ᠪᠦᠬᠦ ᠤᠯᠤᠰ ᠤᠨ ᠰᠤᠷᠭᠠᠨ ᠬᠦᠮᠦᠵᠢᠯ ᠤᠨ ᠶᠡᠭᠡ ᠬᠤᠷᠠᠯ 10 ᠤ ᠡᠳᠤᠷ ᠪᠡᠬᠡᠵᠢᠩ ᠳᠤ ᠬᠤᠷᠠᠯᠳᠤᠪᠠ᠃ | ᠨᠠᠮ ᠤᠨ ᠳᠦᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠳᠡᠷᠢᠬᠦᠯᠡᠭᠴᠢ ᠰᠢ ᠶᠢᠨ ᠫᠢᠩ ᠬᠤᠷᠠᠯ ᠳᠤ ᠣᠷᠣᠯᠴᠠᠭᠰᠠᠨ ᠤ ᠬᠠᠮᠳᠤ ᠴᠢᠬᠤᠯᠠ ᠶᠠᠷᠢᠶ᠎ᠠ | ᠳᠠᠯᠪᠢᠪᠠ᠃ ᠳᠡᠷᠡ᠂ ᠨᠠᠮ ᠤᠨ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ᠂ ᠨᠠᠮ ᠤᠨ ᠰᠤᠷᠭᠠᠨ ᠬᠦᠮᠦᠵᠢᠯ ᠤᠨ | ᠴᠢᠭᠯᠡᠯᠳᠡ ᠶᠢ ᠪᠦᠬᠦ ᠳᠠᠯ᠎ᠠ ᠪᠠᠷ ᠳᠤᠭᠤᠰᠢᠯᠠᠭᠤᠯᠵᠥ᠂ ᠮᠠᠷᠺᠰ ᠤᠨ ᠦᠵᠡᠯ ᠤᠨ ᠵᠢᠯᠤᠭᠤᠳᠬᠤ ᠪᠠᠶᠢᠷᠢ ᠰᠠᠭᠤᠷᠢ ᠶᠢ | ᠪᠠᠷᠢᠮᠳᠠᠯᠠᠵᠥ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠰᠤᠷᠭᠠᠨ ᠬᠦᠮᠦᠵᠢᠯ ᠤᠨ | ᠬᠦᠭᠵᠢᠯᠳᠡ ᠶᠢᠨ ᠵᠠᠮ ᠢ ᠪᠠᠷᠢᠮᠳᠠᠯᠠᠵᠥ᠂ ᠨᠡᠶᠢᠬᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠳᠠᠯᠠᠵᠥ᠂ | ᠦᠨᠳᠦᠰᠦᠨ ᠤᠯᠤᠰ ᠤᠨ ᠪᠠᠶᠢᠳᠠᠯ ᠳᠤ ᠰᠠᠭᠤᠷᠢᠯᠠᠵᠥ᠂ ᠰᠤᠷᠭᠠᠨ ᠬᠦᠮᠦᠵᠢᠯ ᠤᠨ ᠵᠢᠮ᠎ᠡ ᠶᠤᠰᠤ ᠶᠢ ᠵᠢᠷᠤᠮᠯᠠᠨ᠂ | ᠦᠬᠡᠷᠡᠴᠢᠯᠡᠯᠳᠡ ᠬᠢᠵᠥ ᠰᠢᠨ᠎ᠡ ᠶᠢ ᠡᠬᠦᠳᠬᠦ ᠶᠢ ᠪᠠᠷᠢᠮᠳᠠᠯᠠᠵᠥ᠂ ᠬᠦᠮᠦᠨ ᠤ ᠰᠡᠳᠬᠢᠯ ᠢ ᠨᠢᠬᠳᠠᠷᠠᠭᠤᠯᠬᠤ᠂ ᠬᠦᠮᠦᠨ | ᠴᠢᠨᠠᠷ ᠢ ᠳᠡᠬᠦᠯᠳᠡᠷᠵᠢᠬᠦᠯᠬᠦ᠂ ᠬᠦᠮᠦᠨ ᠤ ᠬᠦᠴᠦᠨ ᠢ ᠨᠡᠬᠡᠬᠡᠨ ᠬᠦᠭᠵᠢᠬᠦᠯᠬᠦ᠂ ᠴᠢᠳᠠᠪᠤᠷᠢᠳᠠᠨ ᠢ ᠬᠦᠮᠦᠵᠢᠬᠦᠯᠬᠦ᠂ | ᠠᠷᠠᠳ ᠳᠦᠮᠡᠨ ᠳᠤ ᠪᠤᠶᠠᠨ ᠦᠢᠯᠡᠳᠬᠦ ᠪᠠᠷ ᠠᠵᠢᠯ ᠤᠨ ᠬᠠᠷᠠᠯᠳᠠ ᠪᠠᠨ ᠪᠤᠯᠭᠠᠵᠥ᠂ ᠶᠤᠰᠤ ᠰᠤᠷᠲᠠᠬᠤᠨ ᠤᠶᠤᠨ | ᠤᠬᠠᠭᠠᠨ ᠪᠡᠶ᠎ᠡ ᠮᠠᠬᠠᠪᠤᠳ ᠭᠤ ᠤᠠ᠋ ᠰᠠᠶᠢᠬᠠᠨ ᠬᠦᠳᠡᠯᠮᠤᠷᠢ ᠪᠦᠬᠦ ᠳᠠᠯ᠎ᠠ ᠪᠠᠷ ᠬᠦᠭᠵᠢᠭᠰᠡᠨ ᠨᠡᠶᠢᠬᠡᠮ ᠵᠢᠷᠤᠮ ᠤᠨ | ᠪᠦᠳᠦᠬᠡᠨ ᠪᠠᠶᠢᠭᠤᠯᠤᠬᠴᠢ ᠪᠤᠯᠤᠨ ᠵᠠᠯᠭᠠᠮᠵᠢᠯᠠᠬᠴᠢ ᠶᠢ ᠬᠦᠮᠦᠵᠢᠬᠦᠯᠵᠥ᠂ ᠰᠤᠷᠭᠠᠨ ᠬᠦᠮᠦᠵᠢᠯ ᠤᠨ | ᠤᠳᠤᠬᠢᠴᠢᠯᠠᠯᠳᠠ ᠶᠢ ᠳᠦᠷᠬᠡᠳᠬᠡᠨ᠂ ᠰᠤᠷᠭᠠᠨ ᠬᠦᠮᠦᠵᠢᠯ ᠤᠨ ᠬᠦᠴᠦᠷᠬᠡᠭ ᠤᠯᠤᠰ ᠢ ᠪᠦᠳᠦᠬᠡᠨ ᠪᠠᠶᠢᠭᠤᠯᠵᠥ᠂ | ᠠᠷᠠᠳ ᠳᠦᠮᠡᠨ ᠤ ᠰᠡᠳᠬᠢᠯ ᠬᠠᠨᠤᠮᠵᠢᠳᠠᠢ ᠰᠤᠷᠭᠠᠨ ᠬᠦᠮᠦᠵᠢᠯ ᠢ ᠰᠠᠶᠢᠳᠤᠷ ᠡᠷᠬᠢᠯᠡᠬᠦ ᠬᠡᠷᠡᠭᠳᠡᠢ ᠬᠡᠵᠥ | ᠴᠢᠬᠤᠯᠠᠴᠢᠯᠠᠪᠠ᠃ | 9 ᠳ᠋ᠦ᠋ᠭᠡᠷ ᠰᠠᠷ᠎ᠠ ᠶᠢᠨ 10 ᠤ ᠡᠲᠦᠷ ᠪᠤᠯ ᠮᠠᠠ ᠤ ᠤᠯᠤᠰ ᠤᠨ ᠭᠤᠴᠢᠨ ᠲᠦᠷᠪᠡᠲᠡᠬᠢ ᠪᠠᠭᠰᠢ ᠶᠢᠨ ᠪᠠᠶᠠᠷ | ᠪᠤᠯᠤᠨ᠎ᠠ᠂ ᠰᠢ ᠶᠢᠨ ᠫᠢᠩ ᠨᠠᠮ ᠤᠨ ᠲᠦᠪ ᠬᠤᠷᠢᠶ᠎ᠠ ᠶᠢ ᠲᠦᠯᠦᠭᠡᠯᠡᠨ ᠪᠦᠬᠦ ᠤᠯᠤᠰ ᠤᠨ ᠦᠷᠭᠡᠡ ᠤᠯᠠᠠ ᠪᠠᠭᠰᠢ | ᠪᠤᠯᠤᠨ ᠰᠤᠷᠭᠠᠠ ᠬᠦᠮᠦᠵᠢᠯ ᠤᠨ ᠠᠵᠢᠯᠲᠠᠳ ᠲᠤ ᠪᠠᠶᠠᠷ ᠤᠨ ᠡᠲᠦᠷ ᠤᠨ ᠬᠠᠯᠠᠭᠤᠨ ᠪᠠᠶᠠᠷ ᠬᠦᠷᠭᠡᠵᠤ ᠴᠢᠩ | ᠰᠡᠳᠭᠢᠯ ᠤᠨ ᠮᠡᠡᠲᠦᠴᠢᠯᠡᠯ ᠲᠡᠪᠰᠢᠭᠦᠯᠵᠠᠢ᠃ ᠲᠡᠷᠡ᠂ ᠤᠷᠲᠤ ᠬᠤᠭᠤᠴᠠᠭᠠᠠ ᠤ ᠲᠤᠷᠰᠢᠲᠠ᠂ ᠦᠷᠭᠡᠡ ᠤᠯᠠᠠ | ᠪᠠᠭᠰᠢ ᠨᠠᠷ ᠨᠠᠮ ᠤᠨ ᠰᠤᠷᠭᠠᠠ ᠬᠦᠮᠦᠵᠢᠯ ᠤᠨ ᠴᠢᠭᠯᠡᠯᠲᠡ ᠶᠢ ᠲᠤᠭᠤᠰᠢᠯᠠᠭᠤᠯᠵᠦ᠂ ᠪᠢᠴᠢᠭ ᠵᠢᠭᠠᠠ ᠬᠦᠮᠦᠨ ᠢ | ᠬᠦᠮᠦᠵᠢᠭᠦᠯᠵᠦ᠂ ᠵᠢᠷᠦᠭᠡᠡ ᠲᠠᠮᠢᠷ ᠢᠶᠠᠨ ᠰᠢᠪᠬᠠᠨ᠂ ᠦᠭᠡ ᠲᠠᠭᠤᠨ ᠦᠭᠡᠢ ᠪᠠᠷ ᠬᠤᠪᠢ ᠨᠡᠮᠡᠷᠢ ᠦᠵᠡᠭᠦᠯᠵᠦ᠂ | ᠤᠯᠤᠰ ᠬᠦᠷᠦᠠ ᠤ ᠬᠦᠭᠵᠢᠯᠲᠠ ᠪᠤᠯᠤᠨ ᠦᠨᠲᠦᠰᠦᠲᠡᠡ ᠤ ᠰᠡᠷᠭᠦᠨ ᠮᠡᠡᠲᠦᠯᠲᠠ ᠳᠤ ᠴᠢᠬᠤᠯᠠ ᠶᠡᠭᠡ ᠬᠤᠪᠢ ᠨᠡᠮᠡᠷᠢ | ᠦᠵᠡᠭᠦᠯᠵᠠᠢ᠃ ᠪᠠᠭᠰᠢ ᠬᠦᠮᠦᠨ ᠪᠤᠯ ᠬᠦᠮᠦᠨ ᠲᠦᠷᠦᠯᠬᠢᠲᠠᠠ ᠤ ᠤᠶᠤᠠ ᠤ ᠢᠨᠵᠧᠨᠧᠷ ᠮᠦᠨ᠂ ᠬᠦᠮᠦᠨ | ᠲᠦᠷᠦᠯᠬᠢᠲᠠᠠ ᠤ ᠪᠤᠯᠪᠠᠰᠤᠨ ᠤ ᠤᠯᠠᠮᠵᠢᠯᠠᠭᠴᠢ ᠮᠦᠨ᠂ ᠮᠡᠲᠡᠯᠭᠡ ᠶᠢ ᠤᠯᠠᠮᠵᠢᠯᠠᠬᠤ᠂ ᠦᠵᠡᠯ ᠰᠠᠨᠠᠭ᠎ᠠ ᠶᠢ | ᠤᠯᠠᠮᠵᠢᠯᠠᠬᠤ᠂ ᠦᠨᠡᠡ ᠶᠤᠰᠤ ᠶᠢ ᠤᠯᠠᠮᠵᠢᠯᠠᠬᠤ᠂ ᠤᠶᠤᠨ ᠰᠦᠨᠡᠰᠦ ᠶᠢ ᠱᠤᠭᠤᠬᠤ᠂ ᠠᠮᠢ ᠨᠠᠰᠤ ᠶᠢ ᠱᠤᠭᠤᠬᠤ᠂ | ᠰᠢᠨ᠎ᠠ ᠬᠦᠮᠦᠨ ᠢ ᠱᠤᠭᠤᠬᠤ ᠴᠠᠭ ᠦᠶ᠎ᠠ ᠶᠢᠨ ᠬᠦᠨᠲᠦ ᠡᠬᠦᠷᠭᠡ ᠶᠢ ᠡᠭᠦᠷᠭᠡᠯᠡᠵᠦ ᠪᠠᠶᠢᠨ᠎ᠠ᠃ ᠪᠦᠬᠦ ᠨᠠᠮ ᠪᠦᠬᠦ | ᠨᠡᠶᠢᠭᠡᠮ ᠢᠶᠠᠷ ᠢᠶᠠᠨ ᠪᠠᠭᠰᠢ ᠶᠢ ᠬᠦᠨᠲᠦᠳᠭᠡᠵᠦ ᠰᠤᠷᠭᠠᠠ ᠬᠦᠮᠦᠵᠢᠯ ᠢ ᠴᠢᠬᠤᠯᠠᠴᠢᠯᠠᠬᠤ ᠨᠡᠶᠢᠭᠡᠮ ᠤᠨ ᠬᠡᠪ | ᠰᠤᠷᠲᠠᠯ ᠢ ᠪᠠᠲᠠᠷᠠᠭᠤᠯᠤᠠ᠂ ᠪᠠᠭᠰᠢ ᠨᠠᠷ ᠤᠨ ᠤᠯᠤᠰ ᠲᠦᠷᠦ ᠶᠢᠨ ᠪᠠᠶᠢᠷᠢ ᠰᠠᠭᠤᠷᠢ᠂ ᠨᠡᠶᠢᠭᠡᠮ ᠤᠨ ᠪᠠᠶᠢᠷᠢ | ᠰᠠᠭᠤᠷᠢ᠂ ᠲᠤᠬᠠᠢᠢᠯᠠᠭᠰᠠᠠ ᠠᠵᠢᠯ ᠤᠨ ᠪᠠᠶᠢᠷᠢ ᠰᠠᠭᠤᠷᠢ ᠶᠢ ᠴᠢᠷᠮᠠᠶᠢᠨ ᠲᠡᠭᠡᠭᠰᠢᠯᠡᠭᠦᠯᠵᠦ᠂ ᠦᠷᠭᠡᠡ ᠤᠯᠠᠠ ᠪᠠᠭᠰᠢ | ᠨᠠᠷ ᠲᠤ ᠡᠳ᠋ᠯᠡᠪᠡᠰᠦ ᠵᠤᠬᠢᠬᠤ ᠨᠡᠶᠢᠭᠡᠮ ᠤᠨ ᠠᠯᠲᠠᠷ ᠬᠦ᠋ᠨᠲᠦ ᠶᠢ ᠡᠳ᠋ᠯᠡᠭᠦᠯᠵᠦ᠂ ᠪᠢᠴᠢᠭ ᠵᠢᠭᠠᠵᠦ ᠬᠦᠮᠦᠨ ᠢ | ᠬᠦᠮᠦᠵᠢᠭᠦᠯᠬᠦ ᠪᠠᠶᠢᠷᠢᠨ ᠲᠡᠭᠡᠷ᠎ᠠ ᠨᠠᠮ ᠪᠠ ᠠᠷᠠᠳ ᠲᠦᠮᠡᠡ ᠤ ᠦᠢᠯᠡᠰ ᠲᠤ ᠰᠢᠨ᠎ᠠ ᠨᠡᠩ ᠶᠡᠭᠡ ᠬᠤᠪᠢ ᠨᠡᠮᠡᠷᠢ | ᠦᠵᠡᠭᠦᠯᠬᠦ ᠪᠤᠯᠭᠠᠬᠤ ᠬᠡᠷᠡᠭᠲᠡᠢ ᠭᠡᠵᠤ ᠴᠢᠬᠤᠯᠠᠴᠢᠯᠠᠪᠠ᠃ | ᠯᠢ ᠺᠧ ᠴᠢᠶᠠᠩ ᠬᠤᠷᠠᠯ ᠲᠡᠭᠡᠷ᠎ᠠ ᠶᠠᠷᠢᠶ᠎ᠠ ᠲᠠᠯᠪᠢᠪᠠ᠃ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ | ᠬᠠᠠ ᠵᠧᠩ ᠬᠤᠷᠠᠯ ᠳᠤ ᠤᠷᠤᠯᠴᠠᠵᠠᠢ᠃ | ᠰᠢ ᠶᠢᠨ ᠫᠢᠩ ᠶᠠᠷᠢᠶᠠᠠ ᠳᠠᠭᠠᠨ᠂ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠠᠴᠠ ᠰᠢᠨ᠎ᠠ ᠴᠠᠭ | ᠦᠶ᠎ᠠ ᠳᠤ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠠ ᠬᠦᠭᠵᠢᠭᠦᠯᠬᠦ ᠪᠠᠶᠢᠯᠲᠤᠬᠤ | ᠪᠤᠲᠤᠯᠭ᠎ᠠ ᠶᠢᠨ ᠦᠨᠲᠦᠷᠴᠡ ᠠᠴᠠ ᠰᠤᠷᠭᠠᠠ ᠬᠦᠮᠦᠵᠢᠯ ᠤᠨ ᠦᠢᠯᠡᠰ ᠢ ᠤᠷᠢᠳ ᠢᠶᠠᠷ ᠬᠦᠭᠵᠢᠭᠦᠯᠬᠦ᠂ ᠰᠤᠷᠭᠠᠠ | ᠬᠦᠮᠦᠵᠢᠯ ᠤᠨ ᠤᠲᠤᠬᠢᠴᠢᠯᠠᠯᠲᠠ ᠶᠢ ᠲᠦᠷᠭᠡᠳᠭᠡᠬᠦ᠂ ᠰᠤᠷᠭᠠᠠ ᠬᠦᠮᠦᠵᠢᠯ ᠤᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠴᠢᠬᠤᠯᠠ ᠶᠡᠭᠡ ᠪᠠᠶᠢᠷᠢᠯᠠᠭᠤᠯᠤᠯᠲᠠ ᠬᠢᠵᠠᠢ᠃ ᠰᠤᠷᠭᠠᠠ ᠬᠦᠮᠦᠵᠢᠯ ᠪᠤᠯ ᠦᠨᠲᠦᠰᠦᠲᠠᠠ ᠤ ᠮᠠᠠᠲᠤᠯᠲᠠ᠂ | ᠨᠡᠶᠢᠭᠡᠮ ᠤᠨ ᠲᠠᠪᠰᠢᠯᠲᠠ ᠶᠢᠨ ᠴᠢᠬᠤᠯᠠ ᠰᠠᠭᠤᠷᠢ ᠴᠢᠯᠠᠭᠤ ᠮᠦᠨ᠂ ᠤᠲᠤ ᠦᠶ᠎ᠠ ᠳᠤ ᠭᠠᠪᠢᠶ᠎ᠠ ᠪᠠᠶᠢᠭᠤᠯᠵᠦ᠂ | ᠮᠢᠩᠭᠠᠠ ᠤᠨ ᠳᠤ ᠠᠰᠢᠭ ᠬᠦᠷᠲᠡᠭᠡᠬᠦ ᠶᠤᠰᠤ ᠰᠤᠷᠲᠠᠬᠤᠠ ᠤ ᠵᠠᠰᠠᠭ ᠤᠨ ᠠᠵᠢᠯ ᠤᠨ ᠢᠨᠵᠧᠨᠧᠷᠢᠩ ᠪᠤᠯᠤᠨ᠎ᠠ᠂ | ᠲᠡᠷᠡ ᠨᠢ ᠠᠷᠠᠳ ᠲᠦᠮᠡᠡ ᠤ ᠶᠡᠷᠦᠩᠭᠡᠶᠢᠯᠡᠭᠰᠡᠡ ᠬᠡᠪ ᠴᠢᠨᠠᠷ ᠢ ᠲᠡᠭᠡᠭᠰᠢᠯᠡᠭᠦᠯᠬᠦ᠂ ᠬᠦᠮᠦᠨ ᠤ ᠪᠦᠬᠦ ᠲᠠᠯ᠎ᠠ ᠶᠢᠨ | ᠬᠦᠭᠵᠢᠯᠲᠠ ᠶᠢ ᠠᠬᠢᠭᠤᠯᠬᠤ᠂ ᠲᠤᠮᠲᠠᠲᠤ ᠶᠢᠨ ᠦᠨᠲᠦᠰᠦᠲᠡᠡ ᠤ ᠰᠢᠨ᠎ᠠ ᠶᠢ ᠡᠭᠦᠳᠬᠦ ᠠᠮᠢᠵᠢᠷᠠᠯ ᠤᠨ ᠬᠦᠴᠤᠨ ᠢ | ᠴᠢᠩᠭᠠᠳᠬᠠᠬᠤ᠂ ᠲᠤᠮᠲᠠᠲᠤ ᠶᠢᠨ ᠦᠨᠲᠦᠰᠦᠲᠡᠡ ᠤ ᠠᠭᠤᠤ ᠶᠡᠭᠡ ᠰᠡᠷᠭᠦᠨ ᠮᠠᠠᠲᠤᠯᠲᠠ ᠶᠢ ᠪᠡᠶᠡᠯᠡᠭᠦᠯᠬᠦ ᠳᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠤᠭᠲᠠᠯ ᠲᠠᠢ ᠶᠤᠮ᠃ ᠰᠤᠷᠭᠠᠠ ᠬᠦᠮᠦᠵᠢᠯ ᠪᠤᠯ ᠤᠯᠤᠰ ᠤᠨ ᠶᠡᠭᠡ | ᠪᠤᠲᠤᠯᠭ᠎ᠠ᠂ ᠨᠠᠮ ᠤᠨ ᠶᠡᠭᠡ ᠪᠤᠲᠤᠯᠭ᠎ᠠ ᠮᠦᠨ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠶᠠᠮᠠᠷ ᠶᠠᠩᠵᠤ ᠶᠢᠨ | ᠬᠦᠮᠦᠨ ᠢ ᠬᠦᠮᠦᠵᠢᠭᠦᠯᠬᠦ᠂ ᠬᠦᠮᠦᠨ ᠢ ᠶᠠᠭᠠᠬᠢᠵᠤ ᠬᠦᠮᠦᠵᠢᠭᠦᠯᠬᠦ᠂ ᠬᠡᠨ ᠳᠤ ᠬᠦᠮᠦᠨ ᠬᠦᠮᠦᠵᠢᠭᠦᠯᠵᠦ ᠦᠭᠬᠦ ᠡᠨᠡ | ᠬᠦ ᠦᠨᠳᠦᠰᠦᠨ ᠠᠰᠠᠭᠤᠳᠠᠯ ᠤᠨ ᠲᠤᠭᠤᠷᠢᠨ ᠳᠤ᠂ ᠨᠠᠮ ᠤᠨ ᠰᠤᠷᠭᠠᠨ ᠬᠦᠮᠦᠵᠢᠯ ᠤᠨ ᠠᠵᠢᠯ ᠳᠠᠬᠢ | ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠶᠤᠰᠤ ᠮᠤᠷᠠᠯ ᠢᠶᠠᠷ ᠬᠦᠮᠦᠨ ᠢ ᠬᠦᠮᠦᠵᠢᠭᠦᠯᠬᠦ ᠶᠢ | ᠪᠠᠷᠢᠮᠲᠠᠯᠠᠵᠤ᠂ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠵᠤ᠂ ᠰᠤᠷᠭᠠᠨ | ᠬᠦᠮᠦᠵᠢᠯ ᠤᠨ ᠦᠭᠡᠷᠡᠴᠢᠯᠡᠯᠲᠡ ᠶᠢ ᠠᠬᠢᠭᠤᠯᠵᠤ᠂ ᠰᠤᠷᠭᠠᠨ ᠬᠦᠮᠦᠵᠢᠯ ᠤᠨ ᠳᠤᠲᠠᠭᠤᠳᠠᠯ ᠢ ᠨᠦᠬᠦᠪᠦᠷᠢᠯᠡᠬᠦ ᠶᠢ | ᠲᠦᠷᠭᠡᠳᠭᠡᠭᠰᠡᠡ ᠠᠴᠠ᠂ ᠰᠤᠷᠭᠠᠨ ᠬᠦᠮᠦᠵᠢᠯ ᠤᠨ ᠦᠢᠯᠡᠰ ᠤᠨ ᠳᠤᠮᠳᠠᠳᠤ ᠤᠯᠤᠰ ᠤᠨ ᠤᠨᠴᠠᠯᠢᠭ ᠢ ᠨᠡᠩ ᠢᠯᠡ | ᠲᠤᠳᠤ ᠪᠤᠯᠭᠠᠵᠤ᠂ ᠰᠤᠷᠭᠠᠨ ᠬᠦᠮᠦᠵᠢᠯ ᠤᠨ ᠤᠳᠤᠬᠢᠴᠢᠯᠠᠯᠲᠠ ᠶᠢ ᠲᠦᠷᠭᠡᠳᠭᠡᠨ ᠠᠬᠢᠭᠤᠯᠵᠤ᠂ ᠰᠤᠷᠭᠠᠨ | ᠬᠦᠮᠦᠵᠢᠯ ᠤᠨ ᠲᠠᠯ᠎ᠠ ᠪᠠᠷ ᠬᠢ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠢ ᠢᠯᠡᠷᠬᠡᠢ ᠨᠡᠮᠡᠭᠳᠡᠭᠦᠯᠵᠦ᠂ ᠮᠠᠨ ᠤ | ᠤᠯᠤᠰ ᠤᠨ ᠰᠤᠷᠭᠠᠨ ᠬᠦᠮᠦᠵᠢᠯ ᠤᠨ ᠲᠡᠯᠡᠬᠡᠢ ᠳᠠᠬᠢ ᠨᠦᠯᠦᠭᠡᠯᠡᠬᠦ ᠬᠦᠴᠦᠨ ᠢ ᠲᠦᠷᠭᠡᠨ ᠳᠡᠭᠡᠭᠰᠢᠯᠡᠭᠦᠯᠵᠦ᠂ 13 | ᠳ᠋ᠦᠡᠭᠰᠢᠭᠤᠷ ᠳᠤᠮᠳᠠᠳᠤ ᠤᠯᠤᠰ ᠤᠨ ᠠᠷᠠᠳ ᠲᠦᠮᠡᠨ ᠤ ᠦᠵᠡᠯ ᠰᠠᠨᠠᠭ᠎ᠠ ᠶᠤᠰᠤ ᠰᠤᠷᠲᠠᠬᠤᠨ ᠤ ᠬᠡᠪ ᠪᠤᠯᠪᠠᠰᠤᠷᠠᠯ | ᠪᠤᠯᠤᠨ ᠰᠢᠨᠵᠢᠯᠡᠬᠦ ᠤᠬᠠᠭᠠᠨ ᠰᠤᠶᠤᠯ ᠤᠨ ᠬᠡᠪ ᠪᠤᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠪᠡ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠦᠢᠯᠡᠳᠦᠯᠭᠡ ᠳᠤᠮᠳᠠ᠂ ᠪᠢᠳᠡ ᠰᠤᠷᠭᠠᠨ ᠬᠦᠮᠦᠵᠢᠯ ᠤᠨ ᠦᠭᠡᠷᠡᠴᠢᠯᠡᠯᠲᠡ | ᠬᠦᠭᠵᠢᠯᠲᠡ ᠶᠢᠨ ᠲᠤᠬᠠᠢ ᠨᠢᠭᠡ ᠰᠢᠷᠢᠰ ᠰᠢᠨ᠎ᠡ ᠤᠢᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠶᠢ | ᠳᠤᠷᠠᠳᠤᠨ ᠭᠠᠷᠭᠠᠪᠠ᠂ ᠭᠤᠤᠯᠳᠠᠭᠤ ᠳᠤᠤᠷᠠᠬᠢ ᠬᠡᠳᠦᠨ ᠲᠠᠯ᠎ᠠ ᠪᠤᠢ᠂ ᠨᠠᠮ ᠤᠨ ᠰᠤᠷᠭᠠᠨ ᠬᠦᠮᠦᠵᠢᠯ ᠤᠨ | ᠦᠢᠯᠡᠰ ᠲᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠶᠤᠰᠤ ᠮᠤᠷᠠᠯ ᠢᠶᠠᠷ ᠬᠦᠮᠦᠨ ᠢ | ᠬᠦᠮᠦᠵᠢᠭᠦᠯᠬᠦ ᠪᠠᠷ ᠦᠨᠳᠦᠰᠦᠨ ᠡᠭᠦᠷᠭᠡ ᠪᠠᠨ ᠪᠤᠯᠭᠠᠬᠤ ᠶᠢ ᠪᠠᠷᠢᠮᠲᠠᠯᠠᠵᠤ᠂ ᠰᠤᠷᠭᠠᠨ ᠬᠦᠮᠦᠵᠢᠯ ᠤᠨ ᠦᠢᠯᠡᠰ ᠢ | ᠤᠷᠢᠳ ᠢᠶᠠᠷ ᠬᠦᠭᠵᠢᠬᠦᠯᠬᠦ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠲᠠᠯᠠᠵᠤ᠂ | ᠳᠤᠮᠳᠠᠳᠤ ᠤᠯᠤᠰ ᠤᠨ ᠡᠬᠡ ᠭᠠᠵᠠᠷ ᠲᠤ ᠦᠨᠳᠦᠰᠦᠯᠡᠨ ᠰᠤᠷᠭᠠᠭᠤᠯᠢ ᠡᠷᠬᠢᠯᠡᠬᠦ ᠶᠢ ᠪᠠᠷᠢᠮᠲᠠᠯᠠᠵᠤ᠂ ᠠᠷᠠᠳ | ᠲᠦᠮᠡᠨ ᠢᠶᠠᠷ ᠭᠤᠤᠯ ᠪᠤᠯᠭᠠᠨ ᠰᠤᠷᠭᠠᠨ ᠬᠦᠮᠦᠵᠢᠯ ᠢ ᠬᠦᠭᠵᠢᠭᠦᠯᠬᠦ ᠶᠢ ᠪᠠᠷᠢᠮᠲᠠᠯᠠᠵᠤ᠂ ᠰᠤᠷᠭᠠᠨ ᠬᠦᠮᠦᠵᠢᠯ ᠤᠨ | ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠦᠢᠯᠡᠴᠢᠯᠡᠬᠦ ᠪᠠᠷ ᠰᠤᠷᠭᠠᠨ ᠬᠦᠮᠦᠵᠢᠯ ᠤᠨ ᠴᠢᠬᠤᠯᠠ | ᠡᠭᠦᠷᠭᠡ ᠪᠤᠯᠭᠠᠬᠤ ᠶᠢ ᠪᠠᠷᠢᠮᠲᠠᠯᠠᠵᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠰᠠᠭᠤᠷᠢ ᠠᠵᠢᠯ ᠢᠶᠠᠨ | ᠪᠤᠯᠭᠠᠬᠤ ᠶᠢ ᠪᠠᠷᠢᠮᠲᠠᠯᠠᠨ᠎ᠠ᠃ ᠡᠨᠡ ᠪᠤᠯ ᠪᠢᠳᠡᠨ ᠤ ᠮᠠᠨ ᠤ ᠤᠯᠤᠰ ᠤᠨ ᠰᠤᠷᠭᠠᠨ ᠬᠦᠮᠦᠵᠢᠯ ᠤᠨ ᠦᠢᠯᠡᠰ ᠤᠨ | ᠵᠢᠮ᠎ᠡ ᠶᠤᠰᠤᠴᠢ ᠴᠢᠨᠠᠷ ᠤᠨ ᠲᠤᠬᠠᠢ ᠲᠠᠨᠢᠯᠲᠠ ᠶᠢᠨ ᠭᠦᠨᠵᠡᠭᠡᠶᠢᠷᠡᠯ ᠪᠠᠶᠢᠵᠤ᠂ ᠬᠢᠯᠪᠡᠷ ᠪᠤᠰᠤ ᠪᠠᠷ ᠢᠷᠡᠭᠰᠡᠨ ᠶᠤᠮ᠂ | ᠢᠮᠡᠬᠲᠠ ᠪᠠᠷᠢᠮᠲᠠᠯᠠᠬᠤ ᠶᠢᠨ ᠬᠠᠮᠲᠤ ᠲᠠᠰᠤᠷᠠᠯᠲᠠ ᠦᠭᠡᠢ ᠪᠠᠶᠠᠯᠢᠭᠵᠢᠭᠤᠯᠵᠤ ᠬᠦᠭᠵᠢᠭᠦᠯᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠡᠭ᠂ ᠰᠢᠨ᠎ᠠ ᠴᠠᠭ ᠦᠶ᠎ᠠ ᠰᠢᠨ᠎ᠠ ᠪᠠᠶᠢᠳᠠᠯ᠂ ᠦᠭᠡᠷᠡᠴᠢᠯᠠᠯᠳᠠ ᠨᠡᠭᠡᠭᠡᠯᠳᠠ ᠪᠤᠯᠤᠨ ᠨᠡᠶᠢᠭᠡᠮ | ᠵᠢᠷᠤᠮ ᠤᠨ ᠤᠳᠤᠬᠢᠴᠢᠯᠠᠯᠳᠠ ᠶᠢᠨ ᠪᠦᠳᠤᠭᠡᠨ ᠪᠠᠶᠢᠭᠤᠯᠤᠯᠳᠠ᠂ ᠭᠦᠮᠤᠨ ᠤ ᠪᠦᠭᠦ ᠲᠠᠯ᠎ᠠ ᠶᠢᠨ ᠭᠦᠭᠵᠢᠯᠳᠠ ᠪᠤᠯᠤᠨ | ᠨᠡᠶᠢᠭᠡᠮ ᠤᠨ ᠪᠦᠭᠦ ᠲᠠᠯ᠎ᠠ ᠶᠢᠨ ᠲᠠᠪᠰᠢᠯᠳᠠ ᠶᠢ ᠠᠬᠢᠭᠤᠯᠬᠤ ᠨᠢ ᠰᠤᠷᠭᠠᠨ ᠭᠦᠮᠤᠵᠢᠯ ᠪᠤᠯᠤᠨ ᠰᠤᠷᠤᠯᠴᠠᠯᠭ᠎ᠠ ᠳᠤ | ᠰᠢᠨ᠎ᠠ ᠨᠡᠩ ᠦᠨᠳᠤᠷ ᠱᠠᠭᠠᠷᠳᠠᠯᠭ᠎ᠠ ᠲᠤᠷᠠᠳᠪᠠ᠃ ᠪᠢᠳᠠ ᠠᠵᠠ ᠲᠤᠬᠢᠶᠠᠯ ᠢ ᠠᠳᠬᠤᠵᠤ᠂ ᠤᠷᠢᠳᠴᠢᠯᠠᠨ | ᠪᠠᠶᠢᠷᠢᠰᠢᠭᠤᠯᠵᠤ᠂ ᠨᠡᠩ ᠦᠨᠳᠤᠷ ᠨᠡᠩ ᠠᠯᠤᠰ ᠬᠡᠳᠤ ᠶᠢᠨ ᠲᠡᠤᠭᠡ ᠶᠢᠨ ᠵᠤᠭᠰᠤᠴᠠ᠂ ᠨᠡᠩ ᠦᠷᠭᠡᠨ ᠲᠡᠯᠡᠬᠡᠢ | ᠳ᠋ᠠᠬᠢᠨ ᠤ ᠬᠠᠷᠠᠭᠠᠰᠤ᠂ ᠨᠡᠩ ᠭᠦᠨ ᠭᠦᠨᠵᠡᠭᠡᠢ ᠪᠠᠶᠢᠯᠳᠤᠬᠤ ᠪᠤᠳᠤᠯᠭ᠎ᠠ ᠶᠢᠨ ᠬᠠᠷᠠᠭᠠᠰᠤ ᠪᠠᠷ᠂ ᠰᠤᠷᠭᠠᠨ | ᠭᠦᠮᠤᠵᠢᠯ ᠤᠨ ᠤᠳᠤᠬᠢᠴᠢᠯᠠᠯᠳᠠ ᠶᠢ ᠲᠦᠷᠭᠡᠪᠴᠢᠯᠡᠨ ᠠᠬᠢᠭᠤᠯᠬᠤ᠂ ᠰᠤᠷᠭᠠᠨ ᠭᠦᠮᠤᠵᠢᠯ ᠤᠨ ᠭᠦᠴᠤᠷᠭᠡᠭ | ᠤᠯᠤᠰ ᠢ ᠪᠦᠳᠤᠭᠡᠨ ᠪᠠᠶᠢᠭᠤᠯᠬᠤ ᠳᠤ ᠶᠡᠷᠤᠩᠭᠡᠢ ᠪᠠᠶᠢᠷᠢᠯᠠᠭᠤᠯᠤᠯᠳᠠ ᠪᠤᠯᠤᠨ ᠪᠠᠶᠢᠯᠳᠤᠬᠤ ᠪᠤᠳᠤᠯᠭ᠎ᠠ ᠶᠢᠨ | ᠲᠦᠯᠤᠪᠯᠡᠭᠡ ᠲᠤᠭᠲᠠᠭᠠᠵᠤ᠂ ᠰᠤᠷᠭᠠᠨ ᠭᠦᠮᠤᠵᠢᠯ ᠤᠨ ᠦᠢᠯᠡᠰ ᠢ ᠤᠷᠢᠳ ᠢᠶᠠᠷ ᠭᠦᠭᠵᠢᠭᠦᠯᠭᠦ ᠶᠢ ᠪᠠᠷᠢᠮᠳᠠᠯᠠᠬᠤ ᠶᠢ | ᠨᠠᠮ ᠪᠤᠯᠤᠨ ᠤᠯᠤᠰ ᠤᠨ ᠡᠯ᠎ᠠ ᠲᠦᠷᠤᠯ ᠤᠨ ᠠᠵᠢᠯ ᠦᠢᠯᠠᠰ ᠢ ᠭᠦᠭᠵᠢᠭᠦᠯᠭᠦ ᠶᠢᠨ ᠴᠢᠬᠤᠯᠠ ᠪᠦᠬᠦᠢ ᠤᠷᠢᠳ ᠢᠶᠠᠷ | ᠬᠢᠬᠦ ᠠᠵᠢᠯ ᠪᠤᠯᠭᠠᠵᠤ᠂ ᠰᠤᠷᠭᠠᠨ ᠭᠦᠮᠤᠵᠢᠯ ᠢ ᠲᠠᠰᠤᠷᠠᠯᠳᠠ ᠦᠭᠡᠢ ᠪᠠᠷ ᠨᠠᠮ ᠪᠤᠯᠤᠨ ᠤᠯᠤᠰ ᠤᠨ ᠠᠵᠢᠯ | ᠦᠢᠯᠡᠰ ᠤᠨ ᠭᠦᠭᠵᠢᠯᠳᠠ ᠶᠢᠨ ᠱᠠᠭᠠᠷᠳᠠᠯᠭ᠎ᠠ ᠯᠤᠭ᠎ᠠ ᠵᠤᠬᠢᠴᠠᠭᠤᠯᠵᠤ᠂ ᠠᠷᠠᠳ ᠤᠯᠠᠨ ᠤ ᠬᠦᠰᠡᠯ ᠪᠠᠷᠠᠯᠠᠯ ᠯᠤᠭ᠎ᠠ | ᠤᠶᠠᠯᠳᠤᠭᠤᠯᠵᠤ᠂ ᠮᠠᠨ ᠤ ᠤᠯᠤᠰ ᠤᠨ ᠶᠡᠷᠤᠩᠭᠡᠶᠢᠯᠡᠭᠰᠠᠨ ᠤᠯᠤᠰ ᠤᠨ ᠭᠦᠴᠤᠨ ᠪᠤᠯᠤᠨ ᠤᠯᠠᠨ ᠤᠯᠤᠰ ᠤᠨ | ᠪᠠᠶᠢᠷᠢ ᠰᠠᠭᠤᠷᠢ ᠯᠤᠭ᠎ᠠ ᠲᠤᠬᠢᠷᠠᠯᠴᠠᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃ | ᠰᠢ ᠶᠢᠨ ᠫᠢᠡᠭ᠂ ᠶᠠᠮᠠᠷ ᠶᠠᠩᠵᠤ ᠶᠢᠨ ᠭᠦᠮᠤᠨ ᠢ ᠭᠦᠮᠤᠵᠢᠬᠦᠯᠭᠦ ᠪᠤᠢ ᠬᠡᠳᠡᠭ ᠪᠤᠯ ᠰᠤᠷᠭᠠᠨ ᠬᠦᠮᠤᠵᠢᠯ ᠤᠨ | ᠲᠡᠷᠢᠭᠦᠨ ᠴᠢᠬᠤᠯᠠ ᠠᠰᠠᠭᠤᠲᠠᠯ ᠮᠦᠨ᠃ ᠮᠠᠨ ᠤ ᠤᠯᠤᠰ ᠪᠤᠯ ᠲᠤᠮᠳᠠᠳᠤ ᠤᠯᠤᠰ ᠤᠨ ᠡᠪ ᠬᠠᠮᠳᠤ ᠨᠠᠮ ᠤᠨ | ᠤᠳᠤᠷᠢᠳᠤᠭᠰᠠᠨ ᠨᠡᠶᠢᠭᠡᠮ ᠵᠢᠷᠤᠮ ᠤᠨ ᠤᠯᠤᠰ ᠮᠦᠨ᠂ ᠡᠨᠡ ᠨᠢ ᠲᠠᠷᠤᠢ ᠮᠠᠨ ᠤ ᠰᠤᠷᠭᠠᠨ ᠭᠦᠮᠤᠵᠢᠯ ᠡᠷᠭᠡᠪᠰᠢ | ᠨᠡᠶᠢᠭᠡᠮ ᠵᠢᠷᠤᠮ ᠤᠨ ᠪᠦᠳᠤᠭᠡᠨ ᠪᠠᠶᠢᠭᠤᠯᠤᠭᠴᠢ ᠪᠤᠯᠤᠨ ᠵᠠᠯᠭᠠᠮᠵᠢᠯᠠᠭᠴᠢ ᠶᠢ ᠭᠦᠮᠤᠵᠢᠭᠦᠯᠭᠦ ᠪᠠᠷ ᠦᠨᠳᠤᠰᠤᠨ | ᠡᠭᠦᠷᠭᠡ ᠪᠠᠨ ᠪᠤᠯᠭᠠᠬᠤ ᠶᠢ ᠲᠤᠭᠳᠠᠭᠠᠵᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠪᠤᠯᠤᠨ | ᠮᠠᠨ ᠤ ᠤᠯᠤᠰ ᠤᠨ ᠨᠡᠶᠢᠭᠡᠮ ᠵᠢᠷᠤᠮ ᠤᠨ ᠪᠠᠶᠢᠭᠤᠯᠤᠯ ᠢ ᠭᠦᠷᠢᠶᠠᠯᠠᠬᠦ᠂ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠲᠦᠯᠤᠭᠡ ᠨᠠᠰᠤ ᠪᠠᠷ ᠢᠶᠠᠨ ᠲᠡᠮᠡᠴᠡᠭᠦ ᠦᠶ᠎ᠠ ᠦᠶ᠎ᠠ ᠶᠢᠨ ᠭᠡᠷᠡᠭᠴᠡᠭᠡ ᠲᠠᠢ ᠴᠢᠳᠠᠪᠤᠷᠢᠳᠠᠨ ᠢ | ᠭᠦᠮᠤᠵᠢᠭᠦᠯᠭᠦ ᠭᠡᠷᠡᠭᠳᠠᠢ ᠪᠠᠶᠢᠬᠤ ᠶᠢ ᠲᠤᠭᠲᠠᠭᠠᠵᠠᠢ᠃ ᠡᠨᠡ ᠪᠤᠯ ᠰᠤᠷᠭᠠᠨ ᠭᠦᠮᠤᠵᠢᠯ ᠤᠨ ᠠᠵᠢᠯᠳᠠᠨ ᠤ | ᠦᠨᠳᠤᠰᠤᠨ ᠡᠭᠦᠷᠭᠡ᠂ ᠮᠦᠨ ᠴᠤ ᠰᠤᠷᠭᠠᠨ ᠭᠦᠮᠤᠵᠢᠯ ᠤᠨ ᠤᠳᠤᠬᠢᠴᠢᠯᠠᠯᠳᠠ ᠶᠢᠨ ᠴᠢᠭᠯᠡᠯ ᠬᠠᠷᠠᠯᠳᠠ ᠮᠦᠨ ᠭᠡᠵᠤ | ᠵᠢᠭᠠᠵᠤ ᠭᠠᠷᠭᠠᠪᠠ᠃ | ᠰᠢ ᠶᠢᠨ ᠫᠢᠩ᠂ ᠬᠦᠰᠡᠯᠡᠩ ᠢᠳᠡᠬᠡᠯ ᠪᠢᠰᠢᠷᠡᠯ ᠢ ᠨᠢ ᠪᠠᠳᠤᠳᠬᠠᠬᠤ ᠳᠡᠬᠡᠷ᠎ᠡ ᠬᠦᠴᠦᠯᠡᠵᠥ᠂ | ᠰᠤᠷᠤᠬᠴᠢᠳ ᠤᠨ ᠡᠪ ᠬᠠᠮᠳᠤ ᠶᠤᠰᠤᠨ ᠤ ᠠᠯᠤᠰ ᠬᠡᠳᠤ ᠶᠢᠨ ᠬᠦᠰᠡᠯᠡᠩ ᠪᠤᠯᠤᠨ ᠳᠤᠮᠳᠠᠳᠤ ᠤᠯᠤᠰ ᠤᠨ | ᠤᠨᠴᠠᠯᠢᠬ ᠲᠠᠢ ᠨᠡᠶᠢᠬᠡᠮ ᠵᠢᠷᠤᠮ ᠤᠨ ᠬᠠᠮᠳᠤ ᠶᠢᠨ ᠬᠦᠰᠡᠯᠡᠩ ᠢ ᠪᠤᠢ ᠪᠤᠯᠭᠠᠬᠤ ᠪᠠᠷ ᠬᠦᠮᠦᠵᠢᠬᠦᠯᠵᠤ ᠬᠦᠳᠤᠯᠤᠨ | ᠵᠢᠯᠤᠭᠤᠳᠴᠤ᠂ ᠰᠤᠷᠤᠬᠴᠢᠳ ᠤᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠵᠠᠮ ᠤᠨ ᠢᠳᠡᠬᠡᠯ | ᠂ ᠤᠨᠤᠯ ᠤᠨ ᠢᠳᠡᠬᠡᠯ᠂ ᠪᠠᠶᠢᠭᠤᠯᠤᠯ ᠤᠨ ᠢᠳᠡᠬᠡᠯ᠂ ᠰᠤᠶᠤᠯ ᠤᠨ ᠢᠳᠡᠬᠡᠯ ᠢ ᠨᠢ ᠴᠢᠩᠭᠠᠷᠠᠭᠤᠯᠵᠤ᠂ | ᠦᠨᠳᠦᠰᠦᠳᠡᠨ ᠤ ᠰᠡᠷᠬᠦᠨ ᠮᠠᠨᠳᠤᠯᠳᠠ ᠶᠢᠨ ᠴᠠᠬ ᠦᠶ᠎ᠡ ᠶᠢᠨ ᠬᠦᠨᠳᠤ ᠡᠬᠦᠷᠬᠡ ᠶᠢ ᠡᠬᠦᠷᠬᠡᠯᠡᠬᠦ ᠬᠦᠰᠡᠯ | ᠵᠤᠷᠢᠯᠲᠠ ᠲᠠᠢ ᠪᠤᠯᠭᠠᠬᠤ ᠬᠡᠷᠡᠭᠳᠡᠢ᠃ ᠤᠯᠤᠰ ᠢᠶᠠᠨ ᠬᠠᠶᠢᠷᠠᠯᠠᠬᠤ ᠦᠵᠡᠯ ᠰᠡᠳᠬᠢᠯᠬᠡ ᠲᠠᠢ ᠪᠤᠯᠭᠠᠬᠤ ᠳᠡᠬᠡᠷ᠎ᠡ | ᠬᠦᠴᠦᠯᠡᠵᠥ᠂ ᠤᠯᠤᠰ ᠢᠶᠠᠨ ᠬᠠᠶᠢᠷᠠᠯᠠᠬᠤ ᠦᠵᠡᠯ ᠤᠨ ᠵᠤᠷᠢᠭ ᠰᠠᠨᠠᠭ᠎ᠠ ᠶᠢ ᠰᠤᠷᠤᠬᠴᠢᠳ ᠤᠨ ᠰᠡᠳᠬᠢᠯ ᠳᠤ ᠬᠦᠨ | ᠦᠨᠳᠦᠰᠦᠯᠡᠭᠦᠯᠵᠤ᠂ ᠰᠤᠷᠤᠬᠴᠢᠳ ᠢ ᠳᠤᠮᠳᠠᠳᠤ ᠤᠯᠤᠰ ᠤᠨ ᠡᠪ ᠬᠠᠮᠳᠤ ᠨᠠᠮ ᠢ ᠬᠠᠶᠢᠷᠠᠯᠠᠬᠤ ᠪᠠ | ᠬᠦᠷᠢᠶᠡᠯᠡᠬᠦᠯᠬᠦ ᠪᠠᠷ ᠬᠦᠮᠦᠵᠢᠬᠦᠯᠵᠤ ᠬᠦᠳᠦᠯᠦᠨ ᠵᠢᠯᠤᠭᠤᠳᠴᠤ᠂ ᠨᠠᠮ ᠤᠨ ᠦᠭᠡ ᠶᠢ ᠰᠤᠨᠤᠰᠬᠤ᠂ ᠨᠠᠮ ᠢᠶᠠᠨ | ᠳᠠᠭᠠᠬᠤ ᠬᠦᠰᠡᠯ ᠵᠤᠷᠢᠯᠲᠠ ᠲᠠᠢ ᠪᠤᠯᠭᠠᠵᠥ᠂ ᠠᠷᠠᠳ ᠳᠦᠮᠡᠨ ᠤ ᠲᠤᠮᠲᠠ ᠦᠨᠳᠦᠰᠦᠯᠡᠵᠤ᠂ ᠤᠯᠤᠰ ᠬᠡᠷ ᠲᠡᠭᠡᠨ | ᠬᠤᠪᠢ ᠨᠡᠮᠡᠷᠢ ᠦᠵᠡᠬᠦᠯᠬᠦ ᠬᠦᠰᠡᠯ ᠵᠤᠷᠢᠯᠲᠠ ᠲᠠᠢ ᠪᠤᠯᠭᠠᠬᠤ ᠬᠡᠷᠡᠭᠳᠡᠢ᠃ ᠶᠤᠰᠤ ᠰᠤᠷᠲᠠᠬᠤᠨ ᠤ ᠬᠡᠪ | ᠪᠤᠯᠪᠠᠰᠤᠷᠠᠯ ᠢ ᠨᠢ ᠴᠢᠩᠭᠠᠳᠬᠠᠬᠤ ᠳᠡᠬᠡᠷ᠎ᠡ ᠬᠦᠴᠦᠯᠡᠵᠥ᠂ ᠰᠤᠷᠤᠬᠴᠢᠳ ᠢ ᠨᠡᠶᠢᠬᠡᠮ ᠵᠢᠷᠤᠮ ᠤᠨ ᠭᠤᠤᠯᠯᠠᠬᠴᠢ | ᠦᠷᠳᠡᠭ ᠤᠨ ᠦᠵᠡᠯᠳᠡ ᠶᠢ ᠪᠤᠢ ᠪᠤᠯᠭᠠᠨ ᠦᠢᠯᠡᠳᠦᠯᠬᠡᠵᠢᠬᠦᠯᠬᠦ ᠪᠠᠷ ᠬᠦᠮᠦᠵᠢᠬᠦᠯᠵᠤ ᠬᠦᠳᠦᠯᠦᠨ ᠵᠢᠯᠤᠭᠤᠳᠴᠤ᠂ | ᠯᠠᠪᠳᠠᠭᠤᠨ ᠪᠠᠳᠤᠳᠠᠢ ᠪᠠᠷ ᠶᠤᠰᠤ ᠰᠤᠷᠲᠠᠬᠤᠨ ᠤ ᠬᠡᠪ ᠪᠤᠯᠪᠠᠰᠤᠷᠠᠯ ᠢᠶᠠᠨ ᠴᠢᠩᠭᠠᠳᠬᠠᠵᠤ᠂ ᠶᠡᠭᠡ ᠬᠠᠶᠢᠷ᠎ᠠ ᠲᠠᠢ | ᠶᠡᠭᠡ ᠮᠤᠷᠠᠯ ᠲᠠᠢ ᠶᠡᠭᠡ ᠰᠡᠳᠬᠢᠯᠬᠡ ᠲᠠᠢ ᠬᠦᠮᠦᠨ ᠪᠤᠯᠭᠠᠬᠤ ᠬᠡᠷᠡᠭᠳᠡᠢ᠃ ᠡᠷᠳᠡᠮ ᠮᠡᠳᠡᠯᠬᠡ ᠶᠢ ᠨᠢ ᠨᠡᠮᠡᠭᠳᠡᠬᠦᠯᠬᠦ | ᠳᠡᠬᠡᠷ᠎ᠡ ᠬᠦᠴᠦᠯᠡᠵᠥ᠂ ᠰᠤᠷᠤᠬᠴᠢᠳ ᠤᠨ ᠰᠤᠷᠤᠯᠴᠠᠬᠤ ᠴᠠᠬ ᠮᠦᠴᠡ ᠪᠠᠨ ᠨᠠᠨᠳᠢᠩᠨᠠᠵᠥ᠂ ᠨᠢᠬᠡᠯᠡ ᠰᠡᠳᠬᠢᠯ ᠢᠶᠠᠷ | ᠡᠷᠳᠡᠮ ᠮᠡᠳᠡᠯᠬᠡ ᠰᠤᠷᠴᠤ᠂ ᠮᠡᠳᠡᠯᠬᠡ ᠮᠡᠳᠡᠴᠡ ᠪᠠᠨ ᠨᠡᠮᠡᠭᠳᠡᠬᠦᠯᠵᠤ᠂ ᠰᠤᠷᠤᠭᠰᠠᠨ ᠮᠡᠳᠡᠯᠬᠡ ᠪᠠᠨ ᠪᠠᠶᠠᠯᠢᠬᠵᠢᠭᠤᠯᠵᠥ | ᠂ ᠦᠨᠡᠨ ᠶᠤᠰᠤ ᠶᠢ ᠡᠷᠢᠯᠬᠢᠯᠡᠬᠦ᠂ ᠶᠤᠰᠤ ᠤᠴᠢᠷ ᠢ ᠤᠬᠠᠬᠤ᠂ ᠤᠴᠢᠷ ᠶᠠᠪᠤᠳᠠᠯ ᠢ ᠦᠢᠯᠠᠭᠠᠬᠤ ᠴᠢᠭᠯᠡᠯ ᠢᠶᠠᠷ | ᠤᠷᠤᠬᠰᠢᠯᠠᠬᠤ ᠶᠢ ᠬᠦᠮᠦᠵᠢᠬᠦᠯᠵᠤ ᠬᠦᠳᠦᠯᠦᠨ ᠵᠢᠯᠤᠭᠤᠳᠬᠤ ᠬᠡᠷᠡᠭᠳᠡᠢ᠃ ᠳᠡᠮᠡᠴᠡᠯ ᠤᠨ ᠵᠤᠷᠢᠭ ᠰᠠᠨᠠᠭ᠎ᠠ ᠶᠢ ᠨᠢ | ᠬᠦᠮᠦᠵᠢᠬᠦᠯᠬᠦ ᠳᠡᠬᠡᠷ᠎ᠡ ᠬᠦᠴᠦᠯᠡᠵᠥ᠂ ᠰᠤᠷᠤᠬᠴᠢᠳ ᠤᠨ ᠠᠯᠤᠰ ᠬᠡᠳᠤ ᠶᠢᠨ ᠬᠦᠰᠡᠯᠡᠩ ᠢ ᠪᠤᠢ ᠪᠤᠯᠭᠠᠬᠤ᠂ | ᠵᠤᠷᠢᠬᠳᠠᠢ ᠡᠬᠦᠷᠬᠡᠯᠡᠬᠦ᠂ ᠴᠦᠬᠦᠷᠡᠰᠢ ᠦᠬᠡᠢ ᠳᠡᠮᠡᠴᠡᠬᠦ ᠵᠤᠷᠢᠭ ᠰᠠᠨᠠᠭ᠎ᠠ ᠶᠢ ᠨᠢ ᠪᠤᠯᠪᠠᠰᠤᠷᠠᠭᠤᠯᠵᠥ᠂ ᠵᠤᠷᠢᠬᠳᠠᠢ ᠪᠠᠷ | ᠳᠡᠮᠡᠴᠡᠬᠦ ᠵᠤᠷᠢᠬ ᠰᠠᠨᠠᠭᠠᠨ ᠤ ᠤᠪᠤᠷ ᠪᠠᠶᠢᠳᠠᠯ ᠪᠤᠯᠤᠨ ᠪᠠᠶᠠᠰᠤᠩᠭᠤᠢ ᠪᠠᠷ ᠤᠷᠤᠬᠰᠢᠯᠠᠨ ᠳᠠᠪᠰᠢᠬᠤ | ᠠᠮᠢᠳᠤᠷᠠᠬᠤᠢ ᠶᠢᠨ ᠤᠪᠤᠷ ᠲᠠᠢ ᠪᠤᠯᠭᠠᠬᠤ ᠪᠠᠷ ᠬᠦᠮᠦᠵᠢᠬᠦᠯᠵᠤ ᠬᠦᠳᠦᠯᠦᠨ ᠵᠢᠯᠤᠭᠤᠳᠴᠤ᠂ ᠬᠠᠲᠠᠨ ᠪᠠᠲᠦ | ᠵᠤᠷᠢᠭ ᠲᠠᠢ ᠪᠦᠭᠡᠳ ᠵᠢᠳᠬᠦᠯ ᠭᠠᠷᠭᠠᠬᠤ᠂ ᠦᠪᠡᠷ ᠢ ᠪᠠᠨ ᠬᠦᠴᠦᠷᠬᠡᠭᠵᠢᠬᠦᠯᠬᠦ ᠪᠠᠷ ᠬᠦᠴᠦᠯᠡᠨ ᠴᠢᠷᠮᠠᠶᠢᠬᠤ | ᠪᠤᠯᠭᠠᠬᠤ ᠬᠡᠷᠡᠭᠳᠡᠢ᠃ ᠶᠡᠷᠦᠩᠬᠡᠶᠢᠯᠡᠭᠰᠡᠨ ᠬᠡᠪ ᠪᠤᠯᠪᠠᠰᠤᠷᠠᠯ ᠢ ᠨᠢ ᠴᠢᠩᠭᠠᠳᠬᠠᠬᠤ ᠳᠡᠬᠡᠷ᠎ᠡ ᠬᠦᠴᠦᠯᠡᠵᠥ᠂ | ᠰᠤᠷᠤᠬᠴᠢᠳ ᠢ ᠶᠡᠷᠦᠩᠬᠡᠶᠢᠯᠡᠭᠰᠡᠨ ᠴᠢᠳᠠᠪᠤᠷᠢ ᠲᠠᠢ ᠪᠤᠯᠭᠠᠬᠤ᠂ ᠰᠢᠨ᠎ᠡ ᠶᠢ ᠡᠬᠦᠳᠬᠦ ᠰᠡᠳᠬᠢᠬᠦᠢ ᠲᠠᠢ ᠪᠤᠯᠭᠠᠬᠤ ᠪᠠᠷ | ᠬᠦᠮᠦᠵᠢᠬᠦᠯᠵᠤ ᠬᠦᠳᠦᠯᠦᠨ ᠵᠢᠯᠤᠭᠤᠳᠬᠤ ᠬᠡᠷᠡᠭᠳᠡᠢ᠃ ᠡᠷᠡᠬᠦᠯ ᠡᠩᠬᠡ ᠪᠤᠯ ᠨᠢᠭᠡᠳᠦᠭᠡᠷ ᠪᠠᠶᠢᠬᠤ ᠭᠡᠳᠡᠭ ᠰᠤᠷᠭᠠᠨ | ᠬᠦᠮᠦᠵᠢᠯ ᠤᠨ ᠦᠢᠯᠠᠭᠠᠬᠳᠠᠬᠤᠨ ᠢ ᠪᠤᠢ ᠪᠤᠯᠭᠠᠵᠥ᠂ ᠪᠡᠶ᠎ᠡ ᠶᠢᠨ ᠳᠠᠮᠢᠷ ᠤᠨ ᠬᠢᠴᠢᠶᠠᠯ ᠢ ᠳᠡᠭᠰᠢ ᠬᠦᠢᠴᠡᠳ ᠨᠡᠬᠡᠬᠡᠵᠥ | ᠂ ᠰᠤᠷᠤᠬᠴᠢᠳ ᠢ ᠬᠠᠪᠰᠤᠷᠤᠨ ᠪᠡᠶ᠎ᠡ ᠶᠢᠨ ᠳᠠᠮᠢᠷ ᠤᠨ ᠪᠤᠯᠪᠠᠰᠤᠷᠠᠯ ᠳᠤᠮᠳᠠ ᠪᠠᠶᠠᠷ ᠪᠠᠶᠠᠰᠤᠯ ᠡᠳ᠋ᠯᠡᠨ᠂ ᠪᠡᠶ᠎ᠡ | ᠮᠠᠬᠠᠪᠤᠳ ᠢ ᠨᠢ ᠴᠢᠬᠢᠷᠠᠬᠵᠢᠭᠤᠯᠵᠥ᠂ ᠬᠦᠮᠦᠨ ᠴᠢᠨᠠᠷ ᠢ ᠨᠢ ᠪᠦᠷᠢᠨᠰᠢᠬᠦᠯᠦᠨ᠂ ᠬᠦᠰᠡᠯ ᠵᠤᠷᠢᠭ ᠢ ᠨᠢ | ᠪᠤᠯᠪᠠᠰᠤᠷᠠᠭᠤᠯᠬᠤ ᠬᠡᠷᠡᠭᠳᠡᠢ᠃ ᠰᠤᠷᠭᠠᠭᠤᠯᠢ ᠶᠢᠨ ᠭᠤᠸ᠎ᠠ ᠰᠠᠶᠢᠬᠠᠨ ᠤ ᠬᠦᠮᠦᠵᠢᠯ ᠢ ᠪᠦᠬᠦ ᠳᠠᠯ᠎ᠠ ᠪᠠᠷ ᠴᠢᠩᠭᠠᠳᠬᠠᠨ | ᠰᠠᠶᠢᠵᠢᠷᠠᠭᠤᠯᠵᠥ᠂ ᠭᠤᠸ᠎ᠠ ᠰᠠᠶᠢᠬᠠᠨ ᠢᠶᠠᠷ ᠬᠦᠮᠦᠨ ᠢ ᠬᠦᠮᠦᠵᠢᠬᠦᠯᠬᠦ᠂ ᠰᠤᠶᠤᠯ ᠢᠶᠠᠷ ᠬᠦᠮᠦᠨ ᠢ | ᠤᠬᠠᠭᠠᠷᠠᠭᠤᠯᠬᠤ ᠶᠢ ᠪᠠᠷᠢᠮᠳᠠᠯᠠᠵᠥ᠂ ᠰᠤᠷᠤᠬᠴᠢᠳ ᠤᠨ ᠭᠤᠸ᠎ᠠ ᠰᠠᠶᠢᠬᠠᠨ ᠤ ᠳᠠᠭᠠᠰᠢᠶᠠᠯ ᠪᠤᠯᠤᠨ ᠰᠤᠶᠤᠯ | ᠢᠷᠬᠡᠨᠰᠢᠯ ᠤᠨ ᠬᠡᠪ ᠪᠤᠯᠪᠠᠰᠤᠷᠠᠯ ᠢ ᠨᠢ ᠳᠡᠬᠡᠭᠰᠢᠯᠡᠬᠦᠯᠬᠦ ᠬᠡᠷᠡᠭᠳᠡᠢ᠃ ᠰᠤᠷᠤᠬᠴᠢᠳ ᠤᠨ ᠳᠤᠮᠳᠠ ᠬᠦᠳᠡᠯᠮᠤᠷᠢ ᠶᠢᠨ | ᠵᠤᠷᠢᠭ ᠰᠠᠨᠠᠭ᠎ᠠ ᠶᠢ ᠪᠠᠳᠠᠷᠠᠭᠤᠯᠵᠥ᠂ ᠰᠤᠷᠤᠬᠴᠢᠳ ᠢ ᠬᠦᠳᠡᠯᠮᠤᠷᠢ ᠶᠢ ᠡᠷᠬᠢᠮᠯᠡᠨ᠂ ᠬᠦᠳᠡᠯᠮᠤᠷᠢ ᠶᠢ ᠬᠦᠨᠳᠤᠳᠬᠡᠬᠦ | ᠪᠤᠯᠭᠠᠵᠤ᠂ ᠬᠦᠳᠡᠯᠮᠤᠷᠢ ᠬᠠᠮᠤᠭ ᠦᠩᠬᠡ ᠬᠡᠷᠡᠯᠳᠡᠢ᠂ ᠬᠦᠳᠡᠯᠮᠤᠷᠢ ᠬᠠᠮᠤᠭ ᠡᠷᠬᠢᠮ ᠳᠡᠬᠡᠳᠤ᠂ ᠬᠦᠳᠡᠯᠮᠤᠷᠢ ᠬᠠᠮᠤᠭ | ᠠᠭᠤᠤ ᠶᠡᠭᠡ᠂ ᠬᠦᠳᠡᠯᠮᠤᠷᠢ ᠬᠠᠮᠤᠭ ᠭᠤᠶᠤ ᠰᠠᠶᠢᠬᠠᠨ ᠪᠠᠶᠢᠬᠤ ᠶᠤᠰᠤ ᠶᠢ ᠦᠢᠯᠠᠭᠠᠭᠤᠯᠵᠥ᠂ ᠦᠰᠦᠨ | ᠳᠤᠮᠤᠵᠢᠬᠰᠠᠨ ᠤ ᠳᠠᠷᠠᠭ᠎ᠠ ᠳᠡᠰᠪᠦᠷᠢ ᠬᠠᠳᠠᠭᠤᠵᠢᠯᠳᠠᠢ ᠬᠦᠳᠡᠯᠮᠤᠷᠢᠯᠠᠵᠥ᠂ ᠦᠨᠡᠨᠴᠢ ᠢᠳᠡᠬᠡᠮᠵᠢᠳᠡᠢ ᠬᠦᠳᠡᠯᠮᠤᠷᠢᠯᠠᠵᠥ | ᠂ ᠪᠦᠳᠦᠬᠡᠯᠳᠤ ᠴᠢᠨᠠᠷᠳᠠᠢ ᠬᠦᠳᠡᠯᠮᠤᠷᠢᠯᠡᠬᠦ ᠪᠤᠯᠭᠠᠬᠤ ᠪᠠᠷ ᠬᠦᠮᠦᠵᠢᠬᠦᠯᠵᠤ ᠬᠦᠳᠦᠯᠦᠨ ᠵᠢᠯᠤᠭᠤᠳᠬᠤ ᠬᠡᠷᠡᠭᠳᠡᠢ ᠬᠡᠵᠥ | ᠴᠢᠬᠤᠯᠠᠴᠢᠯᠠᠪᠠ᠃ | ᠰᠢ ᠶᠢᠨ ᠫᠢᠩ᠂ ᠶᠤᠰᠤ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠦᠳᠡᠯᠮᠤᠷᠢ | ᠪᠦᠬᠦ ᠳᠠᠯ᠎ᠠ ᠪᠠᠷ ᠬᠦᠮᠤᠵᠢᠬᠦᠯᠬᠦ ᠰᠤᠷᠭᠠᠨ ᠬᠦᠮᠦᠵᠢᠯ ᠤᠨ ᠰᠢᠰᠲ᠋ᠧᠮ ᠢ ᠴᠢᠷᠮᠠᠶᠢᠨ ᠪᠠᠶᠢᠭᠤᠯᠵᠥ᠂ ᠨᠡᠩ ᠦᠨᠳᠦᠷ | ᠳᠦᠪᠰᠢᠨ ᠪᠦᠬᠦᠢ ᠴᠢᠳᠠᠪᠤᠷᠢᠳᠠᠨ ᠢ ᠬᠦᠮᠦᠵᠢᠬᠦᠯᠬᠦ ᠰᠢᠰᠲ᠋ᠧᠮ ᠢ ᠪᠦᠷᠢᠯᠳᠦᠬᠦᠯᠬᠦ ᠬᠡᠷᠡᠭᠲᠡᠢ᠃ ᠶᠤᠰᠤ | ᠰᠤᠷᠳᠠᠬᠤᠨ ᠢᠶᠠᠷ ᠬᠦᠮᠦᠨ ᠢ ᠬᠦᠮᠦᠵᠢᠬᠦᠯᠬᠦ ᠶᠢ ᠦᠵᠡᠯ ᠰᠠᠨᠠᠭ᠎ᠠ ᠶᠤᠰᠤ ᠰᠤᠷᠲᠠᠬᠤᠨ ᠤ ᠰᠤᠷᠭᠠᠨ ᠬᠦᠮᠦᠵᠢᠯ᠂ | ᠰᠤᠶᠤᠯ ᠮᠡᠳᠡᠯᠬᠡ ᠶᠢᠨ ᠰᠤᠷᠭᠠᠨ ᠬᠦᠮᠦᠵᠢᠯ᠂ ᠨᠡᠶᠢᠬᠡᠮ ᠤᠨ ᠦᠢᠯᠡᠳᠦᠯᠬᠡ ᠶᠢᠨ ᠰᠤᠷᠭᠠᠨ ᠬᠦᠮᠦᠵᠢᠯ ᠤᠨ ᠡᠯ᠎ᠡ | ᠭᠤᠬᠴᠤᠭ᠎ᠠ ᠳᠤ ᠠᠭᠤᠰᠤᠯᠴᠠᠭᠤᠯᠵᠥ᠂ ᠰᠠᠭᠤᠷᠢ ᠰᠤᠷᠭᠠᠨ ᠬᠦᠮᠦᠵᠢᠯ᠂ ᠠᠵᠢᠯ ᠮᠡᠷᠬᠡᠵᠢᠯ ᠤᠨ ᠰᠤᠷᠭᠠᠨ ᠬᠦᠮᠦᠵᠢᠯ᠂ | ᠳᠡᠬᠡᠳᠤ ᠵᠡᠷᠬᠡ ᠶᠢᠨ ᠰᠤᠷᠭᠠᠨ ᠬᠦᠮᠦᠵᠢᠯ ᠵᠡᠷᠬᠡ ᠡᠯ᠎ᠡ ᠬᠦᠷᠢᠶᠡᠨ ᠳᠤ ᠳᠤᠭᠤᠰᠢᠯᠠᠭᠤᠯᠵᠥ᠂ ᠰᠢᠨᠵᠢᠯᠡᠬᠡᠨ ᠤ | ᠰᠢᠰᠲ᠋ᠧᠮ᠂ ᠵᠢᠭᠠᠨ ᠰᠤᠷᠭᠠᠯᠳᠠ ᠵᠢᠨᠰᠢᠰᠲ᠋ᠧᠮ᠂ ᠵᠢᠭᠠᠬᠤ ᠮᠠᠲ᠋ᠧᠷᠢᠶᠠᠯ ᠤᠨ ᠰᠢᠰᠲ᠋ᠧᠮ᠂ | ᠬᠠᠮᠢᠶᠠᠷᠤᠯᠳᠠ ᠵᠢᠨᠰᠢᠰᠲ᠋ᠧᠮ ᠢ ᠡᠨᠡ ᠬᠦ ᠬᠠᠷᠠᠯᠳᠠ ᠶᠢᠨ ᠳᠤᠭᠤᠷᠢᠨ ᠳᠤ ᠳᠦᠯᠦᠪᠯᠡᠬᠦ ᠬᠡᠷᠡᠭᠲᠡᠢ᠂ ᠪᠠᠭᠰᠢ ᠠᠴᠠ ᠡᠨᠡ | ᠬᠦ ᠬᠠᠷᠠᠯᠳᠠ ᠶᠢᠨ ᠳᠤᠭᠤᠷᠢᠨ ᠳᠤ ᠵᠢᠭᠠᠨ ᠰᠤᠷᠭᠠᠵᠥ᠂ ᠰᠤᠷᠤᠬᠴᠢᠳ ᠡᠨᠡ ᠬᠦ ᠬᠠᠷᠠᠯᠳᠠ ᠶᠢᠨ ᠳᠤᠭᠤᠷᠢᠨ ᠳᠤ | ᠰᠤᠷᠤᠯᠴᠠᠬᠤ ᠬᠡᠷᠡᠭᠳᠡᠢ᠃ ᠡᠨᠡ ᠬᠦ ᠬᠠᠷᠠᠯᠳᠠ ᠶᠢ ᠪᠡᠶᠡᠯᠡᠬᠦᠯᠬᠦ ᠳᠤ ᠠᠰᠢᠬ ᠦᠬᠡᠢ ᠠᠷᠭ᠎ᠠ ᠬᠢᠳᠡᠯ ᠪᠦᠬᠦᠨ ᠢ ᠡᠷᠡᠰ | ᠬᠤᠪᠢᠷᠠᠭᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠨᠡᠶᠢᠭᠡᠮ ᠵᠢᠷᠤᠮ ᠤᠨ ᠤᠲᠤᠬᠢᠴᠢᠯᠠᠭᠰᠠᠠ ᠬᠦᠴᠦᠷᠭᠡᠭ ᠤᠯᠤᠰ ᠢ ᠪᠦᠲᠦᠭᠡᠡ | ᠪᠠᠶᠢᠭᠤᠯᠬᠤ ᠨᠢ ᠪᠠᠭᠰᠢ ᠶᠢᠨ ᠡᠩᠨᠡᠭᠡ ᠳᠤ ᠰᠢᠨ᠎ᠠ ᠨᠡᠩ ᠦᠨᠲᠦᠷ ᠱᠠᠭᠠᠷᠲᠠᠯᠭ᠎ᠠ ᠲᠤᠷᠠᠳᠤᠭᠰᠠᠠ ᠪᠦᠭᠡᠳ ᠪᠠᠰᠠ ᠪᠦᠬᠦ | ᠨᠠᠮ ᠪᠦᠬᠦ ᠨᠡᠶᠢᠭᠡᠮ ᠢᠶᠠᠷ ᠢᠶᠠᠨ ᠪᠠᠭᠰᠢ ᠶᠢ ᠬᠦᠨᠲᠦᠳᠭᠡᠵᠦ ᠰᠤᠷᠭᠠᠠ ᠬᠦᠮᠦᠵᠢᠯ ᠢ ᠴᠢᠬᠤᠯᠠᠴᠢᠯᠠᠬᠤ ᠲᠤᠬᠠᠢ ᠰᠢᠨ᠎ᠠ | ᠨᠡᠩ ᠦᠨᠲᠦᠷ ᠱᠠᠭᠠᠷᠲᠠᠯᠭ᠎ᠠ ᠲᠤᠷᠠᠳᠴᠠᠢ᠃ ᠠᠷᠠᠳ ᠤᠨ ᠪᠠᠭᠰᠢ ᠭᠡᠭᠴᠢ ᠬᠢᠵᠠᠭᠠᠯᠠᠰᠢ ᠦᠭᠡᠢ ᠢᠷᠠᠭᠤ ᠠᠯᠲᠠᠷᠲᠠᠢ᠂ | ᠪᠠᠭᠰᠢ ᠨᠢᠭᠡᠪᠦᠷᠢ ᠡᠨᠡ ᠬᠦ ᠢᠷᠠᠭᠤ ᠠᠯᠲᠠᠷ ᠢᠶᠠᠨ ᠨᠠᠠᠲᠢᠩᠨᠠᠵᠦ᠂ ᠡᠨᠡ ᠬᠦ ᠲᠤᠬᠠᠢᠢᠯᠠᠭᠰᠠᠠ ᠠᠵᠢᠯ ᠢᠶᠠᠨ ᠬᠠᠶᠢᠷᠠᠯᠠᠠ | ᠨᠠᠠᠲᠢᠩᠨᠡᠵᠦ᠂ ᠦᠪᠡᠷ ᠢ ᠪᠠᠨ ᠴᠢᠩᠭ᠎ᠠ ᠱᠠᠭᠠᠷᠲᠠᠵᠦ᠂ ᠦᠪᠡᠷ ᠢ ᠪᠠᠨ ᠲᠠᠰᠤᠷᠠᠯᠲᠠ ᠦᠭᠡᠢ ᠲᠡᠭᠦᠯᠲᠡᠷᠵᠢᠭᠦᠯᠬᠦ | ᠭᠡᠷᠡᠭᠲᠡᠢ᠃ ᠪᠠᠭᠰᠢ ᠪᠤᠯᠤᠭᠰᠠᠳ ᠪᠢᠴᠢᠭ ᠵᠢᠭᠠᠵᠦ ᠬᠦᠮᠦᠨ ᠢ ᠬᠦᠮᠦᠵᠢᠭᠦᠯᠬᠦ ᠪᠠᠷ ᠴᠢᠷᠮᠠᠶᠢᠵᠦ᠂ ᠰᠤᠷᠭᠠᠠ | ᠬᠦᠮᠦᠵᠢᠯ ᠢ ᠬᠠᠶᠢᠷᠠᠯᠠᠬᠤ ᠲᠤᠭᠲᠠᠯ ᠬᠦᠴᠤ ᠲᠠᠢ ᠪᠠᠶᠢᠵᠦ᠂ ᠨᠡᠷ᠎ᠠ ᠠᠰᠢᠭ ᠢ ᠦᠯᠦ ᠪᠤᠲᠤᠬᠤ ᠪᠠᠷᠢᠮᠲᠠᠯᠠᠯ ᠲᠠᠢ | ᠪᠠᠶᠢᠬᠤ ᠬᠡᠷᠡᠭᠲᠡᠢ᠃ ᠰᠤᠷᠭᠠᠭᠤᠯᠢ ᠡᠷᠬᠢᠯᠡᠬᠦ ᠨᠦᠬᠦᠴᠡᠯ ᠲᠠᠰᠤᠷᠠᠯᠲᠠ ᠦᠭᠡᠢ ᠰᠠᠶᠢᠵᠢᠷᠠᠬᠤ ᠶᠢ ᠲᠠᠭᠠᠯᠲᠤᠨ᠂ | ᠰᠤᠷᠭᠠᠠ ᠬᠦᠮᠦᠵᠢᠯ ᠳᠠᠬᠢ ᠤᠷᠤᠭᠤᠯᠤᠯᠲᠠ ᠶᠢ ᠪᠠᠭᠰᠢ ᠨᠠᠷ ᠲᠡᠰᠢ ᠨᠡᠩ ᠢᠯᠡᠬᠦᠤ ᠭᠡᠯᠪᠠᠶᠢᠯᠭᠡᠵᠦ᠂ ᠪᠠᠭᠰᠢ ᠨᠠᠷ ᠤᠨ | ᠬᠦᠷᠲᠡᠮᠵᠢ ᠤᠯᠭᠤᠮᠵᠢ ᠶᠢ ᠲᠠᠰᠤᠷᠠᠯᠲᠠ ᠦᠭᠡᠢ ᠲᠡᠭᠡᠭᠰᠢᠯᠡᠭᠦᠯᠦᠨ᠂ ᠦᠷᠭᠡᠡ ᠤᠯᠠᠠ ᠪᠠᠭᠰᠢ ᠨᠠᠷ ᠢ ᠰᠡᠳᠭᠢᠯ | ᠠᠮᠤᠷ ᠢᠶᠠᠷ ᠵᠢᠭᠠᠠ ᠰᠤᠷᠭᠠᠬᠤ ᠠᠵᠢᠯ ᠳᠤᠨᠢ ᠰᠢᠮᠲᠠᠭᠤᠯᠵᠦ᠂ ᠬᠠᠯᠠᠭᠤᠨ ᠰᠡᠳᠭᠢᠯ ᠢᠶᠠᠷ ᠰᠤᠷᠭᠠᠠ ᠬᠦᠮᠦᠵᠢᠯ ᠳᠤ | ᠵᠢᠳᠭᠦᠭᠦᠯᠬᠦ ᠭᠡᠷᠡᠭᠲᠡᠢ᠃ ᠪᠠᠭᠰᠢ ᠶᠢᠨ ᠡᠩᠨᠡᠭᠡ ᠳᠤ ᠤᠷᠤᠰᠢᠵᠦ ᠪᠠᠶᠢᠭ᠎ᠠ ᠠᠰᠠᠭᠤᠲᠠᠯ ᠢ ᠬᠠᠤᠯᠢ ᠴᠠᠭᠠᠵᠠ ᠰᠠᠬᠢᠯᠭ᠎ᠠ | ᠪᠠᠲᠤ ᠶᠤᠰᠤᠭᠠᠷ ᠴᠢᠩᠭ᠎ᠠ ᠰᠢᠢᠳᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠤᠷᠭᠠᠠ ᠬᠦᠮᠦᠵᠢᠯ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠂ | ᠶᠤᠰᠤ ᠰᠤᠷᠲᠠᠬᠤᠨ ᠢᠶᠠᠷ ᠬᠦᠮᠦᠨ ᠢ ᠬᠦᠮᠦᠵᠢᠭᠦᠯᠬᠦ ᠶᠢᠨ ᠨᠠᠶᠢᠲᠠᠪᠤᠷᠢᠵᠢᠭᠤᠯᠬᠤ ᠲᠤᠭᠲᠠᠴᠠ ᠶᠢ ᠪᠦᠷᠢᠠᠰᠢᠭᠦᠯᠵᠦ᠂ | ᠰᠢᠨᠵᠢᠯᠡᠬᠦ ᠤᠬᠠᠭᠠᠠᠴᠢ ᠪᠤᠰᠤ ᠰᠤᠷᠭᠠᠠ ᠬᠦᠮᠦᠵᠢᠯ ᠤᠨ ᠦᠨᠡᠯᠡᠯᠲᠡ ᠶᠢᠨ ᠵᠢᠯᠤᠭᠤᠲᠤᠮᠵᠢ ᠶᠢ ᠬᠤᠪᠢᠷᠠᠭᠤᠯᠵᠦ᠂ | ᠭᠠᠭᠴᠡ ᠬᠦ ᠬᠤᠪᠢ ᠶᠢ ᠦᠵᠡᠬᠦ᠂ ᠰᠤᠷᠭᠠᠭᠤᠯᠢ ᠲᠠᠪᠰᠢᠬᠦ ᠲᠤᠭ᠎ᠠ ᠨᠤᠷᠮ᠎ᠠ ᠶᠢ ᠦᠵᠡᠬᠦ ᠂ ᠰᠤᠷᠤᠯᠭ᠎ᠠ ᠶᠢᠨ | ᠨᠠᠮᠲᠠᠷ ᠤᠨ ᠦᠨᠡᠮᠯᠡᠯ᠂ ᠦᠭᠦᠯᠡᠯ᠂ ᠨᠡᠷ᠎ᠡ ᠨᠦᠯᠦᠭᠡ ᠶᠢ ᠯᠠ ᠦᠵᠡᠬᠦ ᠠᠷᠬᠠᠭ ᠬᠡᠮ ᠢ ᠡᠷᠡᠰ ᠠᠷᠢᠯᠭᠠᠵᠤ᠂ ᠰᠤᠷᠭᠠᠠ | ᠬᠦᠮᠦᠵᠢᠯ ᠤᠨ ᠦᠨᠡᠯᠡᠯᠲᠡ ᠶᠢᠨ ᠲᠤᠬᠢᠭᠤᠷ ᠤᠨ ᠠᠰᠠᠭᠤᠲᠠᠯ ᠢ ᠦᠨᠲᠦᠰᠦᠨ ᠠᠴᠠ ᠨᠢ ᠰᠢᠢᠳᠪᠦᠷᠢᠯᠡᠬᠦ ᠬᠡᠷᠡᠭᠲᠡᠢ᠃ | ᠰᠤᠷᠭᠠᠭᠤᠯᠢ ᠡᠷᠬᠢᠯᠡᠬᠦ ᠪᠠᠶᠢᠭᠤᠯᠤᠮᠵᠢ ᠪᠠ ᠰᠤᠷᠭᠠᠠ ᠬᠦᠮᠦᠵᠢᠯ ᠤᠨ ᠬᠠᠮᠢᠶᠠᠷᠤᠯᠲᠠ ᠶᠢᠨ ᠦᠭᠡᠷᠡᠴᠢᠯᠡᠯᠲᠡ ᠶᠢ | ᠬᠦᠨᠵᠡᠭᠡᠶᠢᠷᠡᠭᠦᠯᠵᠦ᠂ ᠰᠤᠷᠭᠠᠠ ᠬᠦᠮᠦᠵᠢᠯ ᠤᠨ ᠦᠢᠯᠡᠰ ᠤᠨ ᠬᠦᠭᠵᠢᠯᠲᠠ ᠶᠢᠨ ᠠᠮᠢᠲᠤᠯᠢᠭ ᠬᠦᠴᠦᠨ ᠠᠮᠢᠵᠢᠷᠠᠯ ᠤᠨ | ᠬᠦᠴᠤᠨ ᠢ ᠬᠦᠢᠴᠡᠳ ᠤᠷᠮᠠᠰᠢᠭᠤᠯᠤᠨ ᠬᠦᠭᠵᠢᠭᠡᠬᠦ ᠬᠡᠷᠡᠭᠲᠡᠢ᠃ ᠰᠤᠷᠭᠠᠠ ᠬᠦᠮᠦᠵᠢᠯ ᠤᠨ ᠠᠵᠦ ᠠᠬᠤᠢ | ᠨᠡᠶᠢᠭᠡᠮ ᠳᠤ ᠦᠢᠯᠡᠴᠢᠯᠡᠬᠦ ᠴᠢᠲᠠᠪᠤᠷᠢ ᠶᠢ ᠲᠡᠭᠡᠭᠰᠢᠯᠡᠭᠦᠯᠵᠦ᠂ ᠶᠡᠭᠡ ᠲᠡᠭᠡᠲᠦ ᠰᠤᠷᠭᠠᠭᠤᠯᠢ ᠶᠢᠨ ᠤᠷᠤᠠ ᠪᠦᠰᠡ ᠶᠢᠨ | ᠪᠠᠶᠢᠷᠢᠰᠢᠯ᠂ ᠬᠢᠴᠢᠶᠡᠯ ᠰᠢᠨᠵᠢᠯᠡᠭᠡᠨ ᠤ ᠪᠦᠲᠦᠴᠡ᠂ ᠲᠤᠰᠬᠠᠢ ᠮᠡᠷᠭᠡᠵᠢᠯ ᠤᠨ ᠪᠠᠶᠢᠷᠢᠰᠢᠭᠤᠯᠤᠯ ᠢ ᠲᠤᠬᠢᠷᠠᠭᠤᠯᠤᠯᠲᠠ | ᠬᠢᠵᠦ ᠰᠢᠯᠢᠲᠡᠭᠵᠢᠬᠦᠯᠦᠨ᠂ ᠬᠢᠴᠢᠶᠡᠯ ᠰᠢᠨᠵᠢᠯᠡᠭᠡᠨ ᠲᠤᠰᠬᠠᠢ ᠮᠡᠷᠭᠡᠵᠢᠯ ᠢ ᠬᠦᠲᠡᠯᠦᠩᠭᠦᠢ ᠪᠠᠷ ᠲᠤᠬᠢᠷᠠᠭᠤᠯᠤᠯᠲᠠ | ᠬᠢᠬᠦ ᠲᠤᠭᠲᠠᠴᠠ ᠶᠢ ᠪᠠᠶᠢᠭᠤᠯᠤᠨ ᠪᠦᠷᠢᠠᠰᠢᠭᠦᠯᠵᠦ᠂ ᠲᠡᠷᠢᠭᠦᠨ ᠤ ᠶᠡᠭᠡ ᠰᠤᠷᠭᠠᠭᠤᠯᠢ ᠪᠤᠯᠤᠨ ᠲᠡᠷᠢᠭᠦᠨ ᠤ | ᠰᠢᠨᠵᠢᠯᠡᠭᠡᠡ ᠤ ᠪᠠᠶᠢᠭᠤᠯᠤᠯᠲᠠ ᠶᠢ ᠲᠦᠷᠭᠡᠳᠭᠡᠵᠦ᠂ ᠦᠢᠯᠡᠳᠪᠦᠷᠢᠯᠡᠯ ᠵᠢᠭᠠᠨ ᠰᠤᠷᠭᠠᠯᠲᠠ ᠰᠤᠲᠤᠯᠭᠠᠠ ᠬᠠᠮᠵᠢᠯᠴᠠᠨ | ᠰᠢᠨ᠎ᠠ ᠶᠢ ᠡᠭᠦᠳᠬᠦ ᠶᠢ ᠠᠬᠢᠭᠤᠯᠵᠦ᠂ ᠰᠢᠨ᠎ᠠ ᠶᠢ ᠡᠭᠦᠳᠬᠦ ᠪᠠᠷ ᠬᠦᠲᠡᠯᠭᠡᠬᠦᠷ ᠪᠤᠯᠭᠠᠬᠤ ᠬᠦᠭᠵᠢᠯᠲᠠ ᠶᠢᠨ | ᠪᠠᠶᠢᠯᠲᠤᠬᠤ ᠪᠤᠲᠤᠯᠭ᠎ᠠ ᠶᠢ ᠭᠡᠷᠡᠭᠵᠢᠭᠦᠯᠬᠦ ᠳᠤ ᠢᠲᠡᠪᠬᠢᠲᠠᠢ ᠤᠷᠤᠯᠴᠠᠵᠦ᠂ ᠰᠢᠨ᠎ᠠ ᠶᠢ ᠡᠭᠦᠳᠬᠦ ᠬᠡᠯᠪᠡᠷᠢ ᠶᠢᠨ᠂ ᠬᠠᠮ | ᠬᠡᠯᠪᠡᠷᠢ ᠶᠢᠨ᠂ ᠭᠡᠷᠡᠭᠯᠡᠭᠡᠡ ᠤ ᠬᠡᠯᠪᠡᠷᠢ ᠶᠢᠨ ᠴᠢᠲᠠᠪᠤᠷᠢᠲᠠᠠ ᠢ ᠬᠦᠮᠦᠵᠢᠭᠦᠯᠬᠦ ᠪᠠᠷ ᠭᠤᠤᠯᠴᠢᠯᠠᠨ ᠬᠦᠴᠦᠯᠡᠬᠦ ᠭᠡᠷᠡᠭᠲᠡᠢ | ᠃ ᠰᠤᠷᠭᠠᠠ ᠬᠦᠮᠦᠵᠢᠯ ᠤᠨ ᠨᠡᠭᠡᠭᠡᠯᠲᠡ ᠶᠢ ᠦᠷᠭᠡᠳᠭᠡᠵᠦ᠂ ᠲᠡᠯᠡᠭᠡᠢ ᠶᠢᠨ ᠲᠡᠷᠢᠭᠦᠨ ᠤ ᠡᠬᠢ ᠪᠠᠶᠠᠯᠢᠭ ᠯᠤᠭ᠎ᠠ | ᠦᠨᠲᠦᠷ ᠬᠢᠷᠢ ᠲᠦᠪᠰᠢᠨ ᠲᠠᠢ ᠬᠠᠮᠲᠤᠷᠠᠯᠴᠠᠵᠦ ᠰᠤᠷᠭᠠᠭᠤᠯᠢ ᠡᠷᠬᠢᠯᠡᠬᠦ ᠬᠡᠷᠡᠭᠲᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠨᠠᠮ ᠤᠨ ᠰᠤᠷᠭᠠᠠ ᠬᠦᠮᠦᠵᠢᠯ ᠤᠨ ᠠᠵᠢᠯ ᠳᠠᠬᠢ ᠪᠦᠬᠦ ᠲᠠᠯ᠎ᠠ ᠶᠢᠨ ᠤᠲᠤᠷᠢᠲᠤᠯᠭ᠎ᠠ ᠶᠢ | ᠴᠢᠩᠭᠠᠳᠬᠠᠬᠤ ᠪᠤᠯ ᠰᠤᠷᠭᠠᠠ ᠬᠦᠮᠦᠵᠢᠯ ᠢ ᠰᠠᠶᠢᠲᠤᠷ ᠡᠷᠬᠢᠯᠡᠬᠦ ᠦᠨᠲᠦᠰᠦᠨ ᠪᠠᠲᠤᠯᠠᠭ᠎ᠠ ᠪᠤᠯᠤᠨ᠎ᠠ᠃ ᠰᠤᠷᠭᠠᠠ | ᠬᠦᠮᠦᠵᠢᠯ ᠤᠨ ᠰᠠᠯᠠᠭ᠎ᠠ ᠮᠦᠴᠢᠷ ᠪᠤᠯᠤᠨ ᠡᠯ᠎ᠠ ᠱᠠᠲᠤᠨ ᠤ ᠡᠯ᠎ᠠ ᠲᠦᠷᠦᠯ ᠤᠨ ᠰᠤᠷᠭᠠᠭᠤᠯᠢ ᠶᠢᠨ ᠨᠠᠮ ᠤᠨ ᠵᠤᠬᠢᠶᠠᠠ | ᠪᠠᠶᠢᠭᠤᠯᠤᠯᠲᠠ ︽ᠲᠦᠷᠪᠡᠡ ᠤᠬᠠᠮᠰᠠᠷ︾ ᠢᠶᠠᠨ ᠴᠢᠩᠭᠠᠷᠠᠭᠤᠯᠤᠨ᠂ ︽ᠳᠦᠷᠪᠡᠨ ᠢᠲᠡᠭᠡᠯ︾ ᠢᠶᠠᠨ ᠪᠠᠲᠤᠳᠬᠠᠵᠤ᠂ | ᠨᠠᠮ ᠤᠨ ᠲᠦᠪ ᠬᠤᠷᠢᠶᠠᠠ ᠤ ᠡᠷᠭᠡ ᠰᠦᠷ ᠪᠤᠯᠤᠨ ᠲᠦᠪᠯᠡᠷᠡᠩᠭᠦᠢ ᠨᠢᠭᠡᠲᠦᠯᠲᠠᠢ ᠤᠲᠤᠷᠢᠲᠤᠯᠭ᠎ᠠ ᠶᠢ ᠡᠷᠡᠰ | ᠭᠤᠶᠢᠪᠢᠰᠢ ᠦᠭᠡᠢ ᠬᠠᠮᠠᠭᠠᠯᠠᠵᠦ᠂ ᠤᠬᠠᠮᠰᠠᠷ ᠠᠴᠠ ᠪᠠᠨ ᠤᠯᠤᠰ ᠲᠦᠷᠦ ᠶᠢᠨ ᠵᠤᠭᠰᠤᠯᠲᠠ᠂ ᠤᠯᠤᠰ ᠲᠦᠷᠦ ᠶᠢᠨ | ᠴᠢᠭᠯᠡᠯ᠂ ᠤᠯᠤᠰ ᠲᠦᠷᠦ ᠶᠢᠨ ᠵᠠᠷᠴᠢᠮ ᠂ ᠤᠯᠤᠰ ᠲᠦᠷᠦ ᠶᠢᠨ ᠵᠠᠮ ᠲᠡᠭᠡᠷ᠎ᠠ ᠨᠠᠮ ᠤᠨ ᠲᠦᠪ ᠬᠤᠷᠢᠶ᠎ᠠ ᠲᠠᠢ | ᠲᠡᠭᠡᠲᠦ ᠬᠡᠮᠵᠢᠶ᠎ᠠ ᠪᠠᠷ ᠨᠢᠭᠡᠲᠦᠯᠲᠠᠢ ᠪᠠᠶᠢᠬᠤ ᠬᠡᠷᠡᠭᠲᠡᠢ᠃ ᠡᠯ᠎ᠠ ᠱᠠᠲᠤᠨ ᠤ ᠨᠠᠮ ᠤᠨ ᠬᠤᠷᠢᠶ᠎ᠠ ᠰᠤᠷᠭᠠᠠ | ᠬᠦᠮᠦᠵᠢᠯ ᠤᠨ ᠦᠭᠡᠷᠡᠴᠢᠯᠡᠯᠲᠡ ᠬᠦᠭᠵᠢᠯᠲᠠ ᠶᠢ ᠡᠲᠦᠷ ᠲᠤᠲᠤᠮ ᠤᠨ ᠵᠦᠪᠯᠡᠬᠦ ᠵᠦᠢᠯ ᠳᠡᠭᠡᠨ ᠤᠷᠤᠭᠤᠯᠵᠦ᠂ ᠨᠠᠮ | ᠵᠠᠰᠠᠭ ᠤᠨ ᠴᠢᠬᠤᠯᠠ ᠬᠠᠷᠢᠭᠤᠴᠠᠯᠭᠠᠲᠠᠠ ᠰᠤᠷᠭᠠᠠ ᠬᠦᠮᠦᠵᠢᠯ ᠢ ᠰᠠᠶᠢᠨ ᠤᠢᠢᠯᠠᠭᠠᠵᠦ᠂ ᠰᠤᠷᠭᠠᠠ ᠬᠦᠮᠦᠵᠢᠯ ᠢ | ᠬᠠᠯᠠᠮᠵᠢᠯᠠᠵᠦ᠂ ᠰᠤᠷᠭᠠᠠ ᠬᠦᠮᠦᠵᠢᠯ ᠢ ᠰᠤᠲᠤᠯᠬᠤ ᠬᠡᠷᠡᠭᠲᠡᠢ᠃ ᠡᠯ᠎ᠠ ᠱᠠᠲᠤᠨ ᠤ ᠡᠯ᠎ᠠ ᠲᠦᠷᠦᠯ ᠤᠨ | ᠰᠤᠷᠭᠠᠭᠤᠯᠢ ᠶᠢᠨ ᠨᠠᠮ ᠤᠨ ᠵᠤᠬᠢᠶᠠᠠ ᠪᠠᠶᠢᠭᠤᠯᠤᠯᠲᠠ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢ ᠰᠠᠶᠢᠲᠤᠷ | ᠠᠳᠬᠤᠬᠤ ᠶᠢ ᠰᠤᠷᠭᠠᠭᠤᠯᠢ ᠡᠷᠬᠢᠯᠡᠵᠦ ᠰᠤᠷᠭᠠᠭᠤᠯᠢ ᠶᠢ ᠵᠠᠰᠠᠬᠤ ᠦᠨᠲᠦᠰᠤᠨ ᠪᠤᠯᠪᠠᠰᠤᠷᠠᠯ ᠢᠶᠠᠨ ᠪᠤᠯᠭᠠᠵᠦ᠂ | ᠨᠠᠮ ᠤᠨ ᠰᠤᠷᠭᠠᠠ ᠬᠦᠮᠦᠵᠢᠯ ᠤᠨ ᠴᠢᠭᠯᠡᠯᠲᠡ ᠶᠢ ᠰᠤᠷᠭᠠᠭᠤᠯᠢ ᠶᠢᠨ ᠠᠵᠢᠯ ᠤᠨ ᠡᠯ᠎ᠠ ᠲᠠᠯ᠎ᠠ ᠳᠤ ᠪᠦᠬᠦ ᠲᠠᠯ᠎ᠠ ᠪᠠᠷ | ᠲᠤᠭᠤᠰᠢᠯᠠᠭᠤᠯᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠤᠯ ᠰᠤᠷᠭᠠᠭᠤᠯᠢ ᠶᠢᠨ ᠡᠯ᠎ᠠ | ᠵᠦᠢᠯ ᠤᠨ ᠠᠵᠢᠯ ᠤᠨ ᠠᠮᠢᠠ ᠰᠤᠲᠠᠰᠤ ᠮᠦᠨ᠂ ᠡᠯ᠎ᠠ ᠱᠠᠲᠤᠨ ᠤ ᠨᠠᠮ ᠤᠨ ᠬᠤᠷᠢᠶ᠎ᠠ᠂ ᠡᠯ᠎ᠠ ᠱᠠᠲᠤᠨ ᠤ ᠰᠤᠷᠭᠠᠠ | ᠬᠦᠮᠦᠵᠢᠯ ᠤᠨ ᠭᠤᠤᠯᠯᠠᠠ ᠬᠠᠮᠢᠶᠠᠷᠬᠤ ᠰᠠᠯᠠᠭ᠎ᠠ ᠮᠦᠴᠢᠷ᠂ ᠰᠤᠷᠭᠠᠭᠤᠯᠢ ᠶᠢᠨ ᠨᠠᠮ ᠤᠨ ᠵᠤᠬᠢᠶᠠᠠ ᠪᠠᠶᠢᠭᠤᠯᠤᠯᠲᠠ | ᠪᠦᠷ ᠡᠷᠭᠡᠪᠰᠢ ᠴᠢᠩᠭ᠎ᠠ ᠠᠳᠬᠤᠬᠤ ᠬᠡᠷᠡᠭᠲᠡᠢ᠃ ᠨᠢᠭᠡᠡ ᠰᠠᠯᠠᠭ᠎ᠠ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ | ᠬᠢᠵᠦ ᠴᠢᠲᠠᠬᠤ ᠤᠯᠤᠰ ᠲᠦᠷᠦ ᠶᠢᠨ ᠠᠵᠢᠯ ᠤᠨ ᠡᠩᠨᠡᠭᠡ ᠶᠢ ᠨᠢᠮᠪᠠᠢ ᠬᠦᠮᠦᠵᠢᠭᠦᠯᠬᠦ ᠪᠦᠭᠡᠳ ᠵᠤᠬᠢᠶᠠᠠ ᠪᠠᠶᠢᠭᠤᠯᠵᠦ | ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠡᠲᠦᠷ ᠪᠦᠷᠢ ᠬᠢᠵᠦ᠂ ᠬᠤᠪᠢ ᠬᠦᠮᠦᠨ ᠳᠤ ᠬᠦᠷᠲᠡᠯ᠎ᠡ ᠬᠢᠬᠦ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠤᠷᠭᠠᠨ ᠬᠦᠮᠦᠵᠢᠯ ᠤᠨ ᠦᠢᠯᠡᠰ ᠢ ᠰᠠᠶᠢᠲᠤᠷ ᠡᠷᠬᠢᠯᠡᠬᠦ ᠳᠤ ᠭᠡᠷ ᠪᠦᠯᠢ᠂ ᠰᠤᠷᠭᠠᠭᠤᠯᠢ᠂ | ᠵᠠᠰᠠᠭ ᠤᠨ ᠤᠷᠳᠤᠨ᠂ ᠨᠡᠶᠢᠭᠡᠮ ᠴᠦᠮ ᠬᠠᠷᠢᠭᠤᠴᠠᠯᠭ᠎ᠠ ᠲᠠᠢ᠃ ᠭᠡᠷ ᠪᠦᠯᠢ ᠪᠤᠯ ᠬᠦᠮᠦᠨ ᠤ ᠠᠮᠢᠳᠤᠷᠠᠯ ᠤᠨ | ᠠᠩᠬᠠᠳᠠᠭᠴᠢ ᠰᠤᠷᠭᠠᠭᠤᠯᠢ ᠪᠠᠶᠢᠵᠤ᠂ ᠭᠡᠷ ᠤᠨ ᠠᠬᠠᠮᠠᠳ ᠪᠤᠯ ᠬᠡᠤᠬᠡᠳ ᠤᠨ ᠠᠩᠬᠠᠨ ᠤ ᠪᠠᠭᠰᠢ ᠪᠤᠯᠤᠨ᠎ᠠ᠂ | ᠬᠡᠤᠬᠡᠳ ᠲᠤ ︽ᠬᠦᠮᠦᠨ ᠤ ᠠᠮᠢᠳᠤᠷᠠᠯ ᠤᠨ ᠨᠢᠭᠡᠳᠦᠭᠡᠷ ᠬᠢᠴᠢᠶᠡᠯ︾ ᠢ ᠰᠠᠶᠢᠲᠤᠷ ᠬᠢᠵᠤ᠂ ᠬᠦᠮᠦᠨ ᠤ | ᠠᠮᠢᠳᠤᠷᠠᠯ ᠤᠨ ᠠᠩᠬᠠᠨ ᠤ ᠠᠯᠬᠤᠮ ᠢ ᠰᠠᠶᠢᠲᠤᠷ ᠠᠯᠬᠤᠭᠤᠯᠬᠤ ᠬᠡᠷᠡᠭᠲᠡᠢ᠃ ᠰᠤᠷᠭᠠᠨ ᠬᠦᠮᠦᠵᠢᠯ᠂ | ᠡᠮᠡᠭᠲᠡᠶᠢᠴᠤᠳ ᠤᠨ ᠬᠤᠯᠪᠤᠭ᠎ᠠ ᠵᠡᠷᠭᠡ ᠰᠠᠯᠠᠭ᠎ᠠ ᠮᠦᠴᠢᠷ ᠨᠡᠶᠢᠭᠡᠮ ᠤᠨ ᠡᠬᠢ ᠪᠠᠶᠠᠯᠢᠭ ᠢ ᠨᠢᠭᠡᠳᠦᠯᠲᠡᠢ | ᠲᠦᠯᠦᠪᠵᠢᠭᠦᠯᠦᠨ ᠵᠤᠬᠢᠴᠠᠭᠤᠯᠵᠤ ᠭᠡᠷ ᠪᠦᠯᠢ ᠶᠢᠨ ᠰᠤᠷᠭᠠᠨ ᠬᠦᠮᠦᠵᠢᠯ ᠳᠤ ᠦᠢᠯᠡᠴᠢᠯᠡᠬᠦᠯᠬᠦ ᠪᠠ ᠳᠡᠮᠵᠢᠬᠦ | ᠬᠡᠷᠡᠭᠲᠡᠢ᠃ ᠪᠦᠬᠦ ᠨᠡᠶᠢᠭᠡᠮ ᠢᠶᠠᠷ ᠢᠶᠠᠨ ᠵᠠᠯᠠᠭᠤ ᠪᠠᠭᠠᠴᠤᠳ ᠤᠨ ᠦᠰᠦᠯᠲᠡ ᠪᠤᠶᠢᠵᠢᠯᠲᠠ ᠳᠤ ᠰᠠᠶᠢᠨ ᠰᠠᠶᠢᠬᠠᠨ | ᠤᠷᠴᠢᠨ ᠬᠠᠨᠭ᠍ᠭᠠᠬᠤ᠂ ᠲᠡᠲᠡᠨ ᠢ ᠴᠢᠳᠠᠪᠤᠷᠢᠲᠠᠨ ᠪᠤᠯᠭᠠᠬᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠡᠯ᠎ᠡ | ᠱᠠᠲᠤᠨ ᠤ ᠨᠠᠮ ᠤᠨ ᠬᠤᠷᠢᠶ᠎ᠠ ᠪᠤᠯᠤᠨ ᠵᠠᠰᠠᠭ ᠤᠨ ᠤᠷᠳᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠮᠤᠷ | ᠲᠦᠪᠰᠢᠨ ᠢ ᠲᠤᠭᠤᠰᠢᠲᠠᠢ ᠪᠠᠲᠤᠯᠠᠵᠤ᠂ ᠰᠤᠷᠭᠠᠭᠤᠯᠢ ᠶᠢᠨ ᠬᠦᠴᠢᠷᠳᠡᠯ ᠢ ᠰᠢᠢᠳᠪᠦᠷᠢᠯᠡᠵᠦ ᠦᠭᠴᠤ᠂ ᠪᠠᠭᠰᠢ | ᠪᠤᠯᠤᠨ ᠰᠤᠷᠭᠠᠭᠤᠯᠢ ᠶᠢᠨ ᠪᠠᠶᠢᠪᠠᠰᠤ ᠵᠤᠬᠢᠬᠤ ᠨᠡᠷ᠎ᠡ ᠬᠦᠨᠳᠦ ᠶᠢ ᠬᠠᠮᠠᠭᠠᠯᠠᠵᠤ᠂ ᠰᠤᠷᠤᠭᠴᠢᠳ ᠤᠨ ᠠᠮᠢ ᠨᠠᠰᠤᠨ ᠤ | ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠯᠢ ᠺᠧ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠢᠢᠯᠠᠭᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠰᠤᠷᠭᠠᠨ ᠬᠦᠮᠦᠵᠢᠯ ᠤᠨ ᠦᠢᠯᠡᠰ ᠲᠤ ᠲᠤᠯᠭᠠᠷᠠᠵᠤ ᠪᠠᠶᠢᠭ᠎ᠠ ᠰᠢᠨ᠎ᠡ | ᠪᠠᠶᠢᠳᠠᠯ ᠰᠢᠨ᠎ᠡ ᠡᠭᠦᠷᠭᠡ ᠶᠢ ᠤᠨᠤᠪᠴᠢᠲᠠᠢ ᠡᠵᠡᠮᠳᠡᠵᠦ᠂ ᠰᠤᠷᠭᠠᠨ ᠬᠦᠮᠦᠵᠢᠯ ᠢ ᠤᠷᠢᠳ ᠢᠶᠠᠷ ᠬᠦᠭᠵᠢᠭᠦᠯᠬᠦ | ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠦ ᠠᠬᠤᠢ ᠨᠡᠶᠢᠭᠡᠮ ᠤᠨ ᠬᠦᠭᠵᠢᠯᠲᠡ ᠶᠢᠨ | ᠲᠦᠯᠦᠪᠵᠢᠭᠦᠯᠭᠡ ᠳᠤ ᠰᠤᠷᠭᠠᠨ ᠬᠦᠮᠦᠵᠢᠯ ᠢ ᠤᠷᠢᠳ ᠢᠶᠠᠷ ᠲᠤᠬᠢᠷᠠᠭᠤᠯᠵᠤ᠂ ᠡᠳ᠋ ᠤᠨ ᠵᠠᠰᠠᠭ ᠤᠨ ᠪᠡᠯᠡ | ᠮᠦᠡᠭᠭᠦ ᠶᠢᠨ ᠤᠷᠤᠭᠤᠯᠤᠯᠲᠠ ᠳᠡᠭᠡᠷ᠎ᠡ ᠰᠤᠷᠭᠠᠨ ᠬᠦᠮᠦᠵᠢᠯ ᠢ ᠤᠷᠢᠳ ᠢᠶᠠᠷ ᠪᠠᠲᠤᠯᠠᠵᠤ᠂ ᠤᠯᠠᠨ ᠨᠡᠶᠢᠲᠡ ᠶᠢᠨ ᠡᠬᠢ | ᠪᠠᠶᠠᠯᠢᠭ ᠤᠨ ᠲᠤᠬᠢᠷᠠᠭᠤᠯᠤᠯᠲᠠ ᠳᠡᠭᠡᠷ᠎ᠡ ᠰᠤᠷᠭᠠᠨ ᠬᠦᠮᠦᠵᠢᠯ ᠪᠤᠯᠤᠨ ᠬᠦᠮᠦᠨ ᠤ ᠬᠦᠴᠦᠨ ᠤ ᠡᠬᠢ ᠪᠠᠶᠠᠯᠢᠭ ᠤᠨ | ᠨᠡᠬᠡᠭᠡᠯᠲᠡ ᠶᠢᠨ ᠬᠡᠷᠡᠭᠴᠡᠭᠡ ᠶᠢ ᠤᠷᠢᠳ ᠢᠶᠠᠷ ᠬᠠᠨᠭ᠍ᠭᠠᠬᠤ ᠬᠡᠷᠡᠭᠲᠡᠢ᠃ ᠦᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠪᠠᠷᠢᠮᠲᠠᠯᠠᠵᠤ᠂ ᠰᠤᠷᠭᠠᠨ ᠬᠦᠮᠦᠵᠢᠯ ᠤᠨ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠰᠤᠷᠭᠠᠨ | ᠬᠦᠮᠦᠵᠢᠯ ᠤᠨ ᠬᠡᠪᠴᠢᠶᠡᠨ ᠤ ᠨᠡᠮᠡᠭᠳᠡᠯ ᠠᠴᠠ ᠶᠠᠰᠦ ᠴᠢᠨᠠᠷ ᠤᠨ ᠳᠡᠭᠡᠭᠰᠢᠯᠡᠯᠲᠡ ᠲᠡᠶᠢᠰᠢ ᠬᠤᠪᠢᠷᠠᠬᠤ ᠶᠢ ᠠᠬᠢᠭᠤᠯᠵᠤ | ᠂ ᠤᠷᠤᠨ ᠪᠦᠰᠡ᠂ ᠬᠤᠲᠠ ᠬᠦᠳᠡᠭᠡ ᠪᠤᠯᠤᠨ ᠡᠯ᠎ᠡ ᠱᠠᠲᠤ ᠡᠯ᠎ᠡ ᠲᠦᠷᠦᠯ ᠤᠨ ᠰᠤᠷᠭᠠᠨ ᠬᠦᠮᠦᠵᠢᠯ ᠤᠨ | ᠲᠡᠩᠴᠡᠭᠦᠷᠢᠲᠠᠢ ᠬᠦᠭᠵᠢᠬᠦ ᠶᠢ ᠠᠬᠢᠭᠤᠯᠵᠤ᠂ ᠰᠤᠷᠭᠠᠨ ᠬᠦᠮᠦᠵᠢᠯ ᠤᠨ ᠤᠳᠤᠬᠢᠴᠢᠯᠠᠯᠲᠠ ᠪᠠᠷ ᠤᠯᠤᠰ ᠤᠨ | ᠤᠳᠤᠬᠢᠴᠢᠯᠠᠯᠲᠠ ᠶᠢ ᠲᠤᠯᠭᠠᠭᠤᠷᠢᠯᠠᠭᠤᠯᠬᠤ ᠬᠡᠷᠡᠭᠲᠡᠢ᠃ ᠳᠤᠲᠠᠭᠤᠳᠠᠯ ᠢ ᠨᠦᠬᠦᠪᠦᠷᠢᠯᠡᠬᠦ ᠪᠠᠷ ᠬᠦᠴᠦᠯᠡᠵᠦ᠂ ᠠᠯᠪᠠᠨ | ᠵᠢᠷᠦᠮ ᠤᠨ ᠰᠤᠷᠭᠠᠨ ᠬᠦᠮᠦᠵᠢᠯ ᠭᠡᠬᠦ ᠨᠡᠡ ᠬᠦ ᠰᠠᠭᠤᠷᠢ ᠶᠢ ᠪᠠᠬᠢᠵᠢᠭᠦᠯᠵᠦ᠂ ᠬᠦᠳᠡᠭᠡ ᠲᠤᠰᠬᠤᠨ ᠤᠨᠴᠠᠭᠠᠢᠢᠯᠠᠨ | ᠶᠠᠳᠠᠭᠤ ᠬᠦᠴᠢᠷᠳᠡᠯᠲᠡᠢ ᠭᠠᠵᠠᠷ ᠤᠷᠤᠨ ᠤ ᠰᠤᠷᠤᠯᠭ᠎ᠠ ᠵᠤᠭᠰᠤᠬᠤ ᠶᠢ ᠬᠤᠷᠢᠬᠯᠠᠵᠤ ᠰᠤᠷᠭᠠᠭᠤᠯᠢ ᠳᠤ ᠰᠠᠭᠤᠬᠤ ᠶᠢ | ᠪᠠᠲᠤᠯᠠᠬᠤ ᠠᠵᠢᠯ ᠢ ᠴᠢᠩᠭᠠᠳᠬᠠᠵᠤ᠂ ᠬᠤᠲᠠ ᠬᠦᠳᠡᠭᠡ ᠶᠢ ᠨᠢᠭᠡᠳᠦᠯᠲᠡᠢ ᠲᠦᠯᠦᠪᠵᠢᠬᠦᠯᠵᠤ᠂ ᠬᠦᠳᠡᠭᠡ | ᠲᠤᠰᠬᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠵᠠᠷᠤᠳᠠᠯ ᠮᠦᠡᠭᠭᠦ ᠶᠢᠨ ᠪᠠᠲᠤᠯᠠᠭ᠎ᠠ ᠶᠢᠨ ᠲᠤᠭᠲᠠᠴᠠ ᠶᠢ | ᠲᠡᠭᠦᠯᠳᠡᠷᠵᠢᠭᠦᠯᠬᠦ ᠪᠠᠷ ᠭᠤᠤᠯᠲᠠᠭᠤᠯᠵᠤ᠂ ᠬᠦᠳᠡᠭᠡ ᠲᠤᠰᠬᠤᠨ ᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ | ᠨᠦᠬᠦᠴᠡᠯ ᠢ ᠰᠠᠶᠢᠵᠢᠷᠠᠭᠤᠯᠬᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠦᠴᠦᠯᠡᠵᠤ᠂ | ᠮᠡᠳᠡᠭᠡ ᠵᠠᠩᠭᠢᠵᠢᠯᠲᠠ ᠶᠢᠨ ᠠᠷᠭ᠎ᠠ ᠠᠪᠴᠠᠯ ᠢ ᠬᠡᠷᠡᠭᠯᠡᠵᠦ ᠬᠦᠳᠡᠭᠡ ᠲᠤᠰᠬᠤᠨ ᠳᠤ ᠨᠡᠩ ᠤᠯᠠᠨ ᠴᠢᠨᠠᠷ ᠰᠠᠶᠢᠲᠠᠢ | ᠰᠤᠷᠭᠠᠨ ᠬᠦᠮᠦᠵᠢᠯ ᠤᠨ ᠡᠬᠢ ᠪᠠᠶᠠᠯᠢᠭ ᠬᠦᠷᠲᠡᠭᠡᠭᠦ ᠪᠤᠯᠭᠠᠵᠤ᠂ ᠬᠤᠷᠳᠤᠴᠠ ᠪᠠᠨ ᠳᠡᠭᠡᠭᠰᠢᠯᠡᠭᠦᠯᠵᠦ ᠵᠠᠷᠤᠳᠠᠯ ᠢ | ᠪᠠᠭᠤᠷᠠᠭᠤᠯᠬᠤ᠂ ᠲᠤᠤᠷ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠤᠨᠴᠠᠭᠠᠢ ᠬᠠᠷᠠᠭᠠᠯᠵᠠᠯ | ᠤᠯᠭᠤᠬᠤ ᠬᠡᠷᠡᠭᠲᠡᠢ᠃ ᠨᠡᠩ ᠤᠯᠠᠨ ᠰᠤᠷᠭᠠᠨ ᠬᠦᠮᠦᠵᠢᠯ ᠤᠨ ᠪᠡᠯᠡ ᠤᠷᠤᠭᠤᠯᠤᠯᠲᠠ ᠶᠢ ᠬᠦᠳᠡᠭᠡ ᠲᠤᠰᠬᠤᠨ ᠤ | ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠳᠡᠭᠡᠷ᠎ᠡ ᠬᠡᠷᠡᠭᠯᠡᠵᠦ᠂ ᠤᠳᠤᠬᠠᠨ ᠳᠤ ᠬᠡᠷᠡᠭᠵᠢᠭᠦᠯᠵᠤ | ᠪᠠᠶᠢᠭ᠎ᠠ ᠨᠦᠬᠦᠪᠦᠷᠢ᠂ ᠱᠠᠩᠨᠠᠯ ᠪᠤᠯᠤᠨ ᠡᠯ᠎ᠡ ᠲᠦᠷᠦᠯ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠲᠡᠷᠡ | ᠶᠤᠰᠤᠭᠠᠷ ᠨᠢ ᠨᠠᠶᠢᠳᠠᠪᠤᠷᠢᠵᠢᠭᠤᠯᠵᠤ᠂ ᠨᠦᠬᠦᠴᠡᠯ ᠳᠤ ᠨᠡᠶᠢᠴᠡᠬᠦ ᠤᠷᠤᠨ ᠲᠤᠭ᠎ᠠ ᠦᠭᠡᠢ ᠪᠠᠭᠰᠢ ᠶᠢ ᠲᠦᠷᠭᠡᠬᠡᠨ | ᠤᠷᠤᠨ ᠲᠤᠭ᠎ᠠ ᠲᠠᠢ ᠪᠤᠯᠭᠠᠵᠤ᠂ ᠠᠳᠠᠯᠢᠬᠠᠨ ᠠᠵᠢᠯ ᠤᠨ ᠪᠠᠶᠢᠷᠢ ᠳᠤ ᠠᠳᠠᠯᠢᠬᠠᠨ ᠬᠦᠯᠦᠰᠦ ᠬᠠᠷᠠᠮᠵᠢ ᠤᠯᠬᠤ | ᠪᠤᠯᠭᠠᠬᠤ ᠬᠡᠷᠡᠭᠲᠡᠢ᠃ ᠬᠤᠲᠠ ᠪᠠᠯᠭᠠᠰᠤᠨ ᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠤᠷᠢᠳᠴᠢᠯᠠᠨ | ᠲᠦᠯᠦᠪᠵᠢᠭᠦᠯᠦᠨ ᠪᠠᠶᠢᠷᠢᠰᠢᠭᠤᠯᠵᠤ᠂ ᠪᠠᠭᠲᠠᠭᠠᠬᠤ ᠴᠢᠳᠠᠪᠤᠷᠢ ᠶᠢ ᠨᠢ ᠨᠡᠮᠡᠭᠳᠡᠭᠦᠯᠵᠦ᠂ ᠡᠴᠢᠬᠡ ᠡᠬᠡ ᠪᠠᠨ ᠳᠠᠭᠠᠵᠤ | ᠨᠡᠭᠦᠭᠰᠡᠨ ᠦᠷ᠎ᠡ ᠬᠡᠤᠬᠡᠳ ᠤᠨ ᠰᠤᠷᠭᠠᠭᠤᠯᠢ ᠳᠤ ᠤᠷᠤᠬᠤ ᠬᠦᠷᠲᠡᠮᠵᠢ ᠤᠯᠭᠤᠮᠵᠢ ᠶᠢ ᠬᠤᠲᠠ ᠶᠢᠨ ᠬᠡᠤᠬᠡᠳ ᠲᠠᠢ | ᠠᠳᠠᠯᠢ ᠪᠤᠯᠭᠠᠬᠤ ᠶᠢ ᠲᠦᠷᠭᠡᠳᠭᠡᠨ ᠪᠡᠶᠡᠯᠡᠭᠦᠯᠬᠦ ᠬᠡᠷᠡᠭᠲᠡᠢ᠃ ᠡᠭᠦᠨ ᠤ ᠬᠠᠮᠲᠤ᠂ ᠰᠤᠷᠭᠠᠭᠤᠯᠢ ᠶᠢᠨ ᠨᠠᠰᠤᠨ ᠠᠴᠠ | ᠡᠮᠦᠨᠡᠬᠢ ᠰᠤᠷᠭᠠᠨ ᠬᠦᠮᠦᠵᠢᠯ᠂ ᠦᠨᠳᠦᠷ ᠳᠤᠮᠳᠠᠳᠤ ᠶᠢᠨ ᠱᠠᠲᠤᠨ ᠤ ᠰᠤᠷᠭᠠᠨ ᠬᠦᠮᠦᠵᠢᠯ ᠪᠤᠯᠤᠨ | ᠦᠨᠳᠦᠰᠦᠲᠡᠨ ᠤ ᠰᠤᠷᠭᠠᠨ ᠬᠦᠮᠦᠵᠢᠯ᠂ ᠤᠨᠴᠠᠭᠠᠢ ᠰᠤᠷᠭᠠᠨ ᠬᠦᠮᠦᠵᠢᠯ᠂ ᠦᠷᠭᠦᠯᠵᠢᠯᠡᠭᠰᠡᠨ ᠰᠤᠷᠭᠠᠨ ᠬᠦᠮᠦᠵᠢᠯ | ᠵᠡᠷᠭᠡ ᠡᠯ᠎ᠡ ᠲᠦᠷᠦᠯ ᠤᠨ ᠰᠤᠷᠭᠠᠨ ᠬᠦᠮᠦᠵᠢᠯ ᠢ ᠴᠢᠬᠤᠯᠠᠴᠢᠯᠠᠵᠤ ᠬᠦᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ | ᠃ | ᠯᠢ ᠺᠧ ᠴᠢᠶᠠᠩ᠂ ᠰᠤᠷᠭᠠᠨ ᠬᠦᠮᠤᠵᠢᠯ ᠤᠨ ᠰᠢᠨ᠎ᠠ ᠶᠢ ᠡᠭᠦᠳᠭᠦ ᠭᠦᠭᠵᠢᠯᠳᠠ ᠳᠤ ᠦᠢᠯᠡᠴᠢᠯᠡᠬᠦ | ᠴᠢᠳᠠᠪᠤᠷᠢ ᠶᠢ ᠴᠢᠩᠭᠠᠳᠬᠠᠵᠤ᠂ ᠴᠢᠨᠠᠷ ᠰᠠᠶᠢᠳᠠᠢ ᠭᠦᠭᠵᠢᠯᠳᠠ ᠳᠤ ᠵᠤᠬᠢᠴᠠᠬᠤ ᠡᠯ᠎ᠠ ᠲᠦᠷᠤᠯ ᠤᠨ ᠴᠢᠳᠠᠪᠤᠷᠢᠳᠠᠨ ᠢ | ᠨᠡᠩ ᠤᠯᠠᠨ ᠭᠦᠮᠤᠵᠢᠭᠦᠯᠭᠦ ᠭᠡᠷᠡᠭᠳᠠᠢ᠃ ᠶᠡᠭᠡ ᠲᠡᠭᠡᠳᠤ ᠰᠤᠷᠭᠠᠭᠤᠯᠢ ᠶᠢᠨ ᠤᠷᠤᠨ ᠪᠦᠰᠡ ᠶᠢᠨ ᠪᠠᠶᠢᠷᠢᠰᠢᠭᠤᠯᠤᠯᠲᠠ | ᠂ ᠬᠢᠴᠢᠶᠠᠯ ᠰᠢᠨᠵᠢᠯᠡᠭᠡᠨ ᠤ ᠪᠦᠳᠤᠴᠠ᠂ ᠲᠤᠰᠬᠠᠢ ᠮᠡᠷᠭᠡᠵᠢᠯ ᠤᠨ ᠪᠠᠶᠢᠷᠢᠰᠢᠭᠤᠯᠤᠯᠳᠠ ᠶᠢ ᠰᠢᠯᠢᠳᠡᠭᠵᠢᠭᠦᠯᠵᠤ᠂ | ᠵᠢᠭᠠᠨ ᠰᠤᠷᠭᠠᠬᠤ ᠪᠠᠷ ᠭᠤᠤᠯᠳᠠᠯᠭ᠎ᠠ ᠪᠤᠯᠭᠠᠵᠤ᠂ ᠰᠢᠨ᠎ᠠ ᠶᠢ ᠡᠭᠦᠳᠭᠦ ᠤᠬᠠᠮᠰᠠᠷ ᠪᠤᠯᠤᠨ ᠦᠢᠯᠡᠳᠤᠯᠭᠡ ᠶᠢᠨ | ᠴᠢᠳᠠᠪᠤᠷᠢ ᠶᠢ ᠲᠤᠪᠤᠶᠢᠯᠭᠠᠵᠤ᠂ ᠰᠢᠨ᠎ᠠ ᠶᠢ ᠡᠭᠦᠳᠭᠦ ᠴᠢᠳᠠᠪᠤᠷᠢᠳᠠᠨ ᠪᠤᠯᠤᠨ ᠦᠨᠳᠤᠷ ᠭᠡᠪ ᠪᠤᠯᠪᠠᠰᠤᠷᠠᠯ ᠲᠠᠢ | ᠴᠢᠳᠠᠪᠤᠷᠢᠳᠠᠨ ᠢ ᠨᠡᠩ ᠤᠯᠠᠨ ᠭᠦᠮᠤᠵᠢᠭᠦᠯᠭᠦ ᠭᠡᠷᠡᠭᠳᠠᠢ᠃ ᠶᠡᠭᠡ ᠲᠡᠭᠡᠳᠤ ᠰᠤᠷᠭᠠᠭᠤᠯᠢ ᠶᠢᠨ ᠰᠠᠭᠤᠷᠢ ᠰᠤᠳᠤᠯᠭᠠᠨ | ᠪᠤᠯᠤᠨ ᠠᠩᠬᠠᠨ ᠤ ᠡᠭᠦᠳᠤᠯᠳᠠ᠂ ᠵᠠᠩᠬᠢᠯᠠᠭ᠎ᠠ ᠶᠢᠨ ᠭᠤᠤᠯᠯᠠᠭᠴᠢ ᠮᠡᠷᠭᠡᠵᠢᠯ ᠤᠨ ᠰᠢᠪᠲᠤᠯᠤᠯᠲᠠ ᠲᠤᠮᠲᠠᠬᠢ | ᠦᠢᠯᠡᠳᠦᠯ ᠢ ᠨᠡᠩ ᠴᠢᠬᠤᠯᠠᠴᠢᠯᠠᠨ᠂ ᠭᠦᠢᠴᠡᠳ ᠪᠠᠳᠠᠷᠠᠭᠤᠯᠬᠤ ᠭᠡᠷᠡᠭᠳᠠᠢ᠃ ᠠᠵᠢᠯ ᠮᠡᠷᠭᠡᠵᠢᠯ ᠤᠨ ᠲᠡᠭᠡᠳᠤ | ᠰᠤᠷᠭᠠᠭᠤᠯᠢ ᠶᠢ ᠶᠡᠭᠡ ᠭᠦᠴᠤᠨ ᠢᠶᠠᠷ ᠰᠠᠶᠢᠳᠤᠷ ᠡᠷᠬᠢᠯᠠᠵᠤ᠂ ᠵᠠᠬ᠎ᠠ ᠲᠡᠯᠭᠡᠭᠦᠷ᠂ ᠦᠢᠯᠡᠴᠢᠯᠡᠭᠡ ᠭᠦᠭᠵᠢᠯᠳᠠ᠂ | ᠠᠵᠢᠯ ᠤᠯᠭᠤᠯᠳᠠ ᠶᠢ ᠠᠬᠢᠭᠤᠯᠬᠤ ᠳᠤ ᠬᠠᠨᠳᠤᠵᠤ ᠰᠤᠷᠭᠠᠭᠤᠯᠢ ᠡᠷᠬᠢᠯᠡᠭᠦ ᠴᠢᠭᠯᠡᠯ ᠢ ᠪᠠᠷᠢᠮᠳᠠᠯᠠᠵᠤ᠂ | ᠦᠢᠯᠡᠳᠪᠤᠷᠢᠯᠠᠯ ᠰᠤᠷᠭᠠᠨ ᠭᠦᠮᠤᠵᠢᠯ ᠤᠨ ᠠᠭᠤᠰᠤᠯᠴᠠᠯ᠂ ᠰᠤᠷᠭᠠᠭᠤᠯᠢ ᠠᠵᠤ ᠠᠬᠤᠢᠢᠯᠠᠯ ᠬᠠᠮᠳᠤᠷᠠᠯᠴᠠᠬᠤ ᠶᠢ | ᠠᠬᠢᠭᠤᠯᠵᠤ᠂ ᠨᠡᠩ ᠤᠯᠠᠨ ᠦᠨᠳᠤᠷ ᠤᠷ᠎ᠠ ᠴᠢᠳᠠᠪᠤᠷᠢ ᠲᠠᠢ ᠴᠢᠳᠠᠪᠤᠷᠢᠳᠠᠨ ᠢ ᠭᠦᠮᠤᠵᠢᠭᠦᠯᠭᠦ ᠭᠡᠷᠡᠭᠳᠠᠢ᠃ ᠮᠡᠷᠭᠡᠵᠢᠯ | ᠤᠷ᠎ᠠ ᠴᠢᠳᠠᠪᠤᠷᠢ ᠶᠢᠨ ᠴᠢᠳᠠᠪᠤᠷᠢᠳᠠᠨ ᠤ ᠨᠡᠶᠢᠭᠡᠮ ᠤᠨ ᠪᠠᠶᠢᠷᠢ ᠰᠠᠭᠤᠷᠢ ᠪᠤᠯᠤᠨ ᠬᠦᠷᠲᠡᠮᠵᠢ ᠤᠯᠭᠤᠮᠵᠢ ᠶᠢ | ᠲᠡᠭᠡᠭᠰᠢᠯᠡᠭᠦᠯᠭᠦ ᠭᠡᠷᠡᠭᠳᠠᠢ ᠭᠡᠵᠤ ᠴᠢᠬᠤᠯᠠᠴᠢᠯᠠᠪᠠ᠃ | ᠯᠢ ᠺᠧ ᠴᠢᠶᠠᠩ᠂ ᠰᠤᠷᠭᠠᠨ ᠭᠦᠮᠤᠵᠢᠯ ᠤᠨ ᠭᠦᠷᠢᠶᠠᠨ ᠳᠠᠬᠢ ︽ᠲᠠᠯᠪᠢᠬᠤ ᠬᠠᠮᠢᠶᠠᠷᠬᠤ ᠦᠢᠯᠠᠴᠢᠯᠠᠭᠦ︾ | ᠦᠭᠡᠷᠡᠴᠢᠯᠡᠯᠳᠠ ᠶᠢ ᠭᠦᠨᠵᠡᠭᠡᠶᠢᠷᠡᠭᠦᠯᠵᠤ᠂ ᠰᠤᠷᠭᠠᠨ ᠭᠦᠮᠤᠵᠢᠯ ᠤᠨ ᠦᠢᠯᠡᠰ ᠤᠨ ᠠᠮᠢᠵᠢᠷᠠᠯ ᠤᠨ ᠭᠦᠴᠤᠨ ᠢ | ᠭᠦᠢᠴᠡᠳ ᠬᠦᠭᠵᠢᠭᠡᠬᠦ ᠭᠡᠷᠡᠭᠳᠠᠢ᠃ ᠰᠤᠷᠭᠠᠨ ᠭᠦᠮᠤᠵᠢᠯ ᠤᠨ ᠭᠦᠭᠵᠢᠯᠳᠠ ᠶᠢᠨ ᠵᠢᠮ᠎ᠠ ᠶᠤᠰᠤ ᠶᠢ ᠭᠦᠨᠳᠤᠳᠭᠡᠵᠤ᠂ | ᠰᠤᠷᠭᠠᠭᠤᠯᠢ ᠶᠢᠨ ᠰᠤᠷᠭᠠᠭᠤᠯᠢ ᠡᠷᠬᠢᠯᠡᠭᠦ ᠭᠤᠤᠯ ᠴᠤᠭᠴᠠ ᠶᠢᠨ ᠦᠢᠯᠡᠳᠤᠯ ᠢ ᠭᠦᠢᠴᠡᠳ ᠪᠠᠳᠠᠷᠠᠭᠤᠯᠵᠤ᠂ ᠡᠯ᠎ᠠ | ᠲᠦᠷᠤᠯ ᠤᠨ ᠪᠠᠶᠢᠴᠠᠭᠠᠯᠳᠠ᠂ ᠵᠢᠱᠢᠯᠳᠠ᠂ ᠦᠨᠡᠯᠡᠯᠳᠠ ᠶᠢ ᠶᠡᠭᠡ ᠭᠡᠪᠴᠢᠶ᠎ᠠ ᠪᠠᠷ ᠪᠠᠭᠠᠰᠬᠠᠵᠤ᠂ ᠰᠤᠷᠭᠠᠭᠤᠯᠢ | ᠡᠷᠬᠢᠯᠡᠭᠦ ᠴᠢᠭᠯᠡᠯ᠂ ᠪᠠᠷᠢᠮᠵᠢᠶ᠎ᠠ᠂ ᠶᠠᠰᠤ ᠴᠢᠨᠠᠷ ᠤᠨ ᠲᠦᠷᠢᠮᠵᠢᠭᠦᠨ ᠭᠦᠳᠤᠯᠤᠨ ᠵᠢᠯᠤᠭᠤᠳᠤᠯᠭ᠎ᠠ ᠶᠢ ᠴᠢᠩᠭᠠᠳᠬᠠᠵᠤ᠂ | ᠰᠤᠷᠭᠠᠭᠤᠯᠢ ᠶᠢᠨ ᠨᠢᠭᠡ ᠰᠡᠳᠬᠢᠯ ᠢᠶᠠᠷ ᠰᠤᠷᠭᠠᠭᠤᠯᠢ ᠪᠠᠨ ᠵᠠᠰᠠᠵᠤ ᠰᠤᠷᠭᠠᠭᠤᠯᠢ ᠡᠷᠬᠢᠯᠡᠭᠦ ᠳᠤ ᠰᠠᠶᠢᠨ ᠰᠠᠶᠢᠬᠠᠨ | ᠤᠷᠴᠢᠨ ᠢ ᠡᠭᠦᠳᠭᠦ ᠭᠡᠷᠡᠭᠳᠠᠢ᠃ ᠨᠡᠶᠢᠭᠡᠮ ᠤᠨ ᠭᠦᠴᠤᠨ ᠤ ᠬᠠᠤᠯᠢ ᠶᠤᠰᠤ ᠪᠠᠷ ᠰᠤᠷᠭᠠᠭᠤᠯᠢ ᠡᠷᠬᠢᠯᠡᠭᠦ ᠶᠢ | ᠢᠳᠡᠪᠬᠢᠳᠠᠢ ᠵᠤᠷᠢᠭᠵᠢᠭᠤᠯᠬᠤ ᠬᠡᠷᠡᠭᠲᠡᠢ᠃ ᠡᠯ᠎ᠠ ᠱᠠᠳᠤ ᠡᠯ᠎ᠠ ᠲᠦᠷᠤᠯ ᠤᠨ ᠰᠤᠷᠭᠠᠭᠤᠯᠢ ᠶᠢᠨ ᠴᠠᠭ | ᠦᠶ᠎ᠡ ᠶᠢ ᠲᠠᠭᠠᠨ ᠤᠷᠤᠭᠰᠢᠯᠠᠵᠤ ᠰᠤᠷᠭᠠᠨ ᠭᠦᠮᠤᠵᠢᠯ ᠤᠨ ᠦᠢᠯᠡᠭᠠᠭᠳᠠᠬᠤᠨ ᠪᠤᠯᠤᠨ ᠴᠢᠳᠠᠪᠤᠷᠢᠳᠠᠠ ᠢ | ᠭᠦᠮᠤᠵᠢᠭᠦᠯᠭᠦ ᠵᠠᠭᠪᠤᠷ ᠤᠨ ᠰᠢᠨ᠎ᠠ ᠶᠢ ᠡᠭᠦᠳᠭᠦ ᠶᠢ ᠵᠤᠷᠢᠭᠵᠢᠭᠤᠯᠵᠤ᠂ ︽ᠢᠨᠲ᠋ᠧᠷ ᠰᠦᠯᠵᠢᠶ᠎ᠠ + ᠰᠤᠷᠭᠠᠨ | ᠭᠦᠮᠤᠵᠢᠯ︾ ᠶᠢ ᠭᠦᠭᠵᠢᠭᠦᠯᠵᠤ᠂ ᠰᠢᠯᠢᠳᠡᠭ ᠴᠢᠳᠠᠪᠤᠷᠢᠳᠠᠨ ᠢ ᠲᠠᠳᠠᠵᠤ ᠰᠤᠷᠭᠠᠨ ᠭᠦᠮᠤᠵᠢᠯ ᠤᠨ ᠠᠵᠢᠯ ᠬᠢᠯᠭᠡᠭᠦ | ᠪᠠᠶᠢᠭᠤᠯᠤᠮᠵᠢ ᠲᠤᠬᠳᠠᠴᠠ ᠶᠢ ᠲᠡᠭᠦᠯᠳᠡᠷᠵᠢᠭᠦᠯᠵᠤ᠂ ᠪᠠᠭᠰᠢ ᠶᠢᠨ ᠨᠡᠶᠢᠭᠡᠮ ᠤᠨ ᠪᠠᠶᠢᠷᠢ ᠰᠠᠭᠤᠷᠢ ᠶᠢ | ᠲᠡᠭᠡᠭᠰᠢᠯᠡᠭᠦᠯᠵᠤ᠂ ᠪᠠᠭᠰᠢ ᠶᠢ ᠭᠦᠨᠳᠤᠳᠭᠡᠵᠤ ᠰᠤᠷᠭᠠᠨ ᠭᠦᠮᠤᠵᠢᠯ ᠢ ᠴᠢᠬᠤᠯᠠᠴᠢᠯᠠᠬᠤ ᠶᠢ ᠬᠡᠪ ᠵᠠᠩᠰᠢᠯ ᠪᠤᠯᠭᠠᠬᠤ | ᠭᠡᠷᠡᠭᠳᠠᠢ ᠭᠡᠵᠤ ᠱᠠᠭᠠᠷᠳᠠᠪᠠ᠃ | ᠨᠠᠮ ᠤᠨ ᠲᠦᠪ ᠬᠤᠷᠢᠶ᠎ᠠ ᠶᠢᠨ ᠤᠯᠤᠰ ᠲᠦᠷᠤ ᠶᠢᠨ ᠲᠤᠪᠴᠢᠶᠠᠨ ᠤ ᠭᠡᠰᠢᠭᠦᠨ᠂ ᠲᠦᠪ ᠤᠨ ᠱᠦᠵᠢ | ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ | ᠪᠠᠶᠢᠡᠭᠭᠤ ᠶᠢᠨ ᠬᠤᠷᠢᠶ᠎ᠠ ᠶᠢᠨ ᠬᠠᠮᠢᠶ᠎ᠠ ᠪᠦᠭᠦᠢ ᠤᠳᠤᠷᠢᠳᠬᠤ ᠨᠦᠭᠦᠳ᠂ ᠲᠦᠷᠤ ᠶᠢᠨ ᠶᠠᠪᠤᠳᠠᠯ ᠤᠨ ᠭᠡᠰᠢᠭᠦᠨ᠂ | ᠠᠷᠠᠳ ᠤᠨ ᠳᠡᠬᠡᠳᠤ ᠰᠢᠬᠦᠬᠦ ᠬᠤᠷᠢᠶ᠎ᠠ ᠶᠢᠨ ᠬᠤᠷᠢᠶᠠᠨ ᠲᠠᠷᠤᠭ᠎ᠠ᠂ ᠠᠷᠠᠳ ᠤᠨ ᠲᠡᠭᠡᠳᠤ ᠪᠠᠶᠢᠴᠠᠭᠠᠬᠤ | ᠬᠤᠷᠢᠶ᠎ᠠ ᠶᠢᠨ ᠪᠠᠶᠢᠴᠠᠭᠠᠬᠤ ᠲᠠᠷᠤᠭ᠎ᠠ᠂ ᠪᠦᠭᠦ ᠤᠯᠤᠰ ᠤᠨ ᠤᠯᠤᠰ ᠲᠦᠷᠤ ᠶᠢᠨ ᠵᠦᠪᠯᠡᠯᠭᠡᠨ ᠤ ᠬᠠᠮᠢᠶ᠎ᠠ ᠪᠦᠭᠦᠢ | ᠤᠳᠤᠷᠢᠳᠬᠤ ᠨᠦᠭᠦᠳ ᠶᠡᠭᠡ ᠬᠤᠷᠠᠯ ᠳᠤ ᠤᠷᠤᠯᠴᠠᠪᠠ᠃ | ᠲᠦᠪ ᠤᠨ ᠰᠤᠷᠭᠠᠨ ᠬᠦᠮᠤᠵᠢᠯ ᠤᠨ ᠠᠵᠢᠯ ᠤᠨ ᠤᠳᠤᠷᠢᠳᠬᠤ ᠲᠤᠭᠤᠢᠢᠯᠠᠩ ᠤᠨ ᠪᠦᠷᠢᠯᠳᠦᠬᠦᠨ᠂ ᠡᠯ᠎ᠠ | ᠮᠤᠵᠢ ᠦᠪᠡᠷᠳᠡᠭᠡᠨ ᠵᠠᠰᠠᠬᠤ ᠤᠷᠤᠨ ᠰᠢᠭᠤᠳ ᠬᠠᠷᠢᠶ᠎ᠠ ᠬᠤᠳᠠ ᠪᠤᠯᠤᠨ ᠲᠤᠰᠠᠭᠠᠷ ᠲᠦᠯᠤᠪᠯᠡᠭᠡᠳᠤ ᠬᠤᠳᠠ᠂ | ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠦᠪ ᠤᠨ ᠪᠠ ᠲᠦᠷᠤ ᠶᠢᠨ | ᠪᠠᠶᠢᠭᠤᠯᠭ᠎ᠠ ᠶᠢᠨ ᠬᠠᠮᠢᠶ᠎ᠠ ᠪᠦᠭᠦᠢ ᠰᠠᠯᠠᠭ᠎ᠠ ᠮᠦᠴᠢᠷ᠂ ᠬᠠᠮᠢᠶ᠎ᠠ ᠪᠦᠭᠦᠢ ᠠᠷᠠᠳ ᠤᠨ ᠪᠦᠯᠭᠦᠮ᠂ ᠴᠡᠷᠢᠭ ᠠᠩᠬᠢ ᠶᠢᠨ | ᠬᠠᠮᠢᠶ᠎ᠠ ᠪᠦᠭᠦᠢ ᠨᠢᠭᠡᠴᠢ᠂ ᠭᠡᠰᠡᠭ ᠶᠡᠭᠡ ᠲᠡᠭᠡᠳᠤ ᠰᠤᠷᠭᠠᠭᠤᠯᠢ ᠶᠢᠨ ᠬᠠᠷᠢᠭᠤᠴᠠᠯᠭᠠᠳᠠᠨ ᠨᠦᠭᠦᠳ ᠶᠡᠭᠡ ᠬᠤᠷᠠᠯ ᠳᠤ | ᠤᠷᠤᠯᠴᠠᠪᠠ᠃ |