ᠴᠢᠩ ᠱᠦᠶ ᠾᠧ ᠰᠢᠶᠠᠨ ᠴᠢᠳᠠᠪᠤᠷᠢᠲᠠᠨ ᠡᠯᠰᠡᠵᠦ  ᠲᠣᠰᠬᠤᠨ ᠤ ᠲᠡᠰ ᠤᠨ ᠺᠠᠳ᠋ᠷ ᠤᠨ ᠡᠩᠨᠡᠭᠡ ᠶᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2019-12-17
    ᠣᠶᠢᠷ᠎ᠠ ᠶᠢᠨ ᠵᠢᠯ ᠳᠤ᠂ ᠴᠢᠩ ᠱᠦᠶ ᠾᠧ ᠰᠢᠶᠠᠨ ︽ᠪᠤᠴᠠᠭᠠᠨ ᠡᠯᠰᠡᠬᠦ︾᠂ ︽ᠪᠤᠴᠠᠭᠠᠨ ᠤᠷᠢᠬᠤ︾᠂ ︽ᠪᠤᠴᠠᠭᠠᠨ  ᠣᠷᠣᠭᠤᠯᠬᠤ︾᠂ ︽ᠪᠤᠴᠠᠭᠠᠨ ᠲᠠᠲᠠᠬᠤ︾ ᠵᠡᠷᠭᠡ ︽ᠳᠥᠷᠪᠡᠨ ᠪᠤᠴᠠᠭᠠᠨ︾ ᠲᠣᠰᠬᠤᠨ ᠳᠤ ᠬᠦᠷᠴᠦ ᠲᠤᠰᠢᠶᠠᠯ ᠡᠭᠦᠷᠭᠡᠯᠡᠬᠦ ᠠᠷᠭ᠎ᠠ ᠬᠡᠯᠪᠡᠷᠢ ᠪᠠᠷ ᠲᠣᠰᠬᠤᠨ ᠤ ᠲᠡᠰ ᠤᠨ ᠺᠠᠳ᠋ᠷ ᠤᠨ ᠡᠩᠨᠡᠭᠡ ᠶᠢᠨ ᠪᠦᠲᠦᠴᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠲᠣᠰᠬᠤᠨ ᠤ ᠲᠡᠰ ᠤᠨ ᠺᠠᠳ᠋ᠷ ᠤᠨ ᠡᠩᠨᠡᠭᠡ ᠶᠢᠨ ᠪᠦᠲᠦᠴᠡ ᠶᠢ ᠳᠡᠭᠡᠭᠰᠢᠯᠡᠭᠦᠯᠪᠡ᠃     ᠭᠠᠳᠠᠭᠰᠢ ᠭᠠᠷᠴᠤ ᠬᠥᠯᠥᠰᠥᠨ ᠠᠵᠢᠯ ᠬᠢᠵᠦ ᠪᠠᠶᠠᠵᠢᠭᠰᠠᠨ ᠬᠥᠮᠦᠰ ᠢ ︽ᠪᠤᠴᠠᠭᠠᠨ ᠡᠯᠰᠡᠵᠦ︾᠂ ᠬᠥᠳᠡᠭᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠠᠵᠢᠯ ᠤᠨ ᠴᠢᠳᠠᠪᠤᠷᠢ ᠶᠢ ᠳᠡᠭᠡᠭᠰᠢᠯᠡᠭᠦᠯᠪᠡ᠃ ᠴᠢᠩ ᠱᠦᠶ ᠾᠧ ᠰᠢᠶᠠᠨ 8 ᠰᠢᠶᠠᠩ ᠪᠠᠯᠭᠠᠰᠤᠨ ᠤ ᠭᠠᠳᠠᠭᠰᠢ ᠭᠠᠷᠴᠤ ᠬᠥᠯᠥᠰᠥᠨ ᠠᠵᠢᠯ ᠬᠢᠵᠦ᠂ ᠬᠤᠳᠠᠯᠳᠤᠭ᠎ᠠ ᠡᠷᠬᠢᠯᠡᠭᠡᠳ ᠠᠮᠵᠢᠯᠲᠠ ᠣᠯᠤᠭᠰᠠᠨ ᠬᠥᠮᠦᠰ ᠵᠢᠴᠢ ᠠᠳᠠᠯ ᠦᠢᠯᠡᠰ ᠴᠣᠭᠴᠠᠯᠠᠭᠰᠠᠨ ᠨᠢᠭᠡ ᠪᠦᠯᠦᠭ ᠪᠠᠶᠠᠵᠢᠯ ᠤᠨ ᠴᠢᠳᠠᠪᠤᠷᠢ ᠪᠠᠷ ᠴᠢᠩᠭ᠎ᠠ ᠬᠥᠮᠦᠰ ᠢ ᠡᠭᠡᠭᠦᠯᠦᠨ ᠡᠯᠰᠡᠵᠦ ᠲᠣᠰᠬᠤᠨ ᠳᠤ ᠣᠴᠢᠭᠤᠯᠤᠨ ᠲᠤᠰᠢᠶᠠᠯ ᠡᠭᠦᠷᠭᠡᠯᠡᠭᠦᠯᠵᠦ᠂ ᠲᠡᠳᠡᠨ ᠤ ᠡᠯ᠎ᠡ ᠵᠦᠢᠯ ᠤᠨ ᠳᠠᠪᠠᠭᠤᠯᠢᠭ ᠢ ᠭᠦᠢᠴᠡᠳ ᠠᠰᠢᠭᠯᠠ᠂ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠵᠦ᠂ ᠶᠠᠳᠠᠭᠤ ᠬᠦᠴᠢᠷᠳᠡᠯᠲᠡᠶ ᠡᠷᠦᠬᠡ ᠪᠣᠯᠤᠨ ᠡᠩ ᠤᠨ ᠣᠯᠠᠨ ᠲᠦᠮᠡᠨ ᠢ ᠳᠠᠶᠢᠴᠢᠯᠠᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠪᠠ᠃ ᠣᠳᠣᠬᠠᠨ ᠳᠤ᠂ ᠮᠠᠨ ᠤ ᠰᠢᠶᠠᠨ ᠤ 66 ᠬᠥᠮᠦᠨ ᠲᠣᠰᠬᠤᠨ ᠳᠤ ᠪᠤᠴᠠᠨ ᠢᠷᠡᠵᠦ ᠲᠤᠰᠢᠶᠠᠯ ᠡᠭᠦᠷᠭᠡᠯᠡᠵᠦ᠂ 11 ᠬᠥᠮᠦᠨ ᠨᠢ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠢ ᠡᠭᠦᠷᠭᠡᠯᠡᠵᠦ᠂ 25 ᠬᠥᠮᠦᠨ ᠨᠢ ᠲᠣᠰᠬᠤᠨ ᠤ ᠬᠤᠶᠠᠷ ᠵᠥᠪᠯᠡᠯ ᠤᠨ ᠪᠠᠭ ᠤᠨ ᠪᠤᠰᠤᠳ ᠲᠤᠰᠢᠶᠠᠯ ᠢ ᠡᠭᠦᠷᠭᠡᠯᠡᠵᠦ ᠪᠠᠶᠢᠨ᠎ᠠ᠃      ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠢ ︽ᠪᠤᠴᠠᠭᠠᠨ ᠤᠷᠢᠵᠤ︾᠂ ᠦᠯᠡᠳᠡᠪᠦᠷᠢ ᠢᠯᠴᠢ ᠪᠠᠨ ᠪᠠᠳᠠᠷᠠᠭᠤᠯᠤᠨ ᠤᠳᠤᠷᠢᠳᠬᠤ ᠪᠠᠭ ᠢᠶᠠᠨ ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠬᠤ ᠳᠤ ᠲᠤᠰᠠᠯᠠᠪᠠ᠃ ᠣᠳᠣᠬᠠᠨ ᠳᠤ᠂ ᠪᠠᠶᠢᠳᠠᠯ ᠢ ᠣᠶᠢᠯᠠᠭᠠᠵᠤ ᠪᠦᠷᠢᠳᠬᠡᠭᠰᠡᠨ ᠢᠶᠠᠷ ᠂ ᠴᠢᠩ ᠱᠦᠶ ᠾᠧ ᠰᠢᠶᠠᠨ ᠤ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠳᠣᠲᠣᠷ᠎ᠠ 40 ᠭᠠᠷᠤᠶ ᠨᠢ ᠲᠣᠰᠬᠤᠨ ᠳᠠᠭᠠᠨ ᠬᠠᠷᠢᠵᠤ ᠠᠵᠢᠯᠯᠠᠵᠤ᠂ 16 ᠬᠥᠮᠥᠨ ᠨᠢ ᠲᠣᠰᠬᠤᠨ ᠤ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠡᠭᠦᠷᠭᠡᠯᠡᠵᠦ᠂ 10 ᠬᠥᠮᠥᠨ ᠨᠢ ᠲᠣᠰᠬᠤᠨ ᠤ ᠬᠤᠶᠠᠷ ᠵᠥᠪᠯᠡᠯ ᠤᠨ ᠪᠤᠰᠤᠳ ᠲᠤᠰᠢᠶᠠᠯ ᠢ ᠡᠭᠦᠷᠭᠡᠯᠡᠵᠦ ᠪᠠᠶᠢᠨ᠎ᠠ᠃     ᠤᠶᠤᠲᠠᠳ ᠢ ︽ᠪᠤᠴᠠᠭᠠᠨ ᠣᠷᠣᠭᠤᠯᠵᠤ︾᠂ ᠬᠥᠳᠡᠭᠡ ᠲᠣᠰᠬᠤᠨ ᠤ ᠰᠢᠨ᠎ᠡ ᠠᠮᠢᠵᠢᠷᠠᠯ ᠤᠨ ᠬᠦᠴᠦᠨ ᠢ ᠨᠡᠮᠡᠭᠳᠡᠭᠦᠯᠪᠡ᠃ ᠴᠢᠩ ᠱᠦᠶ ᠾᠧ ᠰᠢᠶᠠᠨ ᠤ ᠭᠠᠳᠠᠨ᠎ᠠ ᠰᠣᠷᠣᠯᠴᠠᠭᠰᠠᠨ ᠣᠶᠤᠲᠠᠳ ᠤᠨ ᠳᠣᠲᠣᠷ᠎ᠠ ᠠᠴᠠ ᠨᠢᠭᠡ ᠪᠦᠯᠦᠭ ᠰᠢᠯᠢᠳᠡᠭ ᠰᠤᠷᠤᠭᠴᠢ ᠶᠢ ᠲᠣᠰᠬᠤᠨ ᠳᠤ ᠲᠡᠳᠡᠨ ᠣᠷᠣᠭᠤᠯᠵᠤ ᠲᠤᠰᠢᠶᠠᠯ ᠡᠭᠦᠷᠭᠡᠯᠡᠭᠦᠯᠵᠦ᠂ ᠲᠡᠳᠡᠨ ᠣᠷᠣᠭᠤᠯᠤᠭᠰᠠᠨ ᠣᠶᠤᠲᠠᠳ ᠲᠤ ᠬᠠᠮᠢᠶ᠎ᠠ ᠪᠦᠬᠦᠢ ᠲᠣᠭᠲᠠᠭᠠᠯ ᠤᠨ ᠪᠠᠷᠢᠮᠵᠢᠶ᠎ᠠ ᠶᠣᠰᠣᠭᠠᠷ ᠬᠥᠯᠥᠰᠥ ᠣᠯᠭᠤᠮᠵᠢ ᠪᠠ ᠣᠯᠭᠤᠮᠵᠢ ᠬᠦᠷᠲᠡᠭᠡᠵᠦ᠂ ᠰᠢᠶᠠᠩ ᠪᠠᠯᠭᠠᠰᠤᠨ ᠤ ᠵᠠᠰᠠᠭ ᠤᠨ ᠣᠷᠳᠣᠨ ᠠᠴᠠ ᠬᠠᠷᠢᠭᠤᠴᠠᠨ ᠮᠥᠷᠳᠡᠨ ᠬᠠᠮᠢᠶᠠᠷᠴᠤ᠂ ᠲᠡᠳᠡᠨ ᠤ ᠡᠯ᠎ᠡ ᠵᠦᠢᠯ ᠤᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠵᠤ᠂ ᠭᠠᠳᠠᠭᠰᠢ ᠭᠠᠷᠴᠤ ᠪᠣᠯᠪᠠᠰᠤᠷᠠᠭᠤᠯᠤᠭᠠᠳ ᠮᠡᠷᠭᠡᠵᠢᠯ ᠴᠢᠳᠠᠪᠤᠷᠢ ᠶᠢᠨ ᠬᠡᠪ ᠴᠢᠨᠠᠷ ᠢ ᠳᠡᠭᠡᠭᠰᠢᠯᠡᠭᠦᠯᠬᠦ ᠲᠣᠬᠢᠶᠠᠯ ᠣᠯᠭᠤᠬᠤ ᠶᠢᠨ ᠬᠠᠮᠲᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠡᠩ ᠲᠡᠷᠢᠭᠦᠨ ᠳᠤ ᠬᠦᠷᠲᠡᠭᠡᠪᠡ᠃ ᠣᠳᠣᠬᠠᠨ ᠳᠤ᠂ ᠴᠢᠩ ᠱᠦᠶ ᠾᠧ ᠰᠢᠶᠠᠨ ᠨᠢᠭᠡᠨᠲᠡ 5 ᠤᠶᠤᠲᠠᠳ ᠢ ᠲᠣᠰᠬᠤᠨ ᠳᠤ ᠤᠷᠢᠨ ᠠᠪᠴᠢᠷᠠᠵᠤ ᠲᠤᠰᠢᠶᠠᠯ ᠡᠭᠦᠷᠭᠡᠯᠡᠭᠦᠯᠦᠨ ᠲᠣᠰᠬᠤᠨ ᠤ ᠬᠤᠶᠠᠷ ᠵᠥᠪᠯᠡᠯ ᠤᠨ ᠪᠠᠭ ᠲᠤ ᠣᠷᠣᠭᠤᠯᠤᠭᠰᠠᠨ ᠪᠥᠭᠡᠳ ᠲᠣᠰᠬᠤᠨ ᠤ ᠪᠡᠯᠡᠳᠬᠡᠯ ᠺᠠᠳ᠋ᠷ ᠤᠨ ᠬᠤᠪᠢ ᠪᠠᠷ ᠭᠤᠤᠯᠳᠠᠯᠭ᠎ᠠ ᠲᠠᠢ ᠬᠥᠮᠦᠵᠢᠭᠦᠯᠵᠦ ᠪᠤᠢ᠃      ᠴᠡᠷᠢᠭ ᠠᠴᠠ ᠬᠠᠯᠠᠭᠳᠠᠭᠰᠠᠳ ᠢ ︽ᠪᠤᠴᠠᠭᠠᠨ ᠲᠠᠲᠠᠵᠤ︾᠂ ᠵᠢᠱᠢᠶᠡᠴᠢ ᠳᠠᠭᠠᠭᠤᠯᠬᠤ ᠦᠢᠯᠡᠳᠦᠯ ᠢ ᠪᠠᠳᠠᠷᠠᠭᠤᠯᠪᠠ᠃ ᠣᠳᠣᠬᠠᠨ ᠳᠤ᠂ ᠴᠢᠩ ᠱᠦᠶ ᠾᠧ ᠰᠢᠶᠠᠨ ᠳᠤ ᠲᠣᠰᠬᠤᠨ ᠳᠠᠭᠠᠨ ᠬᠠᠷᠢᠵᠤ ᠠᠵᠢᠯᠯᠠᠬᠤ ᠬᠦᠰᠡᠯ ᠲᠠᠢ ᠴᠡᠷᠢᠭ ᠠᠴᠠ ᠬᠠᠯᠠᠭᠳᠠᠭᠰᠠᠨ ᠴᠡᠷᠢᠭ 30 ᠭᠠᠷᠤᠶ ᠪᠠᠶᠢᠵᠤ᠂ ᠨᠡᠶᠢᠲᠡ 13 ᠬᠥᠮᠦᠨ ᠢ ᠲᠠᠲᠠᠨ ᠣᠷᠣᠭᠤᠯᠵᠤ᠂ ᠡᠭᠦᠨ ᠳᠤ 3 ᠬᠥᠮᠦᠨ ᠨᠢ ᠲᠣᠰᠬᠤᠨ ᠤ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠡᠭᠦᠷᠭᠡᠯᠡᠵᠦ ᠂ 10 ᠬᠥᠮᠦᠨ ᠨᠢ ᠲᠣᠰᠬᠤᠨ ᠤ ᠬᠤᠶᠠᠷ ᠵᠥᠪᠯᠡᠯ ᠤᠨ ᠪᠤᠰᠤᠳ ᠲᠤᠰᠢᠶᠠᠯ ᠢ ᠡᠭᠦᠷᠭᠡᠯᠡᠵᠦ ᠪᠠᠶᠢᠨ᠎ᠠ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1