【ᠬᠠᠪᠰᠤᠷᠤᠨ ᠲᠡᠳᠬᠦᠬᠦ ᠠᠵᠢᠯ】 ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠹᠢᠽᠢᠺ ᠬᠢᠭᠡᠳ ᠡᠯᠧᠺᠲᠷᠣᠨ ᠮᠡᠳᠡᠭᠡ ᠵᠠᠩᠭᠢ ᠶᠢᠨ ᠳᠡᠭᠡᠳᠦ ᠰᠤᠷᠭᠠᠭᠤᠯᠢ ᠶᠢᠨ 2019 ᠣᠨ ᠤ ᠰᠠᠶᠢᠨ ᠳᠤᠷ᠎ᠠ ᠶᠢᠨ ᠣᠶᠤᠲᠠᠨ ᠠᠵᠢᠯᠯᠠᠭᠴᠢ ᠶᠣᠣ ᠭᠸᠦ ᠰᠢᠶᠠᠩ ᠤᠨ ᠪᠥᠸᠧ ᠯᠠᠨ ᠸᠠ ᠲᠣᠰᠬᠤᠨ ᠳᠤ ᠭᠦᠨᠵᠡᠭᠡᠶᠢᠷᠡᠨ ᠵᠤᠨ ᠤ ᠠᠮᠠᠷᠠᠯᠲᠠ ᠶᠢᠨ ᠬᠤᠭᠤᠴᠠᠭᠠᠨ ᠤ ︽ᠭᠤᠷᠪᠠ ᠶᠢ ᠬᠥᠳᠡᠭᠡ ᠪᠠᠭᠤᠯᠭᠠᠬᠤ︾ ᠨᠡᠶᠢᠭᠡᠮ ᠤᠨ ᠦᠶᠯᠡᠳᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2019-07-22
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ  ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ  ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠨᠡᠶᠢᠭᠡᠮ ᠤᠨ ᠦᠶᠯᠡᠳᠦᠯᠭᠡ ᠶᠢᠨ ᠳᠤᠮᠳᠠ ᠰᠤᠷᠭᠠᠨ ᠬᠥᠮᠦᠵᠢᠯ ᠬᠦᠷᠲᠡᠵᠦ᠂ ᠤᠬᠠᠭᠠᠨ ᠮᠡᠳᠡᠯᠭᠡ ᠨᠡᠮᠡᠭᠳᠡᠵᠦ᠂ ᠬᠤᠪᠢ ᠨᠡᠮᠡᠷᠢ ᠨᠡᠮᠡᠷᠢᠯᠡᠵᠦ᠂ ᠪᠣᠳᠠᠲᠤ ᠠᠵᠢᠯᠯᠠᠭ᠎ᠠ ᠪᠠᠷ  ᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠳᠤ ᠣᠷᠣᠯᠴᠠᠬᠤ ᠶᠢᠨ ᠲᠥᠯᠥᠭᠡ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠹᠢᠽᠢᠺ ᠪᠠ ᠡᠯᠧᠺᠲᠷᠣᠨ ᠮᠡᠳᠡᠭᠡ ᠵᠠᠩᠭᠢ ᠶᠢᠨ ᠳᠡᠭᠡᠳᠦ ᠰᠤᠷᠭᠠᠭᠤᠯᠢ ᠶᠢᠨ 17 ᠨᠡᠷᠡᠰ ᠰᠠᠶᠢᠨ ᠳᠤᠷ᠎ᠠ ᠶᠢᠨ ᠣᠶᠤᠲᠠᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠮᠠᠨ ᠤ ᠰᠢᠶᠠᠨ ᠤ ᠶᠣᠣ ᠭᠸᠦ ᠰᠢᠶᠠᠩ ᠤᠨ ᠪᠥᠸᠧ ᠯᠠᠨ ᠸᠠ ᠲᠣᠰᠬᠤᠨ ᠳᠤ ᠭᠦᠨᠵᠡᠭᠡᠶᠢᠷᠡᠨ ᠵᠤᠨ ᠤ ᠠᠮᠠᠷᠠᠯᠲᠠ ᠶᠢᠨ ᠬᠤᠭᠤᠴᠠᠭᠠᠨ ᠤ ︽ᠭᠤᠷᠪᠠ ᠶᠢ ᠬᠥᠳᠡᠭᠡ ᠪᠠᠭᠤᠯᠭᠠᠬᠤ︾ ᠨᠡᠶᠢᠭᠡᠮ ᠤᠨ ᠦᠶᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃ ᠬᠥᠳᠡᠯᠭᠡᠭᠡᠨ ᠨᠢ 7 ᠰᠠᠷ᠎ᠠ ᠶᠢᠨ 14 ᠤ ᠡᠳᠦᠷ ᠠᠴᠠ ᠡᠬᠢᠯᠡᠵᠦ᠂ ᠨᠢᠭᠡ ᠭᠠᠷᠠᠭ ᠤᠨ ᠬᠤᠭᠤᠴᠠᠭ᠎ᠠ  ᠲᠠᠢ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠶᠢᠨ ᠭᠤᠤᠯ ᠠᠭᠤᠯᠭ᠎ᠠ ᠪᠣᠯ ᠲᠣᠰᠬᠤᠨ ᠤ ᠠᠷᠠᠳ ᠲᠤ ᠭᠡᠷ  ᠤᠨ ᠴᠠᠬᠢᠯᠭᠠᠨ ᠬᠡᠷᠡᠭᠰᠡᠯ ᠢ ᠰᠡᠯᠪᠢᠨ ᠵᠠᠰᠠᠬᠤ᠂ ᠬᠥᠳᠡᠭᠡ ᠠᠵᠤ ᠠᠬᠤᠶ ᠶᠢ ᠳᠡᠮᠵᠢᠬᠦ ᠠᠯᠪᠠᠨ ᠵᠢᠷᠤᠮ ᠤᠨ ᠰᠤᠷᠭᠠᠨ ᠬᠥᠮᠦᠵᠢᠯ ᠢ ᠳᠡᠮᠵᠢᠬᠦ᠂ ᠥᠨᠥᠴᠢᠨ ᠪᠡᠯᠪᠡᠰᠦᠨ ᠨᠠᠰᠤᠲᠠᠨ ᠢ ᠲᠣᠬᠤᠨᠢᠭᠤᠯᠬᠤ᠂ ᠨᠡᠶᠢᠭᠡᠮ ᠤᠨ ᠪᠠᠶᠢᠴᠠᠭᠠᠨ ᠰᠤᠳᠤᠯᠤᠯᠲᠠ ᠬᠢᠬᠦ᠂ ᠤᠨᠤᠯ ᠤᠨ ᠶᠠᠷᠢᠯᠴᠠᠯᠭ᠎ᠠ ᠬᠢᠬᠦ᠂ ᠲᠣᠭᠤᠷᠢᠨ ᠦᠵᠡᠵᠦ ᠰᠤᠷᠤᠯᠴᠠᠬᠤ ᠶᠠᠪᠤᠳᠠᠯ ᠵᠡᠷᠭᠡ ᠪᠣᠯᠣᠨ᠎ᠠ᠃      ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠪᠣᠯ ᠨᠢᠭᠡ ᠪᠦᠯᠦᠭ ᠴᠤᠭ ᠪᠠᠳᠠᠷᠠᠩᠭᠤᠶ ᠴᠤᠭ ᠰᠦᠯᠳᠡ ᠲᠠᠢ ᠵᠠᠯᠠᠭᠤ ᠬᠥᠮᠦᠰ ᠮᠥᠨ᠂ ᠲᠡᠷᠡ ᠨᠢ ᠰᠣᠶᠣᠯ ᠢ ᠬᠥᠳᠡᠭᠡ ᠪᠠᠭᠤᠯᠭᠠᠬᠤ᠂ ᠰᠢᠨᠵᠢᠯᠡᠬᠦ ᠤᠬᠠᠭᠠᠨ ᠮᠡᠷᠭᠡᠵᠢᠯ ᠢ ᠬᠥᠳᠡᠭᠡ ᠪᠠᠭᠤᠯᠭᠠᠬᠤ᠂ ᠡᠷᠡᠭᠦᠯ ᠬᠠᠮᠠᠭᠠᠯᠠᠯ ᠢ ᠬᠥᠳᠡᠭᠡ ᠪᠠᠭᠤᠯᠭᠠᠬᠤ 《 ᠭᠤᠷᠪᠠ ᠶᠢ ᠬᠥᠳᠡᠭᠡ ᠪᠠᠭᠤᠯᠭᠠᠬᠤ 》 ᠵᠣᠷᠢᠭ ᠰᠠᠨᠠᠭ᠎ᠠ ᠶᠢ ᠪᠠᠷᠢᠮᠲᠠᠯᠠᠵᠤ᠂ ᠲᠡᠳᠡᠨ ᠢ ᠰᠤᠷᠭᠠᠭᠤᠯᠢ ᠳᠤ ᠰᠣᠷᠣᠭᠰᠠᠨ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠮᠡᠳᠡᠯᠭᠡ ᠪᠠᠨ ᠬᠥᠳᠡᠭᠡ ᠲᠣᠰᠬᠤᠨ ᠳᠤ ᠠᠪᠴᠢᠷᠠᠵᠤ᠂ ᠬᠥᠳᠡᠭᠡ ᠲᠣᠰᠬᠤᠨ ᠤ ᠠᠵᠤ ᠠᠬᠤᠶ ᠰᠣᠶᠣᠯ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠶᠢ ᠢᠲᠡᠭᠡᠵᠦ ᠪᠠᠶᠢᠨ᠎ᠠ︕
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1