ᠰᠤᠷᠭᠠᠨ ᠬᠥᠮᠥᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2019-11-08
     ︵ᠨᠢᠭᠡ︶ ᠨᠠᠮ ᠪᠣᠯᠤᠨ ᠤᠯᠤᠰ ᠬᠢᠭᠡᠳ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠴᠢᠩ ᠱᠦᠶ ᠾᠧ ᠰᠢᠶᠠᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ ᠴᠢᠭᠯᠡᠯᠲᠡ᠂ ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃      ︵ᠬᠤᠶᠠᠷ︶ ᠪᠦᠬᠦ ᠰᠢᠶᠠᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠪᠡ ᠪᠠ ᠣᠨ ᠤ ᠠᠵᠢᠯ ᠤᠨ ᠲᠥᠯᠥᠪᠯᠡᠭᠡ ᠶᠢ ᠰᠤᠳᠤᠯᠤᠨ ᠲᠣᠭᠲᠠᠭᠠᠵᠤ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠭᠤᠤᠯᠳᠠᠯᠭ᠎ᠠ᠂ ᠬᠡᠪᠴᠢᠶ᠎ᠡ᠂ ᠪᠦᠲᠦᠴᠡ᠂ ᠬᠤᠷᠳᠤᠴᠠ ᠪᠠ ᠠᠯᠬᠤᠮ ᠳᠠᠷᠠᠭ᠎ᠠ ᠶᠢ ᠳᠤᠷᠠᠳᠤᠨ ᠭᠠᠷᠭᠠᠵᠤ᠂ ᠰᠤᠷᠭᠠᠨ ᠬᠥᠮᠦᠵᠢᠯ ᠤᠨ ᠲᠥᠯᠥᠪᠵᠢᠭᠦᠯᠪᠡ ᠪᠠ ᠣᠨ ᠤ ᠲᠥᠯᠥᠪᠯᠡᠭᠡ ᠶᠢ ᠬᠡᠷᠡᠭᠵᠢᠭᠦᠯᠬᠦ ᠶᠢ ᠵᠢᠯᠣᠭᠤᠳᠴᠤ᠂ ᠵᠣᠬᠢᠴᠠᠭᠤᠯᠵᠤ᠂ ᠪᠠᠶᠢᠴᠠᠭᠠᠨ᠎ᠠ᠃      ︵ᠭᠤᠷᠪᠠ︶  ᠪᠦᠬᠦ ᠰᠢᠶᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠰᠠᠭᠤᠷᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠦᠨᠳᠦᠰᠦᠲᠡᠨ ᠤ ᠰᠤᠷᠭᠠᠨ ᠬᠥᠮᠦᠵᠢᠯ᠂ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ᠂ ᠣᠨᠴᠠᠭᠠᠢ ᠰᠤᠷᠭᠠᠨ ᠬᠥᠮᠦᠵᠢᠯ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ︔ ᠡᠯ᠎ᠡ ᠰᠤᠷᠭᠠᠭᠤᠯᠢ ︵ᠴᠡᠴᠡᠷᠯᠢᠭ︶ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ ᠵᠣᠬᠢᠴᠠᠭᠤᠯᠤᠨ᠎ᠠ︔ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠲᠦᠯᠬᠢᠨ ᠠᠬᠢᠭᠤᠯᠬᠤ ᠪᠠ ᠰᠤᠷᠭᠠᠨ ᠬᠥᠮᠦᠵᠢᠯ ᠤᠨ ᠭᠤᠤᠯᠴᠢ ᠪᠠᠶᠢᠬᠤ ᠶᠢ ᠠᠬᠢᠭᠤᠯᠬᠤ ᠶᠢ ᠬᠠᠷᠢᠭᠤᠴᠠᠵᠤ᠂ ᠥᠨᠳᠥᠷ ᠬᠢᠷᠢ ᠬᠡᠮᠵᠢᠶ᠎ᠡ ᠲᠠᠢ ᠪᠥᠭᠡᠳ ᠴᠢᠨᠠᠷ ᠰᠠᠶᠢᠲᠠᠶ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠪᠠ ᠴᠢᠨᠠᠷ ᠰᠠᠶᠢᠲᠠᠶ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠪᠦᠲᠦᠭᠡᠨ ᠪᠠᠶᠢᠭᠤᠯᠬᠤ ᠶᠢ ᠬᠡᠷᠡᠭᠵᠢᠭᠦᠯᠦᠨ᠎ᠡ᠃       ︵ᠳᠥᠷᠪᠡ︶ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠠᠵᠢᠯ ᠢ ᠵᠢᠭᠠᠨ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠵᠤ᠂ ᠪᠦᠬᠦ ᠰᠢᠶᠠᠨ ᠤ ᠰᠤᠷᠭᠠᠨ ᠬᠥᠮᠥᠵᠢᠯ᠂ ᠵᠠᠯᠠᠭᠤᠴᠤᠳ ᠪᠠᠭᠠᠴᠤᠳ ᠤᠨ ᠦᠰᠦᠭ ᠦᠯᠦ ᠲᠠᠨᠢᠬᠤ ᠶᠢ ᠠᠷᠢᠯᠭᠠᠬᠤ ᠠᠵᠢᠯ ᠢ ᠬᠠᠤᠯᠢ ᠶᠣᠰᠣᠭᠠᠷ ᠬᠢᠨᠠᠨ ᠵᠢᠯᠣᠭᠤᠳᠴᠤ ᠦᠨᠡᠯᠡᠨ ᠵᠢᠱᠢᠵᠦ᠂ ᠪᠦᠬᠦ ᠰᠢᠶᠠᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠬᠡᠮᠵᠢᠶ᠎ᠡ ᠪᠣᠯᠤᠨ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠮᠡᠳᠡᠭᠦᠯᠦᠯᠲᠡ ᠶᠢ ᠨᠡᠶᠢᠲᠡᠯᠡᠨ᠎ᠡ᠃      ︵ᠲᠠᠪᠤ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠶᠠᠨ ᠤ ᠱᠠᠲᠤᠨ ᠤ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠶ ᠬᠠᠮᠢᠶᠠᠷᠴᠤ᠂ ᠰᠤᠷᠭᠠᠨ ᠬᠥᠮᠦᠵᠢᠯ ᠤᠨ ᠵᠠᠷᠤᠳᠠᠯ ᠢ ᠢᠳᠡᠪᠬᠢᠲᠡᠢ ᠴᠤᠭᠯᠠᠭᠤᠯᠤᠨ᠂ ᠰᠤᠷᠭᠠᠨ ᠬᠥᠮᠦᠵᠢᠯ ᠳᠤ ᠰᠢᠯᠵᠢᠭᠦᠯᠦᠨ ᠥᠭᠬᠦ ᠵᠣᠭᠤᠰ᠂ ᠰᠤᠷᠭᠠᠨ ᠬᠥᠮᠦᠵᠢᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠰᠤᠳᠤᠯᠤᠨ ᠲᠣᠭᠲᠠᠭᠠᠨ᠎ᠠ︔ ᠪᠦᠬᠦ ᠰᠢᠶᠠᠨ ᠤ ᠡᠯ᠎ᠡ ᠰᠤᠷᠭᠠᠭᠤᠯᠢ ︵ᠴᠡᠴᠡᠷᠯᠢᠭ︶ ᠶᠢᠨ ᠰᠤᠷᠭᠠᠨ ᠬᠥᠮᠦᠵᠢᠯ ᠤᠨ ᠵᠠᠷᠤᠳᠠᠯ ᠢ ᠴᠤᠭᠯᠠᠭᠤᠯᠤᠭᠰᠠᠨ᠂ ᠬᠠᠮᠢᠶᠠᠷᠤᠭᠰᠠᠨ ᠪᠠ ᠬᠡᠷᠡᠭᠯᠡᠭᠰᠡᠨ ᠪᠠᠶᠢᠳᠠᠯ ᠢ ᠬᠢᠨᠠᠨ ᠬᠡᠮᠵᠢᠵᠦ᠂ ᠪᠦᠬᠦ ᠰᠢᠶᠠᠨ ᠤ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠶᠢᠨ ᠪᠠᠶᠢᠳᠠᠯ ᠢ ᠪᠦᠷᠢᠳᠬᠡᠨ᠎ᠡ︔ ᠪᠦᠬᠦ ᠰᠢᠶᠠᠨ ᠤ ᠡᠩ ᠤᠨ ᠳᠡᠭᠡᠳᠦ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠤᠨ ᠰᠤᠷᠤᠯᠭ᠎ᠠ ᠶᠢ ᠲᠡᠳᠬᠦᠬᠦ ᠠᠵᠢᠯ ᠪᠣᠯᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ︽ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠥᠷᠢᠯᠡᠬᠦ︾᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠵᠠᠷᠤᠳᠠᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠨ ᠬᠥᠮᠦᠵᠢᠯ ᠤᠨ ᠰᠢᠰᠲ᠋ᠧᠮ ᠤᠨ ᠳᠣᠲᠣᠭᠠᠳᠤ ᠶᠢᠨ ᠠᠵᠢᠯ ᠢ ᠵᠣᠬᠢᠶᠠᠨ ᠪᠠᠶᠢᠭᠤᠯᠤᠨ᠎ᠠ᠃      ︵ᠵᠢᠷᠭᠤᠭ᠎ᠠ︶ ᠪᠦᠬᠦ ᠰᠢᠶᠠᠨ ᠤ ᠪᠠᠭᠰᠢ ᠨᠠᠷ ᠤᠨ ᠠᠵᠢᠯ ᠢ ᠭᠤᠣᠯᠴᠢᠯᠠᠨ ᠬᠠᠮᠢᠶᠠᠷᠴᠤ᠂ ᠨᠢᠭᠡᠳᠦᠯᠲᠡᠢ ᠲᠥᠯᠥᠪᠵᠢᠭᠦᠯᠵᠦ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠪᠠᠭᠰᠢ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠪᠣᠯᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠵᠢᠯ ᠢ ᠬᠡᠷᠡᠭᠵᠢᠭᠦᠯᠦᠨ᠎ᠡ︔ ᠪᠠᠭᠰᠢ ᠶᠢᠨ ᠬᠢᠷᠢ ᠭᠡᠮ ᠤᠨ ᠳᠦᠷᠢᠮ ᠪᠠ ᠪᠠᠭᠰᠢ ᠶᠢᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠰᠢᠶᠠᠨ ᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠣᠷᠣᠨ ᠲᠤᠭ᠎ᠠ ᠶᠢᠨ ᠪᠠᠷᠢᠮᠵᠢᠶ᠎ᠠ ᠶᠢ ᠳᠤᠷᠠᠳᠴᠤ᠂ ᠰᠤᠷᠭᠠᠨ ᠬᠥᠮᠦᠵᠢᠯ ᠤᠨ ᠰᠢᠰᠲ᠋ᠧᠮ ᠤᠨ ᠬᠥᠳᠡᠯᠮᠦᠷᠢ ᠶᠢᠨ ᠴᠠᠯᠢᠩ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠲᠥᠷᠦ ᠶᠢᠨ ᠪᠣᠳᠣᠯᠭ᠎ᠠ ᠪᠠ ᠳᠦᠷᠢᠮ ᠲᠣᠭᠲᠠᠭᠠᠯ ᠢ ᠬᠡᠷᠡᠭᠵᠢᠭᠦᠯᠦᠨ᠎ᠡ︔ ᠰᠤᠷᠭᠠᠨ ᠬᠥᠮᠦᠵᠢᠯ ᠤᠨ ᠰᠢᠰᠲ᠋ᠧᠮ ᠤᠨ ᠪᠠᠭᠰᠢ ᠶᠢᠨ ᠲᠤᠰᠬᠠᠶ ᠮᠡᠷᠭᠡᠵᠢᠯ ᠤᠨ ᠲᠤᠰᠢᠶᠠᠯ ᠵᠢᠴᠢ ᠪᠤᠰᠤᠳ ᠠᠵᠢᠯᠲᠠᠨ ᠤ ᠲᠤᠰᠬᠠᠶ ᠮᠡᠷᠭᠡᠵᠢᠯ ᠤᠨ ᠵᠡᠷᠭᠡ ᠳᠡᠰ ᠢ ᠭᠤᠶᠤᠴᠢᠯᠠᠨ ᠮᠡᠳᠡᠭᠦᠯᠬᠦ ᠪᠠ ᠤᠷᠢᠨ ᠲᠣᠮᠢᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠭᠰᠢ ᠶᠢᠨ ᠲᠥᠷᠥᠯ ᠤᠨ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠬᠤ ᠶᠢ ᠵᠢᠯᠣᠭᠤᠳᠤᠨ᠎ᠠ᠃      ︵ᠳᠣᠯᠤᠭ᠎ᠠ︶ ᠪᠦᠬᠦ ᠰᠢᠶᠠᠨ ᠤ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ᠂ ᠶᠣᠰᠣ ᠰᠤᠷᠲᠠᠬᠤᠨ ᠤ ᠬᠥᠮᠦᠵᠢᠯ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠵᠢᠯᠣᠭᠤᠳᠴᠤ᠂ ᠬᠡᠪ ᠴᠢᠨᠠᠷ ᠤᠨ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ︔ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠪᠣᠯᠤᠨ ᠠᠮᠤᠷ ᠲᠦᠪᠰᠢᠨ ᠤ ᠬᠠᠮᠢᠶᠠᠷᠤᠯᠲᠠ ᠶᠢ ᠵᠢᠯᠣᠭᠤᠳᠴᠤ᠂ ᠰᠤᠷᠭᠠᠨ ᠬᠥᠮᠦᠵᠢᠯ ᠤᠨ ᠰᠢᠰᠲ᠋ᠧᠮ ᠤᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ᠃      ︵ᠨᠠᠢᠮᠠ︶ ᠪᠦᠬᠦ ᠰᠢᠶᠠᠨ ᠤ ᠡᠩ ᠤᠨ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠠᠵᠢᠯ ᠵᠢᠴᠢ ᠥᠪᠡᠷ ᠢᠶᠠᠨ ᠰᠢᠯᠭᠠᠬᠤ ᠰᠢᠯᠭᠠᠯᠲᠠ᠂ ᠨᠠᠰᠤᠨ ᠳᠤ ᠬᠦᠷᠦᠭᠰᠡᠳ ᠤᠨ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ ᠢ ᠬᠠᠷᠢᠭᠤᠴᠠᠨ᠎ᠠ︔ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠢ ᠰᠤᠳᠤᠯᠤᠨ᠂ ᠲᠣᠭᠲᠠᠭᠠᠬᠤ ᠪᠥᠭᠡᠳ ᠬᠡᠷᠡᠭᠵᠢᠭᠦᠯᠦᠨ᠎ᠡ᠃  ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠭᠤᠯᠢ ᠶᠢᠨ ᠬᠠᠷᠢᠶᠠᠯᠠᠯ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃      ︵ᠶᠢᠰᠦ︶ ᠪᠦᠬᠦ ᠰᠢᠶᠠᠨ ᠤ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠪᠠ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠵᠢᠴᠢ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠲᠥᠯᠥᠪᠯᠡᠭᠡ ᠦᠷᠡᠵᠢᠯ᠂ ᠰᠠᠭᠤᠷᠢ ᠮᠥᠩᠭᠦᠨ ᠤ ᠨᠡᠶᠢᠭᠡᠮᠯᠢᠭ᠂ ᠰᠤᠷᠤᠭᠴᠢᠳ ᠤᠨ ᠨᠡᠶᠢᠭᠡᠮ ᠤᠨ ᠪᠦᠯᠬᠦᠮ᠂ ᠵᠠᠬᠢᠳᠠᠯ ᠰᠤᠷᠪᠤᠯᠵᠢᠯᠠᠭ᠎ᠠ᠂ ᠵᠠᠭᠠᠯᠳᠤᠯᠭ᠎ᠠ ᠵᠡᠷᠭᠡ ᠠᠵᠢᠯ ᠢ ᠶᠡᠷᠦᠩᠬᠡᠶᠢᠯᠡᠨ ᠬᠠᠮᠢᠶᠠᠷᠴᠤ ᠵᠢᠯᠣᠭᠤᠳᠤᠨ᠎ᠠ︔ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠰᠡᠬᠡᠭᠡᠲᠡᠨ ᠤ ᠠᠵᠢᠯ᠂ ᠨᠢᠭᠡᠳᠦᠮᠡᠯ ᠹᠷᠣᠨᠲ ᠤᠨ ᠠᠵᠢᠯ᠂ ᠠᠬᠠᠮᠠᠳ ᠺᠠᠳ᠋ᠷ ᠤᠨ ᠠᠵᠢᠯ ᠢ ᠬᠠᠷᠢᠭᠤᠴᠠᠨ᠎ᠠ᠃ ︵ᠠᠷᠪᠠ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠭᠯᠡᠯᠲᠡ ᠂ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠬᠢᠲᠠᠳ ᠦᠭᠡ ᠬᠡᠯᠡ ᠦᠰᠦᠭ ᠪᠢᠴᠢᠭ ᠤᠨ ᠠᠵᠢᠯ ᠤᠨ ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ︔ ᠰᠠᠯᠠᠭ᠎ᠠ ᠮᠥᠴᠢᠷ᠂ ᠠᠵᠢᠯ ᠲᠥᠷᠥᠯ ᠤᠨ ᠬᠢᠲᠠᠳ ᠦᠭᠡ ᠬᠡᠯᠡ ᠦᠰᠦᠭ ᠪᠢᠴᠢᠭ ᠤᠨ ᠠᠵᠢᠯ ᠢ ᠵᠣᠬᠢᠴᠠᠭᠤᠯᠤᠨ ᠵᠢᠯᠣᠭᠤᠳᠬᠤ ᠪᠠ ᠬᠢᠨᠠᠨ ᠪᠠᠶᠢᠴᠠᠭᠠᠨ᠎ᠠ︔ ᠨᠡᠶᠢᠲᠡᠯᠢᠭ ᠬᠡᠯᠡ ᠲᠦᠭᠡᠮᠡᠯᠵᠢᠭᠦᠯᠬᠦ ᠪᠠᠭᠰᠢ ᠶᠢᠨ ᠡᠩᠨᠡᠭᠡᠨ ᠤ ᠪᠣᠯᠪᠠᠰᠤᠷᠠᠭᠤᠯᠤᠯ ᠤᠨ ᠠᠵᠢᠯ ᠢ ᠵᠢᠯᠣᠭᠤᠳᠤᠨ᠎ᠠ᠃      ︵ᠠᠷᠪᠠᠨ ᠨᠢᠭᠡ︶ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠬᠢᠨᠠᠨ ᠪᠠᠶᠢᠴᠠᠭᠠᠬᠤ ᠪᠠ ᠰᠤᠷᠭᠠᠨ ᠬᠥᠮᠦᠵᠢᠯ ᠤᠨ ᠬᠠᠤᠯᠢ ᠳᠦᠷᠢᠮ ᠤᠨ ᠪᠠᠶᠢᠭᠤᠯᠤᠯᠲᠠ ᠶᠢ ᠬᠠᠷᠢᠭᠤᠴᠠᠨ᠎ᠠ︔ ᠰᠤᠷᠭᠠᠨ ᠬᠥᠮᠦᠵᠢᠯ ᠤᠨ ᠰᠢᠰᠲ᠋ᠧᠮ ᠤᠨ ᠴᠢᠳᠠᠪᠤᠷᠢᠲᠠᠨ ᠤ ᠬᠠᠮᠲᠤᠷᠠᠯᠴᠠᠭ᠎ᠠ ᠪᠠ ᠰᠣᠯᠢᠯᠴᠠᠭ᠎ᠠ ᠵᠢᠴᠢ ᠭᠠᠳᠠᠭᠠᠳᠤ ᠤᠬᠠᠭᠤᠯᠭ᠎ᠠ ᠶᠢᠨ ᠠᠵᠢᠯ ᠢ ᠵᠣᠬᠢᠴᠠᠭᠤᠯᠤᠨ ᠵᠢᠯᠣᠭᠤᠳᠤᠨ᠎ᠠ᠃      ︵ᠠᠷᠪᠠᠨ ᠬᠤᠶᠠᠷ︶ ᠳᠤᠮᠳᠠᠳᠤ ᠪᠠᠭ᠎ᠠ ᠰᠤᠷᠭᠠᠭᠤᠯᠢ ᠪᠣᠯᠤᠨ ᠰᠢᠭᠤᠳ ᠬᠠᠷᠢᠶ᠎ᠠ ᠬᠤᠶᠠᠳᠤᠭᠠᠷ ᠲᠡᠰ ᠤᠨ ᠨᠢᠭᠡᠴᠡ ᠶᠢ ᠬᠠᠮᠢᠶᠠᠷᠴᠤ᠂ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠪᠠ ᠳᠡᠰ ᠳᠠᠷᠠᠭᠠᠯᠠᠯ ᠶᠣᠰᠣᠭᠠᠷ ᠰᠤᠷᠭᠠᠭᠤᠯᠢ ᠶᠢᠨ ᠵᠠᠬᠢᠷᠤᠯ ᠪᠣᠯᠤᠨ ᠵᠠᠩᠭᠢᠯᠠᠭ᠎ᠠ ᠶᠢᠨ ᠺᠠᠳ᠋ᠷ ᠢ ᠬᠢᠨᠠᠨ ᠰᠢᠯᠭᠠᠵᠤ ᠲᠣᠮᠢᠯᠠᠬᠤ ᠪᠠ ᠪᠠᠭᠤᠯᠭᠠᠨ᠎ᠠ᠃      ︵ᠠᠷᠪᠠᠨ ᠭᠤᠷᠪᠠ︶ ᠰᠤᠷᠭᠠᠨ ᠬᠥᠮᠦᠵᠢᠯ ᠤᠨ ᠬᠥᠷᠥᠩᠭᠡ ᠶᠢᠨ ᠬᠠᠮᠢᠶᠠᠷᠤᠯᠲᠠ ᠶᠢ ᠬᠠᠷᠢᠭᠤᠴᠠᠨ᠂ ᠪᠦᠬᠦ ᠰᠢᠶᠠᠨ ᠤ ᠠᠵᠢᠯᠴᠢ ᠠᠷᠪᠢᠴᠢ ᠪᠠᠷ ᠰᠤᠷᠤᠯᠴᠠᠬᠤ ᠪᠣᠯᠣᠨ ᠰᠤᠷᠭᠠᠭᠤᠯᠢ ᠶᠢᠨ ᠡᠷᠬᠢᠯᠡᠭᠰᠡᠨ ᠠᠵᠤ ᠦᠢᠯᠡᠰ ᠤᠨ ᠠᠵᠢᠯ ᠢ ᠵᠢᠯᠣᠭᠤᠳᠴᠤ᠂ ᠬᠦᠴᠢᠷᠳᠡᠯ ᠲᠠᠢ ᠰᠤᠷᠤᠭᠴᠢᠳ ᠢ ᠲᠤᠰᠠᠯᠠᠨ ᠰᠤᠷᠤᠯᠭ᠎ᠠ ᠶᠢ ᠲᠡᠳᠬᠦᠬᠦ ᠠᠵᠢᠯ ᠢ ᠵᠣᠬᠢᠶᠠᠨ ᠪᠠᠶᠢᠭᠤᠯᠤᠨ ᠭᠦᠢᠴᠡᠳᠬᠡᠨ᠎ᠡ᠃      ︵ᠠᠷᠪᠠᠨ ᠳᠥᠷᠪᠡ︶ ᠰᠢᠶᠠᠨ ᠤ ᠠᠷᠠᠳ ᠤᠨ ᠵᠠᠰᠠᠭ ᠤᠨ ᠣᠷᠳᠣᠨ ᠪᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠡᠷᠡᠭ ᠶᠠᠪᠤᠳᠠᠯ ᠢ ᠳᠠᠭᠠᠭᠠᠨ ᠡᠷᠬᠢᠯᠡᠨ᠎ᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1