ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠣᠣ ᠴᠦᠨ ᠴᠢᠩ ᠱᠦᠢ ᠾᠧ ᠰᠢᠶᠠᠨ ᠤ ᠳᠡᠭᠡᠷ᠎ᠡ ᠬᠠᠭᠠᠰ ᠵᠢᠯ ᠤᠨ ᠠᠵᠤ ᠦᠢᠯᠡᠳᠪᠦᠷᠢ ᠠᠵᠤ ᠠᠬᠤᠶ ᠶᠢᠨ ᠠᠵᠢᠯᠯᠠᠭ᠎ᠠ ᠪᠣᠯᠣᠨ ᠮᠥᠩᠭᠦᠨ ᠭᠦᠢᠯᠭᠡᠭᠡᠨ ᠤ ᠠᠵᠢᠯ ᠤᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2018-07-06
     7 ᠳ᠋ᠤᠭᠠᠷ ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠣᠣ ᠴᠦᠨ ᠨᠠᠷ ᠴᠢᠩ ᠱᠦᠢ ᠾᠧ ᠰᠢᠶᠠᠨ ᠤ ᠳᠡᠭᠡᠷ᠎ᠡ ᠬᠠᠭᠠᠰ ᠵᠢᠯ ᠤᠨ ᠠᠵᠤ ᠦᠢᠯᠡᠳᠪᠦᠷᠢ ᠠᠵᠤ ᠠᠬᠤᠶ ᠶᠢᠨ ᠠᠵᠢᠯᠯᠠᠭ᠎ᠠ ᠪᠣᠯᠣᠨ ᠮᠥᠩᠭᠦᠨ ᠭᠦᠢᠯᠭᠡᠭᠡᠨ ᠤ ᠠᠵᠢᠯ ᠤᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠳᠡᠳ᠋ ᠳᠠᠷᠤᠭ᠎ᠠ ᠪᠢ ᠭᠦᠸᠧ ᠴᠧᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠸᠠᠩ ᠱᠠᠨ ᠴᠢᠤᠸᠠᠨ᠂ ᠰᠢᠶᠠᠨ ᠤ ᠳᠡᠳ᠋ ᠳᠠᠷᠤᠭ᠎ᠠ ᠱᠢ ᠶᠦᠩ ᠫᠢᠩ ᠵᠡᠷᠭᠡ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠥᠪᠥᠷ ᠮᠣᠩᠭᠤᠯ ᠤᠨ ᠴᠣᠣ ᠲᠡᠮᠳᠡᠭᠲᠦ ᠪᠠᠷᠢᠯᠭ᠎ᠠ ᠶᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠭᠡᠳᠤ ᠨᠠᠷᠠᠯᠢᠭ ᠴᠠᠭᠠᠨ ᠴᠠᠭᠠᠨ ᠰᠢᠷᠤᠢ ᠤᠯᠠᠶᠢᠰᠬᠠᠬᠤ ᠲᠥᠷᠥᠯ ᠵᠦᠢᠯ ᠤᠨ ᠢᠨᠵᠧᠨᠧᠷᠢᠩ᠂ ᠥᠪᠥᠷ ᠮᠣᠩᠭᠤᠯ ᠤᠨ ᠲᠢᠶᠠᠨ ᠬᠤᠣ ᠱᠦᠢᠨᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠱᠦᠢᠨᠢ ᠶᠢᠨ ᠪᠣᠯᠭᠤᠮᠠᠯ ᠮᠠᠲ᠋ᠧᠷᠢᠶᠠᠯ ᠤᠨ ᠦᠢᠯᠡᠳᠪᠦᠷᠢᠯᠡᠯ ᠤᠨ ᠱᠤᠭᠤᠮ ᠬᠢᠭᠡᠳ ᠴᠢᠩ ᠱᠦᠢ ᠾᠧ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ ᠬᠤᠯᠪᠣᠭᠠᠲᠤ ᠬᠤᠷᠰᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠲᠦᠷᠣᠯ ᠵᠦᠢᠯ ᠤᠨ ᠲᠥᠯᠥᠪᠵᠢᠭᠦᠯᠭᠡ᠂ ᠦᠢᠯᠡᠳᠪᠦᠷᠢᠯᠡᠵᠦ ᠡᠳ᠋ᠰᠢᠭᠦᠯᠬᠦ᠂ ᠵᠠᠬ᠎ᠠ ᠳᠡᠯᠭᠡᠭᠦᠷ ᠲᠤ ᠪᠣᠷᠣᠯᠠᠭᠤᠯᠬᠤ᠂ ᠦᠢᠯᠡᠳᠬᠦᠨ ᠢ ᠰᠤᠳᠤᠯᠤᠨ ᠨᠡᠭᠡᠭᠡᠬᠦ ᠵᠢᠴᠢ ᠪᠠᠩᠬᠢ ᠶᠢᠨ ᠦᠢᠯᠡᠰ ᠤᠨ ᠬᠠᠳᠠᠭᠠᠯᠠᠮᠵᠢ ᠪᠣᠯᠤᠨ ᠵᠢᠭᠡᠯᠡᠯᠭᠡ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠣᠶᠢᠯᠭᠠᠭᠰᠠᠨ ᠪᠥᠭᠡᠳ ᠰᠠᠨᠠᠯ ᠰᠠᠨᠠᠭᠤᠯᠭ᠎ᠠ ᠪᠠᠨ ᠰᠣᠯᠢᠯᠴᠠᠪᠠ᠃      ᠣᠶᠢᠯᠠᠭᠠᠭᠰᠠᠨ ᠢᠶᠠᠷ᠂ 2018 ᠣᠨ ᠠᠴᠠ ᠨᠠᠰᠢ᠂ ᠨᠡᠭᠦᠷᠡᠰᠦ᠂ ᠴᠠᠬᠢᠯᠠᠭᠤᠷ ᠴᠢᠯᠠᠭᠤ᠂ ᠱᠦᠢᠨᠢ ᠶᠢᠨ ᠠᠵᠢᠯ ᠲᠥᠷᠥᠯ ᠤᠨ ᠦᠨ᠎ᠡ ᠬᠠᠩᠰᠢ ᠶᠢᠨ ᠥᠰᠦᠭᠰᠡᠨ ᠨᠥᠯᠥᠭᠡ ᠪᠠᠷ᠂ ᠠᠵᠤ ᠦᠢᠯᠡᠳᠪᠦᠷᠢ ᠠᠵᠤ ᠠᠬᠤᠶ ᠶᠢᠨ ᠪᠣᠷᠣᠯᠠᠭᠤᠯᠭ᠎ᠠ ᠶᠢᠨ ᠪᠠᠶᠢᠳᠠᠯ ᠰᠠᠶᠢᠵᠢᠷᠠᠪᠠ᠃ ᠪᠦᠬᠦ ᠰᠢᠶᠠᠨ ᠤ ᠬᠡᠪᠴᠢᠶᠡᠵᠢᠯ ᠠᠴᠠ ᠳᠡᠭᠡᠭᠰᠢᠬᠢ 14 ᠠᠵᠤ ᠦᠢᠯᠡᠳᠪᠦᠷᠢ ᠶᠢᠨ ᠠᠵᠤ ᠠᠬᠤᠶᠢᠯᠠᠯ᠂ 1 — 5 ᠳ᠋ᠤᠭᠠᠷ ᠰᠠᠷ᠎ᠠ ᠳᠤ ᠤᠢᠢᠯᠡᠳᠭᠦᠨ ᠤ ᠪᠦ᠋ᠬᠦ ᠦᠷᠳᠡᠭ ᠢ 17.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 123.7% ᠨᠡᠮᠡᠭᠳᠡᠪᠡ᠃ ᠠᠵᠤ ᠦᠢᠯᠡᠳᠪᠦᠷᠢ ᠶᠢᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 1 — 5 ᠳ᠋ᠤᠭᠠᠷ ᠰᠠᠷ᠎ᠠ ᠳᠤ 0.68 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 43.8% ᠪᠠᠭᠤᠷᠠᠪᠠ᠃ ᠣᠳᠣᠬᠠᠨ᠂ ᠪᠦᠭᠦ ᠰᠢᠶᠠᠨ ᠳᠤ ᠬᠥᠳᠡᠭᠡ ᠠᠵᠤ ᠠᠬᠤᠶ ᠶᠢᠨ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂ ᠰᠢᠦᠳᠠᠨ ᠤ ᠶᠠᠪᠤᠳᠠᠯ ᠤᠨ ᠬᠠᠳᠠᠭᠠᠯᠠᠮᠵᠢ ᠶᠢᠨ ᠪᠠᠶᠢᠭᠤᠯᠤᠮᠵᠢ ᠪᠣᠯᠣᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ ᠬᠤᠯᠪᠣᠭᠠᠲᠤ ᠬᠤᠷᠰᠢᠶ᠎ᠠ ᠵᠡᠷᠭᠡ ᠲᠦᠷᠪᠡᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠᠶᠢᠵᠤ᠂ 5 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠰᠢᠶᠠᠨ ᠤ ᠬᠠᠳᠠᠭᠠᠯᠠᠮᠵᠢ ᠶᠢᠨ ᠵᠣᠭᠤᠰᠣᠨ ᠤ ᠦᠯᠡᠳᠡᠪᠦᠷᠢ ᠨᠢ ᠨᠡᠶᠢᠲᠡ 51.19 ᠳ᠋ᠦᠩᠰᠢᠭᠤᠷ ᠲᠥᠭᠦᠷᠢᠭ ᠬᠦᠷᠴᠦ᠂  ᠵᠢᠯ ᠤᠨ ᠡᠬᠢᠨ ᠤ ᠠᠴᠠ 1.8 ᠳ᠋ᠦᠩᠰᠢᠭᠤᠷ ᠲᠥᠭᠦᠷᠢᠭ ᠬᠠᠰᠤᠭᠳᠠᠵᠤ᠂ 3.34% ᠪᠠᠭᠤᠷᠠᠵᠤ᠂ ᠠᠳᠠᠯᠢ ᠬᠤᠭᠤᠴᠠᠭᠠᠨ ᠤ ᠬᠢ ᠠᠴᠠ 1.06% ᠨᠡᠮᠡᠭᠳᠡᠪᠡ᠃ ᠪᠦᠬᠦ ᠰᠢᠶᠠᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ ᠨᠡᠶᠢᠲᠡ 27.48 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 0.09 ᠳ᠋ᠦᠩᠰᠢᠭᠤᠷ ᠲᠥᠭᠦᠷᠢᠭ ᠬᠠᠰᠤᠭᠳᠠᠵᠤ᠂ ᠠᠳᠠᠯᠢ ᠬᠤᠭᠤᠴᠠᠭᠠᠨ ᠤ ᠬᠢ ᠠᠴᠠ 13.12 ᠨᠡᠮᠡᠭᠳᠡᠵᠦ᠂ ᠪᠦᠬᠦ ᠰᠢᠶᠠᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠣᠯᠤᠨ ᠵᠢᠭᠡᠯᠡᠯᠭᠡ ᠶᠢᠨ ᠬᠠᠷᠢᠴᠠᠯ ᠨᠢ 52.65% ᠪᠣᠯᠣᠨ᠎ᠠ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1