︵ᠨᠢᠭᠡ︶ ᠪᠦᠬᠦ ᠰᠢᠶᠠᠨ ᠤ ᠲᠤᠭ᠎ᠠ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠤᠨ ᠤᠳᠤᠷᠢᠳᠬᠤ ᠪᠠ | ᠵᠣᠬᠢᠴᠠᠭᠤᠯᠤᠨ ᠬᠠᠮᠢᠶᠠᠷᠬᠤ ᠶᠢ ᠬᠠᠷᠢᠭᠤᠴᠠᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠶ᠂ | ᠣᠨᠣᠪᠴᠢᠲᠠᠶ᠂ ᠴᠠᠭ ᠲᠤᠬᠠᠢ ᠳᠤ ᠨᠢ ᠪᠠᠶᠢᠬᠤ ᠶᠢ ᠦᠨᠡᠨᠬᠦ ᠪᠠᠲᠤᠯᠠᠨ᠎ᠠ᠃ | ︵ᠬᠤᠶᠠᠷ︶ ᠲᠤᠭ᠎ᠠ ᠪᠦᠷᠢᠳᠬᠡᠯ ᠤᠨ ᠠᠵᠢᠯ ᠤᠨ ᠲᠠᠯ᠎ᠠ ᠪᠠᠷ ᠬᠢ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠢ ᠲᠤᠭᠤᠷᠪᠢᠨ ᠲᠣᠭᠲᠠᠭᠠᠵᠤ᠂ ᠪᠦᠬᠦ ᠰᠢᠶᠠᠨ ᠤ ᠲᠤᠭ᠎ᠠ ᠪᠦᠷᠢᠳᠬᠡᠯ ᠤᠨ ᠠᠵᠢᠯ ᠤᠨ ᠲᠥᠯᠥᠪᠵᠢᠭᠦᠯᠭᠡ | ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠯᠥᠪᠯᠡᠭᠡ ᠪᠣᠯᠤᠨ ᠰᠢᠶᠠᠩ ︵ᠪᠠᠯᠭᠠᠰᠤ︶ ᠶᠢᠨ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢᠨ ᠪᠠᠷᠢᠮᠵᠢᠶ᠎ᠠ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ ᠢ | ᠲᠣᠭᠲᠠᠭᠠᠵᠤ᠂ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ | ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠵᠤ᠂ ᠪᠦᠬᠦ ᠰᠢᠶᠠᠨ ᠤ ᠲᠤᠭ᠎ᠠ ᠪᠦᠷᠢᠳᠬᠡᠯ ᠤᠨ ᠠᠵᠢᠯ ᠢ ᠵᠢᠯᠣᠭᠤᠳᠤᠨ᠎ᠠ᠃ | | ︵ᠭᠤᠷᠪᠠ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠤᠯᠤᠰ ᠠᠷᠠᠳ ᠤᠨ ᠠᠵᠤ ᠠᠬᠤᠢ | ᠶᠢᠨ ᠲᠣᠭᠠᠴᠠᠭ᠎ᠠ ᠬᠢᠬᠦ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠰᠢᠶᠠᠨ ᠤ ᠤᠯᠤᠰ ᠠᠷᠠᠳ ᠤᠨ | ᠠᠵᠤ ᠠᠬᠤᠢ ᠶᠢᠨ ᠲᠣᠭᠠᠴᠠᠭ᠎ᠠ ᠬᠢᠬᠦ ᠳᠦᠷᠢᠮ ᠪᠣᠯᠤᠨ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠰᠢᠶᠠᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠲᠤ | ᠲᠣᠭᠠᠴᠠᠭ᠎ᠠ ᠬᠢᠵᠦ᠂ ᠤᠯᠤᠰ ᠠᠷᠠᠳ ᠤᠨ ᠠᠵᠤ ᠠᠬᠤᠢ ᠶᠢᠨ ᠲᠣᠭᠠᠴᠠᠭ᠎ᠠ ᠬᠢᠬᠦ ᠮᠠᠲ᠋ᠧᠷᠢᠶᠠᠯ ᠢ ᠡᠮᠬᠢᠯᠡᠵᠦ᠂ | ᠲᠥᠰᠦᠭᠡᠯᠡᠨ ᠪᠣᠳᠣᠬᠤ ᠪᠠ ᠬᠠᠩᠭᠠᠵᠤ᠂ ᠪᠦᠬᠦ ᠰᠢᠶᠠᠨ ᠤ ᠤᠯᠤᠰ ᠠᠷᠠᠳ ᠤᠨ ᠠᠵᠤ ᠠᠬᠤᠢ ᠶᠢᠨ ᠲᠣᠭᠠᠴᠠᠭ᠎ᠠ | ᠬᠢᠬᠦ ᠠᠵᠢᠯ ᠢ ᠬᠢᠨᠠᠨ ᠬᠠᠮᠢᠶᠠᠷᠤᠨ᠎ᠠ᠃ | ︵ᠳᠥᠷᠪᠡ︶ ᠤᠯᠤᠰ ᠠᠴᠠ ᠪᠠᠶᠢᠷᠢᠯᠠᠭᠤᠯᠤᠭᠰᠠᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠵᠣᠬᠢᠶᠠᠨ | ᠪᠠᠶᠢᠭᠤᠯᠤᠨ ᠪᠡᠶᠡᠯᠡᠭᠦᠯᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠤᠯᠤᠰ᠂ ᠥᠪᠡᠷᠲᠡᠭᠡᠨ | ᠵᠠᠰᠠᠬᠤ ᠣᠷᠣᠨ ᠪᠠ ᠬᠤᠲᠠ ᠶᠢᠨ ᠴᠢᠬᠤᠯᠠ ᠶᠡᠭᠡ ᠨᠡᠶᠢᠳᠡᠮ ᠪᠠᠶᠢᠴᠠᠭᠠᠯᠲᠠ ᠪᠠ ᠥᠯᠢᠭᠡᠷ ᠠᠪᠴᠤ ᠪᠠᠶᠢᠴᠠᠭᠠᠬᠤ ᠶᠢ | ᠵᠣᠬᠢᠶᠠᠨ ᠪᠠᠶᠢᠭᠤᠯᠤᠨ ᠪᠡᠶᠡᠯᠡᠭᠦᠯᠦᠨ᠎ᠡ︔ ᠡᠯ᠎ᠡ ᠰᠠᠯᠠᠭ᠎ᠠ ᠮᠥᠴᠢᠷ ᠤᠨ ᠨᠡᠶᠢᠭᠡᠮ ᠤᠨ ᠠᠵᠤ ᠠᠬᠤᠶ ᠶᠢᠨ | ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠪᠦᠬᠦ ᠰᠢᠶᠠᠨ ᠤ ᠦᠨᠳᠦᠰᠦᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ | ᠬᠤᠷᠢᠶᠠᠩᠭᠤᠶᠢᠯᠠᠨ ᠡᠮᠬᠢᠳᠬᠡᠵᠦ᠂ ᠤᠯᠤᠰ ᠠᠷᠠᠳ ᠤᠨ ᠠᠵᠤ ᠠᠬᠤᠶ᠂ ᠨᠡᠶᠢᠭᠡᠮ ᠤᠨ ᠬᠥᠭᠵᠢᠯᠲᠡ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠳᠠᠪᠰᠢᠯᠲᠠ ᠵᠡᠷᠭᠡ ᠪᠠᠶᠢᠳᠠᠯ ᠢ ᠪᠦᠷᠢᠳᠬᠡᠨ ᠵᠠᠳᠠᠯᠬᠤ᠂ ᠪᠦᠷᠢᠳᠬᠡᠨ ᠲᠥᠰᠦᠭᠡᠯᠡᠬᠦ ᠪᠠ | ᠪᠦᠷᠢᠳᠬᠡᠨ ᠬᠢᠨᠠᠯᠲᠠ ᠲᠠᠯᠪᠢᠨ᠎ᠠ᠃ | ︵ᠲᠠᠪᠤ︶ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠵᠢᠭᠠᠰᠤᠨ ᠠᠵᠤ ᠠᠬᠤᠶ᠂ ᠲᠠᠷᠢᠶᠠᠯᠠᠩ ᠮᠠᠯ | ᠠᠵᠤ ᠠᠬᠤᠢ ᠶᠢᠨ ᠠᠵᠤ ᠦᠶᠢᠯᠡᠰᠵᠢᠯᠲᠡ᠂ ᠠᠵᠤ ᠦᠶᠯᠡᠳᠪᠦᠷᠢ᠂ ᠡᠨᠧᠷᠭᠢ᠂ ᠨᠡᠶᠢᠭᠡᠮ᠂ ᠬᠥᠮᠦᠨ ᠠᠮᠠ᠂ | ᠬᠥᠳᠡᠯᠮᠦᠷᠢ ᠶᠢᠨ ᠡᠬᠢ ᠪᠠᠶᠠᠯᠢᠭ᠂ ᠰᠢᠨᠵᠢᠯᠡᠬᠦ ᠤᠬᠠᠭᠠᠨ ᠮᠡᠷᠭᠡᠵᠢᠯ᠂ ᠬᠡᠷᠡᠭᠯᠡᠭᠡ᠂ ᠦᠨ᠎ᠡ ᠬᠠᠩᠰᠢ᠂ ᠬᠤᠲᠠ | ᠪᠠᠯᠭᠠᠰᠤ ᠶᠢᠨ ᠠᠵᠢᠯ ᠣᠯᠤᠯᠲᠠ᠂ ᠪᠠᠷᠢᠯᠭ᠎ᠠ ᠶᠢᠨ ᠦᠶᠯᠡᠰ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ | ᠭᠡᠷ ᠭᠠᠵᠠᠷ ᠬᠥᠷᠥᠩᠭᠡ ᠶᠢᠨ ᠨᠡᠭᠡᠭᠡᠨ ᠠᠰᠢᠭᠯᠠᠯᠲᠠ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ | ᠦᠶᠯᠡᠰ᠂ ᠬᠤᠨᠤᠭ ᠪᠠ ᠢᠳᠡᠭᠡᠨ ᠤᠮᠳᠠᠭᠠᠨ ᠤ ᠦᠶᠯᠡᠰ᠂ ᠪᠤᠰᠤᠳ ᠦᠶᠯᠡᠴᠢᠯᠡᠭᠡᠨ ᠤ ᠦᠶᠯᠡᠰ᠂ ᠦᠶᠯᠡᠴᠢᠯᠡᠭᠡᠨ | ᠤ ᠦᠶᠯᠡᠰ ᠤᠨ ᠬᠤᠪᠢ ᠶᠢᠨ ᠡᠷᠦᠬᠡ᠂ ᠭᠠᠳᠠᠭᠠᠳᠤ ᠯᠤᠭ᠎ᠠ ᠶᠢᠨ ᠠᠵᠤ ᠠᠬᠤᠶ ᠪᠠ ᠵᠢᠭᠤᠯᠴᠢᠯᠠᠯ᠂ ᠠᠷᠠᠳ ᠠᠴᠠ | ᠡᠵᠡᠩᠨᠡᠭᠰᠡᠨ ᠠᠵᠤ ᠠᠬᠤᠶ᠂ ᠬᠤᠲᠠ ᠨᠡᠶᠢᠭᠡᠮ ᠤᠨ ᠠᠵᠤ ᠠᠬᠤᠶ ᠶᠢᠨ ᠦᠨᠳᠦᠰᠦᠨ ᠪᠠᠶᠢᠳᠠᠯ᠂ ᠪᠥᠬᠦ ᠰᠢᠶᠠᠨ ᠤ | ᠨᠡᠶᠢᠭᠡᠮ ᠤᠨ ᠠᠵᠤ ᠠᠬᠤᠶ᠂ ᠦᠶᠯᠡᠴᠢᠯᠡᠭᠡᠨ ᠤ ᠦᠶᠯᠡᠰ ᠤᠨ ᠡᠳ᠋ ᠤᠨ ᠶᠠᠪᠤᠳᠠᠯ᠂ ᠬᠡᠪᠴᠢᠶᠡᠵᠢᠯ ᠠᠴᠠ | ᠳᠣᠷᠣᠭᠰᠢᠬᠢ ᠠᠵᠤ ᠦᠶᠯᠡᠳᠪᠦᠷᠢ ᠶᠢᠨ ᠶᠠᠩᠵᠤ ᠠᠪᠬᠤ᠂ ᠠᠵᠤ ᠠᠬᠤᠶᠢᠯᠠᠯ ︵ᠪᠦᠯᠦᠭᠯᠡᠯ︶᠂ ᠬᠤᠲᠠ ᠪᠠᠯᠭᠠᠰᠤ | ᠪᠣᠯᠣᠨ ᠬᠥᠳᠡᠭᠡ ᠲᠣᠰᠬᠤᠨ ᠤ ᠰᠠᠭᠤᠭᠠᠯᠢ ᠠᠷᠠᠳ᠂ ᠠᠵᠤ ᠠᠬᠤᠢ ᠨᠡᠶᠢᠭᠡᠮ ᠤᠨ ᠭᠤᠣᠯᠳᠠᠯᠭᠠᠲᠤ ᠠᠰᠠᠭᠤᠳᠠᠯ | ᠵᠡᠷᠭᠡ ᠶᠢᠨ ᠪᠦᠷᠢᠳᠬᠡᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ | ᠴᠤᠭᠯᠠᠭᠤᠯᠬᠤ᠂ ᠬᠤᠷᠢᠶᠠᠩᠭᠤᠶᠢᠯᠠᠬᠤ᠂ ᠡᠮᠬᠢᠳᠬᠡᠬᠦ ᠪᠠ ᠬᠠᠩᠭᠠᠨ᠎ᠠ᠃ | ︵ᠵᠢᠷᠭᠤᠭ᠎ᠠ︶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ ᠰᠢᠶᠠᠨ ᠤ ᠬᠡᠪᠴᠢᠶᠡᠨ ᠤ ᠠᠵᠤ ᠠᠬᠤᠢ | ᠶᠢᠨ ᠬᠥᠭᠵᠢᠯᠲᠡ᠂ ᠡᠨᠧᠷᠭᠢ ᠠᠷᠪᠢᠯᠠᠨ ᠬᠤᠷᠣᠭᠳᠠᠯ ᠢ ᠪᠠᠭᠤᠷᠠᠭᠤᠯᠬᠤ᠂ ᠬᠤᠲᠠ ᠪᠠᠯᠭᠠᠰᠤᠵᠢᠯᠲᠠ ᠶᠢᠨ ᠬᠥᠭᠵᠢᠯᠲᠡ | ᠂ ᠪᠥᠬᠦ ᠲᠠᠯ᠎ᠠ ᠪᠠᠷ ᠴᠢᠨᠡᠭᠡᠯᠢᠭᠵᠢᠬᠦ ᠵᠢᠴᠢ ᠬᠥᠳᠡᠭᠡ ᠲᠣᠰᠬᠤᠨ ᠤ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ | ᠠᠬᠢᠴᠠ᠂ ᠲᠤᠭ᠎ᠠ ᠪᠦᠷᠢᠳᠬᠡᠯ᠂ ᠴᠤᠭᠯᠠᠭᠤᠯᠬᠤ᠂ ᠡᠮᠬᠢᠯᠡᠬᠦ ᠪᠠ ᠲᠤᠭ᠎ᠠ ᠪᠠᠷᠢᠮᠲᠠ ᠬᠠᠩᠭᠠᠨ᠎ᠠ᠃ | ︵ᠳᠣᠯᠤᠭ᠎ᠠ︶ ᠡᠳ᠋ ᠤᠨ ᠵᠠᠰᠠᠭ᠂ ᠮᠥᠩᠭᠦᠨ ᠭᠦᠶᠯᠭᠡᠭᠡ᠂ ᠬᠤᠪᠢ ᠶᠢᠨ ᠡᠵᠡᠩᠨᠡᠯᠲᠡ᠂ ᠬᠤᠪᠢ ᠶᠢᠨ | ᠡᠵᠡᠩᠨᠡᠯᠲᠡ ᠵᠢᠴᠢ ᠬᠤᠯᠢᠮᠠᠭ ᠠᠵᠤ ᠠᠬᠤᠢ ᠶᠢᠨ ᠭᠠᠶᠢᠯᠢ ᠲᠠᠲᠠᠪᠤᠷᠢ᠂ ᠭᠠᠳᠠᠭᠠᠳᠤ ᠭᠠᠷᠭᠠᠯᠲᠠ᠂ ᠰᠣᠶᠣᠯ ᠰᠤᠷᠭᠠᠨ | ᠬᠥᠮᠦᠵᠢᠯ᠂ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠨᠡᠶᠢᠲᠡ ᠶᠢᠨ ᠬᠡᠷᠡᠭᠯᠡᠭᠡᠨ ᠤ ᠦᠶᠯᠡᠰ᠂ ᠭᠡᠷ | ᠪᠠᠶᠢᠰᠢᠩ᠂ ᠭᠠᠳᠠᠭᠠᠳᠤ ᠠᠷᠠᠯᠵᠢᠶ᠎ᠠ ᠵᠡᠷᠭᠡ ᠦᠨᠳᠦᠰᠦᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ | ᠶᠡᠷᠦᠩᠬᠡᠶᠢᠯᠡᠨ ᠡᠮᠬᠢᠯᠡᠬᠦ ᠪᠠ ᠬᠠᠩᠭᠠᠨ᠎ᠠ᠃ | ︵ᠨᠠᠢᠮᠠ︶ ᠡᠯ᠎ᠡ ᠰᠠᠯᠠᠭ᠎ᠠ ᠮᠥᠴᠢᠷ ᠤᠨ ᠠᠵᠤ ᠠᠬᠤᠶ᠂ ᠨᠡᠶᠢᠭᠡᠮ᠂ ᠰᠢᠨᠵᠢᠯᠡᠬᠦ ᠤᠬᠠᠭᠠᠨ ᠮᠡᠷᠭᠡᠵᠢᠯ ᠤᠨ | ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠪᠦᠬᠦ ᠰᠢᠶᠠᠨ ᠤ ᠦᠨᠳᠦᠰᠦᠨ ᠲᠤᠭ᠎ᠠ | ᠪᠦᠷᠢᠳᠬᠡᠯ ᠤᠨ ᠮᠠᠲ᠋ᠧᠷᠢᠶᠠᠯ ᠢ ᠨᠢᠭᠡᠳᠦᠯᠲᠡᠶ ᠬᠢᠨᠠᠨ ᠲᠣᠭᠲᠠᠭᠠᠵᠤ᠂ ᠬᠠᠮᠢᠶᠠᠷᠴᠤ᠂ ᠨᠡᠶᠢᠲᠡᠯᠡᠵᠦ᠂ ᠪᠦᠬᠦ ᠰᠢᠶᠠᠨ ᠤ | ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠭ᠎ᠠ ᠪᠦᠷᠢᠳᠬᠡᠯ ᠤᠨ | ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ | ᠬᠠᠮᠲᠤ ᠳᠠᠭᠠᠨ ᠡᠳ᠋ᠯᠡᠬᠦ ᠳᠦᠷᠢᠮ ᠪᠣᠯᠤᠨ ᠨᠡᠶᠢᠲᠡᠯᠡᠬᠦ ᠳᠦᠷᠢᠮ ᠢ ᠵᠣᠬᠢᠶᠠᠨ ᠪᠠᠶᠢᠭᠤᠯᠤᠨ ᠪᠠᠶᠢᠭᠤᠯᠤᠨ᠎ᠠ᠃ | ︵ᠶᠢᠰᠦ︶ ᠤᠯᠤᠰ ᠠᠷᠠᠳ ᠤᠨ ᠠᠵᠤ ᠠᠬᠤᠶ᠂ ᠨᠡᠶᠢᠭᠡᠮ ᠤᠨ ᠬᠥᠭᠵᠢᠯᠲᠡ᠂ ᠰᠢᠨᠵᠢᠯᠡᠬᠦ ᠤᠬᠠᠭᠠᠨ | ᠮᠡᠷᠭᠡᠵᠢᠯ ᠤᠨ ᠳᠠᠪᠰᠢᠯᠲᠠ ᠵᠡᠷᠭᠡ ᠪᠠᠶᠢᠳᠠᠯ ᠳᠤ ᠲᠤᠭ᠎ᠠ ᠪᠦᠷᠢᠳᠬᠡᠯ ᠤᠨ ᠵᠠᠳᠠᠯᠤᠯᠲᠠ᠂ ᠲᠤᠭ᠎ᠠ ᠪᠦᠷᠢᠳᠬᠡᠯ ᠤᠨ | ᠵᠢᠱᠢᠯᠲᠡ ᠪᠣᠯᠤᠨ ᠲᠤᠭ᠎ᠠ ᠪᠦᠷᠢᠳᠬᠡᠯ ᠤᠨ ᠬᠢᠨᠠᠯᠲᠠ ᠲᠠᠯᠪᠢᠵᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠪᠣᠯᠤᠨ | ᠯᠠᠪᠯᠠᠭ᠎ᠠ ᠶᠢᠨ ᠰᠠᠨᠠᠭᠤᠯᠭ᠎ᠠ ᠬᠠᠩᠭᠠᠨ᠎ᠠ᠃ | ︵ᠠᠷᠪᠠ︶ ᠪᠦᠬᠦ ᠰᠢᠶᠠᠨ ᠤ ᠲᠤᠭ᠎ᠠ ᠪᠦᠷᠢᠳᠬᠡᠯ ᠤᠨ ᠳᠠᠩᠰᠠᠯᠠᠬᠤ ᠠᠵᠢᠯ ᠢ ᠵᠣᠬᠢᠶᠠᠨ ᠪᠠᠶᠢᠭᠤᠯᠵᠤ | ᠬᠠᠮᠢᠶᠠᠷᠤᠨ᠎ᠠ︔ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ᠂ ᠲᠤᠭ᠎ᠠ ᠪᠦᠷᠢᠳᠬᠡᠯ ᠤᠨ | ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠪᠠ ᠵᠢᠷᠤᠮᠵᠢᠭᠰᠠᠨ ᠪᠠᠶᠢᠭᠤᠯᠤᠯᠲᠠ ᠶᠢ ᠵᠢᠯᠣᠭᠤᠳᠤᠨ᠎ᠠ︔ ᠲᠤᠭ᠎ᠠ | ᠪᠦᠷᠢᠳᠬᠡᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠪᠠᠶᠢᠭᠤᠯᠵᠤ᠂ ᠲᠤᠭ᠎ᠠ | ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ | ᠵᠢᠱᠢᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠴᠢᠬᠤᠯᠠ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠢᠨᠠᠨ | ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠶᠢ ᠥᠷᠨᠢᠭᠦᠯᠦᠨ᠎ᠡ᠃ | ︵ᠠᠷᠪᠠᠨ ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠲᠤᠭ᠎ᠠ ᠪᠦᠷᠢᠳᠬᠡᠯ ᠤᠨ | ᠮᠡᠳᠡᠭᠡ ᠵᠠᠩᠭᠢ ᠶᠢᠨ ᠬᠥᠮᠥᠷᠭᠡ ᠪᠠ ᠰᠦᠯᠵᠢᠶᠡᠨ ᠤ ᠦᠨᠳᠦᠰᠦᠨ ᠪᠠᠷᠢᠮᠵᠢᠶ᠎ᠠ ᠪᠠ ᠠᠵᠢᠯᠯᠠᠭᠠᠨ ᠤ ᠲᠦᠷᠢᠮ ᠢ | ᠲᠤᠭᠤᠰᠢᠯᠠᠭᠤᠯᠤᠨ ᠬᠡᠷᠡᠭᠵᠢᠭᠦᠯᠦᠨ᠎ᠡ︔ ᠪᠦᠬᠦ ᠰᠢᠶᠠᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ | ᠠᠦ᠋ᠲ᠋ᠣᠴᠢᠯᠠᠯᠲᠠ ᠶᠢᠨ ᠰᠢᠰᠲ᠋ᠧᠮ ᠪᠣᠯᠤᠨ ᠲᠤᠭ᠎ᠠ ᠪᠦᠷᠢᠳᠬᠡᠯ ᠤᠨ ᠳ᠋ᠠᠶᠢᠲ᠋ᠠ ᠬᠥᠮᠥᠷᠭᠡ ᠶᠢᠨ ᠰᠢᠰᠲ᠋ᠧᠮ ᠢ | ᠬᠠᠮᠢᠶᠠᠷᠤᠨ᠎ᠠ᠃ ᠪᠦᠬᠦ ᠰᠢᠶᠠᠨ ᠤ ᠲᠤᠭ᠎ᠠ ᠪᠦᠷᠢᠳᠬᠡᠯ ᠤᠨ ᠳ᠋ᠠᠶᠢᠲ᠋ᠠ ᠬᠥᠮᠥᠷᠭᠡ ᠶᠢᠨ ᠲᠣᠣᠷ ᠢ ᠬᠠᠮᠢᠶᠠᠷᠤᠨ᠎ᠠ᠃ | ᠪᠦᠬᠦ ᠰᠢᠶᠠᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ | ᠵᠢᠣᠯᠭᠤᠳᠨᠠ᠃ | ︵ᠠᠷᠪᠠᠨ ᠬᠤᠶᠠᠷ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠤᠴᠢᠷ ᠶᠠᠪᠤᠳᠠᠯ ᠢ ᠳᠠᠭᠠᠭᠠᠨ ᠭᠦᠶᠴᠡᠳᠬᠡᠨ᠎ᠡ᠃ |