ᠰᠢᠶᠠᠨ ᠤ ᠳᠡᠳ᠋ ᠳᠠᠷᠤᠭ᠎ᠠ ᠵᠠᠩ ᠰᠢᠶᠧ ᠵᠢᠶᠦ᠋ᠨ ᠰᠢᠶᠠᠨ ᠤ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠤᠨ ᠲᠣᠪᠴᠢᠶ᠎ᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2018-09-29
     9 ᠳ᠋ᠦ᠋ᠭᠡᠷ ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠳᠡᠳ᠋ ᠳᠠᠷᠤᠭ᠎ᠠ ᠵᠠᠩ ᠰᠢᠶᠧ ᠵᠢᠶᠦ᠋ᠨ ᠰᠢᠶᠠᠨ ᠤ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠤᠨ ᠲᠣᠪᠴᠢᠶ᠎ᠠ ᠳᠤ ᠭᠦᠨᠵᠡᠭᠡᠶᠢᠷᠡᠨ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠤᠨ ᠠᠵᠢᠯ ᠢ ᠪᠠᠶᠢᠴᠠᠭᠠᠨ ᠰᠤᠳᠤᠯᠤᠭᠰᠠᠨ ᠤ ᠬᠠᠮᠲᠤ ᠲᠡᠷᠡᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠤᠨ ᠳᠣᠭᠢᠷᠠᠭᠤᠯᠪᠠ᠃      ᠬᠤᠷᠠᠯ ᠳᠡᠭᠡᠷ᠎ᠡ᠂ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠷᠦᠨ ᠬᠤᠸᠠ ᠲᠤᠰ ᠲᠣᠪᠴᠢᠶ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ᠂ ᠭᠤᠣᠯᠳᠠᠯᠭᠠᠲᠤ ᠲᠥᠷᠥᠯ ᠵᠦᠢᠯ᠂ ᠭᠤᠣᠯᠳᠠᠯᠭᠠᠲᠤ ᠠᠵᠢᠯ᠂ ᠰᠣᠶᠣᠯ᠂ ᠪᠡᠶ᠎ᠡ ᠶᠢᠨ ᠲᠠᠮᠢᠷ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠡᠯ᠎ᠡ ᠰᠠᠯᠠᠭ᠎ᠠ ᠮᠥᠴᠢᠷ᠂ ᠲᠠᠰᠤᠭ ᠥᠷᠲᠡᠭᠡ᠂ ᠬᠤᠶᠠᠳᠤᠭᠠᠷ ᠳᠡᠰ ᠤᠨ ᠨᠢᠭᠡᠴᠡ ᠶᠢᠨ ᠬᠠᠷᠢᠭᠤᠴᠠᠯᠭᠠᠲᠠᠳ ᠲᠤᠰ ᠲᠤᠰ ᠤᠨ ᠲᠤᠬᠠᠶᠢᠯᠠᠭᠰᠠᠨ ᠠᠵᠢᠯ ᠤᠨ ᠢᠶᠠᠨ ᠪᠠᠶᠢᠳᠠᠯ ᠢ ᠬᠠᠷᠢᠭᠤ ᠮᠡᠳᠡᠭᠦᠯᠪᠡ᠃      ᠵᠠᠩ ᠰᠢᠶᠧ ᠵᠢᠶᠦ᠋ᠨ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠤᠨ ᠲᠣᠪᠴᠢᠶ᠎ᠠ ᠶᠢᠨ ᠡᠯ᠎ᠡ ᠵᠦᠢᠯ ᠤᠨ ᠠᠵᠢᠯ ᠤᠨ  ᠠᠮᠵᠢᠯᠲᠠ ᠶᠢ ᠭᠦᠢᠴᠡᠳ ᠨᠤᠲᠠᠯᠠᠭᠰᠠᠨ ᠤ ᠬᠠᠮᠲᠤ᠂ ᠲᠡᠷᠡ ᠱᠠᠭᠠᠷᠳᠠᠭᠰᠠᠨ ᠨᠢ᠂ ᠲᠣᠪᠴᠢᠶ᠎ᠠ ᠶᠢᠨ ᠡᠯ᠎ᠡ ᠲᠠᠰᠤᠭ ᠦᠷᠳᠡᠭᠡ᠂ ᠬᠤᠶᠠᠳᠤᠭᠠᠷ ᠳᠡᠰ ᠤᠨ ᠨᠢᠭᠡᠴᠡ ᠶᠢᠨ ᠠᠵᠢᠯ ᠤᠨ ᠳᠤᠮᠳᠠ ᠪᠠᠨ ᠬᠠᠮᠲᠤ ᠪᠠᠷ ᠴᠢᠷᠮᠠᠶᠢᠵᠤ᠂ ᠤᠯᠠᠨ ᠤ ᠤᠬᠠᠭᠠᠨ ᠢ ᠬᠠᠮᠲᠤᠳᠬᠠᠵᠤ᠂ ᠲᠤᠲᠠᠭᠤ ᠲᠠᠯ᠎ᠠ ᠪᠠᠨ ᠳᠠᠪᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠬᠡᠷᠡᠭᠵᠢᠭᠦᠯᠵᠦ ᠪᠣᠯᠬᠤ ᠲᠥᠰᠦᠯ ᠳᠤᠷᠠᠳᠴᠤ᠂ ᠳᠡᠭᠡᠳᠦ ᠱᠠᠲᠤᠨ ᠤ ᠰᠠᠯᠠᠭ᠎ᠠ ᠮᠥᠴᠢᠷ ᠯᠤᠭ᠎ᠠ ᠢᠳᠡᠪᠬᠢᠲᠡᠢ ᠪᠠᠷ ᠵᠣᠯᠭᠠᠭᠤᠯᠵᠤ᠂ ᠮᠠᠨ ᠤ ᠰᠢᠶᠠᠨ ᠤ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠤᠨ ᠠᠵᠢᠯ ᠤᠨ ᠨᠡᠩ ᠰᠠᠶᠢᠨ ᠬᠢᠷᠢ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠪᠡ᠃      ᠡᠭᠦᠨ ᠤ ᠳᠠᠷᠠᠭ᠎ᠠ᠂ ᠵᠠᠩ ᠰᠢᠶᠧ ᠵᠢᠶᠦ᠋ᠨ ᠪᠠᠰᠠ ᠰᠣᠶᠣᠯ ᠲᠠᠮᠢᠷ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠶᠠᠪᠤᠳᠠᠯ ᠪᠣᠯᠣᠨ ᠵᠢᠷᠤᠭ ᠲᠥᠯᠥᠪᠯᠡᠭᠡ᠂ ᠪᠠᠷᠢᠯᠭ᠎ᠠ᠂ ᠬᠢᠨᠠᠨ ᠪᠤᠳᠤᠬᠤ ᠪᠠ ᠬᠢᠨᠠᠯᠲᠠ ᠬᠠᠮᠢᠶᠠᠷᠤᠯᠲᠠ ᠵᠡᠷᠭᠡ ᠬᠠᠷᠢᠭᠤᠴᠠᠯᠭᠠᠲᠠᠳ ᠲᠠᠢ ᠶᠠᠷᠢᠯᠴᠠᠪᠠ᠃ ᠵᠠᠩ ᠰᠢᠶᠧ ᠵᠢᠶᠦ᠋ᠨ ᠴᠢᠬᠤᠯᠠᠴᠢᠯᠠᠭᠰᠠᠨ ᠨᠢ᠂ ᠨᠢᠭᠡ ᠳᠤ᠂ ᠵᠢᠷᠤᠵᠤ ᠲᠥᠯᠥᠪᠯᠡᠭᠡ ᠶᠢᠨ ᠲᠠᠯ᠎ᠠ ᠶᠢᠨ ᠬᠢᠨ ᠬᠤᠶᠠᠳᠤᠭᠠᠷ ᠤᠳᠠᠭ᠎ᠠ ᠬᠢ ᠵᠢᠷᠤᠭ ᠲᠥᠯᠥᠪᠯᠡᠭᠡ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠠᠯᠢ ᠲᠦᠷᠭᠡᠨ ᠢᠶᠠᠷ ᠲᠣᠳᠣᠷᠬᠠᠶᠢᠯᠠᠬᠤ ᠬᠡᠷᠡᠭᠲᠡᠶ ︔ ᠬᠤᠶᠠᠷ ᠲᠤ᠂ ᠪᠠᠷᠢᠯᠭ᠎ᠠ ᠪᠠᠷᠢᠬᠤ ᠨᠠᠷᠠᠯᠢᠭ ᠵᠦᠢᠯᠡᠰ ᠢ ᠪᠦᠷᠢᠨᠰᠢᠭᠦᠯᠵᠦ᠂ ᠡᠯ᠎ᠡ ᠭᠤᠭᠴᠤᠭ᠎ᠠ ᠳᠤ ᠴᠥᠮ ᠲᠣᠳᠣᠷᠬᠠᠶ ᠪᠠᠶᠢᠬᠤ ᠬᠡᠷᠡᠭᠲᠡᠢ︔ ᠭᠤᠷᠪᠠ ᠳᠤ᠂ ᠪᠠᠷᠢᠯᠭ᠎ᠠ ᠶᠢᠨ ᠲᠠᠯ᠎ᠠ ᠶᠢᠨ ᠬᠢᠨ ᠲᠥᠯᠥᠪᠵᠢᠭᠦᠯᠭᠡ ᠶᠣᠰᠣᠭᠠᠷ ᠬᠡᠷᠡᠭᠵᠢᠭᠦᠯᠵᠦ᠂ ᠡᠪᠦᠯ ᠳᠤ ᠬᠡᠷᠡᠭᠵᠢᠭᠦᠯᠬᠦ ᠲᠥᠰᠥᠯ ᠢ ᠲᠦᠷᠭᠡᠬᠡᠨ ᠲᠣᠭᠲᠠᠭᠠᠬᠤ ᠬᠡᠷᠡᠭᠲᠡᠢ︔ ᠳᠥᠷᠪᠡ ᠳᠤ᠂ ᠵᠢᠷᠤᠭ ᠲᠥᠯᠥᠪᠯᠡᠭᠡᠨ ᠤ ᠲᠠᠯ᠎ᠠ ᠪᠠ ᠪᠠᠷᠢᠯᠭ᠎ᠠ ᠶᠢᠨ ᠲᠠᠯ᠎ᠠ ᠶᠢᠨ ᠬᠢᠨ ᠣᠯᠣᠯᠴᠠᠭ᠎ᠠ ᠪᠠᠨ ᠴᠢᠩᠭᠠᠳᠬᠠᠵᠤ᠂ ᠵᠣᠯᠭᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ︔ ᠲᠠᠪᠤ ᠳᠤ ᠬᠢᠨᠠᠨ ᠪᠤᠳᠤᠬᠤ ᠲᠠᠯ᠎ᠠ ᠶᠢᠨ ᠬᠢᠨ ᠠ ᠲᠠᠯ᠎ᠠ ᠳᠤ ᠲᠦᠷᠦᠯ ᠵᠦᠢᠯ ᠤᠨ ᠨᠠᠷᠢᠨ ᠬᠠᠭᠤᠳᠠᠰᠤ ᠪᠠ ᠳᠠᠭᠠᠭᠠᠴᠢᠯᠠᠯᠲᠠ ᠳᠤ ᠣᠷᠣᠯᠴᠠᠬᠤ ᠪᠣᠳᠠᠲᠠᠶ ᠠᠭᠤᠯᠭ᠎ᠠ ᠶᠢ ᠬᠠᠩᠭᠠᠬᠤ ᠬᠡᠷᠡᠭᠲᠡᠢ ᠭᠡᠪᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1