ᠯᠠᠮᠠ ᠶᠢᠨ ᠲᠣᠬᠤᠢ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠡᠷᠭᠢᠨ ᠬᠠᠷᠠᠬᠤ︾ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠵᠢᠴᠢ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ 15 ᠳ᠋ᠤᠭᠠᠷ ᠤᠳᠠᠭ᠎ᠠ ᠶᠢᠨ ᠲᠣᠭᠲᠠᠮᠠᠯ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-12-10
     12 ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠬᠤᠶᠢᠨ᠎ᠠ᠂ ᠯᠠᠮᠠ ᠶᠢᠨ ᠲᠣᠬᠤᠢ ᠪᠠᠯᠭᠠᠰᠤᠨ ᠤ 2019 ᠣᠨ ᠤ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ 15 ᠳ᠋ᠤᠭᠠᠷ ᠤᠳᠠᠭ᠎ᠠ ᠶᠢᠨ ᠲᠣᠭᠲᠠᠮᠠᠯ ᠬᠤᠷᠠᠯ ᠪᠠᠯᠭᠠᠰᠤᠨ ᠤ ᠵᠠᠰᠠᠭ ᠤᠨ ᠣᠷᠳᠣᠨ ᠤ ᠬᠤᠶᠠᠳᠤᠭᠠᠷ ᠳᠠᠪᠬᠤᠷ ᠤᠨ ᠬᠤᠷᠠᠯ ᠤᠨ ᠲᠠᠰᠤᠭ ᠲᠤ ᠬᠤᠷᠠᠯᠳᠤᠭᠤᠯᠵᠤ᠂ ᠵᠠᠰᠠᠭ ᠤᠨ ᠣᠷᠳᠣᠨ ᠤ ᠪᠠᠯᠭᠠᠰᠤᠨ ᠤ ᠳᠠᠷᠤᠭ᠎ᠠ ᠯᠢᠦ ᠽᠠᠢ ᠰᠢᠶᠠᠨ᠂ ᠪᠠᠯᠭᠠᠰᠤᠨ ᠤ ᠳᠡᠳ᠋ ᠳᠠᠷᠤᠭ᠎ᠠ ᠲᠦᠸᠧ ᠱᠢ ᠸᠧᠢ᠂ ᠡᠯ᠎ᠡ ᠲᠣᠰᠬᠤᠨ ᠤ ᠲᠣᠰᠬᠤᠨ ᠢ ᠳᠠᠭᠠᠭᠠᠴᠢᠯᠠᠭᠰᠠᠨ ᠤᠳᠤᠷᠢᠳᠤᠯᠭ᠎ᠠ᠂ ᠺᠠᠳ᠋ᠷ᠂ ᠡᠯ᠎ᠡ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠪᠦᠬᠦ ᠬᠡᠰᠢᠭᠦᠨ᠂ ᠡᠯ᠎ᠡ ᠵᠠᠰᠠᠭ ᠵᠠᠬᠢᠷᠭᠠᠨ ᠤ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠵᠥᠪᠯᠡᠯ ᠤᠨ ᠡᠷᠬᠢᠯᠡᠭᠴᠢ ᠬᠤᠷᠠᠯ ᠳᠤ ᠣᠷᠣᠯᠴᠠᠪᠠ᠂ ᠬᠤᠷᠠᠯ ᠢ ᠶᠠᠩ ᠰᠢ ᠯᠢᠶᠠᠩ ᠲᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ︵ᠲᠦᠷ ᠴᠠᠭ ᠲᠤᠰᠢᠶᠠᠯ ᠡᠭᠦᠷᠭᠡᠯᠡᠭᠰᠡᠨ︶ ᠶᠠᠨ ᠶᠦᠩ ᠪᠢᠨ ᠡᠷᠬᠢᠯᠡᠪᠡ᠃
     ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠪᠠᠯᠭᠠᠰᠤᠨ ᠤ ᠳᠡᠳ᠋ ᠳᠠᠷᠤᠭ᠎ᠠ ᠲᠦᠸᠧ ᠱᠢ ᠸᠧᠶ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠠᠶᠢᠩᠭᠤᠵᠢᠭᠤᠯᠵᠤ ᠰᠢᠮᠳᠠᠭᠤᠯᠤᠨ ᠪᠠᠢᠴᠠᠭᠠᠬᠤ ᠠᠵᠢᠯ ᠶᠢᠨ ᠭᠤᠷᠪᠠᠳᠤᠭᠠᠷ ᠬᠤᠭᠤᠴᠠᠭᠠᠨ ᠳᠤ ᠢᠯᠡᠷᠡᠭᠦᠯᠦᠭᠰᠡᠨ ᠠᠰᠠᠭᠤᠳᠠᠯ ᠢ ᠮᠡᠳᠡᠭᠳᠡᠵᠦ᠂ ᠡᠯ᠎ᠡ ᠲᠣᠰᠬᠤᠨ ᠤ ᠬᠢᠨ ᠬᠠᠷᠢᠭᠤ ᠲᠤᠰᠬᠠᠭᠰᠠᠨ ᠠᠰᠠᠭᠤᠳᠠᠯ ᠲᠠᠢ ᠬᠠᠷᠢᠴᠠᠭᠤᠯᠤᠨ ᠨᠢᠭᠡᠳ ᠨᠢᠭᠡ ᠪᠠᠷ ᠣᠶᠢᠯᠠᠭᠠᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃ ᠲᠠᠷᠠᠭ᠎ᠠ ᠨᠢ᠂ ᠵᠠᠰᠠᠭ ᠤᠨ ᠣᠷᠳᠣᠨ ᠤ ᠪᠠᠯᠭᠠᠰᠤᠨ ᠤ ᠳᠡᠳ᠋ ᠳᠠᠷᠤᠭ᠎ᠠ ᠲᠦᠸᠧ ᠱᠢ ᠸᠧᠶ ᠮᠠᠨ ᠤ ᠪᠠᠯᠭᠠᠰᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠡᠷᠭᠢᠨ ᠬᠠᠷᠠᠬᠤ︾ ᠶᠢᠨ ᠣᠶᠢᠷ᠎ᠠ ᠶᠢᠨ ᠬᠤᠭᠤᠴᠠᠭᠠᠨ ᠤ ᠪᠣᠳᠠᠲᠠᠶ ᠠᠵᠢᠯ ᠶᠢᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠤᠭᠰᠠᠨ ᠪᠥᠭᠡᠳ ᠡᠯ᠎ᠡ ᠲᠣᠰᠬᠤᠨ ᠳᠤ ᠲᠥᠪ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠦᠷ᠎ᠡ ᠪᠦᠲᠦᠮᠵᠢ ᠶᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃      ᠬᠤᠷᠠᠯ ᠳᠡᠭᠡᠷ᠎ᠡ᠂ ᠬᠤᠩ ᠴᠢ ᠲᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ︵ᠲᠦᠷ ᠴᠠᠭ ᠲᠤᠰᠢᠶᠠᠯ ᠡᠭᠦᠷᠭᠡᠯᠡᠭᠰᠡᠨ︶ ᠵᠠᠩ ᠽᠦᠩ ᠵᠧᠩ ︽ᠬᠥᠬᠡᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠨ ︵ᠨᠢᠭᠡᠳᠦᠭᠡᠷ ᠱᠦᠵᠢ︶ ᠢ ᠬᠥᠳᠡᠯᠦᠩᠭᠦᠶ ᠪᠠᠷ ᠰᠢᠮᠳᠠᠭᠤᠯᠤᠨ ᠵᠢᠯᠣᠭᠤᠳᠬᠤ ᠠᠷᠭ᠎ᠠ︾ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃
     ᠬᠤᠷᠠᠯ ᠳᠡᠭᠡᠷ᠎ᠡ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠨᠡᠷ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠤᠨ ᠡᠴᠦᠰ ᠲᠤ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠯᠢᠦ ᠰᠢᠶᠠᠨ ᠴᠢᠬᠤᠯᠠᠴᠢᠯᠠᠭᠰᠠᠨ  ᠨᠢ᠄ ᠨᠢᠭᠡ ᠳᠤ᠂ ᠡᠯ᠎ᠡ ᠲᠣᠰᠬᠤᠨ ᠲᠠᠨᠢᠯᠲᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠡᠯ᠎ᠡ ᠲᠣᠰᠬᠤᠨ ᠤ ᠲᠣᠰᠬᠤᠨ ᠢ ᠳᠠᠭᠠᠭᠠᠴᠢᠯᠠᠭᠰᠠᠨ ᠤᠳᠤᠷᠢᠳᠤᠯᠭ᠎ᠠ᠂ ᠺᠠᠳ᠋ᠷ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠨ᠂ ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠬᠠᠷᠢᠭᠤᠴᠠᠯᠭ᠎ᠠ ᠪᠠᠨ ᠡᠭᠦᠷᠭᠡᠯᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠵᠢᠴᠢ ᠬᠠᠷᠢᠭᠤᠴᠠᠯᠭ᠎ᠠ ᠡᠭᠦᠷᠭᠡᠯᠡᠭᠴᠢ ᠶᠢ ᠲᠣᠳᠣᠷᠬᠠᠶᠢᠯᠠᠬᠤ ᠬᠡᠷᠡᠭᠲᠡᠶ︔ ᠬᠤᠶᠠᠷ ᠲᠤ᠂ ᠡᠯ᠎ᠡ ᠲᠣᠰᠬᠤᠨ ᠤ ᠬᠢᠨ ᠠᠰᠠᠭᠤᠳᠠᠯ ᠲᠠᠢ ᠬᠠᠷᠢᠴᠠᠭᠤᠯᠵᠤ᠂ ᠨᠢᠭᠡ ᠠᠴᠠ ᠨᠥᠭᠦᠭᠡ ᠶᠢ ᠮᠡᠳᠡᠵᠦ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠰᠠᠭᠤᠳᠠᠯ ᠤᠨ ᠨᠠᠷᠢᠨ ᠳᠠᠩᠰᠠ ᠶᠢ ᠵᠢᠭᠰᠠᠭᠠᠨ ᠪᠠᠶᠢᠴᠠᠭᠠᠵᠤ᠂ ᠲᠦᠷᠭᠡᠳᠬᠡᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ︔ ᠭᠤᠷᠪᠠ ᠳᠤ᠂ ᠡᠯ᠎ᠡ ᠲᠣᠰᠬᠤᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠨᠢᠭᠡᠳᠦᠯᠲᠡᠶ ᠳᠤ ᠲᠥᠯᠥᠪᠵᠢᠭᠦᠯᠦᠨ ᠲᠣᠬᠢᠷᠠᠭᠤᠯᠵᠤ᠂ ᠴᠠᠭ ᠤᠨ ᠵᠠᠩᠭᠢᠯᠠᠭ᠎ᠠ ᠶᠢᠨ ᠴᠡᠭ ᠶᠣᠰᠣᠭᠠᠷ ᠲᠤᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠵᠦ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ ᠣᠯᠬᠤ ᠬᠡᠷᠡᠭᠲᠡᠶ ᠭᠡᠵᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1