2019 ᠣᠨ ᠳᠤ ᠴᠢᠩ ᠱᠦᠶ ᠾᠧ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠳᠡᠭ ᠦᠷᠭᠦᠯᠵᠢᠯᠡᠨ ᠳᠡᠭᠡᠭᠰᠢᠯᠡᠪᠡ
ᠨᠡᠶᠢᠲᠡᠯᠡᠭᠰᠡᠨ ᠴᠠᠭ᠄
2019-12-06
     2019 ᠣᠨ ᠤ ᠲᠦᠷᠦᠭᠦᠤ ᠭᠤᠷᠪᠠᠨ ᠤᠯᠠᠷᠢᠯ ᠳᠤ᠂ ᠴᠢᠩ ᠱᠦᠶ ᠾᠧ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠳᠡᠭ 40.96 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.2 % ᠨᠡᠮᠡᠭᠳᠡᠪᠡ︔ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 1.49 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.6 % ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 14.13 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.5 % ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 25.34 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.6 % ᠨᠡᠮᠡᠭᠳᠡᠪᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 55.7 % ᠨᠡᠮᠡᠭᠳᠡᠪᠡ᠃ ᠨᠡᠢᠭᠡᠮ ᠤᠨ ᠬᠡᠷᠡᠭᠯᠡᠭᠡᠨ ᠤ ᠡᠳ᠋ ᠤᠨ ᠵᠢᠵᠢᠭᠯᠡᠨ ᠪᠣᠷᠣᠯᠠᠭᠤᠯᠤᠭᠰᠠᠨ ᠥᠷᠲᠡᠭ 7.25 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.9 % ᠨᠡᠮᠡᠭᠳᠡᠪᠡ᠃ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 6845 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.8 % ᠨᠡᠮᠡᠭᠳᠡᠪᠡ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 22285 ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 7.3 % ᠨᠡᠮᠡᠭᠳᠡᠪᠡ᠃ 2019 ᠣᠨ 11 ᠳ᠋ᠦ᠋ᠭᠡᠷ ᠰᠠᠷ᠎ᠠ ᠶᠢᠨ 19 ᠤ ᠡᠳᠦᠷ ᠪᠣᠯᠲᠠᠯ᠎ᠠ᠂ ᠪᠦᠬᠦ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠨᠡᠶᠢᠲᠡ 47846 ᠲᠦᠮᠡᠨ ᠲᠥᠭᠦᠷᠢᠭ ᠪᠡᠶᠡᠯᠡᠭᠦᠯᠵᠦ᠂ ᠪᠥᠬᠦ ᠵᠢᠯ ᠤᠨ ᠣᠷᠣᠯᠭ᠎ᠠ ᠶᠢᠨ ᠬᠠᠷᠠᠯᠲᠠ ᠶᠢ 47500 ᠲᠦᠮᠡᠨ ᠲᠥᠭᠦᠷᠢᠭ ᠤᠨ 100.73 % ᠪᠠᠷ ᠪᠡᠶᠡᠯᠡᠭᠦᠯᠵᠦ᠂ ᠲᠦᠷᠦᠭᠦᠤ ᠵᠢᠯ ᠤᠨ ᠪᠥᠬᠦ ᠵᠢᠯ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠨᠡᠶᠢᠲᠡ 44104 ᠲᠦᠮᠡᠨ ᠲᠥᠭᠦᠷᠢᠭ ᠪᠡᠶᠡᠯᠡᠭᠦᠯᠦᠭᠰᠡᠨ ᠠᠴᠠ 3742 ᠲᠦᠮᠡᠨ ᠲᠥᠭᠦᠷᠢᠭ ᠨᠡᠮᠡᠭᠳᠡᠵᠦ᠂ 8.48 % ᠨᠡᠮᠡᠭᠳᠡᠵᠡᠶ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1