ᠵᠠᠰᠠᠭ ᠤᠨ ᠣᠷᠳᠣᠨ ᠤ ᠠᠯᠪᠠᠨ ᠭᠡᠷ
ᠨᠡᠶᠢᠲᠡᠯᠡᠭᠰᠡᠨ ᠴᠠᠭ᠄
2019-11-09
     ᠨᠢᠭᠡ᠂ ᠦᠨᠳᠦᠰᠦᠨ ᠪᠠᠶᠢᠳᠠᠯ      ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠪᠣᠯ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠳᠦᠷ ᠲᠤᠳᠤᠮ ᠤᠨ ᠬᠡᠷᠡᠭ ᠡᠷᠬᠢᠯᠡᠬᠦ ᠪᠠᠶᠢᠭᠤᠯᠤᠮᠵᠢ ᠪᠣᠯᠣᠨ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠵᠡᠷᠭᠡ 2 ᠢᠯᠡᠷᠬᠡᠶᠢᠯᠡᠯ ᠡᠯᠭᠦᠬᠦ ᠪᠠᠶᠢᠭᠤᠯᠤᠮᠵᠢ ᠪᠠᠶᠢᠵᠤ᠂ ᠰᠢᠮᠳᠠᠭᠤᠯᠤᠨ ᠪᠠᠶᠢᠴᠠᠭᠠᠬᠤ ᠠᠯᠪᠠᠨ ᠬᠡᠷ᠂ ᠮᠡᠳᠡᠭᠡ ᠵᠠᠩᠭᠢᠵᠢᠯᠲᠠ ᠶᠢᠨ ᠠᠵᠢᠯ ᠤᠨ ᠠᠯᠪᠠᠨ ᠭᠡᠷ᠂ ᠶᠡᠷᠦᠩᠬᠡᠶᠢᠯᠡᠭᠰᠡᠨ ᠠᠯᠪᠠᠨ ᠭᠡᠷ᠂ ᠨᠠᠷᠢᠨ ᠪᠢᠴᠢᠭᠡᠴᠢ ᠶᠢᠨ ᠠᠯᠪᠠᠨ ᠭᠡᠷ᠂ ᠳᠠᠩᠰᠠ ᠡᠪᠬᠡᠮᠡᠯ ᠨᠢᠭᠤᠴᠠ ᠶᠢᠨ ᠳᠠᠰᠤᠭ᠂ ᠮᠠᠰᠢᠨ ᠲᠡᠷᠭᠡᠨ ᠤ ᠣᠷᠣᠨ ᠲᠣᠭᠠᠨ ᠤ ᠠᠯᠪᠠᠨ ᠭᠡᠷ ᠵᠡᠷᠭᠡ 6 ᠲᠣᠲᠣᠭᠠᠲᠤ ᠪᠠᠶᠢᠭᠤᠯᠤᠮᠵᠢ  ᠲᠠᠢ᠃      ᠬᠤᠶᠠᠷ᠂ ᠭᠤᠣᠯ ᠪᠣᠯᠬᠤ ᠲᠤᠰᠢᠶᠠᠯ ᠬᠠᠷᠢᠭᠤᠴᠠᠯᠭ᠎ᠠ      ︵ᠨᠢᠭᠡ︶ ᠨᠠᠮ ᠪᠠ ᠤᠯᠤᠰ ᠤᠨ ᠴᠢᠭᠯᠡᠯᠲᠡ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠦᠨ᠎ᠡ᠃      ︵ᠬᠤᠶᠠᠷ︶ ᠰᠢᠶᠠᠨ ᠤ ᠵᠠᠰᠠᠭ ᠤᠨ ᠣᠷᠳᠣᠨ ᠤ ᠡᠳᠦᠷ ᠲᠤᠳᠤᠮ ᠤᠨ ᠬᠡᠷᠡᠭ ᠶᠠᠪᠤᠳᠠᠯ ᠪᠣᠯᠣᠨ ᠵᠠᠰᠠᠭ ᠤᠨ ᠶᠠᠪᠤᠳᠠᠯ ᠢ ᠬᠠᠷᠢᠭᠤᠴᠠᠨ ᠰᠢᠢᠳᠪᠦᠷᠢᠯᠡᠵᠦ᠂ ᠵᠠᠰᠠᠭ ᠤᠨ ᠣᠷᠳᠣᠨ ᠤ ᠡᠯ᠎ᠡ ᠱᠠᠲᠤᠨ ᠤ ᠡᠯ᠎ᠡ ᠲᠦᠷᠦᠯ ᠤᠨ ᠢᠷᠡᠭᠦᠯᠦᠭᠰᠡᠨ ᠪᠢᠴᠢᠭ ᠮᠠᠲ᠋ᠧᠷᠢᠶᠠᠯ ᠪᠣᠯᠣᠨ ᠰᠢᠶᠠᠨ ᠤ ᠵᠠᠰᠠᠭ ᠤᠨ ᠣᠷᠳᠣᠨ ᠪᠤᠶᠤ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠳᠡᠭᠡᠭᠰᠢ ᠮᠡᠳᠡᠭᠦᠯᠬᠦ ᠳᠣᠷᠣᠭᠰᠢ ᠶᠠᠪᠤᠭᠤᠯᠬᠤ ᠡᠯ᠎ᠡ ᠲᠦᠷᠦᠯ ᠤᠨ ᠠᠯᠪᠠᠨ ᠪᠢᠴᠢᠭ ᠴᠠᠬᠢᠯᠭᠠᠨ ᠮᠡᠳᠡᠭᠡ ᠶᠢ ᠰᠢᠢᠳᠪᠦᠷᠢᠯᠡᠬᠦ ᠮᠥᠷᠲᠡᠭᠡᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠴᠢᠬᠤᠯᠠ ᠢᠯᠡᠳᠬᠡᠯ᠂ ᠶᠠᠷᠢᠶ᠎ᠠ ᠶᠢ ᠲᠤᠭᠤᠷᠪᠢᠨ ᠪᠢᠴᠢᠬᠦ᠂ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ︔ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠨᠠᠶᠢᠷᠠᠭᠤᠯᠤᠨ ᠪᠢᠴᠢᠬᠦ ᠠᠵᠢᠯ ᠢ ᠬᠠᠷᠢᠭᠤᠴᠠᠨ᠎ᠠ︔ ᠰᠢᠶᠠᠨ ᠤ ᠵᠠᠰᠠᠭ ᠤᠨ ᠣᠷᠳᠣᠨ ᠤ ᠪᠥᠬᠦᠳᠡ ᠬᠤᠷᠠᠯ᠂ ᠪᠠᠶᠢᠩᠭᠤ ᠶᠢᠨ ᠬᠤᠷᠠᠯ᠂ ᠰᠢᠶᠠᠨ ᠤ ᠳᠠᠷᠤᠭ᠎ᠠ ᠶᠢᠨ ᠠᠯᠪᠠᠨ ᠬᠤᠷᠠᠯ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠲᠤᠰᠬᠠᠶ ᠰᠡᠳᠦᠪᠲᠦ ᠬᠤᠷᠠᠯ ᠪᠣᠯᠣᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠬᠤᠷᠠᠯᠳᠤᠭᠤᠯᠬᠤ ᠪᠤᠰᠤᠳ ᠬᠤᠷᠠᠯ ᠤᠨ ᠪᠡᠯᠡᠳᠬᠡᠯ ᠪᠣᠯᠣᠨ ᠦᠢᠯᠡᠴᠢᠯᠡᠭᠡ ᠶᠢᠨ ᠠᠵᠢᠯ ᠢ ᠳᠠᠭᠠᠭᠠᠴᠢᠯᠠᠨ᠎ᠠ᠃      ︵ᠭᠤᠷᠪᠠ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠡᠯ᠎ᠡ ᠴᠠᠭ ᠦᠶ᠎ᠡ ᠳᠠᠬᠢ ᠠᠵᠢᠯ ᠤᠨ ᠭᠤᠣᠯᠳᠠᠯᠭ᠎ᠠ ᠪᠠ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠪᠠᠶᠢᠴᠠᠭᠠᠨ ᠰᠤᠳᠤᠯᠤᠯᠲᠠ ᠥᠷᠨᠢᠭᠦᠯᠬᠦ ᠳᠤ ᠳᠡᠮᠵᠢᠯᠭᠡ ᠦᠵᠡᠭᠦᠯᠵᠦ᠂ ᠵᠥᠪᠯᠡᠭᠴᠢ ᠲᠤᠰᠠᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      ︵ᠲᠦᠷᠪᠡ︶ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠯᠪᠠᠨ ᠠᠵᠢᠯᠯᠠᠭ᠎ᠠ ᠶᠢ ᠬᠠᠷᠢᠭᠤᠴᠠᠨ ᠲᠣᠬᠢᠷᠠᠭᠤᠯᠵᠤ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠣᠬᠢᠶᠠᠨ ᠪᠠᠶᠢᠭᠤᠯᠵᠤ ᠭᠦᠢᠴᠡᠳᠬᠡᠬᠦ ᠰᠢᠶᠠᠨ ᠤ ᠵᠠᠰᠠᠭ ᠤᠨ ᠣᠷᠳᠣᠨ ᠠᠴᠠ ᠰᠢᠭᠤᠳ ᠰᠢᠢᠳᠪᠦᠷᠢᠯᠡᠬᠦ ᠴᠢᠬᠤᠯᠠᠲᠠᠢ ᠭᠡᠨᠡᠳᠲᠡ ᠶᠢᠨ ᠬᠡᠷᠡᠭ ᠪᠣᠯᠣᠨ ᠬᠦᠨᠳᠦ ᠶᠡᠭᠡ ᠠᠳᠡᠯ ᠢ ᠲᠤᠰᠠᠯᠠᠵᠤ᠂ ᠰᠢᠶᠠᠨ ᠤ ᠵᠠᠰᠠᠭ ᠤᠨ ᠣᠷᠳᠣᠨ ᠳᠤ ᠡᠭᠡᠯᠵᠢ ᠶᠢᠨ ᠵᠢᠵᠢᠭᠦᠷ ᠤᠨ ᠠᠵᠢᠯ ᠢ ᠬᠠᠷᠢᠭᠤᠴᠠᠵᠤ᠂ ᠴᠢᠬᠤᠯᠠ ᠪᠠᠶᠢᠳᠠᠯ ᠢ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠴᠠᠭ ᠲᠤᠬᠠᠶ ᠳᠤᠨᠢ ᠮᠡᠳᠡᠭᠦᠯᠵᠦ᠂ ᠮᠡᠳᠡᠭᠡ ᠵᠠᠩᠭᠢ ᠶᠢᠨ ᠰᠠᠭᠠᠳ ᠤᠢᠭᠡᠢ ᠨᠡᠪᠲᠡᠷᠡᠬᠦ ᠶᠢ ᠪᠠᠲᠤᠯᠠᠨ᠎ᠠ᠃      ︵ᠲᠠᠪᠤ︶ ᠰᠢᠶᠠᠨ ᠤ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢ᠂ ᠲᠣᠭᠲᠠᠭᠠᠯ᠂ ᠠᠵᠢᠯ ᠤᠨ ᠴᠢᠬᠤᠯᠠ ᠪᠠᠶᠢᠷᠢᠯᠠᠭᠤᠯᠤᠯᠲᠠ ᠪᠣᠯᠣᠨ ᠰᠢᠶᠠᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠴᠤᠬᠤᠯᠠᠪᠤᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ᠂ ᠰᠠᠨᠠᠭᠤᠯᠭ᠎ᠠ ᠪᠣᠯᠣᠨ ᠵᠥᠪᠯᠡᠯᠭᠡ᠂ ᠰᠠᠨᠠᠯ ᠵᠥᠪᠯᠡᠯᠭᠡ ᠵᠢᠴᠢ ᠬᠤᠳᠠ ᠶᠢᠨ ᠳᠠᠷᠤᠭ᠎ᠠ ᠶᠢᠨ ᠬᠠᠯᠠᠮ ᠤᠲᠠᠰᠤ ᠢ ᠵᠣᠬᠢᠶᠠᠨ ᠪᠠᠶᠢᠭᠤᠯᠤᠨ ᠳᠠᠭᠠᠭᠠᠴᠢᠯᠠᠨ ᠡᠷᠬᠢᠯᠡᠵᠦ  ᠂ ᠱᠠᠭᠠᠷᠳᠠᠨ ᠬᠢᠯᠭᠡᠬᠦ ᠪᠠ ᠬᠠᠷᠢᠭᠤ ᠲᠤᠰᠬᠠᠬᠤ ᠠᠵᠢᠯ ᠢ ᠰᠠᠶᠢᠲᠤᠷ ᠬᠢᠨ᠎ᠡ᠃      ︵ᠵᠢᠷᠭᠤᠭ᠎ᠠ︶ ᠤᠯᠠᠨ ᠲᠦᠮᠡᠨ ᠤ ᠢᠷᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠵᠦ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠢᠷᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠳᠤ ᠳᠤᠷᠠᠳᠤᠨ ᠭᠠᠷᠭᠠᠭᠰᠠᠨ ᠴᠢᠬᠤᠯᠠ ᠠᠰᠠᠭᠤᠳᠠᠯ ᠪᠠ ᠴᠢᠬᠤᠯᠠ ᠰᠠᠨᠠᠭᠤᠯᠭ᠎ᠠ ᠴᠠᠭ ᠲᠤᠬᠠᠢ ᠳᠤᠨᠢ ᠮᠡᠳᠡᠭᠦᠯᠵᠦ᠂ ᠡᠯ᠎ᠡ ᠰᠤᠮᠤ ᠪᠠᠯᠭᠠᠰᠤ᠂ ᠰᠢᠶᠠᠨ ᠤ ᠡᠯ᠎ᠡ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠶᠢ ᠰᠢᠮᠳᠠᠭᠤᠯᠤᠨ ᠪᠠᠶᠢᠴᠠᠭᠠᠨ᠎ᠠ᠃      ︵ᠲᠤᠯᠤᠭ᠎ᠠ︶ ᠬᠠᠤᠯᠢ ᠶᠣᠰᠣᠭᠠᠷ ᠵᠠᠰᠠᠭ ᠶᠠᠪᠤᠭᠤᠯᠬᠤ ᠱᠠᠭᠠᠷᠳᠠᠯᠭ᠎ᠠ ᠶᠣᠰᠣᠭᠠᠷ᠂ ᠰᠢᠶᠠᠨ ᠤ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠵᠥᠪᠯᠡᠭᠴᠢ ᠲᠤᠰᠠᠯᠠᠭᠴᠢ ᠪᠠ ᠬᠠᠤᠯᠢ ᠴᠠᠭᠠᠵᠠ ᠶᠢᠨ ᠵᠥᠪᠯᠡᠭᠴᠢ ᠪᠣᠯᠵᠤ᠂ ᠪᠦᠬᠦ ᠰᠢᠶᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠵᠤ ᠳᠠᠩᠰᠠᠯᠠᠭᠤᠯᠬᠤ ᠠᠵᠢᠯ ᠢ ᠬᠠᠷᠢᠭᠤᠴᠠᠨ᠎ᠠ᠃      ︵ᠨᠠᠢᠮᠠ︶ ᠪᠦᠬᠦ ᠰᠢᠶᠠᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠢᠴᠢ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃      ︵ᠶᠢᠰᠦ︶ ᠪᠦᠬᠦ ᠰᠢᠶᠠᠨ ᠤ ᠨᠠᠮ ᠵᠠᠰᠠᠭ ᠤᠯᠠᠨ ᠲᠦᠮᠡᠨ ᠤ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠶᠢᠨ ᠮᠠᠰᠢᠨ ᠲᠡᠷᠭᠡᠨ ᠤ ᠣᠷᠣᠨ ᠲᠤᠭ᠎ᠠ ᠶᠢ ᠬᠢᠨᠠᠨ ᠲᠣᠭᠲᠠᠭᠠᠬᠤ ᠠᠵᠢᠯ ᠵᠢᠴᠢ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠴᠡᠭᠴᠡᠯᠡᠨ ᠵᠠᠰᠠᠬᠤ ᠬᠤᠯᠪᠣᠭᠳᠠᠬᠤ ᠠᠵᠢᠯ ᠢ ᠰᠠᠶᠢᠲᠤᠷ ᠬᠢᠨ᠎ᠡ᠃      ︵ᠠᠷᠪᠠ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠪᠣᠯᠣᠨ ᠳᠡᠭᠡᠷ᠎ᠡ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠶᠠᠪᠤᠳᠠᠯ ᠢ ᠳᠠᠭᠠᠭᠠᠴᠢᠯᠠᠨ ᠡᠷᠬᠢᠯᠡᠨ᠎ᠡ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1