ᠴᠢᠩ ᠱᠦᠢ ᠾᠧ ᠰᠢᠶᠠᠨ ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠬᠠᠢ ᠶᠢᠨ ᠲᠠᠯᠠᠪᠠᠢ ᠳᠤ ᠲᠤᠷᠰᠢᠯᠭ᠎ᠠ ᠰᠣᠷᠣᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-07-09
      ᠰᠢᠶᠠᠩ ᠪᠠᠯᠭᠠᠰᠤᠨ ᠤ ᠬᠤᠭᠤᠷᠣᠨᠳᠣᠬᠢ ᠲᠡᠷᠢᠭᠦᠨ ᠤ ᠲᠤᠷᠰᠢᠯᠭ᠎ᠠ ᠪᠣᠯᠣᠨ ᠨᠡᠶᠢᠲᠡᠯᠢᠭ ᠠᠷᠭ᠎ᠠ ᠶᠢ ᠤᠯᠠᠮ ᠨᠢᠭᠡ ᠠᠯᠬᠤᠮ ᠰᠤᠷᠤᠯᠴᠠᠨ ᠯᠠᠪᠯᠠᠯᠲᠠ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠮᠠᠨ ᠤ ᠰᠢᠶᠠᠨ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠢᠯᠠᠯᠲᠠ ᠤᠯᠬᠤ ᠳᠤ ᠪᠠᠲᠤ ᠪᠠᠬᠢ ᠰᠠᠭᠤᠷᠢ ᠲᠠᠯᠪᠢᠬᠤ ᠶᠢᠨ ᠲᠤᠰᠠᠳᠠ᠂ 7 ᠳ᠋ᠤᠭᠠᠷ ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠵᠠᠩ ᠺᠧ ᠯᠢᠩ᠂ ᠰᠢᠶᠠᠨ ᠤ ᠳᠡᠳ᠋ ᠳᠠᠷᠤᠭ᠎ᠠ᠂ ᠵᠢᠤ ᠼᠠᠢ ᠵᠤᠸᠠᠩ ᠰᠢᠶᠠᠩ ᠨᠠᠮ ᠤᠨ ᠬᠤᠷᠢᠶ᠎ᠠ ᠶᠢᠨ ᠱᠦᠵᠢ ᠯᠢ ᠵᠢᠶᠦ᠋ᠨ ᠵᠡᠷᠭᠡ ᠰᠢᠶᠠᠨ ᠤ ᠤᠳᠤᠷᠢᠳᠤᠯᠭ᠎ᠠ ᠠᠴᠠ ᠳᠤᠭᠤᠶᠢᠯᠠᠩ ᠳᠠᠭᠠᠭᠤᠯᠵᠤ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠰᠢᠶᠠᠩ ᠪᠠᠯᠭᠠᠰᠤᠨ ᠤ ᠳᠠᠷᠤᠭ᠎ᠠ ᠶᠢ ᠰᠤᠭᠤᠯᠵᠤ ᠲᠤᠬᠠᠶ ᠶᠢᠨ ᠲᠠᠯᠠᠪᠠᠢ ᠳᠤ ᠲᠤᠷᠰᠢᠯᠭ᠎ᠠ ᠰᠤᠷᠤᠯᠴᠠᠬᠤ ᠪᠦᠯᠬᠦᠮ ᠪᠦᠷᠢᠯᠳᠦᠭᠦᠯᠦᠨ᠂ ᠪᠸᠢ ᠪᠦᠦ ᠰᠢᠶᠠᠩ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠬᠠᠢ ᠶᠢᠨ ᠲᠠᠯᠠᠪᠠᠢ ᠳᠤ ᠲᠤᠷᠰᠢᠯᠭ᠎ᠠ ᠰᠣᠷᠣᠯᠴᠠᠬᠤ ᠬᠤᠷᠠᠯ ᠬᠤᠷᠠᠯᠳᠤᠪᠠ᠃      ᠲᠤᠷᠰᠢᠯᠭ᠎ᠠ ᠰᠤᠷᠤᠯᠴᠠᠬᠤ ᠳᠤᠮᠳᠠ᠂ ᠲᠤᠷᠰᠢᠯᠭ᠎ᠠ ᠰᠤᠷᠤᠯᠴᠠᠬᠤ ᠪᠦᠯᠬᠦᠮ ᠤᠨ ᠬᠢᠨ ᠢ ᠤᠷᠢᠳ ᠬᠤᠵᠢᠳ ᠪᠧᠶ ᠪᠦ᠋ ᠰᠢᠶᠠᠩ ᠤᠨ ᠶᠠᠩ ᠸᠠᠨ ᠽᠢ ᠲᠣᠰᠬᠤᠨ᠂ ᠰᠧ ᠳ᠋ᠤᠤ ᠫᠢᠩ ᠲᠣᠰᠬᠤᠨ᠂ ᠰᠠᠨ ᠬᠤᠸᠠᠩ ᠱᠦᠢ ᠲᠣᠰᠬᠤᠨ᠂ ᠯᠣᠣ ᠨᠢᠤ ᠫᠦᠸᠧ ᠲᠣᠰᠬᠤᠨ᠂ ᠳ᠋ᠦᠢ ᠵᠢᠦ ᠫᠢᠩ ᠲᠣᠰᠬᠤᠨ ᠳᠤ ᠬᠦᠷᠴᠦ ᠪᠠᠶᠢᠳᠠᠯ ᠢ ᠨᠢ ᠣᠶᠢᠯᠠᠭᠠᠬᠤ ᠵᠢᠭᠰᠠᠭᠠᠨ ᠪᠠᠶᠢᠴᠠᠭᠠᠯᠲᠠ ᠪᠣᠯᠣᠨ ᠭᠠᠴᠠᠭᠠᠨ ᠤ ᠱᠠᠲᠤᠨ ᠤ ᠳᠠᠩᠰᠠ ᠡᠪᠬᠡᠮᠡᠯ ᠢ ᠲᠡᠭᠦᠯᠳᠡᠷᠵᠢᠭᠦᠯᠦᠭᠰᠡᠨ ᠪᠠᠶᠢᠳᠠᠯ ᠢ ᠲᠤᠬᠠᠶ ᠶᠢᠨ ᠲᠠᠯᠠᠪᠠᠢ ᠳᠤᠨᠢ ᠰᠤᠷᠤᠯᠴᠠᠪᠠ᠃ ᠭᠠᠵᠠᠷ ᠪᠣᠯᠭᠠᠨ ᠳᠤ ᠬᠦᠷᠦᠮᠡᠭᠴᠡ᠂ ᠲᠤᠷᠰᠢᠯᠭ᠎ᠠ ᠰᠤᠷᠤᠯᠴᠠᠬᠤ ᠪᠦᠯᠬᠦᠮ ᠤᠨ ᠪᠦᠷᠢᠯᠳᠦᠬᠦᠨ ᠴᠥᠮ ᠨᠠᠷᠢᠨ ᠬᠢᠨᠠᠮᠠᠭᠠᠶ ᠰᠣᠨᠣᠰᠴᠤ᠂ ᠨᠠᠷᠢᠯᠢᠭ ᠦᠵᠡᠵᠦ᠂ ᠵᠠᠷᠢᠮ ᠰᠠᠶᠢᠨ ᠲᠤᠷᠰᠢᠯᠭ᠎ᠠ ᠪᠣᠯᠣᠨ ᠠᠷᠭ᠎ᠠ ᠠᠪᠴᠠᠯ ᠢ ᠲᠡᠮᠳᠡᠭᠯᠡᠯ ᠡᠰᠡᠬᠦᠯ᠎ᠡ ᠭᠠᠷ ᠤᠲᠠᠰᠤ ᠪᠠᠷ ᠰᠡᠭᠦᠳᠡᠷᠯᠡᠬᠦ ᠵᠡᠷᠭᠡ ᠠᠷᠭ᠎ᠠ ᠪᠠᠷ ᠲᠡᠮᠳᠡᠭᠯᠡᠪᠡ᠃ ᠲᠤᠬᠠᠶ ᠶᠢᠨ ᠲᠠᠯᠠᠪᠠᠢ ᠳᠤᠨᠢ ᠬᠦᠷᠴᠦ ᠲᠤᠷᠰᠢᠯᠭ᠎ᠠ ᠰᠤᠷᠤᠯᠴᠠᠬᠤ ᠨᠢ ᠲᠤᠷᠰᠢᠯᠭ᠎ᠠ ᠰᠤᠷᠤᠯᠴᠠᠬᠤ ᠪᠦᠯᠬᠦᠮ ᠤᠨ ᠪᠦᠷᠢᠯᠳᠦᠬᠦᠨ ᠪᠦᠷᠢ ᠳᠤ ᠴᠥᠮ ᠭᠦᠨᠵᠡᠭᠡᠶ ᠰᠡᠳᠬᠢᠭᠳᠡᠯ ᠦᠯᠡᠳᠡᠭᠡᠵᠦ᠂ ︽ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭ᠋ᠤ︾ ᠠᠭᠤᠷ ᠠᠮᠢᠰᠬᠤᠯ ᠢ ᠨᠡᠩ ᠭᠦᠨᠵᠡᠭᠡᠢ ᠪᠤᠢ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠢᠯᠠᠯᠲᠠ ᠣᠯᠬᠤ᠂ ᠴᠢᠨᠡᠭᠡᠯᠢᠭᠵᠢᠬᠦ ᠠᠯᠬᠤᠴᠠ ᠶᠢ ᠲᠦᠷᠭᠡᠳᠬᠡᠨ ᠠᠬᠢᠭᠤᠯᠬᠤ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃      ᠵᠠᠩ ᠺᠧ ᠯᠢᠩ ᠵᠢᠭᠠᠵᠤ ᠭᠠᠷᠭᠠᠭᠰᠠᠨ ᠨᠢ᠂ ᠪᠦᠬᠦ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠬᠠᠢ ᠶᠢᠨ ᠲᠠᠯᠠᠪᠠᠢ ᠶᠢᠨ ᠲᠤᠷᠰᠢᠯᠭ᠎ᠠ ᠰᠤᠷᠤᠯᠴᠠᠬᠤ ᠬᠤᠷᠠᠯ ᠡᠷᠬᠢᠯᠡᠬᠦ ᠭᠤᠣᠯ ᠵᠣᠷᠢᠯᠭ᠎ᠠ ᠪᠣᠯ ᠡᠯ᠎ᠡ ᠰᠤᠮᠤ ᠪᠠᠯᠭᠠᠰᠤ ᠶᠢᠨ ᠵᠥᠷᠢᠶ᠎ᠡ ᠪᠠᠨ ᠦᠵᠡᠵᠦ᠂ ᠬᠦᠷᠦᠯᠴᠡᠬᠦ ᠦᠭᠡᠢ ᠪᠠᠨ ᠡᠷᠢᠵᠦ᠂ ᠬᠠᠮᠲᠤ ᠪᠠᠷ ᠰᠤᠷᠤᠯᠴᠠᠵᠤ᠂ ᠰᠡᠶᠢᠠ ᠲᠠᠯ᠎ᠠ ᠶᠢ ᠨᠢ ᠠᠪᠴᠤ ᠰᠢᠭᠠᠷᠤ ᠲᠠᠯ᠎ᠠ ᠪᠠᠨ ᠨᠥᠬᠦᠬᠦ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠵᠦ᠂ ᠬᠥᠭᠵᠢᠭᠦᠯᠬᠦ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠯᠬᠤᠴᠠ ᠪᠠᠨ ᠲᠦᠷᠭᠡᠳᠬᠡᠬᠦ ᠤᠴᠢᠷ ᠪᠣᠯᠣᠨ᠎ᠠ᠃ ᠡᠶᠢᠮᠦ ᠠᠴᠠ᠂ ᠡᠯ᠎ᠡ ᠰᠢᠶᠠᠩ ᠪᠠᠯᠭᠠᠰᠰᠤ ᠲᠤᠰ ᠤᠳᠠᠭᠠᠨ ᠤ ᠲᠤᠷᠰᠢᠯᠭ᠎ᠠ ᠰᠤᠷᠤᠯᠴᠠᠬᠤ ᠪᠠᠷ ᠠᠵᠠ ᠲᠣᠬᠢᠶᠠᠯ ᠪᠣᠯᠭᠠᠵᠤ᠂  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ᠂ ᠦᠵᠡᠰᠬᠦᠯᠡᠩᠲᠦ ᠰᠠᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠢ ᠴᠢᠩᠭ᠎ᠠ ᠠᠩᠬᠠᠷᠬᠤ ᠬᠡᠷᠡᠭᠲᠡᠢ᠃ ᠭᠤᠣᠯᠳᠠᠯᠭ᠎ᠠ ᠪᠠᠨ ᠭᠠᠴᠠᠭᠠᠨ ᠤ ᠠᠷᠠᠳ ᠲᠦᠮᠡᠨ ᠤ ᠲᠥᠯᠥᠭᠡ ᠪᠣᠳᠠᠲᠠᠶ ᠠᠵᠢᠯ ᠬᠢᠬᠦ᠂ ᠬᠦᠴᠢᠷᠳᠡᠯ ᠢ ᠨᠢ ᠰᠢᠢᠳᠪᠦᠷᠢᠯᠡᠬᠦ᠂ ᠰᠠᠶᠢᠨ ᠶᠠᠪᠤᠳᠠᠯ ᠳᠡᠭᠡᠷ᠎ᠡ ᠬᠦᠴᠦ ᠲᠠᠯᠪᠢᠬᠤ ᠬᠡᠷᠡᠭᠲᠡᠶ᠃ ᠦᠨᠳᠦᠰᠦᠨ ᠱᠠᠲᠤᠨ ᠤ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠬᠥᠳᠡᠭᠡ ᠲᠣᠰᠬᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠳᠤ ᠪᠦᠲᠦᠮᠵᠢᠲᠡᠶ ᠪᠠᠷ ᠲᠤᠤᠱᠯᠠᠭᠤᠯᠵᠤ᠂ ᠤᠶᠠᠯᠳᠤᠵᠤ᠂ ᠠᠭᠤᠰᠬᠠᠬᠤ ᠪᠠ ᠢᠯᠡᠷᠡᠭᠦᠯᠬᠦ ᠬᠡᠷᠡᠭᠲᠡᠶ ᠭᠡᠪᠡ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1