ᠶᠦᠨ ᠯᠢᠨ ᠴᠢᠶᠦ᠋ᠩ᠂ ᠺᠠᠩ ᠶᠦᠩ ᠴᠢᠶᠠᠩ ᠤᠯᠢᠶᠠᠰᠤᠲᠠᠢ ᠰᠢᠶᠠᠩ ᠳᠤ ᠬᠦᠷᠴᠦ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠬᠦ ᠪᠠ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2018-09-18
    9 ᠳ᠋ᠦ᠋ᠭᠡᠷ ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦ᠋ᠩ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠺᠠᠩ ᠶᠦᠩ ᠴᠢᠶᠠᠩ ᠤᠯᠢᠶᠠᠰᠤᠲᠠᠢ ᠰᠢᠶᠠᠩ ᠳᠤ ᠬᠦᠷᠴᠦ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠪᠠ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠡᠷᠬᠢᠯᠡᠭᠴᠢ ᠯᠢ ᠯᠢᠦ ᠰᠢᠶᠤᠤ᠂ ᠰᠢᠶᠠᠨ ᠤ ᠳᠡᠳ᠋ ᠳᠠᠷᠤᠭ᠎ᠠ ᠯᠢ ᠵᠢᠶᠦ᠋ᠨ ᠵᠢᠴᠢ ᠰᠢᠶᠠᠨ ᠤ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠤᠯᠢᠶᠠᠰᠤᠲᠠᠢ ᠰᠢᠶᠠᠩ ᠤᠨ ᠬᠤᠯᠪᠣᠭᠳᠠᠯ ᠪᠦᠬᠦᠢ ᠨᠥᠬᠦᠷ ᠤᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠪᠠᠶᠢᠴᠠᠭᠠᠨ ᠰᠤᠳᠤᠯᠤᠯᠲᠠ ᠶᠢᠨ ᠳᠤᠭᠤᠶᠢᠯᠠᠩ ᠤᠨ ᠬᠢᠨ ᠯᠢᠦ ᠯᠣᠣ ᠫᠦᠸᠧ ᠶᠣᠣ ᠲᠣᠰᠬᠤᠨ᠂ ᠭᠤᠴᠢᠨ ᠨᠢᠭᠡᠳᠦᠭᠡᠷ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠪᠠ ᠠᠮᠢᠳᠤᠷᠠᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠦᠵᠡᠵᠦ᠂ ᠶᠠᠳᠠᠭᠤ ᠬᠦᠴᠢᠷᠳᠡᠯᠲᠡᠢ ᠡᠷᠦᠭᠡ ᠳᠤ ᠭᠦᠨᠵᠡᠭᠡᠶᠢᠷᠡᠵᠦ ᠠᠵᠢᠯ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠣᠶᠢᠯᠠᠭᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠪᠠ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃ ᠨᠢᠭᠡ ᠳᠤ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠠᠵᠢᠯ ᠢ ᠲᠦᠷᠭᠡᠳᠬᠡᠨ᠎ᠡ᠃ ᠦᠨᠡᠨ ᠠᠴᠠ ᠵᠥᠪ ᠢ ᠡᠷᠢᠬᠦ᠂ ᠪᠣᠳᠠᠲᠠᠶ ᠪᠠᠶᠢᠳᠠᠯ ᠳᠠᠭᠠᠨ ᠲᠣᠬᠢᠷᠠᠭᠤᠯᠬᠤ᠂ ᠣᠳᠣ ᠪᠠᠶᠢᠭ᠎ᠠ ᠣᠷᠣᠨ ᠰᠠᠭᠤᠴᠠ ᠶᠢ ᠭᠦᠢᠴᠡᠳ ᠠᠰᠢᠭᠯᠠᠨ ᠰᠡᠯᠪᠢᠨ ᠪᠠᠬᠢᠵᠢᠭᠦᠯᠵᠦ᠂ ᠨᠥᠬᠦᠴᠡᠯ ᠲᠠᠢ ᠲᠠᠷᠢᠶᠠᠴᠢᠨ ᠡᠷᠦᠬᠡ ᠶᠢ ᠴᠠᠭᠠᠨ ᠬᠤᠰᠢᠭᠤᠴᠢ ᠠᠶᠢᠯ ᠤᠨ ᠨᠡᠭᠦᠳᠡᠯ ᠤᠨ ᠰᠢᠨ᠎ᠡ ᠲᠣᠰᠬᠤᠨ ᠪᠤᠶᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠳᠤ ᠨᠡᠭᠦᠯᠭᠡᠬᠦ ᠶᠢ ᠵᠣᠷᠢᠭᠵᠢᠭᠤᠯᠵᠤ᠂ ᠣᠯᠠᠨ ᠲᠦᠮᠡᠨ ᠤ ᠣᠷᠣᠨ ᠰᠠᠭᠤᠴᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠬᠤᠶᠠᠷ ᠲᠤ᠂ ︽ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠤᠯᠠᠨ ᠲᠦᠮᠡᠨ ᠰᠠᠶᠢᠨ ᠳᠤᠷ᠎ᠠ ᠠᠴᠠ ᠪᠠᠨ᠂ ᠵᠣᠬᠢᠰᠲᠠᠶ ᠨᠥᠬᠦᠪᠥᠷᠢ ᠥᠭᠬᠦ︾ ᠵᠠᠷᠴᠢᠮ ᠶᠣᠰᠣᠭᠠᠷ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠦᠵᠡᠰᠬᠦᠯᠡᠩᠲᠦ ᠰᠠᠶᠢᠬᠠᠨ ᠠᠶᠢᠯ ᠲᠣᠰᠬᠤᠨ ᠢ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠠᠵᠢᠯ ᠢᠶᠠᠨ ᠲᠦᠷᠭᠡᠨ ᠠᠬᠢᠭᠤᠯᠤᠨ᠎ᠠ᠃ ᠡᠯ᠎ᠡ ᠰᠤᠮᠤ ᠪᠠᠯᠭᠠᠰᠤ ᠭᠠᠴᠠᠭᠠᠨ ᠤ ᠠᠷᠠᠳ ᠤᠨ ᠵᠥᠪᠯᠡᠯ ᠨᠢ ᠶᠠᠳᠠᠭᠤ ᠶᠢ ᠲᠡᠳᠬᠦᠬᠦ ᠠᠵᠢᠯ ᠤᠨ ᠳᠤᠭᠤᠶᠢᠯᠠᠩ ᠪᠣᠯᠤᠨ ᠭᠠᠴᠠᠭᠠᠨ ᠤ ᠠᠷᠠᠳ ᠤᠨ ᠢᠳᠡᠪᠬᠢᠵᠢᠯ ᠭᠦᠢᠴᠡᠳ ᠪᠠᠳᠠᠷᠠᠭᠤᠯᠵᠤ᠂ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ ᠭᠡᠵᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1