ᠨᠢᠭᠡ᠂ ᠪᠦᠬᠦ ᠰᠢᠶᠠᠨ ᠤ ᠬᠢᠨᠠᠨ ᠪᠤᠳᠤᠬᠤ ᠠᠵᠢᠯ ᠢ ᠡᠷᠬᠢᠯᠡᠨ ᠬᠠᠮᠢᠶᠠᠷᠤᠨ᠎ᠠ᠃ ᠪᠦᠬᠦ ᠰᠢᠶᠠᠨ ᠤ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ | ᠪᠣᠳᠣᠵᠤ ᠬᠢᠨᠠᠯᠲᠠ ᠲᠠᠯᠪᠢᠬᠤ ᠬᠡᠪᠴᠢᠶᠡᠨ ᠳᠤ ᠬᠠᠷᠢᠶᠠᠯᠠᠭᠳᠠᠬᠤ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ | ᠦᠨᠡᠨ ᠪᠣᠳᠠᠲᠠᠶ᠂ ᠬᠠᠤᠯᠢ ᠶᠣᠰᠣᠨ ᠤ ᠪᠠ ᠦᠷ᠎ᠡ ᠠᠰᠢᠭ ᠲᠤ ᠬᠢᠨᠠᠨ ᠪᠣᠳᠣᠵᠤ ᠬᠢᠨᠠᠯᠲᠠ ᠲᠠᠯᠪᠢᠬᠤ ᠶᠢ | ᠬᠠᠷᠢᠭᠤᠴᠠᠵᠤ᠂ ᠪᠦᠬᠦ ᠰᠢᠶᠠᠨ ᠤ ᠡᠳ᠋ ᠤᠨ ᠵᠠᠰᠠᠭ ᠠᠵᠤ ᠠᠬᠤᠶ ᠶᠢᠨ ᠡᠮᠬᠢ ᠵᠢᠷᠤᠮ ᠢ ᠬᠠᠮᠠᠭᠠᠯᠠᠨ᠂ ᠡᠳ᠋ ᠤᠨ | ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠴᠢᠬᠡᠴᠢ ᠵᠠᠰᠠᠭ ᠤᠨ | ᠪᠠᠶᠢᠭᠤᠯᠤᠯᠲᠠ ᠶᠢ ᠠᠬᠢᠭᠤᠯᠵᠤ᠂ ᠪᠦᠬᠦ ᠰᠢᠶᠠᠨ ᠤ ᠠᠵᠤ ᠠᠬᠤᠶ ᠪᠣᠯᠤᠨ ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ | ᠪᠠᠲᠤᠯᠠᠨ᠎ᠠ᠃ ᠬᠢᠨᠠᠨ ᠪᠣᠳᠣᠬᠤ᠂ ᠲᠤᠰᠬᠠᠶ ᠬᠢᠨᠠᠨ ᠪᠣᠳᠣᠬᠤ ᠪᠠᠶᠢᠴᠠᠭᠠᠯᠲᠠ ᠪᠠ ᠨᠡᠶᠢᠭᠡᠮ ᠤᠨ ᠬᠢᠨᠠᠨ ᠪᠣᠳᠣᠬᠤ | ᠪᠠᠶᠢᠭᠤᠯᠤᠮᠵᠢ ᠶᠢᠨ ᠬᠠᠮᠢᠶ᠎ᠠ ᠪᠦᠬᠦᠢ ᠬᠢᠨᠠᠨ ᠪᠣᠳᠣᠭᠰᠠᠨ ᠮᠡᠳᠡᠭᠦᠯᠦᠯᠲᠡ ᠶᠢ ᠬᠠᠷᠭᠤᠭᠤᠯᠤᠨ ᠪᠠᠶᠢᠴᠠᠭᠠᠭᠰᠠᠨ ᠦᠷ᠎ᠡ | ᠳ᠋ᠦᠩ ᠳᠤ ᠬᠠᠷᠢᠴᠠᠭᠤᠯᠭ᠎ᠠ ᠡᠭᠦᠷᠭᠡᠯᠡᠬᠦ ᠶᠢᠨ ᠬᠠᠮᠲᠤ ᠬᠢᠨᠠᠨ ᠪᠣᠳᠣᠭᠳᠠᠭᠰᠠᠨ ᠨᠢᠭᠡᠴᠢ ᠶᠢᠨ ᠴᠡᠭᠴᠡᠯᠡᠨ | ᠰᠠᠶᠢᠵᠢᠷᠠᠭᠤᠯᠬᠤ ᠶᠢ ᠰᠢᠮᠳᠠᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ | ᠬᠤᠶᠠᠷ᠂ ᠬᠢᠨᠠᠨ ᠪᠤᠳᠤᠬᠤ ᠠᠵᠢᠯ ᠤᠨ ᠲᠤᠬᠠᠶ ᠤᠯᠤᠰ ᠤᠨ ᠴᠢᠭᠯᠡᠯᠲᠡ᠂ ᠲᠦᠷᠦ ᠶᠢᠨ ᠪᠤᠳᠤᠯᠭ᠎ᠠ ᠪᠠ | ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠮᠠᠨ ᠤ ᠰᠢᠶᠠᠨ ᠤ ᠬᠢᠨᠠᠨ ᠪᠤᠳᠤᠬᠤ | ᠲᠤᠬᠠᠶᠢᠯᠠᠭᠰᠠᠨ ᠠᠵᠢᠯ ᠤᠨ ᠲᠦᠷᠢᠮ ᠲᠣᠭᠲᠠᠭᠠᠯ ᠢ ᠰᠤᠳᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠦᠨ᠎ᠡ᠃ ᠪᠦᠬᠦ ᠰᠢᠶᠠᠨ ᠤ ᠬᠢᠨᠠᠨ ᠪᠤᠳᠤᠬᠤ ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠪᠠ | ᠲᠤᠰᠬᠠᠶ ᠮᠡᠷᠭᠡᠵᠢᠯ ᠤᠨ ᠬᠦᠷᠢᠶᠡᠨ ᠤ ᠬᠢᠨᠠᠨ ᠪᠤᠳᠤᠬᠤ ᠠᠵᠢᠯ ᠤᠨ ᠲᠥᠯᠥᠪᠵᠢᠭᠦᠯᠭᠡ ᠵᠢᠴᠢ ᠣᠨ ᠤ ᠬᠢᠨᠠᠨ | ᠪᠤᠳᠤᠬᠤ ᠲᠥᠯᠥᠪᠯᠡᠭᠡ ᠶᠢ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠰᠢᠭᠤᠳ ᠬᠢᠨᠠᠨ | ᠪᠤᠳᠤᠬᠤ᠂ ᠪᠠᠶᠢᠴᠠᠭᠠᠬᠤ ᠪᠠ ᠬᠠᠷᠭᠤᠭᠤᠯᠤᠨ ᠪᠠᠶᠢᠴᠠᠭᠠᠬᠤ ᠵᠦᠶᠯᠡᠰ ᠲᠤ ᠬᠠᠤᠯᠢ ᠶᠣᠰᠣᠭᠠᠷ ᠬᠢᠨᠠᠨ ᠪᠣᠳᠣᠬᠤ | ᠦᠨᠡᠯᠡᠯᠲᠡ ᠬᠢᠵᠦ᠂ ᠬᠢᠨᠠᠨ ᠪᠤᠳᠤᠬᠤ ᠲᠣᠭᠲᠠᠭᠠᠯ ᠭᠠᠷᠭᠠᠬᠤ ᠪᠤᠶᠤ ᠬᠢᠨᠠᠨ ᠪᠤᠳᠤᠬᠤ ᠰᠠᠨᠠᠭᠤᠯᠭ᠎ᠠ ᠳᠤᠷᠠᠳᠤᠨ᠎ᠠ᠃ | ᠭᠤᠷᠪᠠ᠂ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠪᠠ ᠰᠢᠶᠠᠨ ᠤ ᠠᠷᠠᠳ ᠤᠨ ᠵᠠᠰᠠᠭ | ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠢᠨᠠᠨ ᠪᠣᠳᠣᠭᠰᠠᠨ ᠪᠠᠶᠢᠳᠠᠯ ᠢᠶᠠᠨ ᠨᠡᠶᠢᠲᠡᠯᠡᠵᠦ᠂ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠬᠤᠷᠸ᠎ᠠ ᠲᠣᠬᠢᠷᠠᠭᠤᠯᠭ᠎ᠠ ᠡᠵᠡᠮᠰᠢᠯ ᠤᠨ | ᠠᠷᠭ᠎ᠠ ᠬᠡᠮᠵᠢᠶ᠎ᠡ ᠵᠢᠴᠢ ᠬᠠᠮᠢᠶᠠᠷᠤᠯᠲᠠ ᠶᠢᠨ ᠪᠠᠶᠢᠭᠤᠯᠤᠯ᠂ ᠲᠣᠭᠲᠠᠴᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠬᠦ | ᠰᠠᠨᠠᠭᠤᠯᠭ᠎ᠠ ᠳᠤᠷᠠᠳᠤᠨ᠎ᠠ᠃ | ᠳᠦᠷᠪᠡ᠂ ᠳᠣᠤᠷ᠎ᠠ ᠵᠢᠭᠰᠠᠭᠠᠭᠰᠠᠨ ᠵᠦᠶᠯᠡᠰ ᠢ ᠰᠢᠭᠤᠳ ᠬᠢᠨᠠᠨ ᠪᠤᠳᠤᠵᠤ᠂ ᠬᠢᠨᠠᠨ ᠪᠤᠳᠤᠭᠰᠠᠨ | ᠮᠡᠳᠡᠭᠦᠯᠦᠯᠲᠡ ᠭᠠᠷᠭᠠᠵᠤ᠂ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠳᠣᠲᠣᠷ᠎ᠠ ᠬᠢᠨᠠᠨ | ᠪᠤᠳᠤᠭᠰᠠᠨ ᠲᠣᠭᠲᠠᠭᠠᠯ ᠭᠠᠷᠭᠠᠵᠤ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠪᠠᠶᠢᠭᠤᠯᠭ᠎ᠠ ᠳᠤ ᠰᠢᠶᠳᠪᠦᠷᠢᠯᠡᠬᠦ | ᠰᠢᠢᠳᠬᠡᠬᠦ ᠰᠠᠨᠠᠭᠤᠯᠭ᠎ᠠ ᠭᠠᠷᠭᠠᠨ᠎ᠠ᠄ | ︵1︶ ᠲᠤᠰ ᠱᠠᠲᠤᠨ ᠤ ᠲᠥᠰᠦᠪ ᠢ ᠭᠦᠶᠴᠡᠳᠬᠡᠭᠰᠡᠨ ᠪᠠᠶᠢᠳᠠᠯ ᠵᠢᠴᠢ ᠡᠳ᠋ ᠤᠨ ᠵᠠᠰᠠᠭ ᠤᠨ ᠪᠤᠰᠤᠳ | ᠣᠷᠣᠯᠭ᠎ᠠ ᠵᠠᠷᠤᠯᠭ᠎ᠠ ᠶᠢᠨ ᠪᠠᠶᠢᠳᠠᠯ᠃ | ︵2︶ ᠲᠤᠰ ᠱᠠᠲᠤᠨ ᠤ ᠡᠯ᠎ᠡ ᠰᠠᠯᠠᠭ᠎ᠠ ᠮᠥᠴᠢᠷ ︵ᠰᠢᠭᠤᠳ ᠬᠠᠷᠢᠶ᠎ᠠ ᠨᠢᠭᠡᠴᠢ ᠪᠠᠭᠲᠠᠨ᠎ᠠ︶ ᠤᠨ | ᠲᠥᠰᠦᠪ ᠢ ᠭᠦᠢᠴᠡᠳᠬᠡᠭᠰᠡᠨ ᠪᠠᠶᠢᠳᠠᠯ ᠵᠢᠴᠢ ᠡᠳ᠋ ᠤᠨ ᠵᠠᠰᠠᠭ ᠤᠨ ᠪᠤᠰᠤᠳ ᠣᠷᠣᠯᠭ᠎ᠠ ᠵᠠᠷᠤᠯᠭ᠎ᠠ ᠶᠢᠨ ᠪᠠᠶᠢᠳᠠᠯ᠂ | ᠠᠵᠢᠯ ᠦᠶᠯᠡᠰ ᠤᠨ ᠵᠣᠬᠢᠶᠠᠨ ᠪᠠᠶᠢᠭᠤᠯᠤᠯᠲᠠ ᠪᠠ ᠡᠳ᠋ ᠤᠨ ᠵᠠᠰᠠᠭ ᠤᠨ ᠪᠤᠰᠤᠳ ᠠᠵᠢᠯ ᠦᠶᠯᠡᠰ ᠤᠨ ᠵᠣᠬᠢᠶᠠᠨ | ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠃ | ︵3︶ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠤᠨ ᠤᠯᠤᠰ ᠤᠨ ᠥᠮᠴᠢᠯᠡᠯ ᠤᠨ ᠬᠦᠷᠦᠩᠭᠡ | ᠬᠤᠪᠢ ᠡᠵᠡᠮᠳᠡᠬᠦ ᠪᠠᠶᠢᠷᠢ ᠰᠠᠭᠤᠷᠢ ᠶᠢ ᠡᠵᠡᠯᠡᠵᠦ ᠪᠠᠶᠢᠬᠤ ᠪᠤᠶᠤ ᠭᠤᠣᠯᠯᠠᠬᠤ ᠪᠠᠶᠢᠷᠢ ᠶᠢ ᠡᠵᠡᠯᠡᠵᠦ ᠪᠠᠶᠢᠭ᠎ᠠ ᠠᠵᠤ | ᠠᠬᠤᠶᠢᠯᠠᠯ ᠤᠨ ᠡᠳ᠋ ᠬᠦᠷᠦᠩᠭᠡ᠂ ᠥᠷᠢ ᠰᠢᠷᠢ᠂ ᠣᠯᠵᠠᠪᠤᠷᠢ ᠠᠯᠳᠠᠪᠤᠷᠢ᠃ | ︵4︶ ᠰᠢᠶᠠᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠠᠮᠢᠶᠠᠷᠴᠤ ᠪᠠᠶᠢᠭ᠎ᠠ ᠪᠠ ᠪᠤᠰᠤᠳ | ᠨᠢᠭᠡᠴᠢ ᠶᠢᠨ ᠰᠢᠶᠠᠨ ᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠠᠮᠢᠶᠠᠷᠴᠤ ᠪᠠᠶᠢᠭ᠎ᠠ ᠨᠡᠶᠢᠭᠡᠮ ᠤᠨ ᠪᠠᠲᠤᠯᠠᠭ᠎ᠠ | ᠶᠢᠨ ᠰᠠᠭᠤᠷᠢ ᠮᠥᠩᠭᠦ᠂ ᠨᠡᠶᠢᠭᠡᠮ ᠤᠨ ᠬᠠᠨᠳᠢᠪᠯᠠᠨ ᠬᠦᠷᠭᠡᠭᠰᠡᠨ ᠪᠡᠯᠡ ᠮᠥᠩᠭᠦ ᠵᠢᠴᠢ ᠪᠤᠰᠤᠳ ᠬᠤᠯᠪᠣᠭᠳᠠᠯ ᠪᠦᠬᠦᠢ | ᠰᠠᠭᠤᠷᠢ ᠮᠥᠩᠭᠦ᠂ ᠪᠡᠯᠡ ᠮᠥᠩᠭᠦ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠃ | ︵5︶ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠭᠠᠳᠠᠭᠠᠳᠤ ᠤᠯᠤᠰ ᠤᠨ ᠵᠠᠰᠠᠭ ᠤᠨ ᠣᠷᠳᠣᠨ | ᠤ ᠲᠤᠰᠠᠯᠠᠮᠵᠢ᠂ ᠵᠢᠭᠡᠯᠡᠯᠭᠡ ᠶᠢᠨ ᠲᠥᠷᠥᠯ ᠵᠦᠢᠯ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠃ | ︵6︶ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠪᠠᠷ ᠭᠤᠤᠯ ᠪᠣᠯᠭᠠᠭᠰᠠᠨ ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠰᠦᠪ ᠢ | ᠭᠦᠶᠴᠡᠳᠬᠡᠭᠰᠡᠨ ᠪᠠᠶᠢᠳᠠᠯ ᠪᠠ ᠲᠥᠰᠦᠪ ᠤᠨ ᠭᠦᠢᠴᠡᠳᠬᠡᠯ᠃ | ︵7︶ ᠲᠦᠷᠦ ᠶᠢᠨ ᠪᠠᠶᠢᠭᠤᠯᠭ᠎ᠠ ᠪᠠ ᠬᠠᠤᠯᠢ ᠶᠣᠰᠣᠭᠠᠷ ᠬᠢᠨᠠᠨ ᠪᠤᠳᠤᠬᠤ ᠪᠠᠶᠢᠭᠤᠯᠭ᠎ᠠ ᠶᠢᠨ ᠬᠢᠨᠠᠨ | ᠪᠤᠳᠤᠬᠤ ᠬᠢᠨᠠᠯᠲᠠ ᠲᠠᠯᠪᠢᠬᠤ ᠡᠲᠡᠭᠡᠳ ᠲᠤ ᠬᠠᠷᠢᠶᠠᠯᠠᠭᠳᠠᠬᠤ ᠪᠤᠰᠤᠳ ᠨᠢᠭᠡᠴᠢ ᠶᠢᠨ ᠭᠤᠤᠯ ᠬᠠᠷᠢᠭᠤᠴᠠᠯᠭᠠᠲᠠᠨ᠂ | ᠲᠤᠰᠢᠶᠠᠯ ᠡᠭᠦᠷᠭᠡᠯᠡᠬᠦ ᠬᠤᠭᠤᠴᠠᠭᠠᠨ ᠳᠠᠭᠠᠨ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ ᠪᠤᠶᠤ ᠲᠤᠰ ᠨᠢᠭᠡᠴᠢ | ᠶᠢᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠵᠢᠴᠢ ᠬᠤᠯᠪᠣᠭᠳᠠᠯ | ᠪᠦᠬᠦᠢ ᠠᠵᠤ ᠠᠬᠤᠶ ᠶᠢᠨ ᠠᠵᠢᠯᠯᠠᠭ᠎ᠠ ᠶᠢᠨ ᠡᠭᠦᠷᠭᠡᠯᠡᠬᠦ ᠶᠣᠰᠣᠲᠠᠶ ᠠᠵᠤ ᠠᠬᠤᠶ ᠶᠢᠨ ᠬᠠᠷᠢᠭᠤᠴᠠᠯᠭ᠎ᠠ ᠪᠠᠨ | ᠭᠦᠶᠴᠡᠳᠬᠡᠭᠰᠡᠨ ᠪᠠᠶᠢᠳᠠᠯ᠃ | ︵8︶ ᠳᠡᠭᠡᠳᠦ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠠᠴᠠ ᠡᠷᠬᠡ ᠣᠯᠭᠤᠭᠰᠠᠨ ᠬᠢᠨᠠᠨ ᠪᠤᠳᠤᠬᠤ | ᠲᠥᠷᠥᠯ ᠵᠦᠢᠯ᠃ | ︵9︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠰᠢᠶᠠᠨ ᠤ | ᠬᠢᠨᠠᠨ ᠪᠤᠳᠤᠬᠤ ᠲᠣᠪᠴᠢᠶ᠎ᠠ ᠠᠴᠠ ᠬᠢᠨᠠᠨ ᠪᠤᠳᠤᠬᠤ ᠬᠡᠷᠡᠭᠲᠡᠶ ᠪᠤᠰᠤᠳ ᠵᠦᠶᠯ ᠤᠳ᠃ | ᠲᠠᠪᠤ᠂ ᠰᠢᠶᠠᠨ ᠤ ᠵᠠᠰᠠᠭ ᠤᠨ ᠣᠷᠳᠣᠨ ᠪᠠ ᠳᠡᠭᠡᠷ᠎ᠡ ᠨᠢᠭᠡ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠳᠤ | ᠲᠤᠰ ᠱᠠᠲᠤᠨ ᠤ ᠲᠥᠰᠦᠪ ᠢ ᠭᠦᠶᠴᠡᠳᠬᠡᠭᠰᠡᠨ ᠵᠢᠴᠢ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ | ᠪᠠᠶᠢᠳᠠᠯ ᠢ ᠬᠢᠨᠠᠨ ᠪᠤᠳᠤᠭᠰᠠᠨ ᠦᠷ᠎ᠡ ᠳ᠋ᠦᠩ ᠤᠨ ᠮᠡᠳᠡᠭᠦᠯᠦᠯᠲᠡ ᠳᠤᠷᠠᠳᠤᠨ᠎ᠠ︔ ᠰᠢᠶᠠᠨ ᠤ ᠵᠠᠰᠠᠭ ᠤᠨ ᠣᠷᠳᠣᠨ | ᠤ ᠨᠠᠶᠢᠳᠠᠯᠭ᠎ᠠ ᠪᠠᠷ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ | ᠲᠤᠰ ᠱᠠᠲᠤᠨ ᠤ ᠲᠥᠰᠦᠪ ᠢ ᠭᠦᠶᠴᠡᠳᠬᠡᠭᠰᠡᠨ ᠵᠢᠴᠢ ᠡᠳ᠋ ᠤᠨ ᠵᠠᠰᠠᠭ ᠤᠨ ᠪᠤᠰᠤᠳ ᠣᠷᠣᠯᠭ᠎ᠠ ᠵᠠᠷᠤᠯᠭ᠎ᠠ ᠶᠢᠨ | ᠪᠠᠶᠢᠳᠠᠯ ᠢ ᠬᠢᠨᠠᠨ ᠪᠤᠳᠤᠭᠰᠠᠨ ᠠᠵᠢᠯ ᠤᠨ ᠮᠡᠳᠡᠭᠦᠯᠦᠯᠲᠡ ᠳᠤᠷᠠᠳᠤᠨ᠎ᠠ᠃ | ᠵᠢᠷᠭᠤᠭ᠎ᠠ᠂ ᠤᠯᠤᠰ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠳᠤ ᠬᠤᠯᠪᠣᠭᠳᠠᠬᠤ ᠲᠤᠰᠬᠠᠶ | ᠲᠣᠭᠲᠠᠭᠠᠭᠰᠠᠨ ᠵᠦᠢᠯ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠳᠤ ᠲᠤᠰᠬᠠᠶ ᠬᠢᠨᠠᠨ ᠪᠤᠳᠤᠬᠤ | ᠪᠠᠶᠢᠴᠠᠭᠠᠯᠲᠠ ᠬᠢᠬᠦ ᠶᠢᠨ ᠬᠠᠮᠲᠤ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠳᠡᠭᠡᠷ᠎ᠡ ᠨᠢᠭᠡ ᠱᠠᠲᠤᠨ | ᠤ ᠬᠢᠨᠠᠨ ᠪᠤᠳᠤᠬᠤ ᠪᠠᠶᠢᠭᠤᠯᠭ᠎ᠠ ᠳᠤ ᠬᠢᠨᠠᠨ ᠪᠤᠳᠤᠬᠤ ᠪᠠᠶᠢᠴᠠᠭᠠᠯᠲᠠ ᠶᠢᠨ ᠦᠷ᠎ᠡ ᠳ᠋ᠦᠩ ᠢᠶᠠᠨ ᠮᠡᠳᠡᠭᠦᠯᠦᠨ᠎ᠡ᠃ | ᠲᠤᠯᠤᠭ᠎ᠠ᠂ ᠬᠠᠤᠯᠢ ᠶᠣᠰᠣᠭᠠᠷ ᠬᠢᠨᠠᠨ ᠪᠤᠳᠤᠬᠤ ᠬᠢᠨᠠᠯᠲᠠ ᠲᠠᠯᠪᠢᠬᠤ ᠡᠲᠡᠭᠡᠳ ᠲᠤ ᠬᠠᠷᠢᠶᠠᠯᠠᠭᠳᠠᠬᠤ | ᠨᠢᠭᠡᠴᠢ ᠶᠢᠨ ᠳᠣᠲᠣᠭᠠᠳᠤ ᠶᠢᠨ ᠬᠢᠨᠠᠨ ᠪᠤᠳᠤᠬᠤ ᠠᠵᠢᠯ ᠳᠤ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠪᠠ | ᠬᠢᠨᠠᠯᠲᠠ ᠲᠠᠯᠪᠢᠬᠤ ᠶᠢ ᠶᠠᠪᠤᠭᠳᠠᠭᠤᠯᠤᠨ᠎ᠠ᠃ | ᠨᠠᠶᠮᠠ᠂ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠭᠠᠷᠭᠠᠭᠰᠠᠨ ᠬᠠᠤᠯᠢ ᠶᠣᠰᠣᠭᠠᠷ ᠬᠢᠨᠠᠨ | ᠪᠤᠳᠤᠬᠤ ᠪᠠᠶᠢᠭᠤᠯᠭ᠎ᠠ ᠶᠢᠨ ᠬᠢᠨᠠᠯᠲᠠ ᠲᠠᠯᠪᠢᠬᠤ ᠡᠲᠡᠭᠡᠳ ᠲᠤ ᠬᠠᠷᠢᠶᠠᠯᠠᠭᠳᠠᠬᠤ ᠬᠠᠮᠢᠶ᠎ᠠ ᠪᠥᠬᠦᠶ ᠬᠢᠨᠠᠨ ᠪᠤᠳᠤᠭᠰᠠᠨ | ᠮᠡᠳᠡᠭᠦᠯᠦᠯᠲᠡ ᠶᠢ ᠬᠠᠷᠭᠤᠭᠤᠯᠤᠨ ᠪᠠᠶᠢᠴᠠᠭᠠᠨ᠎ᠠ᠃ | ᠶᠢᠰᠦ᠂ ᠰᠢᠶᠠᠨ ᠤ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ | ᠲᠤᠰᠢᠶᠠᠭᠰᠠᠨ ᠪᠤᠰᠤᠳ ᠤᠴᠢᠷ ᠶᠠᠪᠤᠳᠠᠯ ᠢ ᠳᠠᠭᠠᠭᠠᠨ ᠠᠪᠴᠤ ᠰᠢᠢᠳᠪᠦᠷᠢᠯᠡᠨ᠎ᠡ᠃ |