ᠠ ᠪᠠᠯᠠ ᠣᠷᠣᠭᠤᠯᠤᠯᠲᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃      ᠡᠭᠦᠨ ᠤ ᠬᠠᠮᠲᠤ᠂ ᠵᠧᠵᠢᠶᠠᠩ ᠮᠤᠵᠢ ᠶᠢᠨ ᠬᠠᠩ ᠰᠢᠶᠤᠤ ᠪᠤᠯᠤᠳ ᠪᠦᠲᠦᠴᠡ ᠪᠦᠯᠦᠭᠯᠡᠯ ᠤᠨ ᠬᠢᠵᠠᠭᠠᠷᠲᠤ ᠺᠣᠮᠫᠠᠨᠢ ᠪᠣᠯᠤᠨ ᠵᠧᠵᠢᠶᠠᠩ ᠮᠤᠵᠢ ᠶᠢᠨ ᠵᠦ ᠬᠤᠸᠠ ᠬᠠᠶ ᠠᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠶ ᠬᠡᠯᠲᠡᠰ ᠬᠢᠭᠡᠳ ᠲᠡᠭᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ᠃ ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠶᠦᠨ ᠯᠢᠨ ᠴᠢᠶᠦ᠋ᠩ ᠱᠦᠵᠢ ᠣᠴᠢᠭᠰᠠᠨ ᠭᠠᠵᠠᠷ ᠪᠣᠯᠭᠠᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠣᠳᠣᠬᠢ ᠪᠠᠶᠢᠳᠠᠯ᠂ ᠲᠤᠬᠠᠶᠢᠯᠠᠭᠰᠠᠨ ᠠᠵᠢᠯ ᠤᠨ ᠬᠡᠪᠴᠢᠶ᠎ᠡ᠂ ᠡᠵᠡᠩᠨᠡᠯᠲᠡ ᠶᠢᠨ ᠬᠡᠯᠪᠡᠷᠢ᠂ ᠮᠡᠷᠭᠡᠵᠢᠯ ᠤᠨ ᠰᠤᠳᠤᠯᠤᠨ ᠨᠡᠭᠡᠭᠡᠯᠲᠡ᠂ ᠵᠠᠬ᠎ᠠ ᠳᠡᠯᠭᠡᠭᠦᠷ ᠤᠨ ᠢᠷᠡᠭᠡᠳᠦᠶ᠂ ᠲᠥᠯᠥᠪᠵᠢᠭᠦᠯᠭᠡ ᠪᠦᠳᠦᠬᠡᠨ ᠪᠠᠶᠢᠭᠤᠯᠤᠯᠲᠠ᠂ ᠪᠡᠯᠡ ᠣᠷᠣᠭᠤᠯᠤᠯᠲᠠ ᠶᠢᠨ ᠴᠢᠭᠯᠡᠯ ᠵᠡᠷᠭᠡ ᠦᠨᠳᠦᠰᠦᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠭᠰᠠᠨ ᠪᠥᠭᠡᠳ ᠮᠠᠨ ᠰᠢᠶᠠᠨ ᠤ ᠣᠷᠣᠨ ᠪᠠᠶᠢᠷᠢ᠂ ᠡᠬᠢ ᠰᠤᠷᠪᠤᠯᠵᠢ᠂ ᠵᠠᠮ ᠬᠠᠷᠢᠯᠴᠠᠭ᠎ᠠ᠂ ᠠᠵᠤ ᠦᠢᠯᠡᠰ ᠵᠡᠷᠭᠡ ᠲᠠᠯ᠎ᠠ ᠪᠠᠷ ᠢᠳᠡᠪᠬᠢᠲᠡᠶ ᠲᠠᠨᠢᠯᠴᠠᠭᠤᠯᠬᠤ᠂ ᠮᠠᠨ ᠤ ᠰᠢᠶᠠᠨ ᠤ ᠳᠠᠪᠠᠭᠤᠯᠢᠭ ᠵᠢᠴᠢ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠤᠶᠠᠯᠳᠤᠭᠤᠯᠤᠨ ᠭᠦᠨᠵᠡᠭᠡᠶ ᠶᠠᠷᠢᠯᠴᠠᠨ ᠵᠣᠯᠭᠠᠭᠤᠯᠵᠦ᠂ ᠳᠡᠭᠡᠷ᠎ᠡ ᠳᠤᠷᠠᠳᠤᠭᠰᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠪᠤᠯᠤᠳ ᠪᠦᠲᠦᠴᠡ᠂ ᠵᠢᠭᠤᠯᠴᠢᠯᠠᠯ᠂ ᠭᠠᠵᠠᠷ ᠬᠦᠷᠦᠩᠭᠡ ᠨᠡᠭᠡᠭᠡᠨ ᠬᠥᠭᠵᠢᠭᠦᠯᠬᠦ᠂ ᠰᠹᠠᠨᠳᠤᠺᠰ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠶ ᠮᠠᠲ᠋ᠧᠷᠢᠶᠠᠯ ᠵᠡᠷᠭᠡ ᠲᠥᠷᠥᠯ ᠵᠦᠢᠯ ᠤᠨ ᠲᠤᠬᠠᠢ ᠵᠥᠪᠯᠡᠨ ᠨᠡᠪᠲᠡᠷᠡᠯᠴᠡᠵᠦ᠂ ᠢᠯᠡᠳᠲᠡ ᠦᠷ᠎ᠡ ᠪᠦᠲᠦᠮᠵᠢ ᠣᠯᠵᠠᠶ᠃      ᠡᠭᠦᠨ ᠤ ᠬᠠᠮᠲᠤ᠂ ᠲᠦᠷᠦᠯ ᠵᠦᠢᠯ ᠤᠨ ᠮᠠᠨ ᠤ ᠰᠢᠶᠠᠨ ᠳᠤ ᠲᠦᠷᠭᠡᠨ ᠣᠷᠣᠬᠤ ᠶᠢ ᠠᠬᠢᠭᠤᠯᠬᠤ ᠶᠢᠨ ᠲᠤᠰᠠᠳᠠ᠂ ᠶᠦᠨ ᠯᠢᠨ ᠴᠢᠶᠦ᠋ᠩ ᠿᠢ ᠴᠠᠩ ᠱᠧᠩ ᠪᠦᠯᠦᠭᠯᠡᠯ᠂ ᠬᠠᠩ ᠰᠢᠶᠤᠤ ᠪᠤᠯᠤᠳ ᠪᠦᠲᠦᠴᠡ᠂ ᠬᠤᠸᠠ ᠬᠠᠶ ᠠᠨ ᠵᠡᠷᠭᠡ ᠠᠵᠤ ᠠᠬᠤᠶᠢᠯᠠᠯ ᠤᠨ ᠳᠡᠭᠡᠳᠦ ᠳᠠᠪᠬᠤᠷᠭ᠎ᠠ ᠶᠢᠨ ᠮᠠᠨ ᠤ ᠰᠢᠶᠠᠨ ᠳᠤ ᠢᠷᠡᠵᠦ ᠲᠣᠭᠤᠷᠢᠨ ᠪᠠᠶᠢᠴᠠᠭᠠᠯᠲᠠ ᠥᠷᠨᠢᠭᠦᠯᠬᠦ ᠶᠢ ᠬᠠᠯᠠᠭᠤᠮᠰᠤᠭ ᠢᠶᠠᠷ ᠤᠷᠢᠵᠤ᠂ ᠪᠠᠯᠠ ᠣᠷᠣᠭᠤᠯᠬᠤ ᠲᠥᠷᠥᠯ ᠵᠦᠢᠯ ᠤᠨ ᠲᠤᠬᠠᠢ ᠨᠢᠭᠲᠠ ᠵᠣᠯᠭᠠᠯᠳᠤᠭᠤᠯᠤᠨ ᠶᠠᠷᠢᠯᠴᠠᠵᠤ᠂ ᠲᠥᠷᠥᠯ ᠵᠦᠢᠯ ᠤᠨ ᠡᠷᠲᠡᠬᠡᠨ ᠨᠠᠶᠢᠳᠠᠪᠤᠷᠢᠵᠢᠭᠤᠯᠬᠤ ᠳᠤ ᠨᠥᠬᠦᠴᠡᠯ ᠪᠦᠷᠢᠯᠳᠦᠭᠦᠯᠵᠦ ᠥᠭᠪᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1