10 ᠳ᠋ᠤᠭᠠᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠲᠠ ᠳᠤ | ᠲᠣᠮᠢᠯᠠᠨ ᠰᠠᠭᠤᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠬᠤ ᠠᠵᠢᠯ ᠶᠢᠨ ᠶᠡᠷᠦᠩᠬᠡᠶ ᠠᠩᠭᠢ ᠪᠣᠯᠤᠨ | ᠬᠤᠲᠠ ᠶᠢᠨ ᠲᠣᠮᠢᠯᠠᠭᠰᠠᠨ ᠬᠤᠰᠢᠭᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠬᠤ ᠰᠢᠮᠳᠠᠭᠤᠯᠤᠨ | ᠵᠢᠯᠣᠭᠤᠳᠬᠤ ᠳᠤᠭᠤᠶᠢᠯᠠᠩ ᠤᠨ ᠶᠠᠷᠢᠯᠴᠠᠬᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ | ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠾᠧ ᠬᠠᠢ ᠳ᠋ᠦᠩ ᠬᠤᠷᠠᠯ ᠳᠤ | ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ | ᠬᠤᠲᠠ ᠶᠢᠨ ᠳᠡᠳ᠋ ᠳᠠᠷᠤᠭ᠎ᠠ ᠬᠤᠸᠠᠩ ᠵᠢᠶ ᠭᠠᠩ ᠬᠤᠷᠠᠯ ᠢ ᠡᠷᠭᠢᠯᠡᠪᠡ᠃ ᠶᠠᠷᠢᠯᠴᠠᠬᠤ ᠬᠤᠷᠠᠯ ᠳᠡᠭᠡᠷ᠎ᠡ᠂ | ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠲᠠ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠶᠢᠨ ᠶᠡᠷᠦᠩᠬᠡᠶ ᠠᠩᠭᠢ ᠪᠣᠯᠤᠨ ᠬᠤᠳᠠ ᠠᠴᠠ ᠲᠣᠮᠢᠯᠠᠭᠰᠠᠨ | ᠬᠤᠰᠢᠭᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠮᠳᠠᠭᠤᠯᠤᠨ ᠵᠢᠯᠣᠭᠤᠳᠬᠤ | ᠳᠤᠭᠤᠶᠢᠯᠠᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠡᠰ ᠳᠠᠷᠠᠭᠠᠯᠠᠯ ᠢᠶᠠᠷ ᠢᠶᠠᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠣᠳᠣᠬᠢ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ | ᠬᠤᠶᠢᠰᠢᠳᠠ ᠶᠢᠨ ᠠᠵᠢᠯ ᠶᠢᠨ ᠲᠤᠬᠠᠶ ᠰᠠᠨᠠᠯ ᠪᠣᠯᠤᠨ ᠰᠠᠨᠠᠭᠤᠯᠭ᠎ᠠ ᠶᠢᠨ ᠲᠤᠬᠠᠶ ᠶᠠᠷᠢᠶ᠎ᠠ ᠲᠠᠯᠪᠢᠪᠠ᠃ | ᠾᠧ ᠬᠠᠢ ᠳ᠋ᠦᠩ ᠲᠣᠰᠬᠤᠨ ᠳᠤ ᠰᠠᠭᠤᠬᠤ ᠠᠵᠢᠯ ᠢ ᠤᠯᠠᠮ ᠴᠢᠨᠠᠭᠰᠢᠳᠠ ᠲᠤᠬᠢᠷᠠᠭᠤᠯᠤᠨ ᠪᠠᠶᠢᠷᠢᠯᠠᠭᠤᠯᠪᠠ | ᠃ ᠾᠧ ᠬᠠᠢ ᠳ᠋ᠦᠩ ᠵᠢᠭᠠᠵᠤ ᠭᠠᠷᠭᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠯ | ᠴᠢᠬᠤᠯᠠ ᠶᠡᠭᠡ ᠤᠯᠤᠰ ᠲᠥᠷᠦ ᠶᠢᠨ ᠡᠭᠦᠷᠭᠡ ᠮᠥᠨ᠂ ᠪᠠᠰᠠ ᠴᠤ ᠠᠷᠠᠳ ᠤᠨ ᠠᠮᠢᠳᠤᠷᠠᠯ ᠤᠨ ᠨᠢᠭᠡᠳᠦᠭᠡᠷ | ᠢᠨᠵᠧᠨᠧᠷᠢᠩ ᠮᠥᠨ᠂ ᠡᠯ᠎ᠡ ᠭᠠᠵᠠᠷ ᠤᠨ ᠬᠢᠨ ᠠᠵᠢᠯ ᠶᠢᠨ ᠬᠠᠷᠢᠴᠠᠭ᠎ᠠ ᠪᠠᠨ ᠴᠢᠨᠠᠭᠰᠢᠳᠠ ᠰᠢᠯᠤᠭᠤᠳᠬᠠᠵᠤ᠂ | ᠭᠠᠳᠠᠭᠠᠳᠤ ᠬᠦᠴᠦᠨ᠂ ᠳᠣᠲᠣᠭᠠᠳᠤ ᠬᠦᠴᠦᠨ ᠢ ᠤᠶᠠᠯᠳᠤᠭᠤᠯᠵᠤ ᠪᠠᠶᠢᠭᠠᠳ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠣᠯᠬᠤ ᠬᠡᠷᠡᠭᠲᠡᠶ᠃ ᠲᠤᠬᠠᠶ ᠶᠢᠨ ᠭᠠᠵᠠᠷ ᠤᠨ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠶᠢ ᠰᠠᠶᠢᠲᠤᠷ ᠠᠳᠬᠤᠵᠤ᠂ | ᠠᠰᠢᠭ ᠲᠤᠰᠠ ᠶᠢᠨ ᠬᠤᠯᠪᠣᠯᠳᠤᠬᠤ ᠲᠣᠭᠲᠠᠴᠠ ᠶᠢ ᠴᠢᠩᠭᠠᠳᠬᠠᠨ᠂ ᠬᠠᠮᠲᠤ ᠶᠢᠨ ᠠᠵᠤ ᠠᠬᠤᠶ ᠶᠢ ᠬᠥᠭᠵᠢᠭᠦᠯᠵᠦ | ᠂ ᠬᠦᠷᠢᠶᠡᠨ ᠬᠠᠰᠢᠶᠠᠨ ᠤ ᠠᠵᠤ ᠠᠬᠤᠶ ᠶᠢ ᠰᠠᠶᠢᠲᠤᠷ ᠬᠢᠵᠦ᠂ ᠠᠵᠢᠯ ᠣᠯᠬᠤ ᠬᠦᠰᠡᠯ ᠲᠠᠢ᠂ ᠵᠡᠮᠳᠡᠭᠴᠦᠳ᠂ 《 | ᠭᠤᠷᠪᠠ ᠦᠭᠡᠢ ᠬᠥᠮᠦᠰ 》 ᠵᠡᠷᠭᠡ ᠭᠤᠤᠯᠳᠠᠯᠭ᠎ᠠ ᠲᠠᠢ ᠬᠥᠮᠦᠰ ᠤᠨ ᠦᠨᠳᠦᠰᠦᠨ ᠵᠦᠶᠯ ᠢ ᠪᠠᠲᠤᠯᠠᠬᠤ ᠠᠵᠢᠯ ᠢ | ᠰᠠᠶᠢᠲᠤᠷ ᠠᠳᠬᠤᠵᠤ᠂ ᠳᠣᠲᠣᠭᠠᠳᠤ ᠬᠥᠳᠡᠯᠭᠡᠬᠦ ᠬᠦᠴᠦᠨ ᠢ ᠰᠠᠶᠢᠲᠤᠷ ᠠᠳᠬᠤᠬᠤ ᠬᠡᠷᠡᠭᠲᠡᠶ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠲᠥᠷᠦ ᠶᠢᠨ ᠪᠣᠳᠣᠯᠭ᠎ᠠ ᠶᠢ | ᠨᠡᠪᠲᠡᠷᠡᠲᠡᠯ᠎ᠡ ᠣᠶᠢᠯᠠᠭᠠᠵᠤ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠰᠠᠭᠤᠷᠢ ᠲᠤᠭ᠎ᠠ ᠶᠢ ᠲᠣᠭᠲᠠᠭᠠᠵᠤ᠂ | ᠠᠵᠢᠯ ᠶᠢᠨ ᠬᠠᠷᠢᠴᠠᠭ᠎ᠠ ᠶᠢ ᠰᠢᠯᠤᠭᠤᠳᠬᠠᠵᠤ᠂ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠶᠢᠨ | ᠠᠷᠭ᠎ᠠ ᠬᠡᠯᠪᠡᠷᠢ ᠶᠢ ᠰᠢᠨᠡᠴᠢᠯᠡᠵᠦ᠂ ᠠᠵᠢᠯ ᠶᠢᠨ ᠲᠣᠭᠲᠠᠴᠠ ᠶᠢ ᠪᠦᠷᠢᠨᠰᠢᠬᠦᠯᠵᠦ᠂ ᠬᠢᠨᠠᠨ ᠰᠢᠯᠭᠠᠵᠤ | ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠱᠠᠲᠤ ᠱᠠᠲᠤ ᠪᠠᠷ ᠳᠠᠷᠤᠯᠲᠠ ᠥᠭᠴᠦ᠂ ᠠᠵᠢᠯ ᠶᠢᠨ | ᠬᠠᠮᠲᠤᠷᠠᠯ ᠬᠦᠴᠦᠨ ᠢ ᠴᠢᠨᠠᠭᠰᠢᠳᠠ ᠪᠦᠷᠢᠯᠳᠦᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠡᠯ᠎ᠡ ᠵᠦᠶᠯ ᠤᠨ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ | ᠬᠡᠷᠡᠭᠲᠡᠶ ᠭᠡᠵᠦ ᠵᠢᠭᠠᠵᠤ ᠭᠠᠷᠭᠠᠪᠠ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠶᠯᠡᠴᠢᠯᠡᠭᠡᠨ ᠤ | ᠪᠠᠲᠤᠯᠠᠭ᠎ᠠ ᠶᠢ ᠰᠠᠶᠢᠲᠤᠷ ᠬᠢᠵᠦ᠂ ᠬᠠᠮᠢᠶ᠎ᠠ ᠪᠦᠬᠦᠢ ᠠᠵᠢᠯᠲᠠᠨ ᠤ ᠪᠠᠭᠤᠵᠤ ᠳᠡᠶᠢᠯᠬᠦ᠂ ᠣᠴᠣᠶᠢᠵᠤ ᠳᠡᠶᠢᠯᠬᠦ᠂ | ᠰᠠᠶᠢᠲᠤᠷ ᠠᠵᠢᠯᠯᠠᠬᠤ ᠶᠢ ᠪᠠᠲᠤᠯᠠᠬᠤ ᠬᠡᠷᠡᠭᠲᠡᠶ ᠭᠡᠪᠡ᠃ |