ᠮᠠᠨ ᠤ ᠰᠢᠶᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠶ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠢ ᠬᠤᠷᠠᠯᠳᠤᠪᠠ
ᠨᠡᠶᠢᠲᠡᠯᠡᠭᠰᠡᠨ ᠴᠠᠭ᠄
2019-12-09
     12 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠡᠮᠦᠨ᠎ᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠨᠢ ᠨᠢᠭᠡᠳᠦᠭᠦᠯᠵᠦ᠂ ᠣᠶᠤᠨ ᠤᠬᠠᠭᠠᠨ ᠪᠠ ᠬᠦᠴᠦᠨ ᠴᠢᠳᠠᠯ ᠢ ᠨᠢ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠡᠭᠡᠷ᠎ᠡ ᠨᠢᠭᠲᠠᠷᠠᠭᠤᠯᠬᠤ ᠶᠢᠨ ᠲᠤᠰᠠᠳᠠ᠂ ᠮᠠᠨ ᠤ ᠰᠢᠶᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠶ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠢ ᠬᠤᠷᠠᠯᠳᠤᠪᠠ᠃ ᠰᠢᠶᠠᠨ ᠤ ᠳᠦᠷᠪᠡᠨ ᠶᠡᠭᠡ ᠤᠳᠤᠷᠢᠳᠬᠤ ᠪᠠᠭ ᠤᠨ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ᠂ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠬᠡᠰᠡᠭ ᠺᠠᠳ᠋ᠷ᠂ ᠡᠯ᠎ᠡ ᠰᠢᠶᠠᠩ ᠪᠠᠯᠭᠠᠰᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ᠂ ᠵᠣᠬᠢᠶᠠᠨ ᠪᠠᠶᠢᠭᠤᠯᠬᠤ ᠭᠡᠰᠢᠭᠦᠨ᠂ ᠤᠬᠠᠭᠤᠯᠬᠤ ᠭᠡᠰᠢᠭᠦᠨ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠢ᠂ ᠡᠯ᠎ᠡ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠨᠠᠮ ᠤᠨ ᠡᠭᠦᠷ ᠤᠨ ᠱᠦᠵᠢ᠂ ᠴᠧᠩ ᠭᠤᠸᠠᠨ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠢᠶᠠᠨ ᠤ ᠨᠠᠮ ᠤᠨ ᠬᠤᠷᠢᠶ᠎ᠠ ᠶᠢᠨ ᠤᠨᠤᠯ ᠤᠨ ᠭᠤᠤᠯᠯᠠᠭᠴᠢ ᠤᠬᠠᠭᠤᠯᠤᠨ ᠲᠠᠶᠢᠯᠪᠤᠷᠢᠯᠠᠭᠴᠢ᠂ ᠰᠢᠨ᠎ᠡ ᠴᠠᠭ ᠦᠶ᠎ᠡ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠵᠢᠴᠢ ᠡᠯ᠎ᠡ ᠰᠢᠶᠠᠩ ᠪᠠᠯᠭᠠᠰᠤ᠂ ᠡᠯ᠎ᠡ ᠨᠢᠭᠡᠴᠢ᠂ ᠡᠯ᠎ᠡ ᠠᠵᠤ ᠠᠬᠤᠶᠢᠯᠠᠯ ᠤᠨ ᠨᠠᠮ ᠤᠨ ᠠᠵᠢᠯ ᠤᠨ ᠠᠵᠢᠯᠲᠠᠨ ᠣᠷᠣᠯᠴᠠᠪᠠ᠃      ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠺᠠᠩ ᠶᠦᠩ ᠴᠢᠶᠠᠩ ᠬᠤᠷᠠᠯ ᠡᠷᠭᠢᠯᠡᠪᠡ᠃      ᠬᠤᠲᠠ ᠶᠢᠨ ᠨᠠᠮ ᠤᠨ ᠬᠤᠷᠢᠶ᠎ᠠ ᠶᠢᠨ ᠤᠬᠠᠭᠠᠯᠠᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦ᠋ᠩ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ ᠶᠦᠨ ᠯᠢᠨ ᠴᠢᠶᠦ᠋ᠩ ᠨᠠᠮ ᠤᠨ ᠲᠥᠪ ᠬᠤᠷᠢᠶ᠎ᠠ ᠠᠴᠠ ᠲᠣᠭᠲᠠᠭᠠᠭᠰᠠᠨ ᠪᠥᠬᠦᠳᠡ ᠬᠤᠷᠠᠯ ᠤᠨ ᠭᠤᠤᠯ ᠰᠡᠳᠦᠪ ᠠᠴᠠ ᠭᠦᠨᠵᠡᠭᠡᠶ ᠪᠣᠳᠣᠯᠬᠢᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠣᠯᠤᠨ ᠢᠯᠡᠷᠬᠡᠶ ᠳᠠᠪᠠᠭᠤᠯᠢᠭ᠂ ᠶᠡᠷᠦᠩᠬᠡᠶ ᠱᠠᠭᠠᠷᠳᠠᠯᠭ᠎ᠠ ᠪᠣᠯᠤᠨ ᠶᠡᠷᠦᠩᠬᠡᠶ ᠬᠠᠷᠠᠯᠲᠠ ᠵᠢᠴᠢ ᠭᠤᠤᠯᠳᠠᠯᠭ᠎ᠠ ᠲᠠᠢ ᠡᠭᠦᠷᠭᠡ ᠵᠡᠷᠭᠡ ᠬᠡᠳᠦᠨ ᠲᠠᠯ᠎ᠠ ᠪᠠᠷ ᠬᠤᠷᠠᠯ ᠳᠤ ᠣᠷᠣᠯᠴᠠᠭᠰᠠᠳ ᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠢᠰᠲ᠋ᠧᠮ ᠲᠠᠢ ᠲᠠᠶᠢᠯᠤᠮᠵᠢ ᠬᠢᠭᠰᠡᠨ ᠤ ᠬᠠᠮᠲᠤ ᠪᠥᠬᠦᠳᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠳᠤ ᠲᠣᠳᠣᠷᠬᠠᠶ ᠱᠠᠭᠠᠷᠳᠠᠯᠭ᠎ᠠ ᠳᠤᠷᠠᠳᠴᠠᠶ᠃      ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠠᠩ ᠳ᠋ᠧ ᠮᠢᠩ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠶᠢᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ᠢ ᠳᠠᠭᠠᠭᠤᠯᠤᠨ ᠰᠤᠷᠤᠯᠴᠠᠪᠠ᠃      ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠪᠦᠬᠦ ᠨᠠᠮ᠂ ᠪᠦᠬᠦ ᠤᠯᠤᠰ ᠤᠨ ᠡᠯ᠎ᠡ ᠵᠦᠢᠯ ᠤᠨ ᠠᠵᠢᠯ ᠳᠠᠬᠢ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠮᠠᠨ ᠤ ᠤᠯᠤᠰ ᠤᠨ ᠤᠯᠤᠰ ᠤᠨ ᠪᠠᠶᠢᠭᠤᠯᠤᠯ ᠪᠣᠯᠤᠨ ᠤᠯᠤᠰ ᠤᠨ ᠵᠠᠰᠠᠯᠲᠠ ᠶᠢᠨ ᠰᠢᠰᠲ᠋ᠧᠮ ᠤᠨ 13 ᠲᠠᠯ᠎ᠠ ᠶᠢᠨ ᠢᠯᠡᠷᠬᠡᠶ ᠳᠠᠪᠠᠭᠤᠯᠢᠭ ᠢ ᠭᠦᠨᠵᠡᠭᠡᠶ ᠣᠶᠢᠯᠠᠭᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠪᠠᠷᠢᠮᠲᠠᠯᠠᠬᠤ ᠦᠨᠳᠦᠰᠦᠨ ᠵᠠᠷᠴᠢᠮ ᠪᠣᠯᠤᠨ ᠶᠡᠷᠦᠩᠬᠡᠶ ᠬᠠᠷᠠᠯᠲᠠ ᠶᠢ ᠪᠠᠷᠢᠮᠲᠠᠯᠠᠵᠤ᠂ ᠪᠥᠬᠦᠳᠡ ᠬᠤᠷᠠᠯ ᠤᠨ 13 ᠲᠠᠯ᠎ᠠ ᠠᠴᠠ ᠭᠠᠷᠭᠠᠭᠰᠠᠨ ᠠᠯᠢ ᠣᠯᠠᠨ ᠰᠢᠨ᠎ᠡ ᠳᠦᠷᠢᠮ ᠤᠨ ᠲᠣᠬᠢᠷᠠᠭᠤᠯᠤᠯᠲᠠ ᠶᠢ ᠭᠦᠨᠵᠡᠭᠡᠶ ᠡᠵᠡᠮᠳᠡᠵᠦ᠂ ︽ᠳᠥᠷᠪᠡᠨ ᠤᠬᠠᠮᠰᠠᠷ︾ ᠢ ᠴᠢᠨᠠᠭᠰᠢᠳᠠ ᠪᠠᠲᠤ ᠪᠠᠬᠢ ᠪᠣᠶ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠥᠪ ᠤᠨ ᠪᠠ ᠡᠯ᠎ᠡ ᠵᠦᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠶ᠃ ᠰᠤᠷᠤᠯᠴᠠᠨ ᠲᠤᠭᠤᠰᠢᠯᠠᠭᠤᠯᠬᠤ ᠶᠢ ᠮᠠᠨ ᠤ ᠰᠢᠶᠠᠨ ᠤ ᠡᠯ᠎ᠡ ᠵᠦᠢᠯ ᠤᠨ ᠠᠵᠢᠯ ᠲᠠᠢ ᠤᠶᠠᠯᠳᠤᠭᠤᠯᠵᠤ᠂ ᠣᠶᠤᠨ ᠰᠠᠨᠠᠭᠠᠨ ᠤ ᠳᠦᠷᠰᠦ ᠪᠠᠶᠢᠳᠠᠯ᠂ ᠰᠢᠨ᠎ᠡ ᠠᠵᠢᠯ ᠶᠢᠨ ᠰᠤᠷᠲᠠᠯ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠰᠢᠨ᠎ᠡ ᠦᠷ᠎ᠡ ᠪᠦᠲᠦᠮᠵᠢ ᠭᠠᠷᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ᠂ ᠴᠢᠩ ᠱᠦᠶ ᠾᠧ ᠢ ᠲᠦᠷᠭᠡᠳᠬᠡᠨ ᠪᠠᠶᠢᠭᠤᠯᠬᠤ ᠳᠤ ᠨᠠᠩ ᠶᠡᠭᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠬᠤᠷᠠᠯ ᠳᠤ ᠣᠷᠣᠯᠴᠠᠭᠰᠠᠳ ᠢ ᠱᠠᠭᠠᠷᠳᠠᠪᠠ᠃      ᠬᠤᠷᠠᠯ ᠠᠴᠠ᠂ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠯᠤᠰ ᠲᠥᠷᠥ ᠶᠢᠨ ᠬᠡᠪ ᠰᠤᠷᠲᠠᠯ ᠰᠠᠶᠢᠨ᠂ ᠤᠨᠤᠯ ᠤᠨ ᠲᠦᠪᠰᠢᠨ ᠥᠨᠳᠥᠷ᠂ ᠤᠬᠠᠭᠤᠯᠤᠨ ᠲᠠᠶᠢᠯᠪᠤᠷᠢᠯᠠᠬᠤ ᠴᠢᠳᠠᠪᠤᠷᠢ ᠪᠠᠷ ᠴᠢᠩᠭ᠎ᠠ ᠤᠳᠤᠷᠢᠳᠬᠤ ᠺᠠᠳ᠋ᠷ ᠪᠣᠯᠤᠨ ᠤᠨᠤᠯ ᠤᠨ ᠠᠵᠢᠯᠲᠠᠳ ᠢ ᠴᠠᠭ ᠲᠤᠬᠠᠶ ᠳᠤᠨᠢ ᠰᠣᠩᠭᠤᠨ ᠤᠬᠠᠭᠤᠯᠤᠨ ᠲᠠᠶᠢᠯᠪᠤᠷᠢᠯᠠᠬᠤ ᠬᠤᠪᠢᠶᠠᠷᠢ ᠠᠩᠭᠢ ᠶᠢ ᠵᠣᠬᠢᠶᠠᠨ ᠪᠠᠶᠢᠭᠤᠯᠵᠤ᠂ ᠮᠠᠨ ᠤ ᠰᠢᠶᠠᠨ ᠤ ᠤᠬᠠᠭᠤᠯᠤᠨ ᠲᠠᠶᠢᠯᠪᠤᠷᠢᠯᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠥᠷᠨᠢᠭᠦᠯᠵᠦ᠂ ᠦᠨᠳᠦᠰᠦᠨ ᠱᠠᠲᠤᠨ ᠳᠤ ᠲᠦᠭᠡᠮᠡᠯᠵᠢᠨ ᠭᠦᠨᠵᠡᠭᠡᠶᠢᠷᠡᠬᠦ ᠶᠢ ᠠᠬᠢᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠦᠳᠲᠡᠷ ᠲᠦᠷᠭᠡᠨ ᠥᠷᠨᠢᠭᠦᠯᠬᠦ ᠬᠡᠷᠡᠭᠲᠡᠶ ᠭᠡᠵᠦ ᠱᠠᠭᠠᠷᠳᠠᠪᠠ᠃      ᠤᠬᠠᠭᠤᠯᠤᠨ ᠲᠠᠶᠢᠯᠪᠤᠷᠢᠯᠠᠬᠤ ᠬᠤᠷᠠᠯ ᠤᠨ ᠳᠠᠷᠠᠭ᠎ᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠲᠠ ᠶᠢᠨ ᠨᠠᠮ ᠤᠨ ᠬᠤᠷᠢᠶ᠎ᠠ ᠤᠬᠠᠭᠤᠯᠤᠨ ᠲᠠᠶᠢᠯᠪᠤᠷᠢᠯᠠᠬᠤ ᠪᠦᠯᠬᠦᠮ ᠴᠢᠩ ᠱᠦᠶ ᠾᠧ ᠰᠢᠶᠠᠨ ᠤ ᠴᠧᠩ ᠭᠤᠸᠠᠨ ᠪᠠᠯᠭᠠᠰᠤᠨ ᠤ ᠱᠧᠩ ᠴᠢᠤᠸᠠᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠨᠡᠶᠢᠲᠡᠯᠢᠭ ᠵᠢᠱᠢᠶᠡᠴᠢ᠂ ᠰᠤᠷᠭᠠᠭᠤᠯᠢ ᠶᠢᠨ ᠲᠥᠯᠥᠭᠡᠯᠡᠭᠴᠢ᠂ ᠲᠣᠰᠬᠤᠨ ᠤ ᠨᠠᠮ ᠤᠨ ᠬᠤᠷᠢᠶ᠎ᠠ ᠶᠢᠨ ᠲᠥᠯᠥᠭᠡᠯᠡᠭᠴᠢ ᠲᠠᠢ ᠭᠦᠨᠵᠡᠭᠡᠶ ᠶᠠᠷᠢᠯᠴᠠᠪᠠ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1