ᠪᠥᠬᠦ ᠬᠤᠲᠠ ᠶᠢᠨ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠠᠵᠢᠯ ᠶᠢᠨ ᠲᠤᠬᠠᠶ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠴᠢᠩ ᠱᠦᠶ ᠾᠧ ᠰᠢᠶᠠᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2019-11-05
     ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢ ᠲᠦᠷᠭᠡᠨ ᠠᠬᠢᠭᠤᠯᠬᠤ ᠲᠤᠬᠠᠢ ᠲᠥᠪ᠂ ᠣᠷᠣᠨ᠂ ᠬᠤᠲᠠ ᠭᠤᠷᠪᠠᠨ ᠱᠠᠲᠤᠨ ᠤ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠡᠯᠧᠺᠲᠷᠣᠨ ᠬᠤᠳᠠᠯᠳᠤᠭᠠᠨ ᠤ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠠᠵᠢᠯ ᠢ ᠭᠦᠨᠵᠡᠭᠡᠶ ᠠᠬᠢᠭᠤᠯᠤᠨ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠶᠠᠰᠤ ᠴᠢᠨᠠᠷ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠳᠤᠰᠠᠳᠠ᠂ 11 ᠳ᠋ᠦ᠋ᠭᠡᠷ ᠰᠠᠷ᠎ᠠ ᠶᠢᠨ 1 ᠤ ᠡᠳᠦᠷ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠲᠢᠶᠠᠨ ᠶᠦᠩ ᠬᠦᠶ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠠᠵᠢᠯᠲᠠᠳ ᠢ ᠳᠠᠭᠠᠭᠤᠯᠤᠨ ᠴᠢᠩ ᠱᠦᠶ ᠾᠧ ᠰᠢᠶᠠᠨ ᠳᠤ ᠬᠦᠷᠴᠦ ᠪᠥᠬᠦ ᠬᠤᠲᠠ ᠶᠢᠨ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠠᠵᠢᠯ ᠶᠢᠨ ᠲᠤᠬᠠᠶ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠬᠢᠪᠡ᠃      ᠲᠣᠭᠤᠷᠢᠨ ᠦᠵᠡᠬᠦ ᠳᠤᠮᠳᠠ᠂ ᠲᠢᠶᠠᠨ ᠶᠦᠩ ᠬᠦᠶ ᠨᠠᠷ ᠴᠢᠩ ᠱᠦᠶ ᠾᠧ ᠰᠢᠶᠠᠨ ᠤ ᠮᠧᠩ ᠴᠢᠩ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠪᠠᠷᠠᠭ᠎ᠠ ᠶᠢᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠲᠥᠪ᠂ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ᠂ ᠶᠤᠸᠠᠢ ᠱᠧᠩ ᠰᠢᠶᠠᠩ ᠬᠤᠷᠰᠢᠶ᠎ᠠ᠂ ᠲᠣᠰᠬᠤᠨ ᠤ ᠲᠡᠰ ᠤᠨ ᠡᠯᠧᠺᠲᠷᠣᠨ ᠬᠤᠳᠠᠯᠳᠤᠭᠠᠨ ᠤ ᠦᠢᠯᠡᠴᠢᠯᠡᠭᠡ ᠵᠡᠷᠭᠡ ᠭᠠᠵᠠᠷ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠪᠡ᠃ ᠲᠠᠨᠢᠯᠴᠠᠭᠤᠯᠭ᠎ᠠ ᠶᠢ ᠰᠣᠨᠣᠰᠬᠤ᠂ ᠲᠤᠬᠠᠶ ᠶᠢᠨ ᠭᠠᠵᠠᠷ ᠲᠤᠨᠢ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠢᠩ ᠱᠦᠶ ᠾᠧ ᠰᠢᠶᠠᠨ ᠤ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠵᠠᠭᠪᠤᠷ ᠪᠠ ᠬᠢᠷᠢ ᠪᠦᠲᠦᠮᠵᠢ ᠶᠢ ᠨᠠᠷᠢᠨ ᠣᠶᠢᠯᠠᠭᠠᠪᠠ᠃ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠲᠣᠭᠤᠷᠢᠨ ᠦᠵᠡᠬᠦ ᠪᠦᠯᠬᠦᠮ ᠤᠨ ᠬᠢᠨ ᠲᠤᠬᠠᠶ ᠶᠢᠨ ᠲᠠᠯᠠᠪᠠᠢ ᠳᠤ ᠲᠣᠭᠤᠷᠢᠨ ᠦᠵᠡᠵᠦ ᠳ᠋ᠦᠩᠨᠡᠯᠲᠡ ᠶᠢᠨ ᠬᠤᠷᠠᠯ ᠬᠤᠷᠠᠯᠳᠤᠭᠤᠯᠪᠠ᠃      ᠬᠤᠷᠠᠯ ᠳᠡᠭᠡᠷ᠎ᠡ᠂ ᠲᠢᠶᠠᠨ ᠶᠦᠩ ᠬᠦᠶ ᠴᠢᠩ ᠱᠦᠶ ᠾᠧ ᠰᠢᠶᠠᠨ ᠤ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠠᠵᠢᠯ ᠶᠢᠨ ᠣᠯᠤᠭᠰᠠᠨ ᠠᠮᠵᠢᠯᠲᠠ ᠶᠢ ᠨᠤᠲᠠᠯᠠᠵᠤ᠂ ᠣᠨᠴᠠᠭᠠᠶᠢᠯᠠᠨ ᠴᠢᠩ ᠱᠦᠶ ᠾᠧ ᠰᠢᠶᠠᠨ ᠤ ᠪᠠᠶᠢᠭᠤᠯᠤᠭᠰᠠᠨ ᠨᠠᠷᠠᠲᠤ ᠲᠡᠮᠳᠡᠭᠲᠦ᠂ ᠪᠠᠷᠠᠭ᠎ᠠ ᠶᠢᠨ ᠭᠦᠢᠯᠭᠡᠭᠡ᠂ ᠲᠣᠰᠬᠤᠨ ᠤ ᠲᠡᠰ ᠤᠨ ᠲᠣᠤᠷ ᠴᠡᠭ ᠤᠨ ᠬᠥᠭᠵᠢᠯᠲᠡ ᠶᠢᠨ ᠵᠠᠮ ᠢ ᠳᠡᠭᠡᠳᠦ ᠬᠡᠮᠵᠢᠶ᠎ᠡ ᠪᠠᠷ ᠨᠤᠲᠠᠯᠠᠭᠰᠠᠨ ᠪᠠᠶᠢᠨ᠎ᠠ᠃ ᠡᠭᠦᠨ ᠤ ᠬᠠᠮᠲᠤ ᠴᠢᠩ ᠱᠦᠶ ᠾᠧ ᠰᠢᠶᠠᠨ ᠦᠷᠭᠦᠯᠵᠢᠯᠡᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠳᠠᠭᠠᠭᠤᠯᠵᠤ᠂ ᠡᠯᠧᠺᠲᠷᠣᠨ ᠬᠤᠳᠠᠯᠳᠤᠭ᠎ᠠ ᠪᠠᠷ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠵᠠᠭᠪᠤᠷ ᠢ ᠬᠦᠴᠦᠯᠡᠨ ᠰᠦᠪᠡᠭᠴᠢᠯᠡᠵᠦ ᠠᠬᠢᠭᠤᠯᠬᠤ ᠶᠢ ᠬᠦᠰᠡᠵᠦ ᠪᠠᠶᠢᠨ᠎ᠠ᠃ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠲᠠᠷᠢᠶᠠᠯᠠᠩ ᠤᠨ ᠪᠦᠲᠦᠭᠡᠭᠳᠡᠬᠦᠨ ᠤ ᠰᠠᠭᠠᠳ ᠲᠠᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠬᠠᠮᠲᠤ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠨᠠᠩ ᠣᠯᠠᠨ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠴᠤ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠬᠡᠷᠡᠭᠲᠡᠶ ᠭᠡᠵᠡᠢ᠃      ᠰᠢᠶᠠᠨ ᠤ ᠳᠡᠳ᠋ ᠳᠠᠷᠤᠭ᠎ᠠ ᠱᠢ ᠶᠦᠩ ᠫᠢᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠣᠰ ᠤᠳᠠᠭᠠᠨ ᠤ ᠲᠤᠬᠠᠶ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠳᠤ ᠣᠷᠣᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1