ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ | ᠤᠷᠢᠳᠴᠢᠯᠠᠨ ᠰᠡᠷᠭᠡᠶᠢᠯᠡᠬᠦ᠂ ᠬᠤᠷᠢᠭᠯᠠᠨ ᠵᠣᠭᠰᠣᠭᠠᠬᠤ ᠪᠠ ᠲᠤᠷᠰᠢᠨ ᠪᠠᠶᠢᠴᠠᠭᠠᠬᠤ ᠵᠡᠷᠭᠡ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠨ᠎ᠡ︔ ᠰᠦᠷᠳᠡᠭᠦᠯᠦᠯ ᠤᠨ | ᠠᠵᠢᠯᠯᠠᠭ᠎ᠠ ᠶᠢ ᠰᠡᠷᠭᠡᠶᠢᠯᠡᠬᠦ ᠪᠠ ᠴᠣᠬᠢᠯᠲᠠ ᠥᠭᠭᠦᠨ᠎ᠡ︔ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠢ | ᠬᠠᠮᠠᠭᠠᠯᠠᠵᠤ᠂ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠳᠤ ᠬᠤᠤᠷ ᠬᠥᠨᠥᠭᠡᠯ ᠤᠴᠠᠷᠠᠭᠤᠯᠬᠤ ᠦᠢᠯᠡ | ᠠᠵᠢᠯᠯᠠᠭ᠎ᠠ ᠶᠢ ᠬᠤᠷᠢᠭᠯᠠᠨ ᠵᠣᠭᠰᠣᠭᠠᠨ᠎ᠠ︔ ᠵᠠᠮ ᠬᠠᠷᠢᠯᠴᠠᠭ᠎ᠠ᠂ ᠭᠠᠯ ᠤᠨᠲᠠᠷᠠᠭᠠᠬᠤ᠂ ᠠᠶᠤᠯᠲᠠᠶ ᠪᠣᠳᠠᠰ ᠢ | ᠬᠠᠮᠢᠶᠠᠷᠤᠨ᠎ᠠ︔ ᠡᠷᠦᠬᠡ ᠠᠮᠠ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠤᠯᠤᠰ ᠤᠨ ᠬᠠᠷᠢᠶ᠎ᠠ᠂ ᠬᠢᠯᠢ ᠪᠠᠷ | ᠭᠠᠷᠴᠤ ᠣᠷᠣᠬᠤ ᠬᠡᠷᠡᠭ ᠶᠠᠪᠤᠳᠠᠯ ᠪᠠ ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠤᠨ ᠬᠢᠯᠢ ᠳᠣᠲᠣᠷ᠎ᠠ | ᠣᠷᠣᠰᠢᠨ ᠰᠠᠭᠤᠬᠤ᠂ ᠵᠢᠭᠤᠯᠴᠢᠯᠠᠬᠤ ᠬᠤᠯᠪᠣᠭᠳᠠᠯ ᠪᠦᠬᠦᠢ ᠬᠡᠷᠡᠭ ᠶᠠᠪᠤᠳᠠᠯ ᠢ ᠬᠠᠮᠢᠶᠠᠷᠤᠨ᠎ᠠ︔ ᠤᠯᠤᠰ ᠠᠴᠠ ᠬᠢᠯᠢ | ︵ᠬᠢᠵᠠᠭᠠᠷ︶ ᠶᠢᠨ ᠭᠠᠵᠠᠷ ᠣᠷᠣᠨ ᠤ ᠠᠮᠤᠷ ᠲᠦᠪᠰᠢᠨ ᠡᠮᠬᠢ ᠵᠢᠷᠤᠮ ᠢ ᠬᠠᠮᠠᠭᠠᠯᠠᠨ᠎ᠠ︔ ᠤᠯᠤᠰ ᠠᠴᠠ | ᠲᠣᠭᠲᠠᠭᠠᠭᠰᠠᠨ ᠣᠨᠴᠠ ᠲᠣᠭᠲᠠᠭᠠᠭᠰᠠᠨ ᠬᠥᠮᠦᠰ᠂ ᠴᠢᠬᠤᠯᠠ ᠭᠠᠵᠠᠷ ᠲᠠᠯᠠᠪᠤᠷ ᠪᠠ ᠲᠥᠬᠦᠭᠡᠷᠦᠮᠵᠢ ᠶᠢ ᠰᠠᠬᠢᠨ | ᠬᠠᠮᠠᠭᠠᠯᠠᠨ᠎ᠠ︔ ᠬᠤᠷᠠᠯ ᠴᠤᠭᠯᠠᠭ᠎ᠠ ᠬᠢᠬᠦ᠂ ᠵᠢᠭᠰᠠᠭᠠᠯ ᠶᠠᠪᠤᠭᠤᠯᠬᠤ ᠪᠠ ᠰᠦᠷ ᠦᠵᠡᠭᠦᠯᠬᠦ ᠠᠵᠢᠯᠯᠠᠭ᠎ᠠ ᠶᠢ | ᠬᠠᠮᠢᠶᠠᠷᠨᠠ︔ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠰᠦᠯᠵᠢᠶᠡᠨ ᠤ ᠠᠮᠤᠷ ᠲᠦᠪᠰᠢᠨ ᠢ ᠬᠢᠨᠠᠨ ᠪᠠᠶᠢᠴᠠᠭᠠᠬᠤ | ᠠᠵᠢᠯ ᠢ ᠬᠢᠨᠠᠵᠤ ᠬᠠᠮᠢᠶᠠᠷᠤᠨ᠎ᠠ︔ ᠲᠥᠷᠥ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ | ᠦᠢᠯᠡᠰ ᠤᠨ ᠵᠣᠬᠢᠶᠠᠨ ᠪᠠᠶᠢᠭᠤᠯᠤᠯᠲᠠ ᠪᠠ ᠭᠤᠤᠯᠳᠠᠯᠭ᠎ᠠ ᠪᠣᠯᠬᠤ ᠪᠦ᠋ᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠠᠮᠤᠷ ᠢ ᠬᠠᠮᠠᠭᠠᠯᠠᠬᠤ ᠠᠵᠢᠯ ᠢ ᠵᠢᠯᠣᠭᠤᠳᠬᠤ ᠪᠠ ᠲᠡᠭᠦᠨ ᠳᠤ ᠬᠢᠨᠠᠯᠲᠠ ᠲᠠᠯᠪᠢᠵᠤ᠂ ᠠᠮᠤᠷ ᠢ ᠬᠠᠮᠠᠭᠠᠯᠠᠬᠤ ᠵᠥᠪᠯᠡᠯ | ᠵᠡᠷᠭᠡ ᠠᠮᠤᠷ ᠢ ᠬᠠᠮᠠᠭᠠᠯᠠᠬᠤ ᠣᠯᠠᠨ ᠲᠦᠮᠡᠨᠴᠢ ᠵᠣᠬᠢᠶᠠᠨ ᠪᠠᠶᠢᠭᠤᠯᠤᠯᠲᠠ ᠶᠢᠨ ᠠᠮᠤᠷ ᠢ ᠬᠠᠮᠠᠭᠠᠯᠠᠬᠤ | ᠰᠡᠷᠭᠡᠶᠢᠯᠡᠯᠲᠡ ᠶᠢᠨ ᠠᠵᠢᠯ ᠢ ᠵᠢᠯᠣᠭᠤᠳᠤᠨ᠎ᠠ᠃ |