ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦ᠋ᠩ ᠤᠯᠢᠶᠠᠰᠤᠲᠠᠢ ᠰᠢᠶᠠᠩ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2018-09-29
     9 ᠳ᠋ᠦ᠋ᠭᠡᠷ ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦ᠋ᠩ ᠤᠯᠢᠶᠠᠰᠤᠲᠠᠢ ᠰᠢᠶᠠᠩ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠵᠠᠪᠠᠯ ᠶᠠᠳᠠᠭᠤ ᠬᠦᠴᠢᠷᠳᠡᠯ ᠲᠠᠢ ᠡᠷᠦᠬᠡ ᠶᠢ ᠣᠷᠣᠯᠴᠠᠭᠤᠯᠵᠤ᠂ ᠱᠠᠩᠨᠠᠬᠤ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠶᠠᠳᠠᠭᠤ ᠬᠦᠴᠢᠷᠳᠡᠯ ᠲᠠᠢ ᠡᠷᠦᠬᠡ ᠶᠢᠨ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ ᠭᠡᠪᠡ᠃      ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠡᠷᠬᠢᠯᠡᠭᠴᠢ ᠯᠢ ᠯᠢᠦ ᠰᠢᠶᠣᠣ ᠵᠢᠴᠢ ᠰᠢᠶᠠᠨ ᠤ ᠶᠠᠳᠠᠭᠤ ᠶᠢ ᠲᠡᠳᠬᠦᠬᠦ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠶᠦᠨ ᠯᠢᠨ ᠴᠢᠶᠦ᠋ᠩ ᠨᠠᠷ ᠤᠯᠢᠶᠠᠰᠤᠲᠠᠢ ᠰᠢᠶᠠᠩ ᠤᠨ ᠭᠤᠴᠢᠨ ᠨᠢᠭᠡᠳᠦᠭᠡᠷ ᠲᠣᠰᠬᠤᠨ ᠤ ᠲᠠᠷᠢᠶᠠᠴᠢᠨ ᠡᠷᠦᠬᠡ ᠳᠤ ᠭᠦᠨᠵᠡᠭᠡᠶᠢᠷᠡᠨ ᠬᠠᠭᠤᠴᠢᠨ ᠭᠡᠷ ᠪᠠᠶᠢᠰᠢᠩ ᠢ ᠥᠭᠡᠷᠡᠴᠢᠯᠡᠨ ᠪᠠᠶᠢᠭᠤᠯᠬᠤ ᠠᠬᠢᠴᠠ᠂ ᠥᠭᠡᠷᠡᠴᠢᠯᠡᠬᠦ ᠠᠷᠭ᠎ᠠ ᠮᠠᠶ᠋ᠢᠭ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠠᠷᠢᠶᠠᠴᠢᠨ ᠡᠷᠦᠬᠡ ᠶᠢᠨ ᠥᠪᠡᠷ ᠤᠨ ᠬᠦᠴᠦ ᠬᠥᠳᠡᠯᠮᠦᠷᠢ ᠣᠷᠣᠭᠤᠯᠣᠨ ᠪᠠᠶᠢᠰᠢᠩ ᠥᠭᠡᠷᠡᠴᠢᠯᠡᠬᠦ ᠶᠢ ᠵᠣᠷᠢᠭᠵᠢᠭᠤᠯᠪᠠ᠃ ᠲᠡᠷᠡ ᠵᠢᠭᠠᠵᠤ ᠭᠠᠷᠭᠠᠭᠰᠠᠨ ᠨᠢ᠂ ᠰᠢᠶᠠᠩ ᠪᠠᠯᠭᠠᠰᠤ ᠂ ᠲᠣᠰᠬᠤᠨ ᠤ ᠠᠷᠠᠳ ᠤᠨ ᠵᠥᠪᠯᠡᠯ ᠨᠢ ᠱᠠᠩᠨᠠᠯ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠵᠦ᠂ ᠲᠣᠰᠬᠤᠨ ᠤ ᠠᠷᠠᠳ ᠤᠨ ᠦᠨᠡᠯᠡᠯᠲᠡ ᠪᠠᠷ ᠳᠠᠮᠵᠢᠭᠠᠳ ᠬᠠᠭᠤᠴᠢᠨ ᠣᠷᠣᠨ ᠰᠠᠭᠤᠴᠠ ᠪᠠᠨ ᠢᠳᠡᠪᠬᠢᠲᠡᠶ ᠰᠠᠨᠠᠭᠠᠴᠢᠯᠠᠭ᠎ᠠ ᠲᠠᠢ ᠪᠠᠷ ᠥᠭᠡᠷᠡᠴᠢᠯᠡᠭᠰᠡᠨ ᠳᠤ ᠨᠢ ᠱᠠᠩᠨᠠᠬᠤ ᠬᠡᠷᠡᠭᠲᠡᠢ ᠭᠡᠪᠡ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠶᠦᠨ ᠯᠢᠨ ᠴᠢᠶᠦ᠋ᠩ ᠳᠠᠩᠰᠠ ᠡᠪᠬᠡᠮᠡᠯ ᠤᠨ ᠮᠠᠲ᠋ᠧᠷᠢᠶᠠᠯ ᠢ ᠨᠠᠷᠢᠨ ᠦᠵᠡᠭᠰᠡᠨ ᠤ ᠬᠠᠮᠲᠤ ᠠᠵᠢᠯ ᠤᠨ ᠳᠤᠮᠳᠠᠬᠢ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠤᠨ ᠲᠤᠬᠠᠢ ᠰᠢᠶᠠᠩ ᠪᠠᠯᠭᠠᠰᠤ᠂ ᠲᠣᠰᠬᠤᠨ ᠤ ᠬᠤᠶᠠᠷ ᠱᠠᠲᠤᠨ ᠤ ᠺᠠᠳ᠋ᠷᠴᠤᠳ ᠲᠠᠢ ᠰᠣᠯᠢᠯᠴᠠᠪᠠ᠃ ᠲᠡᠷᠡ ᠴᠢᠬᠤᠯᠠᠴᠢᠯᠠᠭᠰᠠᠨ ᠨᠢ᠂ ᠲᠠᠩᠰᠠ ᠡᠪᠬᠡᠮᠡᠯ ᠤᠨ ᠮᠠᠲ᠋ᠧᠷᠢᠶᠠᠯ ᠨᠢ ᠵᠠᠪᠠᠯ ᠨᠠᠷᠠᠯᠢᠭ᠂ ᠴᠢᠩᠭ᠎ᠠ ᠨᠢᠮᠪᠠᠶ ᠪᠠᠶᠢᠵᠤ᠂ ᠰᠢᠶᠠᠩ ᠪᠠᠯᠭᠠᠰᠤ᠂ ᠰᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ᠂ ᠵᠢᠭᠠᠨ ᠵᠢᠯᠣᠭᠤᠳᠤᠯᠭ᠎ᠠ ᠪᠠᠶᠢᠴᠠᠭᠠᠯᠲᠠ ᠶᠢ ᠰᠠᠶᠢᠲᠤᠷ ᠬᠢᠵᠦ᠂ ᠲᠣᠰᠬᠤᠨ ᠤ ᠠᠷᠠᠳ ᠤᠨ ᠵᠥᠪᠯᠡᠯ ᠤᠨ ᠺᠠᠳ᠋ᠷᠴᠤᠳ ᠶᠠᠳᠠᠭᠤ ᠬᠦᠴᠢᠷᠳᠡᠯ ᠲᠠᠢ ᠡᠷᠦᠭᠡ ᠳᠤ ᠭᠦᠨᠵᠡᠭᠡᠶᠢᠷᠡᠵᠦ ᠪᠠᠶᠢᠳᠠᠯ ᠢ ᠨᠠᠷᠢᠨ ᠣᠶᠢᠯᠠᠭᠠᠵᠤ᠂ ᠲᠤᠭ᠎ᠠ ᠨᠢ ᠲᠣᠳᠣᠷᠬᠠᠢ᠂ ᠪᠠᠶᠢᠳᠠᠯ ᠨᠢ ᠣᠶᠢᠯᠠᠭᠠᠮᠵᠢᠲᠠᠢ ᠪᠠᠶᠢᠬᠤ ᠬᠡᠷᠡᠭᠲᠡᠢ ᠭᠡᠪᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1