| | | | | | | | | | | | | 10 ᠳ᠋ᠤᠭᠠᠷ ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ | ᠳᠠᠷᠤᠭ᠎ᠠ ᠺᠠᠩ ᠶᠦᠩ ᠴᠢᠶᠠᠩ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ ᠠᠵᠤ | ᠦᠶᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠺᠠᠩ ᠶᠦᠩ ᠴᠢᠶᠠᠩ ᠨᠠᠷ ᠠᠵᠤ ᠦᠶᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠳ᠋ᠦ᠋ | ᠬᠦᠶ ᠵᠦᠩ ᠤᠨ ᠪᠠᠷ᠎ᠠ ᠪᠣᠯᠣᠯᠤᠭ᠎ᠠ ᠲᠠᠢ ᠪᠠᠷ᠂ ᠤᠷᠢᠳ ᠬᠤᠵᠢᠳ ᠥᠪᠥᠷ ᠮᠣᠩᠭᠤᠯ ᠤᠨ ᠾᠧᠩ ᠶᠤᠸᠠᠨ ᠭᠤᠤ | ᠯᠢᠩ ᠰᠢᠷᠤᠢ ᠶᠢᠨ ᠬᠢᠵᠠᠭᠠᠷᠲᠤ ᠺᠣᠮᠫᠠᠨᠢ᠂ ᠰᠢᠤᠢ ᠶᠠᠩ ᠵᠦᠩ ᠷᠠᠨ ᠡᠨᠧᠷᠭᠢ ᠶᠢᠨ ᠬᠢᠵᠠᠭᠠᠷᠲᠤ ᠺᠣᠮᠫᠠᠨᠢ᠂ ᠸᠠᠨ ᠴᠢᠦ | ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠬᠠᠳᠤᠨ ᠭᠤᠤᠯ ᠢ ᠬᠦᠷᠢᠶᠡᠯᠡᠩ ᠳᠤ | ᠲᠡᠳᠡᠨ ᠣᠷᠣᠭᠤᠯᠵᠤ ᠤᠰᠤ ᠬᠠᠩᠭᠠᠬᠤ ᠢᠨᠵᠧᠨᠧᠷᠢᠩ ᠤᠨ ᠲᠥᠷᠥᠯ ᠵᠦᠶᠯ ᠵᠡᠷᠭᠡ ᠭᠠᠵᠠᠷ ᠢᠶᠠᠷ ᠭᠦᠨᠵᠡᠭᠡᠶᠢᠷᠡᠪᠡ᠃ | ᠬᠦᠷᠦᠭᠰᠡᠨ ᠭᠠᠵᠠᠷ ᠪᠣᠯᠭᠠᠨ ᠳᠤ᠂ ᠺᠠᠩ ᠶᠦᠩ ᠴᠢᠶᠠᠩ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ | ᠭᠦᠨᠵᠡᠭᠡᠶ ᠶᠠᠷᠢᠯᠴᠠᠵᠤ᠂ ᠦᠶᠯᠡᠳᠪᠦᠷᠢ ᠶᠢᠨ ᠭᠡᠷ ᠪᠠᠶᠢᠰᠢᠩ᠂ ᠦᠶᠯᠡᠳᠪᠦᠷᠢ ᠶᠢᠨ ᠳᠠᠰᠤᠭ ᠲᠤ ᠣᠷᠣᠵᠤ᠂ ᠲᠥᠷᠥᠯ | ᠵᠦᠶᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ | ᠬᠠᠮᠲᠤ ᠲᠥᠷᠥᠯ ᠵᠦᠶᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠨᠢᠭᠡᠳ | ᠨᠢᠭᠡ ᠪᠠᠷ ᠡᠮᠬᠢᠯᠡᠵᠦ᠂ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ ᠪᠠᠶᠢᠭᠠᠳ ᠰᠢᠶᠳᠪᠦᠷᠢᠯᠡᠬᠦ ᠲᠥᠰᠦᠯ ᠢ | ᠳᠤᠷᠠᠳᠴᠠᠶ᠃ | ᠺᠠᠩ ᠶᠦᠩ ᠴᠢᠶᠠᠩ ᠱᠠᠭᠠᠷᠳᠠᠭᠰᠠᠨ ᠨᠢ᠂ ᠨᠢᠭᠡ ᠳᠤ᠂ ᠲᠥᠷᠥᠯ ᠵᠦᠶᠯ ᠤᠨ ᠠᠵᠢᠯᠯᠠᠭᠠᠨ ᠢ ᠡᠮᠬᠢ ᠵᠢᠷᠤᠮ | ᠲᠠᠢ ᠶᠠᠪᠤᠭᠳᠠᠭᠤᠯᠵᠤ᠂ ᠣᠳᠣᠬᠢ ᠪᠠᠶᠢᠳᠠᠯ ᠢ ᠪᠣᠳᠣᠯᠬᠢᠯᠠᠬᠤ ᠶᠢᠨ ᠬᠠᠮᠲᠤ ᠢᠷᠡᠭᠡᠳᠦᠶ ᠶᠢᠨ ᠬᠥᠭᠵᠢᠯᠲᠡ ᠶᠢ | ᠪᠣᠳᠣᠯᠬᠢᠯᠠᠵᠤ᠂ ᠡᠯ᠎ᠡ ᠲᠥᠷᠥᠯ ᠵᠦᠶᠯ ᠤᠨ ᠬᠠᠷᠢᠭᠤᠴᠠᠯᠭᠠᠲᠤ ᠤᠳᠤᠷᠢᠳᠤᠯᠭ᠎ᠠ ᠪᠣᠯᠤᠨ ᠬᠠᠮᠢᠶ᠎ᠠ ᠪᠦᠬᠦᠢ ᠰᠠᠯᠠᠭ᠎ᠠ | ᠮᠥᠴᠢᠷ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ᠃ ᠬᠤᠶᠠᠷ ᠲᠤ᠂ ᠠᠵᠤ ᠠᠬᠤᠶᠢᠯᠠᠯ ᠲᠠᠢ | ᠢᠳᠡᠪᠬᠢᠲᠡᠢ ᠵᠣᠯᠭᠠᠭᠤᠯᠵᠤ᠂ ᠰᠠᠨᠠᠭᠠᠴᠢᠯᠠᠭ᠎ᠠ ᠠᠴᠠ ᠪᠠᠨ ᠰᠠᠶᠢᠲᠤᠷ ᠦᠢᠯᠡᠴᠢᠯᠡᠵᠦ᠂ ᠲᠥᠷᠥᠯ ᠵᠦᠶᠯ ᠤᠨ | ᠠᠵᠢᠯᠯᠠᠭᠠᠨ ᠤ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠮᠥᠷᠳᠡᠨ | ᠰᠢᠶᠳᠪᠦᠷᠢᠯᠡᠨ᠎ᠡ᠃ ᠭᠤᠷᠪᠠ ᠳᠤ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠷᠴᠢᠮ | ᠢ ᠤᠯᠠᠮ ᠨᠢᠭᠡ ᠠᠯᠬᠤᠮ ᠴᠢᠩᠭᠠᠷᠠᠭᠤᠯᠵᠤ᠂ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠬᠤ ᠡᠷᠴᠢᠮ ᠢ ᠰᠠᠶᠢᠲᠤᠷ | ᠠᠳᠬᠤᠬᠤ ᠬᠡᠷᠡᠭᠲᠡᠶ ᠭᠡᠵᠡᠢ᠃ | |