ᠬᠤᠲᠠ ᠶᠢᠨ ᠳᠡᠳ᠋ ᠳᠠᠷᠤᠭ᠎ᠠ ᠰᠢᠤᠢ ᠷᠦᠢ ᠰᠢᠶᠠ ᠶᠣᠣ ᠭᠸᠦ ᠰᠢᠶᠠᠩ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2019-12-02
     11 ᠳ᠋ᠦ᠋ᠭᠡᠷ ᠰᠠᠷ᠎ᠠ ᠶᠢᠨ 28 ᠤ ᠦᠳᠡ ᠡᠮᠦᠨ᠎ᠡ᠂ ᠬᠤᠲᠠ ᠶᠢᠨ ᠳᠡᠳ᠋ ᠳᠠᠷᠤᠭ᠎ᠠ ᠰᠢᠤᠢ ᠷᠦᠢ ᠰᠢᠶᠠ ᠨᠠᠷ ᠶᠣᠣ ᠭᠸᠦ ᠰᠢᠶᠠᠩ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠵᠤ ᠵᠢᠯᠣᠭᠤᠳᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠡᠯ᠎ᠡ ᠬᠠᠪᠰᠤᠷᠤᠨ ᠲᠡᠳᠬᠦᠬᠦ ᠠᠵᠤ ᠠᠬᠤᠶᠢᠯᠠᠯ ᠤᠨ ᠲᠥᠯᠥᠭᠡᠯᠡᠭᠴᠢ᠂ ᠴᠢᠩ ᠱᠦᠶ ᠾᠧ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠵᠠᠩ ᠺᠧ ᠯᠢᠩ᠂ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠶᠠᠷᠢᠯᠴᠠᠬᠤ ᠬᠤᠷᠠᠯ ᠳᠤ ᠣᠷᠣᠯᠴᠠᠪᠠ᠃
     ᠰᠢᠤᠢ ᠷᠦᠢ ᠰᠢᠶᠠ ᠡᠯ᠎ᠡ ᠲᠣᠰᠬᠤᠨ ᠤ ᠠᠵᠤ ᠦᠢᠯᠡᠰ ᠤᠨ ᠲᠥᠷᠥᠯ ᠵᠦᠢᠯ ᠪᠣᠯᠤᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠨᠠᠷᠢᠨ ᠬᠢᠨᠠᠮᠠᠭᠠᠶ ᠰᠣᠨᠣᠰᠤᠭᠰᠠᠨ ᠤ ᠳᠠᠷᠠᠭ᠎ᠠ᠂ ᠲᠣᠰᠬᠤᠨ ᠨᠢᠭᠡᠪᠦᠷᠢ ᠶᠢᠨ ᠪᠣᠳᠠᠲᠠᠶ ᠠᠵᠢᠯ ᠳᠤ ᠴᠢᠭᠯᠡᠭᠦᠯᠦᠨ ᠵᠣᠬᠢᠴᠠᠩᠭᠤᠶ ᠰᠠᠨᠠᠭᠤᠯᠭ᠎ᠠ ᠳᠤᠷᠠᠳᠴᠠᠶ᠃ ᠰᠢᠤᠢ ᠷᠦᠢ ᠰᠢᠶᠠ᠂ ᠳᠠᠷᠠᠭᠠᠴᠢ ᠶᠢᠨ ᠠᠯᠬᠤᠮ ᠳᠤ᠂ ᠡᠯ᠎ᠡ ᠬᠠᠪᠰᠤᠷᠤᠨ ᠲᠡᠳᠬᠦᠬᠦ ᠠᠵᠤ ᠠᠬᠤᠶᠢᠯᠠᠯ᠂ ᠡᠯ᠎ᠡ ᠲᠣᠰᠬᠤᠨ ᠤ ᠨᠠᠮ ᠤᠨ ᠬᠤᠷᠢᠶ᠎ᠠ ᠢᠳᠡᠪᠬᠢᠲᠡᠢ ᠵᠣᠯᠭᠠᠭᠤᠯᠵᠤ᠂ ᠲᠥᠷᠥᠯ ᠵᠦᠢᠯ ᠨᠢᠭᠡᠪᠦᠷᠢ ᠶᠢ ᠪᠣᠳᠠᠲᠠᠶ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢ ᠦᠨᠡᠨᠬᠦ ᠪᠤᠵᠠᠭᠠᠶᠢᠷᠠᠭᠤᠯᠵᠤ᠂ ᠲᠣᠰᠬᠤᠨ ᠤ ᠠᠷᠠᠳ ᠲᠤ ᠲᠣᠰᠬᠤᠨ ᠤ ᠬᠠᠮᠲᠤ ᠶᠢᠨ ᠠᠵᠤ ᠠᠬᠤᠶ ᠠᠴᠠ ᠦᠨᠡᠨᠬᠦ ᠠᠰᠢᠭ ᠬᠦᠷᠲᠡᠭᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃
     ᠶᠠᠷᠢᠯᠴᠠᠬᠤ ᠬᠤᠷᠠᠯ ᠤᠨ ᠲᠠᠷᠠᠭ᠎ᠠ᠂ ᠰᠢᠤᠢ ᠷᠦᠢ ᠰᠢᠶᠠ ᠶᠠᠳᠠᠭᠤ ᠬᠦᠴᠢᠷᠳᠡᠯᠲᠡᠶ ᠡᠷᠦᠬᠡ ᠬᠤᠤ ᠹᠦ᠋ ᠱᠤᠸᠠᠨ ᠤ ᠭᠡᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠲᠡᠭᠦᠨ ᠤ ᠭᠡᠷ ᠤᠨ ᠦᠢᠯᠡᠳᠪᠦᠷᠢᠯᠡᠯ ᠪᠣᠯᠤᠨ ᠪᠡᠶ᠎ᠡ ᠮᠠᠬᠠᠪᠣᠳ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠲᠡᠭᠦᠨ ᠤ ᠢᠲᠡᠭᠡᠯ ᠵᠣᠷᠢᠭ ᠢ ᠬᠥᠪᠴᠢᠯᠡᠵᠦ᠂ ᠣᠳᠣᠬᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠰᠢᠭᠲᠠᠢ ᠲᠥᠷᠦ ᠶᠢᠨ ᠪᠣᠳᠣᠯᠭ᠎ᠠ ᠲᠠᠢ ᠤᠶᠠᠯᠳᠤᠭᠤᠯᠵᠤ᠂ ᠡᠷᠲᠡᠬᠡᠨ ᠶᠠᠳᠠᠭᠤ ᠠᠴᠠ ᠠᠩᠭᠢᠵᠢᠷᠠᠵᠤ᠂ ᠵᠣᠯ ᠵᠢᠷᠭᠠᠯ ᠲᠠᠢ ᠠᠮᠢᠳᠤᠷᠠᠬᠤ ᠶᠢ ᠵᠣᠷᠢᠭᠵᠢᠭᠤᠯᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1