ᠬᠤᠲᠠ ᠶᠢᠨ ᠤᠳᠤᠷᠢᠳᠤᠯᠭ᠎ᠠ ᠴᠢᠩ ᠱᠦᠶ ᠾᠧ ᠰᠢᠶᠠᠨ ᠤ ᠯᠠᠮᠠ ᠶᠢᠨ ᠲᠣᠬᠤᠢ ᠪᠠᠯᠭᠠᠰᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019-11-25
     11 ᠳ᠋ᠦ᠋ᠭᠡᠷ ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠾᠧ ᠬᠠᠢ ᠳ᠋ᠦᠩ ᠴᠢᠩ ᠱᠦᠶ ᠾᠧ ᠰᠢᠶᠠᠨ ᠤ ᠯᠠᠮᠠ ᠶᠢᠨ ᠲᠣᠬᠤᠢ ᠪᠠᠯᠭᠠᠰᠤ ᠳᠤ ᠭᠦᠨᠵᠡᠭᠡᠶᠢᠷᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠬᠤ ᠬᠤᠷᠠᠯ ᠬᠢᠪᠡ᠃      ᠴᠢᠶᠠᠨ ᠶᠢᠨ ᠲᠣᠰᠬᠤᠨ ᠤ ᠭᠦᠸᠧ ᠶᠤᠸᠠᠨ ᠲᠠᠷᠢᠶᠠᠯᠠᠩ ᠣᠢ ᠰᠢᠭᠤᠶ ᠶᠢᠨ ᠲᠤᠰᠬᠠᠶ ᠬᠤᠷᠰᠢᠶ᠎ᠠ ᠪᠣᠯᠤᠨ ᠬᠤᠩ ᠴᠢ ᠲᠣᠰᠬᠤᠨ ᠤ ︽ᠵᠢᠭᠠᠰᠤᠴᠢᠨ ᠠᠶᠢᠯ ᠤᠨ ᠪᠠᠶᠠᠰᠤᠯ︾ ᠳᠤ᠂ ᠾᠧ ᠬᠠᠢ ᠳ᠋ᠦᠩ ᠲᠣᠯᠣᠨᠣ ᠶᠢᠨ ᠠᠭᠰᠢᠮᠠᠭ᠂ ᠲᠣᠯᠣᠨᠣ ᠶᠢᠨ ᠢᠯᠳᠠᠰᠤ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠤᠯᠲᠠ ᠂ ᠡᠳ᠋ᠰᠢᠭᠦᠯᠦᠯᠲᠡ ᠶᠢᠨ ᠶᠠᠪᠤᠴᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ︽ᠵᠢᠭᠠᠰᠤᠴᠢᠨ ᠠᠶᠢᠯ ᠤᠨ ᠪᠠᠶᠠᠰᠤᠯ︾ ᠲᠥᠷᠥᠯ ᠵᠦᠢᠯ ᠤᠨ ᠠᠵᠢᠯᠯᠠᠭ᠎ᠠ᠂ ᠠᠰᠢᠭ ᠲᠤᠰᠠ ᠶᠢᠨ ᠬᠤᠪᠢᠶᠠᠷᠢᠯᠠᠯᠲᠠ᠂ ᠬᠥᠭᠵᠢᠯᠲᠡ ᠶᠢᠨ ᠲᠥᠯᠥᠪᠵᠢᠭᠦᠯᠪᠡ ᠵᠡᠷᠭᠡ ᠪᠠᠶᠢᠳᠠᠯ ᠢ ᠯᠠᠪᠯᠠᠨ ᠠᠰᠠᠭᠤᠪᠠ᠃ ᠳᠠᠷᠠᠭ᠎ᠠ ᠨᠢ᠂ ᠾᠧ ᠬᠠᠢ ᠳ᠋ᠦᠩ ᠯᠢᠦ ᠱᠤᠸᠠᠨ ᠵᠦ᠂ ᠰᠢᠶᠧ ᠵᠢᠩ᠂ ᠱᠢ ᠰᠢᠨ ᠷᠦᠩ᠂ ᠳ᠋ᠦᠩ ᠰᠦᠸᠧ ᠪᠠᠨ᠂ ᠮᠠ ᠸᠧᠨ ᠶᠤᠸᠠᠨ ᠵᠡᠷᠭᠡ ᠶᠠᠳᠠᠭᠤ ᠬᠦᠴᠢᠷᠳᠡᠯᠲᠡᠶ ᠡᠷᠦᠬᠡ ᠶᠢ ᠡᠷᠭᠢᠨ ᠦᠵᠡᠵᠦ᠂ ᠲᠡᠳᠡᠨ ᠤ ᠭᠡᠷ ᠪᠦᠯᠢ ᠶᠢᠨ ᠪᠠᠶᠢᠳᠠᠯ ᠵᠢᠴᠢ ᠶᠠᠳᠠᠭᠤ ᠶᠢ ᠲᠡᠳᠬᠦᠬᠦ ᠲᠥᠷᠦ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠢᠲᠡᠭᠡᠯ ᠵᠣᠷᠢᠭ ᠢᠶᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠨᠠᠮ ᠪᠣᠯᠤᠨ ᠵᠠᠰᠠᠭ ᠤᠨ ᠣᠷᠳᠣᠨ ᠤ ᠳᠠᠭᠠᠭᠤᠯᠭ᠎ᠠ ᠳᠣᠤᠷ᠎ᠠ᠂ ᠠᠮᠢᠳᠤᠷᠠᠯ ᠶᠠᠪᠤᠬᠤ ᠳᠣᠳᠥᠮ ᠰᠠᠶᠢᠵᠢᠷᠠᠬᠤ ᠶᠤᠮ ᠭᠡᠳᠡᠭ ᠢ ᠢᠲᠡᠭᠡᠭᠡᠷᠡᠢ ᠭᠡᠵᠡᠢ᠃      ᠳᠠᠷᠠᠭᠠᠴᠢ ᠶᠢᠨ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠾᠧ ᠬᠠᠢ ᠳ᠋ᠦᠩ ᠵᠢᠭᠠᠵᠤ ᠭᠠᠷᠭᠠᠭᠰᠠᠨ ᠨᠢ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠢᠯᠠᠯᠲᠠ ᠣᠯᠬᠤ ᠠᠵᠢᠯ ᠶᠢᠨ ᠭᠤᠤᠯᠳᠠᠯᠭ᠎ᠠ ᠪᠣᠯᠤᠨ᠎ᠠ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠲᠥᠷᠥᠯ ᠵᠦᠢᠯ ᠢ ᠰᠠᠶᠢᠲᠤᠷ ᠰᠣᠩᠭᠤᠵᠤ᠂ ᠲᠠᠷᠢᠶᠠᠴᠢᠨ ᠠᠵᠤ ᠠᠬᠤᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ᠂ ᠪᠠᠶᠠᠵᠢᠯ ᠤᠨ ᠳᠠᠭᠠᠭᠤᠯᠤᠭᠴᠢ ᠶᠢ ᠰᠣᠩᠭᠤᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠪᠠᠲᠤᠯᠠᠪᠤᠷᠢ ᠶᠢᠨ ᠦᠨᠳᠦᠰᠦᠨ ᠵᠦᠢᠯ ᠢ ᠪᠠᠲᠤᠯᠠᠬᠤ ᠠᠵᠢᠯ ᠢ ᠰᠠᠶᠢᠲᠤᠷ ᠠᠳᠬᠤᠵᠤ᠂ ᠮᠡᠷᠭᠡᠵᠢᠯ ᠤᠨ ᠪᠣᠯᠪᠠᠰᠤᠷᠠᠯ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠬᠢᠵᠦ᠂ ᠲᠣᠰ ᠪᠡᠶ᠎ᠡ ᠶᠢᠨ ᠬᠢᠨᠢ ᠬᠢᠷᠢ ᠪᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠶ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ ᠬᠡᠷᠡᠭᠲᠡᠶ᠃ ︽ᠵᠠᠭᠤᠨ ᠠᠵᠤ ᠠᠬᠤᠢᠯᠠᠯ ᠵᠠᠭᠤᠨ ᠲᠣᠰᠬᠤᠨ ᠲᠠᠢ ᠬᠤᠯᠪᠣᠭᠠᠯᠠᠬᠤ︾ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠢ ᠭᠦᠨᠵᠡᠭᠡᠶ ᠠᠬᠢᠭᠤᠯᠵᠤ᠂ ᠥᠷᠭᠡᠨ ᠣᠯᠠᠨ ᠠᠵᠤ ᠠᠬᠤᠢᠯᠠᠯ ᠢ ᠳᠠᠶᠢᠴᠢᠯᠠᠨ ᠵᠣᠬᠢᠶᠠᠨ ᠪᠠᠶᠢᠭᠤᠯᠵᠤ ᠪᠠᠶᠢᠭᠠᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠢᠳᠡᠪᠬᠢᠲᠡᠢ ᠣᠷᠣᠯᠴᠠᠭᠤᠯᠵᠤ᠂ ᠨᠡᠢᠭᠡᠮ ᠤᠨ ᠬᠠᠷᠢᠭᠤᠴᠠᠯᠭ᠎ᠠ ᠪᠠᠨ ᠨᠠᠩ ᠰᠠᠶᠢᠲᠤᠷ ᠭᠦᠢᠴᠡᠳᠬᠡᠵᠦ᠂ ᠪᠦᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠦᠵᠡᠭᠦᠯᠪᠡᠰᠦ ᠵᠣᠬᠢᠬᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠡᠢ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1