11 ᠳ᠋ᠦ᠋ᠭᠡᠷ ᠰᠠᠷ᠎ᠠ ᠶᠢᠨ 8 ᠤ ᠦᠳᠡ ᠬᠤᠶᠢᠨ᠎ᠠ᠂ ᠴᠢᠩ ᠱᠦᠶ ᠾᠧ ᠰᠢᠶᠠᠨ ᠲᠣᠰᠬᠤᠨ ᠳᠤ ᠰᠠᠭᠤᠭ᠎ᠠ | ᠺᠠᠳ᠋ᠷ ᠢ ᠵᠣᠬᠢᠶᠠᠨ ᠪᠠᠶᠢᠭᠤᠯᠵᠤ ᠶᠠᠳᠠᠭᠤ ᠶᠢ ᠲᠡᠳᠬᠦᠬᠦ ᠲᠤᠬᠠᠶᠢᠯᠠᠭᠰᠠᠨ ᠠᠵᠢᠯ ᠶᠢᠨ ᠮᠡᠳᠡᠯᠭᠡ ᠶᠢᠨ ᠰᠢᠯᠭᠠᠯᠲᠠ | ᠬᠢᠪᠡ᠃ | ᠲᠣᠰ ᠤᠳᠠᠭᠠᠨ ᠤ ᠶᠠᠳᠠᠭᠤ ᠶᠢ ᠲᠡᠳᠬᠦᠬᠦ ᠮᠡᠳᠡᠯᠭᠡ ᠶᠢᠨ ᠰᠢᠯᠭᠠᠯᠲᠠ ᠶᠢ 8 ᠰᠢᠶᠠᠩ ᠪᠠᠯᠭᠠᠰᠤᠨ ᠳᠤ ᠲᠣᠰ | ᠲᠣᠰ ᠰᠢᠯᠭᠠᠯᠲᠠ ᠶᠢᠨ ᠲᠠᠯᠠᠪᠠᠢ ᠭᠠᠷᠭᠠᠵᠤ ᠲᠥᠪᠯᠡᠷᠡᠭᠦᠯᠦᠨ ᠶᠠᠪᠤᠭᠳᠠᠭᠤᠯᠪᠠ᠃ ᠬᠤᠲᠠ ᠶᠢᠨ ᠲᠣᠮᠢᠯᠠᠨ | ᠰᠠᠭᠤᠯᠭᠠᠭᠰᠠᠨ ᠴᠢᠩ ᠱᠦᠶ ᠾᠧ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠰᠢᠮᠳᠠᠭᠤᠯᠤᠨ ᠵᠢᠯᠣᠭᠤᠳᠬᠤ ᠳᠤᠭᠤᠶᠢᠯᠠᠩ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ | ᠰᠢᠶᠠᠩ ᠪᠠᠯᠭᠠᠰᠤᠨ ᠤ ᠲᠣᠰᠬᠤᠨ ᠳᠤ ᠰᠠᠭᠤᠭ᠎ᠠ ᠠᠵᠢᠯ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ | ᠰᠢᠯᠭᠠᠯᠲᠠ ᠶᠢᠨ ᠶᠠᠪᠤᠳᠠᠯ ᠤᠨ ᠳᠤᠭᠤᠶᠢᠯᠠᠩ ᠢ ᠪᠦᠷᠢᠯᠳᠦᠭᠦᠯᠵᠦ ᠰᠢᠯᠭᠠᠯᠲᠠ ᠶᠢᠨ ᠲᠠᠯᠠᠪᠠᠢ ᠶᠢᠨ ᠬᠢᠨᠠᠨ ᠰᠢᠯᠭᠠᠬᠤ | ᠠᠵᠢᠯ ᠢ ᠬᠠᠷᠢᠭᠤᠴᠠᠪᠠ᠃ | ᠰᠢᠯᠭᠠᠯᠲᠠ ᠶᠢ ᠪᠢᠲᠡᠭᠦᠮᠵᠢᠯᠡᠭᠰᠡᠨ ᠰᠢᠯᠭᠠᠯᠲᠠ ᠶᠢᠨ ᠬᠡᠯᠪᠡᠷᠢ ᠪᠠᠷ ᠶᠠᠪᠤᠭᠳᠠᠭᠤᠯᠪᠠ᠃ ᠪᠦᠬᠦ ᠰᠢᠶᠠᠨ ᠤ | 291 ᠲᠣᠰᠬᠤᠨ ᠳᠤ ᠰᠠᠭᠤᠭ᠎ᠠ ᠺᠠᠳ᠋ᠷ ᠡᠨᠡ ᠤᠳᠠᠭᠠᠨ ᠤ ᠶᠠᠳᠠᠭᠤ ᠶᠢ ᠲᠡᠳᠬᠦᠬᠦ ᠮᠡᠳᠡᠯᠭᠡ ᠶᠢᠨ ᠰᠢᠯᠭᠠᠯᠲᠠ ᠳᠤ | ᠣᠷᠣᠯᠴᠠᠵᠤ᠂ 18 ᠺᠠᠳ᠋ᠷ ᠡᠪᠡᠳᠴᠢᠨ ᠢᠶᠠᠷ ᠪᠤᠶᠤ ᠠᠯᠪᠠᠨ ᠶᠠᠪᠤᠳᠠᠯ ᠢᠶᠠᠷ ᠭᠠᠳᠠᠭᠰᠢ ᠭᠠᠷᠤᠭᠰᠠᠨ ᠠᠴᠠ ᠪᠣᠯᠵᠤ | ᠰᠢᠯᠭᠠᠯᠲᠠ ᠳᠤ ᠣᠷᠣᠯᠴᠠᠭᠰᠠᠨ ᠦᠭᠡᠢ᠃ ᠪᠦᠬᠦ ᠰᠢᠯᠭᠠᠯᠲᠠ ᠶᠢᠨ ᠶᠠᠪᠤᠴᠠ ᠳᠤ ᠲᠣᠰᠬᠤᠨ ᠳᠤ ᠰᠠᠭᠤᠭ᠎ᠠ ᠺᠠᠳ᠋ᠷ ᠤᠨ | ᠣᠪᠣᠷ ᠲᠥᠪ᠂ ᠰᠡᠳᠦᠪ ᠬᠠᠷᠢᠭᠤᠯᠬᠤ ᠳᠠᠭᠠᠨ ᠨᠠᠷᠢᠨ ᠬᠢᠨᠠᠮᠠᠭᠠᠶ᠂ ᠰᠢᠯᠭᠠᠯᠲᠠ ᠶᠢᠨ ᠲᠠᠯᠠᠪᠠᠢ ᠶᠢᠨ ᠠᠭᠤᠷ ᠠᠮᠢᠰᠬᠤᠯ | ᠲᠥᠪ ᠴᠢᠩᠭ᠎ᠠ᠂ ᠡᠮᠬᠢ ᠳᠢᠭᠯᠢᠮ ᠲᠠᠢ ᠪᠠᠶᠢᠯ᠎ᠠ᠃ | ᠰᠢᠯᠭᠠᠯᠲᠠ ᠳᠠᠭᠤᠰᠤᠭᠰᠠᠨ ᠤ ᠳᠠᠷᠠᠭ᠎ᠠ᠂ ᠡᠯ᠎ᠡ ᠬᠢᠨᠠᠨ ᠰᠢᠯᠭᠠᠬᠤ ᠳᠤᠭᠤᠶᠢᠯᠠᠩ ᠤᠨ ᠬᠢᠨ ᠲᠣᠰᠬᠤᠨ ᠳᠤ | ᠰᠠᠭᠤᠭ᠎ᠠ ᠺᠠᠳ᠋ᠷᠴᠤᠳ ᠲᠠᠢ ᠰᠠᠨᠠᠯ ᠢᠶᠠᠨ ᠰᠣᠯᠢᠯᠴᠠᠵᠤ᠂ ᠡᠨᠡ ᠤᠳᠠᠭᠠᠨ ᠤ ᠬᠢᠨᠠᠨ ᠰᠢᠯᠭᠠᠯᠲᠠ ᠶᠢᠨ ᠠᠭᠤᠯᠭ᠎ᠠ ᠪᠣᠯ | ᠲᠣᠰᠬᠤᠨ ᠳᠤ ᠰᠠᠭᠤᠭ᠎ᠠ ᠠᠵᠢᠯ ᠳᠤ ᠮᠡᠳᠡᠪᠡᠰᠦ ᠵᠣᠬᠢᠬᠤ ᠴᠢᠬᠤᠯᠠ ᠪᠦᠬᠦᠢ ᠠᠭᠤᠯᠭ᠎ᠠ ᠮᠥᠨ ᠭᠡᠵᠦ ᠨᠡᠶᠢᠳᠡᠮ ᠳᠡᠭᠡᠨ | ᠦᠵᠡᠵᠦ᠂ ᠰᠠᠶ᠋ᠢᠬᠠᠨ ᠲᠡᠭᠦᠰᠦᠭᠰᠡᠨ ᠪᠥᠬᠦ ᠬᠤᠲᠠ ᠶᠢᠨ ᠲᠣᠰᠬᠤᠨ ᠳᠤ ᠰᠠᠭᠤᠭ᠎ᠠ ᠺᠠᠳ᠋ᠷᠴᠤᠳ ᠤᠨ ᠳᠠᠬᠢᠨ | ᠰᠤᠷᠤᠯᠴᠠᠵᠤ ᠳᠠᠬᠢᠨ ᠳᠠᠪᠲᠠᠨ ᠪᠣᠯᠪᠠᠰᠤᠷᠠᠭᠤᠯᠬᠤ ᠴᠢᠩ ᠱᠦᠶ ᠾᠧ ᠭᠤᠤᠯ ᠤᠨ ᠡᠷᠬᠢᠯᠡᠭᠰᠡᠨ ᠪᠣᠯᠪᠠᠰᠤᠷᠠᠯ ᠤᠨ | ᠠᠩᠭᠢ ᠳᠡᠭᠡᠷ᠎ᠡ ᠨᠢᠭᠡᠨᠲᠡ ᠳᠠᠬᠢᠨᠲᠠ ᠰᠤᠷᠤᠯᠴᠠᠪᠠ᠃ ᠰᠢᠯᠭᠠᠯᠲᠠ ᠶᠢᠨ ᠠᠭᠤᠯᠭ᠎ᠠ ᠨᠢ ᠪᠣᠳᠠᠲᠠᠶ ᠲᠠᠢ ᠨᠡᠶᠢᠴᠡᠵᠦ᠂ | ᠡᠨᠡ ᠬᠦ ᠰᠢᠯᠭᠠᠯᠲᠠ ᠶᠢᠨ ᠬᠡᠯᠪᠡᠷᠢ ᠨᠢ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠡᠵᠡᠮᠰᠢᠬᠦ᠂ ᠶᠠᠳᠠᠭᠤ ᠶᠢ | ᠲᠡᠳᠬᠦᠬᠦ ᠲᠤᠬᠠᠶᠢᠯᠠᠭᠰᠠᠨ ᠠᠵᠢᠯ ᠶᠢᠨ ᠮᠡᠳᠡᠯᠭᠡ ᠶᠢ ᠣᠶᠢᠯᠠᠭᠠᠬᠤ᠂ ᠰᠤᠷᠴᠤ ᠬᠡᠷᠡᠭᠯᠡᠬᠦ ᠶᠢ ᠤᠶᠠᠯᠳᠤᠭᠤᠯᠬᠤ ᠶᠢ | ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠴᠢᠳᠠᠪᠤᠷᠢ ᠪᠠ ᠬᠢᠷᠢ ᠲᠦᠪᠰᠢᠨ ᠢ | ᠳᠡᠭᠡᠭᠰᠢᠯᠡᠭᠦᠯᠬᠦ ᠳᠤ ᠢᠳᠡᠪᠬᠢᠲᠡᠢ ᠠᠴᠢ ᠬᠤᠯᠪᠣᠭᠳᠠᠯ ᠪᠠ ᠦᠢᠯᠡᠳᠦᠯ ᠲᠠᠢ ᠶᠤᠮ᠃ |