ᠴᠧᠩ ᠭᠤᠸᠠᠨ ᠪᠠᠯᠭᠠᠰᠤᠨ ᠤ 6 ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2018-09-12
     9 ᠳ᠋ᠦ᠋ᠭᠡᠷ ᠰᠠᠷ᠎ᠠ ᠶᠢᠨ 11 ᠤ ᠡᠳᠦᠷ᠂ ᠴᠧᠩ ᠭᠤᠸᠠᠨ ᠪᠠᠯᠭᠠᠰᠤᠨ ᠤ ᠲᠣᠰᠬᠤᠨ᠂ ᠰᠠᠭᠤᠭᠠᠯᠢ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠵᠢᠯᠣᠭᠤᠳᠬᠤ ᠳᠤᠭᠤᠶᠢᠯᠠᠩ ᠤᠨ ᠨᠠᠷᠢᠨ ᠬᠢᠨᠠᠮᠠᠭᠠᠢ ᠵᠢᠯᠤᠭᠤᠳᠤᠯᠭ᠎ᠠ ᠪᠣᠯᠤᠨ ᠡᠯ᠎ᠡ ᠨᠡᠶᠢᠭᠡᠮ ᠲᠣᠭᠤᠷᠢᠭ ᠤᠨ ᠰᠣᠩᠭᠤᠭᠤᠯᠢ ᠶᠢᠨ ᠵᠥᠪᠯᠡᠯ ᠤᠨ ᠡᠷᠬᠢᠯᠡᠯ ᠳᠣᠣᠷ᠎ᠠ᠂ 6 ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠠᠴᠠ ᠰᠢᠭᠤᠳ ᠰᠣᠩᠭᠤᠬᠤ ᠠᠷᠭ᠎ᠠ ᠮᠠᠶ᠋ᠢᠭ ᠢ ᠠᠪᠴᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢᠶᠠᠨ ᠤᠷᠤᠭᠰᠢᠲᠠᠶ ᠪᠡᠶᠡᠯᠡᠭᠦᠯᠦᠭᠰᠡᠨ ᠪᠠᠶᠢᠨ᠎ᠠ᠃      ᠲᠤᠰ ᠤᠳᠠᠭᠠᠨ ᠤ ᠰᠠᠭᠤᠭᠠᠯᠢ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ 2018 ᠣᠨ ᠤ 7 ᠳ᠋ᠤᠭᠠᠷ ᠰᠠᠷ᠎ᠠ ᠠᠴᠠ ᠡᠬᠢᠯᠡᠭᠦᠯᠵᠦ᠂ ᠡᠯ᠎ᠡ ᠨᠡᠶᠢᠭᠡᠮ ᠲᠣᠭᠤᠷᠢᠭ ᠤᠨ ᠬᠢᠨ ᠤᠷᠢᠶ᠎ᠠ ᠯᠣᠽᠦ᠋ᠩ᠂ ᠡᠯᠭᠦᠭᠡ ᠵᠢᠷᠤᠭ᠂ ᠤᠬᠠᠭᠤᠯᠬᠤ ᠪᠤᠯᠤᠩ ᠵᠡᠷᠭᠡ ᠬᠡᠯᠪᠡᠷᠢ ᠪᠠᠷ ᠥᠷᠭᠡᠨ ᠢᠶᠠᠷ ᠤᠬᠠᠭᠤᠯᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠭᠠᠷ ᠲᠠᠬᠢ ᠡᠷᠬᠡ ᠪᠠᠨ ᠵᠥᠪ ᠢᠶᠠᠷ ᠬᠡᠷᠡᠭᠯᠡᠪᠡ᠃ ᠡᠨᠡ ᠬᠦ ᠬᠤᠭᠤᠴᠠᠭᠠᠨ ᠳᠤ᠂ 6 ᠨᠡᠶᠢᠭᠡᠮ ᠲᠣᠭᠤᠷᠢᠭ ᠠᠴᠠ ᠰᠣᠩᠭᠤᠭᠤᠯᠢ ᠶᠢᠨ ᠵᠥᠪᠯᠡᠯ ᠪᠠᠶᠢᠭᠤᠯᠵᠤ᠂ ᠰᠣᠩᠭᠤᠭᠤᠯᠢ ᠶᠢᠨ ᠠᠷᠠᠳ ᠢ ᠪᠦᠷᠢᠳᠬᠡᠬᠦ᠂ ᠰᠠᠭᠤᠭᠠᠯᠢ ᠠᠷᠠᠳ ᠤᠨ ᠲᠥᠯᠥᠭᠡᠯᠡᠭᠴᠢ ᠰᠣᠩᠭᠤᠬᠤ᠂ ᠵᠢᠱᠢᠭᠳᠡᠭᠴᠢ ᠶᠢ ᠲᠣᠭᠲᠠᠭ᠋ᠬᠤ ᠵᠡᠷᠭᠡ ᠵᠠᠩᠭᠢᠯᠠᠭ᠎ᠠ ᠶᠢᠨ ᠲᠠᠯ᠎ᠠ ᠪᠠᠷ ᠬᠠᠤᠯᠢ ᠳᠤ ᠲᠣᠭᠲᠠᠭᠠᠭᠰᠠᠨ ᠵᠢᠷᠤᠮ ᠢ ᠴᠢᠩᠭ᠎ᠠ ᠵᠢᠷᠤᠮᠯᠠᠨ ᠭᠦᠢᠴᠡᠳᠬᠡᠵᠦ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠡᠮᠬᠢ ᠵᠢᠷᠤᠮ ᠲᠠᠢ ᠥᠷᠨᠢᠭᠦᠯᠬᠦ ᠶᠢ ᠪᠠᠲᠤᠯᠠᠪᠠ᠃ 6 ᠨᠡᠶᠢᠭᠡᠮ ᠲᠣᠭᠤᠷᠢᠭ ᠲᠤ ᠰᠢᠨ᠎ᠡ ᠨᠢᠭᠡ ᠬᠤᠭᠤᠴᠠᠭᠠᠨ ᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠪᠦᠷᠢᠯᠳᠦᠬᠦᠨ ᠢ ᠨᠡᠶᠢᠲᠡ 38 ᠨᠡᠷ᠎ᠡ ᠰᠣᠩᠭᠤᠵᠤ᠂ ᠡᠭᠦᠨ ᠳᠤ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ᠂ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠶᠢ ᠪᠦᠷ ᠨᠢᠭᠡ ᠬᠥᠮᠥᠨ ᠬᠠᠮᠲᠤ ᠳᠤᠨᠢ ᠡᠭᠦᠷᠭᠡᠯᠡᠵᠦ᠂ ᠨᠡᠶᠢᠲᠡ 6 ᠬᠥᠮᠦᠨ ᠰᠣᠩᠭᠤᠭᠳᠠᠵᠤ᠂ ᠰᠠᠭᠤᠭᠠᠯᠢ ᠠᠷᠠᠳ ᠤᠨ ᠵᠥᠪᠯᠡᠯ ᠤᠨ ᠳᠡᠳ᠋ ᠡᠷᠬᠢᠯᠡᠭᠴᠢ 6 ᠬᠥᠮᠦᠨ᠂ ᠭᠡᠰᠢᠭᠦᠳ 26 ᠬᠥᠮᠥᠨ ᠰᠣᠩᠭᠤᠭᠳᠠᠵᠤ᠂ 8 ᠬᠥᠮᠥᠨ ᠨᠠᠮ ᠤᠨ ᠡᠭᠦᠷ᠂ ᠭᠠᠴᠠᠭᠠᠨ ᠤ ᠵᠥᠪᠯᠡᠯ ᠤᠨ ᠲᠤᠰᠢᠶᠠᠯ ᠰᠣᠯᠪᠢᠴᠠᠨ ᠬᠠᠷᠢᠭᠤᠴᠠᠵᠤ᠂ 16 ᠬᠥᠮᠥᠨ ᠵᠠᠯᠭᠠᠭ᠎ᠠ ᠪᠠᠷ ᠰᠣᠩᠭᠤᠭᠳᠠᠪᠠ᠃       ᠡᠨᠡ ᠬᠤᠭᠤᠴᠠᠭᠠᠨ ᠳᠤ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠢᠨᠠᠨ ᠪᠠᠶᠢᠴᠠᠭᠠᠬᠤ ᠲᠣᠪᠴᠢᠶ᠎ᠠ ᠶᠢᠨ ᠳᠠᠷᠤᠭ᠎ᠠ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠵᠢᠯᠣᠭᠤᠳᠬᠤ ᠨᠢᠭᠡᠳᠦᠭᠡᠷ ᠳᠤᠭᠤᠶᠢᠯᠠᠩ ᠤᠨ ᠳᠠᠷᠤᠭ᠎ᠠ ᠰᠢᠦᠸᠡᠢ ᠵᠢᠶᠠᠨ ᠬᠤᠸᠠ ᠴᠧᠩ ᠭᠤᠸᠠᠨ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠵᠣᠣ ᠶᠢᠩ ᠤᠨ ᠪᠠᠷ᠎ᠠ ᠪᠤᠯᠤᠯᠭ᠎ᠠ ᠲᠠᠢ ᠪᠠᠷ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠪᠠᠶᠢᠴᠠᠭᠠᠨ ᠵᠢᠯᠣᠭᠤᠳᠪᠠ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1