ᠴᠢᠩ ᠱᠦᠢ ᠾᠧ ᠰᠢᠶᠠᠨ ᠭᠡᠷᠡᠯ ᠸᠣᠯᠲ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠤᠨ ᠲᠣᠣᠷ ᠨᠡᠶᠢᠯᠡᠭᠦᠯᠬᠦ ᠡᠬᠢᠯᠡᠯᠲᠡ ᠶᠢᠨ ᠶᠣᠰᠣᠯᠠᠯ ᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2018-07-03
     6 ᠳ᠋ᠤᠭᠠᠷ ᠰᠠᠷ᠎ᠠ ᠶᠢᠨ 28 ᠤ ᠡᠳᠦᠷ᠂ ᠴᠢᠩ ᠱᠦᠢ ᠾᠧ ᠰᠢᠶᠠᠨ ᠤ ᠠᠷᠠᠳ ᠲᠤ ᠠᠰᠢᠭ ᠬᠦᠷᠲᠡᠭᠡᠬᠦ ᠭᠡᠷᠡᠯ ᠸᠣᠯᠲ ᠢᠶᠠᠷ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ 5MW ᠶᠠᠳᠠᠭᠤ ᠶᠢ ᠲᠡᠳᠬᠦᠬᠦ ᠲᠥᠷᠥᠯ ᠵᠦᠢᠯ ᠢ ᠬᠥᠬᠡᠬᠤᠲᠠ ᠶᠢᠨ ᠯᠢᠶᠠᠨ ᠾᠧ ᠰᠢᠨ᠎ᠡ ᠡᠨᠧᠷᠭᠢ ᠶᠢᠨ 110V ᠬᠦᠴᠦᠳᠡᠯ ᠶᠡᠬᠡᠳᠬᠡᠬᠦ ᠦᠷᠳᠡᠭᠡ ᠳᠤ ᠵᠠᠯᠭᠠᠵᠤ ᠣᠷᠣᠭᠤᠯᠬᠤ ᠲᠣᠣᠷ ᠨᠡᠶᠢᠯᠡᠭᠦᠯᠬᠦ ᠡᠬᠢᠯᠡᠯᠲᠡ ᠶᠢᠨ ᠶᠣᠰᠣᠯᠠᠯ ᠨᠢ ᠮᠠᠨ ᠤ ᠰᠢᠶᠠᠨ ᠤ ᠤᠯᠢᠶᠠᠰᠤᠲᠠᠢ ᠰᠢᠶᠠᠩ ᠤᠨ ᠺᠠᠩ ᠱᠧᠩ ᠵᠤᠸᠠᠩ ᠲᠣᠰᠬᠤᠨ ᠳᠤ ᠶᠠᠪᠤᠭᠳᠠᠪᠠ᠃      ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠺᠠᠩ ᠶᠦᠩ ᠴᠢᠶᠠᠩ᠂ ᠥᠪᠡᠷᠲᠡᠭᠡᠨ ᠵᠠᠰᠠᠬᠤ ᠣᠷᠣᠨ ᠠᠴᠠ ᠮᠠᠨ ᠤ ᠰᠢᠶᠠᠨ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠠᠬᠤ ᠶᠡᠷᠦᠩᠬᠡᠶ ᠠᠩᠭᠢ ᠶᠢᠨ ᠳᠠᠷᠤᠭ᠎ᠠ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠰᠢᠤᠢ ᠪᠦᠦ ᠴᠢᠤᠸᠠᠨ᠂ ᠬᠤᠳᠠ ᠠᠴᠠ ᠮᠠᠨ ᠤ ᠰᠢᠶᠠᠨ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠠᠬᠤ ᠢ ᠰᠢᠮᠳᠠᠭᠤᠯᠤᠨ ᠵᠢᠯᠭᠤᠳᠬᠤ ᠳᠤᠭᠤᠶᠢᠯᠠᠩ ᠤᠨ ᠳᠠᠷᠤᠭ᠎ᠠ ᠸᠠᠩ ᠰᠢᠨ ᠾᠧᠦ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠸᠠᠩ ᠱᠠᠨ ᠴᠢᠤᠸᠠᠨ ᠲᠣᠣᠷ ᠨᠡᠶᠢᠯᠡᠭᠦᠯᠬᠦ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠬᠤᠲᠠ ᠶᠢᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢ ᠶᠢᠨ ᠳᠠᠷᠤᠭ᠎ᠠ ᠳ᠋ᠠᠶ ᠰᠦ᠋ ᠾᠧ᠂ ᠬᠤᠳᠠ ᠶᠢᠨ ᠬᠥᠳᠡᠭᠡ ᠲᠣᠰᠬᠤᠨ ᠤ ᠠᠵᠢᠯ ᠤᠨ ᠵᠥᠪᠯᠡᠯ ᠤᠨ ᠳᠡᠳ᠋ ᠪᠠᠶᠢᠴᠠᠭᠠᠨ ᠰᠤᠳᠤᠯᠤᠭᠴᠢ ᠯᠢ ᠸᠧᠢ ᠢ ᠵᠡᠷᠭᠡ ᠳᠡᠭᠡᠳᠦ ᠱᠠᠲᠤᠨ ᠤ ᠤᠳᠤᠷᠢᠳᠤᠯᠭ᠎ᠠ ᠨᠠᠷ ᠤᠷᠢᠯᠭ᠎ᠠ ᠪᠠᠷ ᠲᠣᠣᠷ ᠲᠤ ᠨᠡᠶᠢᠯᠡᠭᠦᠯᠬᠦ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠠᠷᠤᠭ᠎ᠠ ᠱᠢ ᠶᠦᠩ ᠫᠢᠩ ᠡᠬᠢᠯᠡᠯᠲᠡ ᠶᠢᠨ ᠶᠣᠰᠣᠯᠠᠯ ᠢ ᠡᠷᠭᠢᠯᠡᠪᠡ᠃      ᠺᠠᠩ ᠶᠦᠩ ᠴᠢᠶᠠᠩ ᠡᠬᠢᠯᠡᠯᠲᠡ ᠶᠢᠨ ᠶᠣᠰᠣᠯᠠᠯ ᠳᠡᠭᠡᠷ᠎ᠡ ᠲᠠᠯᠪᠢᠭᠰᠠᠨ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠭᠡᠷᠡᠯ ᠸᠣᠯᠲ ᠤᠨ ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠬᠦ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠮᠥᠨ᠂ ᠡᠨᠡ ᠪᠣᠯ ᠥᠷᠭᠡᠨ ᠤᠯᠠᠨ ᠶᠠᠳᠠᠭᠤ ᠬᠦᠴᠢᠷᠳᠡᠯ ᠲᠠᠢ ᠬᠥᠮᠦᠨ ᠠᠮᠠ ᠳᠤ ᠠᠵᠠ ᠵᠢᠷᠭᠠᠯ ᠣᠯᠭᠤᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ ᠠᠷᠠᠳ ᠲᠤ ᠠᠰᠢᠭ ᠬᠦᠷᠲᠡᠭᠡᠬᠦ ᠭᠡᠷᠡᠯ ᠸᠣᠯᠲ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ 5MW ᠶᠠᠳᠠᠭᠤ ᠶᠢ ᠲᠡᠳᠬᠦᠬᠦ ᠲᠥᠷᠥᠯ ᠵᠦᠢᠯ ᠤᠨ ᠠᠮᠵᠢᠯᠲᠠ ᠲᠠᠢ ᠪᠠᠷ ᠲᠣᠣᠷ ᠲᠤ ᠨᠡᠶᠢᠯᠡᠭᠦᠯᠦᠭᠰᠡᠨ ᠨᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠣᠷᠣᠯᠭ᠎ᠠ ᠶᠢ ᠨᠡᠮᠡᠭᠳᠡᠭᠦᠯᠬᠦ᠂ ᠬᠡᠰᠡᠭ ᠶᠠᠳᠠᠭᠤ ᠬᠦᠴᠢᠷᠳᠡᠯ ᠲᠠᠢ ᠲᠣᠰᠬᠤᠨ ᠤ ᠠᠵᠤ ᠦᠢᠯᠡᠰ ᠤᠨ ᠬᠥᠭᠵᠢᠯᠲᠡ ᠨᠢ ᠬᠦᠴᠢᠷᠳᠡᠯᠲᠡᠶ ᠪᠠᠶᠢᠬᠤ ᠵᠡᠷᠭᠡ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠢᠶᠠᠷ ᠪᠠᠷᠠᠬᠤ ᠦᠭᠡᠢ᠂ ᠪᠠᠰᠠ ︽ᠴᠢᠰᠤ ᠶᠡᠭᠦᠯᠡᠬᠦ ᠮᠠᠶ᠋ᠢᠭ ᠤᠨ ᠶᠠᠳᠠᠭᠤ ᠶᠢ ᠲᠡᠳᠬᠦᠬᠦ︾ ᠶᠢ ︽ᠦᠷ᠎ᠡ ᠠᠰᠢᠭ ᠨᠡᠮᠡᠭᠳᠡᠭᠦᠯᠬᠦ ᠬᠡᠯᠪᠡᠷᠢ ᠪᠠᠷ ᠶᠠᠳᠠᠭᠤ ᠶᠢ ᠲᠡᠳᠬᠦᠬᠦ︾ ᠵᠦᠭ ᠲᠤ ᠤᠯᠠᠷᠢᠬᠤ ᠶᠢ ᠪᠡᠶᠡᠯᠡᠭᠦᠯᠪᠡ᠃ ᠡᠭᠦᠨ ᠤ ᠬᠠᠮᠲᠤ᠂ ᠪᠠᠰᠠ ᠡᠬᠢ ᠪᠠᠶᠠᠯᠢᠭ ᠢ ᠪᠦᠲᠦᠮᠵᠢᠲᠡᠶ ᠠᠰᠢᠭᠯᠠᠬᠤ᠂ ᠪᠣᠬᠢᠷᠲᠤᠯ ᠦᠭᠡᠢ ᠡᠨᠧᠷᠭᠢ ᠶᠢ ᠲᠦᠷᠭᠡᠨ ᠬᠥᠭᠵᠢᠭᠦᠯᠵᠦ᠂ ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠠᠯᠬᠤᠴᠠ ᠶᠢ ᠢᠳᠡᠪᠬᠢᠲᠡᠶ ᠠᠬᠢᠭᠤᠯᠪᠠ᠃ ᠺᠠᠩ ᠶᠦᠩ ᠴᠢᠶᠠᠩ ᠴᠢᠬᠤᠯᠠᠴᠢᠯᠠᠭᠰᠠᠨ ᠨᠢ᠂ ᠬᠤᠶᠢᠰᠢᠳᠠ ᠶᠢᠨ ᠠᠵᠢᠯ ᠤᠨ ᠳᠤᠮᠳᠠ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠳ ᠪᠠᠶᠢᠯᠳᠤᠬᠤ ᠪᠣᠳᠣᠯᠭ᠎ᠠ ᠪᠣᠯᠣᠨ ᠪᠦᠬᠦ ᠲᠠᠯ᠎ᠠ ᠶᠢᠨ ᠳᠡᠭᠡᠳᠦ ᠬᠡᠮᠵᠢᠶᠡᠨ ᠳᠤ ᠰᠠᠭᠤᠷᠢᠯᠠᠵᠤ᠂ ᠨᠡᠩ ᠤᠯᠠᠨ ᠶᠠᠳᠠᠭᠤ ᠶᠢ ᠲᠡᠳᠬᠦᠬᠦ ᠠᠵᠤ ᠦᠢᠯᠡᠰ ᠤᠨ ᠲᠥᠷᠥᠯ ᠵᠦᠢᠯ ᠢ ᠢᠳᠡᠪᠬᠢᠲᠡᠶ ᠨᠡᠭᠡᠭᠡᠨ ᠬᠥᠭᠵᠢᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠠᠰᠢᠭ ᠣᠷᠣᠯᠭ᠎ᠠ ᠶᠢ ᠳᠠᠶᠢᠴᠢᠯᠠᠨ ᠳᠠᠭᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠢᠯᠠᠯᠲᠠ ᠣᠯᠬᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠪᠡᠶᠡᠯᠡᠭᠦᠯᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠢ᠃      ᠣᠶᠢᠯᠠᠭᠠᠭᠰᠠᠨ ᠢᠶᠠᠷ᠂ ᠠᠷᠠᠳ ᠲᠤ ᠠᠰᠢᠭ ᠬᠦᠷᠲᠡᠭᠡᠬᠦ ᠭᠡᠷᠡᠯ ᠸᠣᠯᠲ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠤᠨ ᠶᠡᠷᠦᠩᠬᠡᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 5MW ᠪᠠᠶᠢᠵᠤ᠂ ᠪᠦᠳᠤᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠤ ᠲᠠᠷᠠᠭ᠎ᠠ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 750 ᠲᠦᠮᠡᠨ MWh ᠬᠦᠷᠬᠦ ᠪᠠᠷ ᠵᠢᠱᠢᠵᠦ᠂ ᠲᠥᠷᠥᠯ ᠵᠦᠢᠯ ᠤᠨ ᠠᠮᠵᠢᠯᠲᠠ ᠲᠠᠢ ᠪᠠᠷ ᠲᠣᠣᠷ ᠲᠤ ᠨᠡᠶᠢᠯᠡᠭᠦᠯᠦᠭᠰᠡᠨ ᠨᠢ ᠪᠦᠬᠦ ᠰᠢᠶᠠᠨ ᠤ 213 ᠶᠠᠳᠠᠭᠤ ᠬᠦᠴᠢᠷᠳᠡᠯᠲᠡᠶ ᠡᠷᠦᠬᠡ ᠶᠢᠨ ᠵᠢᠯ ᠪᠦᠷᠢ 3000 ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠠᠰᠢᠭ ᠣᠷᠣᠯᠭ᠎ᠠ ᠶᠢ ᠪᠦᠲᠦᠮᠵᠢᠲᠡᠶ ᠪᠠᠲᠤᠯᠠᠵᠤ ᠴᠢᠳᠠᠨ᠎ᠠ᠃ ᠲᠦᠷᠦᠯ ᠵᠦᠢᠯ ᠤᠨ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠨᠢ ᠮᠠᠨ ᠤ ᠰᠢᠶᠠᠨ ᠤ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠬᠤ᠂ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠵᠤ ᠳᠡᠰ ᠳᠡᠪᠰᠢᠬᠦ ᠶᠢ ᠠᠬᠢᠭᠤᠯᠬᠤ ᠳᠤ ᠴᠥᠮ ᠴᠢᠬᠤᠯᠠ ᠠᠴᠢ ᠬᠤᠯᠪᠣᠭᠳᠠᠯ ᠲᠠᠢ ᠶᠤᠮ᠃      ᠰᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠥᠬᠡᠬᠤᠲᠠ ᠶᠢᠨ ᠯᠢᠶᠠᠨ ᠾᠧ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠬᠢᠵᠠᠭᠠᠷᠲᠤ ᠺᠣᠮᠫᠠᠨᠢ ᠶᠢᠨ ᠬᠤᠯᠪᠣᠭᠳᠠᠯ ᠪᠦᠬᠦᠢ ᠬᠥᠮᠦᠰ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1