ᠤᠰᠤᠨ ᠤ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2019-11-08
     1. ︽ᠤᠰᠤᠨ ᠤ ᠬᠠᠤᠯᠢ︾᠂ ︽ᠬᠥᠷᠥᠰᠥ ᠰᠢᠷᠣᠶ ᠶᠢ ᠬᠠᠮᠠᠭᠠᠯᠠᠬᠤ ᠬᠠᠤᠯᠢ︾᠂ ︽ᠦᠶᠡᠷ ᠢ ᠰᠡᠷᠭᠡᠶᠢᠯᠡᠬᠦ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃      2. ᠪᠦᠬᠦ ᠰᠢᠶᠠᠨ ᠤ ᠤᠰᠤᠨ ᠤ ᠡᠬᠢ ᠪᠠᠶᠠᠯᠢᠭ ᠢ ᠨᠢᠭᠡᠳᠦᠯᠲᠡᠶ ᠬᠠᠮᠢᠶᠠᠷᠴᠤ᠂ ᠪᠦᠬᠦ ᠰᠢᠶᠠᠨ ᠤ ᠤᠰᠤᠨ ᠤ ᠶᠠᠪᠤᠳᠠᠯ ᠤᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠨ᠎ᠠ︔ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠶ ᠤᠰᠤᠨ ᠤ ᠶᠠᠪᠤᠳᠠᠯ ᠤᠨ ᠬᠠᠤᠯᠢ ᠲᠣᠭᠲᠠᠭᠠᠯ ᠪᠣᠯᠤᠨ ᠬᠡᠷᠡᠭᠵᠢᠭᠦᠯᠬᠦ ᠨᠠᠷᠢᠨ ᠳᠦᠷᠢᠮ ᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃      3. ᠤᠰᠤᠨ ᠤ ᠠᠵᠢᠯ ᠲᠥᠷᠥᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ ᠢ ᠨᠠᠢᠷᠠᠭᠤᠯᠤᠨ ᠵᠣᠬᠢᠶᠠᠵᠤ᠂ ᠤᠰᠤᠨ ᠤ ᠪᠡᠯᠡᠳᠬᠡᠮᠵᠢ᠂ ᠤᠰᠤᠨ ᠤ ᠴᠠᠷᠠᠭ᠎ᠠ ᠵᠢᠴᠢ ᠡᠷᠭᠢ ᠳᠠᠭᠠᠤ ᠶᠢᠨ ᠱᠤᠭᠤᠮ ᠤᠨ ᠬᠠᠮᠢᠶᠠᠷᠤᠯᠲᠠ ᠬᠢᠭᠡᠳ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ︔ ᠬᠠᠷᠢᠶ᠎ᠠ ᠣᠷᠣᠨ ᠤ ᠳᠣᠲᠣᠷᠠᠬᠢ ᠭᠤᠤᠯ ᠮᠥᠷᠡᠨ᠂ ᠤᠰᠤᠨ ᠴᠠᠷᠠᠭ᠎ᠠ ᠢ ᠵᠠᠰᠠᠵᠤ ᠨᠡᠭᠡᠭᠡᠨ ᠠᠰᠢᠭᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ︔ ᠡᠵᠡᠮᠳᠡᠯ ᠤᠨ ᠴᠢᠨᠠᠷᠲᠠᠶ ᠪᠤᠶᠤ ᠰᠢᠶᠠᠩ ᠪᠠᠯᠭᠠᠰᠤ ᠠᠯᠤᠰᠯᠠᠭᠰᠠᠨ ᠴᠢᠬᠤᠯᠠ ᠤᠰᠤᠨ ᠠᠰᠢᠭᠯᠠᠯᠲᠠ ᠶᠢᠨ ᠪᠠᠷᠢᠯᠭ᠎ᠠ ᠶᠢ ᠵᠣᠬᠢᠶᠠᠨ ᠪᠠᠢᠭᠤᠯᠵᠤ ᠪᠦᠲᠦᠭᠡᠨ ᠪᠠᠢᠭᠤᠯᠤᠨ᠎ᠠ︔ ᠴᠢᠬᠤᠯᠠ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      4. ᠤᠰᠤᠨ ᠤ ᠶᠠᠪᠤᠳᠠᠯ ᠤᠨ ᠡᠯ᠎ᠡ ᠵᠦᠢᠯ ᠤᠨ ᠪᠠᠷᠢᠯᠭ᠎ᠠ ᠶᠢᠨ ᠲᠥᠯᠥᠪᠵᠢᠭᠦᠯᠪᠡ᠂ ᠬᠠᠶᠢᠨ ᠬᠡᠮᠵᠢᠬᠦ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ ᠶᠢ ᠬᠠᠷᠢᠭᠤᠴᠠᠨ᠎ᠠ︔ ᠬᠥᠳᠡᠭᠡ ᠲᠣᠰᠬᠤᠨ ᠤ ᠤᠰᠤᠨ ᠠᠰᠢᠭᠯᠠᠯᠲᠠ ᠶᠢᠨ ᠠᠵᠢᠯ ᠢ ᠵᠢᠯᠣᠭᠤᠳᠤᠨ᠎ᠠ︔ ᠲᠠᠷᠢᠶᠠᠯᠠᠩ ᠤᠨ ᠤᠰᠤᠨ ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃      5. ᠬᠤᠲᠠ ᠪᠠᠯᠭᠠᠰᠤᠨ ᠤ ᠤᠰᠤ ᠲᠠᠲᠠᠬᠤ ᠤᠰᠤ ᠪᠠ ᠬᠥᠳᠡᠭᠡ ᠲᠣᠰᠬᠤᠨ ᠤ ᠬᠥᠮᠦᠨ ᠮᠠᠯ ᠤᠨ ᠤᠤᠭᠤᠬᠤ ᠤᠰᠤᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ ᠵᠣᠬᠢᠶᠠᠨ ᠪᠠᠶᠢᠭᠤᠯᠤᠨ᠎ᠠ︔ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃      6. ᠪᠦᠬᠦ ᠰᠢᠶᠠᠨ ᠤ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠬᠠᠷᠢᠭᠤᠴᠠᠵᠤ᠂ ᠬᠥᠷᠥᠰᠥ ᠰᠢᠷᠣᠶ ᠶᠢ ᠬᠠᠮᠠᠭᠠᠯᠠᠬᠤ ᠠᠵᠢᠯ ᠤᠨ ᠠᠷᠭ᠎ᠠ ᠬᠡᠮᠵᠢᠶ᠎ᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠪᠠ ᠬᠥᠳᠡᠯᠦᠩᠭᠦᠶ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      7. ᠰᠢᠶᠠᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃      8. ᠤᠰᠤᠨ ᠤ ᠶᠠᠪᠤᠳᠠᠯ ᠢ ᠬᠢᠨᠠᠨ ᠪᠠᠶᠢᠴᠠᠭᠠᠬᠤ ᠬᠢᠭᠡᠳ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠠᠷᠢᠭᠤᠴᠠᠵᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠤᠰᠤᠨ ᠤ ᠡᠬᠢ ᠪᠠᠶᠠᠯᠢᠭ ᠢ ᠨᠢᠭᠡᠳᠦᠯᠲᠡᠶ ᠬᠠᠮᠢᠶᠠᠷᠬᠤ ᠪᠠ ᠵᠣᠷᠢᠭᠤᠳᠠ ᠶᠢᠨ ᠬᠥᠷᠥᠰᠥ ᠰᠢᠷᠣᠶ ᠶᠢᠨ ᠢᠳᠡᠭᠳᠡᠯ ᠢ ᠬᠢᠨᠠᠨ ᠪᠠᠶᠢᠴᠠᠭᠠᠵᠤ᠂ ᠤᠰᠤ ᠠᠪᠬᠤ ᠵᠥᠪᠰᠢᠶᠡᠷᠡᠯ ᠤᠨ ᠦᠨᠡᠮᠯᠡᠯ ᠢ ᠬᠠᠷᠢᠭᠤᠴᠠᠨ ᠭᠦᠢᠴᠡᠳᠬᠡᠬᠦ ᠶᠢᠨ ᠬᠠᠮᠲᠤ ᠤᠰᠤᠨ ᠤ ᠶᠠᠪᠤᠳᠠᠯ ᠤᠨ ᠡᠯ᠎ᠡ ᠵᠦᠢᠯ ᠤᠨ ᠲᠣᠭᠲᠠᠭᠠᠯ ᠤᠨ ᠰᠦᠢᠳᠬᠡᠯ ᠪᠣᠯᠤᠨ ᠰᠢᠶᠠᠨ ᠤ ᠵᠠᠰᠠᠭ ᠤᠨ ᠣᠷᠳᠣᠨ ᠤ ᠲᠣᠭᠲᠠᠭᠠᠭᠰᠠᠨ ᠬᠠᠮᠢᠶ᠎ᠠ ᠪᠦᠬᠦᠢ ᠲᠣᠭᠲᠠᠭᠠᠯ ᠤᠨ ᠰᠦᠢᠳᠬᠡᠯ ᠢ ᠵᠣᠬᠢᠶᠠᠨ ᠪᠠᠶᠢᠭᠤᠯᠵᠤ᠂ ᠤᠰᠤᠨ ᠤ ᠶᠠᠪᠤᠳᠠᠯ ᠤᠨ ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠤᠨ᠎ᠠ᠃      9. ᠤᠰᠤᠨ ᠤ ᠠᠵᠢᠯ ᠲᠥᠷᠥᠯ ᠤᠨ ᠤᠰᠤ ᠬᠠᠩᠭᠠᠬᠤ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢ ᠵᠣᠬᠢᠴᠠᠭᠤᠯᠵᠤ᠂ ᠤᠰᠤᠨ ᠤ ᠦᠨ᠎ᠡ ᠬᠠᠩᠰᠢ᠂ ᠭᠠᠶᠢᠯᠢ ᠲᠠᠲᠠᠪᠤᠷᠢ᠂ ᠢᠲᠡᠭᠡᠮᠵᠢᠲᠦ ᠵᠢᠭᠡᠯᠡᠯᠭᠡ᠂ ᠡᠳ᠋ ᠤᠨ ᠶᠠᠪᠤᠳᠠᠯ ᠵᠡᠷᠭᠡ ᠠᠵᠤ ᠠᠬᠤᠢ ᠶᠢᠨ ᠲᠣᠬᠢᠷᠠᠭᠤᠯᠤᠯᠲᠠ ᠶᠢᠨ ᠲᠤᠬᠠᠶ ᠰᠠᠨᠠᠯ ᠢ ᠰᠤᠳᠤᠯᠤᠨ ᠳᠤᠷᠠᠳᠤᠨ᠎ᠠ᠃      10. ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠬᠠᠷᠢᠭᠤᠴᠠᠨ ᠲᠣᠭᠲᠠᠭᠠᠵᠤ᠂ ᠤᠰᠤᠨ ᠤ ᠠᠵᠢᠯ ᠲᠥᠷᠥᠯ ᠤᠨ ᠮᠡᠷᠭᠡᠵᠢᠯ ᠤᠨ ᠴᠢᠨᠠᠷ ᠴᠢᠨᠰᠠᠭ᠎ᠠ ᠶᠢᠨ ᠪᠠᠷᠢᠮᠵᠢᠶ᠎ᠠ ᠪᠠ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠳᠦᠷᠢᠮ ᠲᠣᠭᠲᠠᠭᠠᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠵᠢᠷᠤᠮᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ᠂ ᠰᠢᠨᠵᠢᠯᠡᠬᠦ ᠤᠬᠠᠭᠠᠨ ᠤ ᠰᠤᠳᠤᠯᠭᠠᠨ ᠤ ᠳᠡᠯᠭᠡᠷᠡᠭᠦᠯᠦᠯᠲᠡ ᠶᠢ ᠵᠣᠬᠢᠶᠠᠨ ᠪᠠᠶᠢᠭᠤᠯᠵᠤ᠂ ᠤᠰᠤᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢ ᠠᠬᠢᠭᠤᠯᠤᠨ᠎ᠠ      11. ᠬᠤᠲᠠ ᠶᠢᠨ ᠲᠣᠭᠤᠷᠢᠭ ᠤᠨ ᠦᠵᠡᠮᠵᠢ ᠶᠢᠨ ᠭᠤᠤᠯ ᠤᠨ ᠵᠠᠮ ᠤᠨ ᠬᠠᠮᠠᠭᠠᠯᠠᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠭᠤᠤᠯ ᠤᠨ ᠵᠠᠮ ᠤᠨ ᠪᠣᠬᠢᠷᠲᠤᠯ ᠢ ᠰᠡᠷᠭᠡᠶᠢᠯᠡᠨ ᠵᠠᠰᠠᠵᠤ᠂ ᠬᠤᠲᠠ ᠶᠢᠨ ᠲᠣᠭᠤᠷᠢᠭ ᠤᠨ ᠦᠵᠡᠮᠵᠢ ᠶᠢᠨ ᠭᠤᠤᠯ ᠤᠨ ᠵᠠᠮ ᠤᠨ ᠪᠡᠯᠡᠳᠬᠡᠮᠵᠢ ᠶᠢᠨ ᠪᠦᠷᠢᠨ ᠪᠦᠲᠦᠨ ᠪᠠᠶᠢᠬᠤ ᠶᠢ ᠪᠠᠲᠤᠯᠠᠵᠤ᠂ ᠬᠤᠲᠠ ᠶᠢᠨ ᠲᠣᠭᠤᠷᠢᠭ ᠤᠨ ᠦᠵᠡᠮᠵᠢ ᠶᠢᠨ ᠭᠤᠤᠯ ᠤᠨ ᠵᠠᠮ ᠤᠨ ᠶᠡᠷᠦᠩᠬᠡᠶᠢᠯᠡᠭᠰᠡᠨ ᠦᠷ᠎ᠡ ᠠᠰᠢᠭ ᠢ ᠪᠠᠳᠠᠷᠠᠭᠤᠯᠤᠨ᠎ᠠ᠃      12. ᠤᠰᠤᠨ ᠴᠥᠭᠦᠷᠥᠮ ᠤᠨ ᠠᠵᠢᠯᠯᠠᠭᠠᠨ ᠤ ᠬᠠᠮᠢᠶᠠᠷᠤᠯᠲᠠ ᠶᠢ ᠬᠠᠷᠢᠭᠤᠴᠠᠵᠤ᠂ ᠦᠶᠡᠷ ᠢ ᠰᠡᠷᠭᠡᠶᠢᠯᠡᠵᠦ ᠤᠰᠤᠯᠠᠬᠤ ᠱᠠᠭᠠᠷᠳᠠᠯᠭ᠎ᠠ ᠶᠢ ᠪᠠᠲᠤᠯᠠᠨ᠎ᠠ᠃      13. ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠵᠢᠯᠣᠭᠤᠳᠤᠯᠭ᠎ᠠ ᠶᠢ ᠬᠦᠯᠢᠶᠡᠵᠦ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠤᠳ ᠢ ᠡᠭᠦᠷᠭᠡᠯᠡᠨ᠎ᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1