ᠶᠣᠣ ᠭᠧᠤ ᠰᠢᠶᠠᠩ 2018 ᠣᠨ ᠤ ᠳᠡᠭᠡᠳᠦ ᠬᠠᠭᠠᠰ ᠵᠢᠯ ᠤᠨ ᠨᠠᠮ ᠤᠨ ᠡᠭᠦᠷ ᠤᠨ ᠱᠦᠵᠢ ᠨᠢ ᠨᠠᠮ ᠤᠨ ᠪᠠᠶᠢᠭᠤᠯᠤᠯᠲᠠ ᠶᠢ ᠠᠳᠬᠤᠬᠤ ᠠᠵᠢᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-07-26
     ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠶᠣᠣ ᠭᠧᠤ ᠰᠢᠶᠠᠩ ᠤᠨ ᠡᠯ᠎ᠡ ᠨᠠᠮ ᠤᠨ ᠡᠭᠦᠷ ᠤᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠦᠨᠡᠨᠬᠦ ᠳᠡᠭᠡᠭᠰᠢᠯᠡᠭᠦᠯᠬᠦ ᠶᠢᠨ ᠲᠤᠰᠠᠳᠠ᠂ 7 ᠳ᠋ᠤᠭᠠᠷ ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠶᠣᠣ ᠭᠧᠤ ᠰᠢᠶᠠᠩ 2018 ᠣᠨ ᠤ ᠳᠡᠭᠡᠳᠦ ᠬᠠᠭᠠᠰ ᠵᠢᠯ ᠤᠨ ᠨᠠᠮ ᠤᠨ ᠡᠭᠦᠷ ᠤᠨ ᠱᠦᠵᠢ ᠨᠢ ᠨᠠᠮ ᠤᠨ ᠪᠠᠶᠢᠭᠤᠯᠤᠯᠲᠠ ᠶᠢ ᠠᠳᠬᠤᠬᠤ ᠠᠵᠢᠯ ᠢ ᠭᠦᠢᠴᠡᠳᠬᠡᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ᠃ ᠬᠤᠷᠠᠯ ᠢ ᠰᠢᠶᠠᠩ ᠤᠨ ᠨᠠᠮ ᠤᠨ ᠬᠤᠷᠢᠶ᠎ᠠ ᠶᠢᠨ ᠱᠦᠵᠢ ᠵᠢᠶᠤᠤ ᠴᠢᠶᠠᠨ ᠨᠥᠬᠦᠷ ᠠᠴᠠ ᠡᠷᠬᠢᠯᠡᠵᠦ᠂ ᠪᠦᠬᠦ ᠰᠢᠶᠠᠩ ᠤᠨ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠰᠢᠶᠠᠩ ᠤᠨ ᠲᠣᠮᠢᠯᠠᠭᠰᠠᠨ ᠰᠠᠯᠪᠤᠷᠢ᠂ ᠡᠯ᠎ᠡ ᠠᠵᠤ ᠠᠬᠤᠶᠢᠯᠠᠯ ᠬᠢᠭᠡᠳ ᠡᠯ᠎ᠡ ᠲᠣᠰᠬᠤᠨ ᠤ ᠠᠷᠠᠳ ᠤᠨ ᠵᠥᠪᠯᠡᠯ ᠤᠨ ᠨᠠᠮ ᠤᠨ ᠡᠭᠦᠷ ᠤᠨ ᠱᠦᠵᠢ ᠨᠠᠷ ᠲᠤᠰ ᠤᠳᠠᠭᠠᠨ ᠤ ᠬᠤᠷᠠᠯ ᠳᠤ ᠣᠷᠣᠯᠴᠠᠪᠠ᠃      ᠡᠯ᠎ᠡ ᠲᠣᠰᠬᠤᠨ᠂ ᠠᠵᠤ ᠠᠬᠤᠶᠢᠯᠠᠯ ᠤᠨ ᠨᠠᠮ ᠤᠨ ᠡᠭᠦᠷ ᠤᠨ ᠱᠦᠵᠢ ᠨᠢ ᠤᠷᠢᠳ ᠬᠤᠵᠢᠳ 2018 ᠣᠨ ᠤ ᠳᠡᠭᠡᠳᠦ ᠬᠠᠭᠠᠰ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠯᠤᠰ ᠲᠦᠷᠦ ᠶᠢᠨ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠦᠳᠦᠭᠡᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ᠂ ᠨᠠᠮ ᠤᠨ ᠪᠠᠶᠢᠭᠤᠯᠤᠯᠲᠠ ᠶᠢ ᠠᠳᠬᠤᠵᠤ ᠶᠠᠳᠠᠭᠤ ᠠᠴᠠ ᠠᠩᠭᠢᠵᠢᠷᠠᠭᠤᠯᠬᠤ᠂ ᠣᠷᠣᠰᠢᠵᠤ ᠪᠠᠶᠢᠭ᠎ᠠ ᠠᠰᠠᠭᠤᠳᠠᠯ ᠪᠣᠯᠣᠨ ᠳᠠᠷᠠᠭ᠎ᠠ ᠠᠯᠬᠤᠮ ᠤᠨ ᠠᠵᠢᠯ ᠤᠨ ᠬᠠᠷᠠᠯᠲᠠ ᠵᠡᠷᠭᠡ ᠤᠯᠠᠨ ᠲᠠᠯ᠎ᠠ ᠠᠴᠠ ᠬᠠᠷᠢᠭᠤᠴᠠᠯᠭ᠎ᠠ ᠭᠦᠢᠴᠡᠳᠬᠡᠬᠦ ᠬᠠᠷᠢᠭᠤ ᠮᠡᠳᠡᠭᠦᠯᠦᠯᠲᠡ ᠬᠢᠪᠡ᠃      ᠰᠢᠶᠠᠩ ᠤᠨ ᠨᠠᠮ ᠤᠨ ᠬᠤᠷᠢᠶ᠎ᠠ ᠶᠢᠨ ᠳᠡᠳ᠋ ᠱᠦᠵᠢ ᠳ᠋ᠠᠩ ᠿᠦᠢ ᠵᠢᠶᠦ᠋ᠨ ᠨᠥᠬᠦᠷ ᠠᠴᠠ ᠡᠯ᠎ᠡ ᠨᠠᠮ ᠤᠨ ᠡᠭᠦᠷ ᠤᠨ ᠬᠠᠷᠢᠭᠤᠴᠠᠯᠭ᠎ᠠ ᠭᠦᠢᠴᠡᠳᠬᠡᠵᠦ ᠬᠠᠷᠢᠭᠤ ᠮᠡᠳᠡᠭᠦᠯᠦᠯᠲᠡ ᠶᠢ ᠦᠨᠡᠯᠡᠪᠡ᠄ 1 . ᠳᠡᠭᠡᠳᠦ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠠᠵᠢᠯ ᠢᠶᠠᠨ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ︔ 2. ᠨᠠᠮ ᠤᠨ ᠪᠠᠶᠢᠭᠤᠯᠤᠯᠲᠠ ᠶᠢᠨ ᠠᠵᠢᠯ ᠢ ᠲᠤᠰᠬᠠᠶ ᠬᠥᠮᠦᠨ ᠬᠠᠷᠢᠭᠤᠴᠠᠬᠤ ᠶᠢ ᠨᠠᠶᠢᠳᠠᠪᠤᠷᠢᠵᠢᠭᠤᠯᠬᠤ ᠬᠡᠷᠡᠭᠲᠡᠢ︔ 3. ᠰᠢᠨ᠎ᠡ ᠪᠠᠷ ᠰᠣᠩᠭᠤᠭᠳᠠᠭᠰᠠᠨ ᠨᠠᠮ ᠤᠨ ᠡᠭᠦᠷ ᠤᠨ ᠱᠦᠵᠢ ᠨᠠᠷ ᠠᠵᠢᠯ  ᠳᠠᠭᠠᠨ ᠠᠯᠢ ᠲᠦᠷᠭᠡᠨ ᠢᠶᠠᠷ ᠵᠣᠬᠢᠴᠠᠬᠤ ᠬᠡᠷᠡᠭᠲᠡᠢ︔ 4. ᠲᠣᠰᠬᠤᠨ ᠤ ᠬᠠᠮᠲᠤ ᠶᠢᠨ ᠠᠵᠤ ᠠᠬᠤᠶ ᠶᠢ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠵᠤ᠂ ᠨᠠᠮ ᠤᠨ ᠪᠠᠶᠢᠭᠤᠯᠤᠯᠲᠠ ᠪᠠᠷ ᠶᠠᠳᠠᠭᠤ ᠶᠢ ᠲᠡᠳᠬᠦᠬᠦ ᠶᠢ ᠬᠥᠲᠥᠯᠥᠨ ᠳᠠᠭᠠᠭᠤᠯᠬᠤ ᠬᠡᠷᠡᠭᠲᠡᠶ ᠭᠡᠪᠡ ᠭᠡᠵᠡᠢ᠃      ᠰᠢᠶᠠᠩ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠯᠢᠦ ᠵᠢᠶᠠᠨ ᠸᠧᠨ ᠨᠥᠬᠦᠷ ᠠᠴᠠ ᠡᠯ᠎ᠡ ᠨᠠᠮ ᠤᠨ ᠡᠭᠦᠷ ᠤᠨ ᠬᠠᠷᠢᠭᠤᠴᠠᠯᠭ᠎ᠠ ᠭᠦᠢᠴᠡᠳᠬᠡᠵᠦ ᠬᠠᠷᠢᠭᠤ ᠮᠡᠳᠡᠭᠦᠯᠦᠯᠲᠡ ᠶᠢ ᠦᠨᠡᠯᠡᠪᠡ᠄ 1. ᠡᠯ᠎ᠡ ᠨᠠᠮ ᠤᠨ ᠡᠭᠦᠷ ᠨᠢ ᠤᠯᠤᠰ ᠲᠦᠷᠤ ᠤᠨᠤᠯ ᠤᠨ ᠰᠤᠷᠤᠯᠴᠠᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ︔ 2. ᠶᠠᠳᠠᠭᠤ ᠶᠢ ᠲᠡᠳᠬᠦᠬᠦ ᠬᠦᠷᠢᠶᠡᠨ ᠤ ᠢᠯᠵᠠᠷᠠᠯ ᠢ ᠡᠰᠡᠷᠭᠦᠴᠡᠬᠦ ᠠᠵᠢᠯ ᠢ ᠬᠦᠴᠦᠯᠡᠴᠡ ᠴᠢᠩᠭᠠᠳᠬᠠᠬᠤ ᠬᠡᠷᠡᠭᠲᠡᠶ︔ 3. ︽ᠭᠤᠷᠪᠠᠨ ᠠᠵᠢᠯ︾ ᠢ ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ ᠡᠯ᠎ᠡ ᠵᠦᠢᠯ ᠤᠨ ᠠᠵᠢᠯ ᠤᠨ ᠢᠯᠡ ᠲᠣᠳᠣᠷᠬᠠᠶ ᠪᠠᠶᠢᠯᠭᠠᠬᠤ ᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃      ᠡᠴᠦᠰ ᠲᠤ᠂ ᠰᠢᠶᠠᠩ ᠤᠨ ᠨᠠᠮ ᠤᠨ ᠬᠤᠷᠢᠶ᠎ᠠ ᠶᠢᠨ ᠱᠦᠵᠢ ᠵᠢᠶᠤᠤ ᠴᠢᠶᠠᠨ ᠨᠥᠬᠦᠷ ᠠᠴᠠ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠡᠯ᠎ᠡ ᠨᠠᠮ ᠤᠨ ᠡᠭᠦᠷ ᠤᠨ ᠱᠦᠵᠢ ᠶᠢᠨ ᠳᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠪᠠ᠄ 1. ᠤᠨᠦᠯ ᠤᠨ ᠰᠤᠷᠦᠯᠴᠡᠯᠭ᠎ᠠ ᠪᠠᠨ ᠴᠢᠩᠭᠠᠳᠬᠠᠬᠤ᠂ ᠨᠠᠮ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ︔ 2. ᠲᠦᠷᠢᠮ ᠤᠨ ᠬᠡᠷᠡᠭᠵᠢᠭᠦᠯᠬᠦ ᠬᠦᠴᠦᠨ ᠢ ᠴᠢᠩᠭᠠᠷᠠᠭᠤᠯᠵᠤ᠂ ᠨᠠᠮ ᠤᠨ ᠡᠭᠦᠷ ᠤᠨ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ︔ 3. ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠵᠤ᠂ ᠰᠤᠷᠲᠠᠯ ᠤᠨ ᠪᠠᠶᠢᠭᠤᠯᠤᠯᠲᠠ ᠶᠢ ᠡᠮᠦᠨ᠎ᠡ ᠪᠠᠨ ᠲᠠᠯᠪᠢᠬᠤr ᠬᠥᠭᠲᠡᠢ︔ 4. ᠠᠵᠢᠯ ᠤᠨ ᠰᠢᠨ᠎ᠡ ᠰᠡᠳᠬᠢᠮᠵᠢ ᠶᠢ ᠡᠭᠦᠳᠴᠦ᠂ ᠨᠠᠮ ᠤᠨ ᠪᠠᠶᠢᠭᠤᠯᠤᠯᠲᠠ ᠪᠠᠷ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠠ ᠬᠥᠳᠡᠭᠡ ᠲᠣᠰᠬᠤᠨ ᠢ ᠬᠥᠭᠵᠢᠨ ᠮᠠᠨᠳᠤᠬᠤ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠪᠡ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1