ᠶᠦᠨ ᠯᠢᠨ ᠴᠢᠶᠦ᠋ᠩ ᠴᠧᠩ ᠭᠤᠸᠠᠨ ᠪᠠᠯᠭᠠᠰᠤ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019-12-05
     11  ᠳ᠋ᠦ᠋ᠭᠡᠷ ᠰᠠᠷ᠎ᠠ ᠶᠢᠨ 26 ᠤ ᠦᠳᠡ ᠬᠤᠶᠢᠨ᠎ᠠ᠂ ᠴᠢᠩ ᠱᠦᠶ ᠾᠧ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦ᠋ᠩ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠳᠥᠷᠪᠡᠳᠦᠭᠡᠷ ᠵᠢᠯᠣᠭᠤᠳᠬᠤ ᠳᠤᠭᠤᠶᠢᠯᠠᠩ ᠤᠨ ᠳᠠᠷᠤᠭ᠎ᠠ ᠯᠢ ᠬᠤᠩ ᠸᠧᠢ ᠴᠧᠩ ᠭᠤᠸᠠᠨ ᠪᠠᠯᠭᠠᠰᠤᠨ ᠤ ᠬᠠᠨ ᠴᠢᠩ ᠪᠠ ᠲᠣᠰᠬᠤᠨ᠂ ᠰᠢ ᠱᠠᠨ ᠭᠧᠦ ᠲᠣᠰᠬᠤᠨ᠂ ᠶᠠᠩ ᠵᠢᠶᠠ ᠶᠣᠣ ᠲᠣᠰᠬᠤᠨ᠂ ᠱᠢ ᠸᠠᠨ ᠽᠢ ᠲᠣᠰᠬᠤᠨ᠂ ᠫᠠᠨ ᠱᠠᠨ ᠭᠧᠦ ᠲᠣᠰᠬᠤᠨ ᠵᠡᠷᠭᠡ ᠲᠠᠪᠤᠨ ᠲᠣᠰᠬᠤᠨ ᠤ ᠵᠥᠪᠯᠡᠯ ᠤᠨ ᠠᠵᠤ ᠦᠢᠯᠡᠰ ᠤᠨ ᠬᠥᠭᠵᠢᠯᠲᠡ᠂ ᠲᠣᠰᠬᠤᠨ ᠤ ᠬᠠᠮᠲᠤ ᠶᠢᠨ ᠠᠵᠤ ᠠᠬᠤᠶ ᠵᠢᠴᠢ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠵᠡᠷᠭᠡ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠪᠡ᠃      ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ᠂ ᠰᠢᠶᠠᠨ ᠤ ᠤᠳᠤᠷᠢᠳᠤᠯᠭ᠎ᠠ ᠯᠢ ᠯᠢᠦ ᠰᠢᠶᠣᠤ᠂ ᠴᠧᠩ ᠭᠤᠸᠠᠨ ᠪᠠᠯᠭᠠᠰᠤᠨ ᠤ ᠬᠠᠮᠢᠶ᠎ᠠ ᠪᠦᠬᠦᠢ ᠤᠳᠤᠷᠢᠳᠤᠯᠭ᠎ᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠩ ᠲᠡᠷᠢᠭᠦᠨ ᠳᠤ ︽ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠱᠢᠶᠡᠴᠢ︾ ᠶᠢᠨ ᠡᠦ ᠬᠠᠨ ᠳ᠋ᠢᠩ ᠨᠥᠬᠦᠷ ᠤᠨ ᠠᠵᠢᠯᠯᠠᠵᠤ ᠥᠩᠭᠡᠷᠡᠭᠰᠡᠨ ᠬᠠᠨ ᠴᠢᠩ ᠪᠠ ᠲᠣᠰᠬᠤᠨ ᠤ ᠵᠥᠪᠯᠡᠯ ᠤᠨ ᠨᠤᠸᠠᠨ ᠱᠦᠶ ᠸᠠᠨ ᠲᠣᠰᠬᠤᠨ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠳᠠᠭᠤ ᠬᠦᠴᠢᠷᠳᠡᠯᠲᠡᠶ ᠡᠷᠦᠬᠡ ᠶᠢ ᠰᠤᠷᠪᠤᠯᠵᠢᠯᠠᠪᠠ᠃
     ᠳᠠᠷᠠᠭ᠎ᠠ ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠰᠢ ᠱᠠᠨ ᠭᠸᠦ ᠲᠣᠰᠬᠤᠨ᠂ ᠱᠢ ᠸᠠᠨ ᠽᠢ ᠲᠣᠰᠬᠤᠨ᠂ ᠶᠠᠩ ᠵᠢᠶᠠ ᠶᠣᠣ ᠲᠣᠰᠬᠤᠨ ᠳᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠡᠭᠦᠨ ᠤ ᠬᠠᠮᠲᠤ᠂ ᠳᠤᠭᠤᠶᠢᠯᠠᠩ ᠤᠨ ᠳᠠᠷᠤᠭ᠎ᠠ ᠯᠢ ᠬᠤᠩ ᠸᠧᠢ ᠭᠤᠤᠯ ᠰᠡᠳᠦᠪᠲᠦ ᠰᠤᠷᠭᠠᠨ ᠬᠥᠮᠦᠵᠢᠯ ᠤᠨ ᠳᠠᠩᠰᠠ ᠡᠪᠬᠡᠮᠡᠯ ᠤᠨ ᠮᠠᠲ᠋ᠧᠷᠢᠶᠠᠯ ᠪᠠ ᠡᠯ᠎ᠡ ᠭᠠᠴᠠᠭᠠᠨ ᠤ ᠠᠷᠠᠳ ᠲᠤ ᠦᠢᠯᠡᠴᠢᠯᠡᠬᠦ ᠪᠠᠶᠢᠳᠠᠯ ᠢ ᠪᠠᠶᠢᠴᠠᠭᠠᠨ ᠦᠵᠡᠪᠡ᠃
     ᠬᠠᠮᠤᠭ ᠰᠡᠭᠦᠯ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠫᠠᠨ ᠱᠠᠨ ᠭᠧᠦ ᠲᠣᠰᠬᠤᠨ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠷᠢᠯᠳᠦᠬᠦᠨ᠂ ᠫᠠᠨ ᠱᠠᠨ ᠭᠸᠦ ᠲᠣᠰᠬᠤᠨ ᠤ ᠬᠤᠶᠠᠷ ᠵᠥᠪᠯᠡᠯ ᠤᠨ ᠪᠠᠭ ᠤᠨ ᠪᠦᠷᠢᠯᠳᠦᠬᠦᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠨ ᠵᠢᠴᠢ ᠬᠡᠰᠡᠭ ᠶᠠᠳᠠᠭᠤ ᠬᠦᠴᠢᠷᠳᠡᠯᠲᠡᠶ ᠡᠷᠦᠬᠡ ᠶᠢᠨ ᠲᠥᠯᠥᠭᠡᠯᠡᠭᠴᠢ᠂ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠳᠤ ᠣᠷᠣᠯᠴᠠᠪᠠ᠃
     ᠶᠠᠷᠢᠯᠴᠠᠬᠤ ᠬᠤᠷᠠᠯ ᠳᠡᠭᠡᠷ᠎ᠡ᠂ ᠶᠦᠨ ᠯᠢᠨ ᠴᠢᠶᠦ᠋ᠩ ᠬᠤᠷᠠᠯ ᠳᠤ ᠣᠷᠣᠯᠴᠠᠭᠰᠠᠨ ᠬᠥᠮᠦᠰ ᠲᠠᠢ ᠠᠵᠤ ᠦᠢᠯᠡᠰ ᠤᠨ ᠬᠥᠭᠵᠢᠯᠲᠡ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠶᠢᠨ ᠨᠠᠶᠢᠳᠠᠪᠤᠷᠢᠵᠢᠭᠤᠯᠤᠯᠲᠠ ᠵᠢᠴᠢ ᠭᠤᠤᠯ ᠰᠡᠳᠦᠪᠲᠦ ᠬᠥᠮᠦᠵᠢᠯ ᠤᠨ ᠠᠵᠢᠯ ᠶᠢᠨ ᠲᠤᠬᠠᠶ ᠰᠠᠨᠠᠯ ᠢᠶᠠᠨ ᠰᠣᠯᠢᠯᠴᠠᠭᠰᠠᠨ ᠪᠥᠭᠡᠳ ᠡᠷᠬᠢᠮ ᠨᠠᠨᠳᠢᠨ ᠰᠠᠨᠠᠯ ᠳᠤᠷᠠᠳᠴᠠᠶ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1