| | | | | | | | | | 10 ᠳ᠋ᠤᠭᠠᠷ ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ | ᠴᠢᠶᠦ᠋ᠩ ᠰᠤᠷᠤᠯᠴᠠᠯᠭ᠎ᠠ ᠬᠥᠮᠦᠵᠢᠯ ᠤᠨ ᠠᠯᠪᠠᠨ ᠭᠡᠷ ᠲᠤ ᠭᠦᠨᠵᠡᠭᠡᠶᠢᠷᠡᠨ ︽ᠤᠭ ᠰᠠᠨᠠᠭ᠎ᠠ ᠪᠠᠨ ᠦᠯᠦ ᠮᠠᠷᠲᠠᠵᠤ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ᠥᠷᠨᠢᠭᠦᠯᠦᠭᠰᠡᠨ | ᠪᠠᠶᠢᠳᠠᠯ ᠢ ᠪᠠᠶᠢᠴᠠᠭᠠᠨ ᠰᠤᠳᠤᠯᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠶᠦᠨ ᠯᠢᠨ ᠴᠢᠶᠦ᠋ᠩ ᠭᠤᠤᠯ ᠰᠡᠳᠦᠪᠲᠦ ᠬᠥᠮᠦᠵᠢᠯ ᠤᠨ | ᠬᠠᠮᠢᠶ᠎ᠠ ᠪᠦᠬᠦᠢ ᠮᠠᠲ᠋ᠧᠷᠢᠶᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠬᠦ ᠶᠢᠨ ᠬᠠᠮᠲᠤ᠂ ᠰᠤᠷᠤᠯᠴᠠᠯᠭ᠎ᠠ ᠬᠥᠮᠦᠵᠢᠯ ᠤᠨ | ᠠᠯᠪᠠᠨ ᠭᠡᠷ ᠤᠨ ᠠᠵᠢᠯᠲᠠᠨ ᠲᠠᠢ ᠰᠠᠨᠠᠯ ᠢᠶᠠᠨ ᠰᠣᠯᠢᠯᠴᠠᠵᠤ᠂ ᠠᠵᠢᠯ ᠶᠢᠨ ᠳᠤᠮᠳᠠ ᠲᠤᠯᠭᠠᠷᠠᠭᠰᠠᠨ ᠬᠦᠴᠢᠷᠳᠡᠯ | ᠪᠣᠯᠤᠨ ᠠᠰᠠᠭᠤᠳᠠᠯ ᠳᠤ ᠪᠣᠳᠠᠲᠠᠶ ᠵᠢᠯᠣᠭᠤᠳᠬᠤ ᠰᠠᠨᠠᠯ ᠳᠤᠷᠠᠳᠴᠤ᠂ ᠳᠠᠷᠠᠭᠠᠴᠢ ᠶᠢᠨ ᠠᠯᠬᠤᠮ ᠳᠤ ᠭᠤᠤᠯ | ᠰᠡᠳᠦᠪᠲᠦ ᠬᠥᠮᠦᠵᠢᠯ ᠤᠨ ᠠᠵᠢᠯ ᠢ ᠥᠷᠨᠢᠭᠦᠯᠬᠦ ᠳᠤ ᠰᠡᠳᠬᠢᠴᠡ ᠪᠠᠨ ᠲᠣᠳᠣᠷᠬᠠᠶ ᠪᠣᠯᠭᠠᠭᠰᠠᠨ ᠪᠠᠶᠢᠨ᠎ᠠ᠃ | ᠠᠮᠵᠢᠯᠲᠠ ᠪᠠᠨ ᠨᠤᠲᠠᠯᠠᠬᠤ ᠶᠢᠨ ᠬᠠᠮᠲᠤ ᠶᠦᠨ ᠯᠢᠨ ᠴᠢᠶᠦ᠋ᠩ᠂ ᠤᠭ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ | ᠬᠠᠷᠢᠭᠤᠴᠠᠯᠭ᠎ᠠ ᠪᠠᠨ ᠡᠭᠦᠷᠭᠡᠯᠡᠵᠦ᠂ ᠵᠥᠷᠢᠶ᠎ᠡ ᠪᠠᠨ ᠡᠷᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠡᠷᠦᠩᠬᠡᠶ | ᠱᠠᠭᠠᠷᠳᠠᠯᠭ᠎ᠠ ᠶᠢ ᠪᠠᠲᠤ ᠡᠵᠡᠮᠳᠡᠵᠦ᠂ ᠡᠨᠡ ᠤᠳᠠᠭ᠎ᠠ ᠶᠢᠨ ᠭᠤᠤᠯ ᠰᠡᠳᠦᠪᠲᠦ ᠬᠥᠮᠦᠵᠢᠯ ᠤᠨ ᠪᠣᠳᠠᠲᠤ ᠦᠷ᠎ᠡ | ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠶᠦᠨ ᠯᠢᠨ ᠴᠢᠶᠦ᠋ᠩ ᠵᠢᠭᠠᠵᠤ ᠭᠠᠷᠭᠠᠭᠰᠠᠨ ᠨᠢ᠂ ᠰᠤᠷᠤᠯᠴᠠᠯᠭ᠎ᠠ ᠬᠥᠮᠦᠵᠢᠯ ᠤᠨ ᠠᠯᠪᠠᠨ ᠭᠡᠷ ᠲᠣᠰ | ᠤᠳᠠᠭ᠎ᠠ ᠶᠢᠨ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠨᠠᠷᠢᠨ ᠬᠢᠨᠠᠮᠠᠭᠠᠶ ᠡᠮᠬᠢᠯᠡᠨ ᠳ᠋ᠦᠩᠨᠡᠵᠦ | ᠳᠤᠷᠠᠳᠤᠭᠰᠠᠨ ᠰᠠᠨᠠᠭᠤᠯᠭ᠎ᠠ ᠶᠢ ᠨᠠᠷᠢᠨ ᠬᠢᠨᠠᠮᠠᠭᠠᠶ ᠳ᠋ᠦᠩᠨᠡᠵᠦ᠂ ᠲᠠᠷᠠᠭᠠᠴᠢ ᠶᠢᠨ ᠠᠯᠬᠤᠮ ᠤᠨ ᠠᠵᠢᠯ ᠶᠢᠨ ᠳᠤᠮᠳᠠ | ᠪᠠᠨ ᠪᠣᠳᠠᠲᠠᠶ ᠠᠰᠠᠭᠤᠳᠠᠯ ᠢ ᠰᠢᠶᠳᠪᠦᠷᠢᠯᠡᠬᠦ ᠪᠠ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ | ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠬᠦ ᠪᠠᠷ ᠭᠠᠷᠤᠭ᠎ᠠ ᠪᠣᠯᠭᠠᠵᠤ᠂ ᠰᠢᠨ᠎ᠡ ᠶᠢ ᠡᠭᠦᠳᠬᠦ ᠴᠡᠭ ᠢ | ᠰᠢᠷᠭᠠᠭᠠᠬᠤ ᠪᠠᠷ ᠳᠠᠮᠵᠢᠨ᠂ ᠦᠨᠳᠦᠰᠦᠨ ᠱᠠᠲᠤᠨ ᠤ ᠠᠵᠢᠯ ᠶᠢᠨ ᠲᠦᠪᠰᠢᠨ ᠢ ᠳᠡᠭᠡᠭᠰᠢᠯᠡᠭᠦᠯᠵᠦ᠂ ᠨᠠᠮ ᠤᠨ | ᠭᠡᠰᠢᠭᠦᠨ ᠺᠠᠳ᠋ᠷᠴᠤᠳ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠲᠦᠮᠡᠨ ᠳᠤ ᠵᠣᠯ ᠵᠢᠷᠭᠠᠯ | ᠣᠯᠭᠤᠬᠤ ᠬᠡᠷᠡᠭᠲᠡᠶ᠃ ᠳᠡᠷᠭᠡᠳᠡᠬᠢ ᠶᠠᠪᠤᠳᠠᠯ ᠠᠴᠠ ᠪᠠᠨ ᠡᠬᠢᠯᠡᠨ ᠬᠢᠵᠦ᠂ ᠨᠠᠮ ᠤᠨ ᠰᠤᠷᠲᠠᠯ ᠤᠨ ᠪᠠᠶᠢᠭᠤᠯᠤᠯᠲᠠ | ᠶᠢ ᠲᠠᠰᠤᠷᠠᠯᠲᠠ ᠦᠭᠡᠢ ᠴᠢᠩᠭᠠᠳᠬᠠᠵᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠳᠤᠮᠳᠠ ᠤᠷᠤᠭᠰᠢᠯᠠᠵᠤ᠂ ᠦᠯᠢᠭᠡᠷ ᠳᠠᠭᠤᠷᠢᠶᠠᠯ ᠪᠣᠯᠵᠤ᠂ | ᠬᠡᠯᠪᠡᠷᠢᠴᠢ ᠦᠵᠡᠯ ᠪᠣᠯᠤᠨ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠭᠤᠤᠯ ᠰᠡᠳᠦᠪᠲᠦ ᠬᠥᠮᠦᠵᠢᠯ ᠤᠨ | ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ᠃ | ᠬᠤᠲᠠ ᠶᠢᠨ ᠨᠠᠮ ᠤᠨ ᠬᠤᠷᠢᠶᠠᠨ ᠤ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠳᠥᠷᠪᠡᠳᠦᠭᠡᠷ ᠵᠢᠯᠣᠭᠤᠳᠬᠤ ᠳᠤᠭᠤᠶᠢᠯᠠᠩ ᠤᠨ | ᠪᠦᠷᠢᠯᠳᠦᠬᠦᠨ ᠵᠢᠴᠢ ᠰᠢᠶᠠᠨ ᠤ ᠤᠳᠤᠷᠢᠳᠤᠯᠭ᠎ᠠ ᠯᠢ ᠯᠢᠦ ᠰᠢᠶᠣᠤ᠂ ᠫᠠᠨ ᠵᠢᠶᠠᠨ ᠵᠢᠶᠦ᠋ᠨ ᠨᠡᠷ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ | |