ᠴᠢᠩ ᠱᠦᠶ ᠾᠧ ᠰᠢᠶᠠᠨ ᠤ ᠵᠢᠦ ᠼᠠᠢ ᠵᠤᠸᠠᠩ ᠰᠢᠶᠠᠩ ᠤᠨ ᠰᠠᠨ ᠴᠠ ᠾᠧ ᠲᠣᠰᠬᠤᠨ ᠤ ᠯᠢᠩ ᡁᠢ ᠺᠠᠩ ᠶᠠᠩ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠶᠯ ᠶᠢᠨ ᠰᠠᠭᠤᠷᠢ ᠲᠠᠯᠪᠢᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2019-07-30
     7 ᠳ᠋ᠤᠭᠠᠷ ᠰᠠᠷ᠎ᠠ ᠶᠢᠨ 27 ᠤ ᠡᠳᠦᠷ᠂ ᠴᠢᠩ ᠱᠦᠶ ᠾᠧ ᠰᠢᠶᠠᠨ ᠤ ᠵᠢᠦ ᠼᠠᠢ ᠵᠤᠸᠠᠩ ᠰᠢᠶᠠᠩ ᠤᠨ ᠰᠠᠨ ᠴᠠ ᠾᠧ ᠲᠣᠰᠬᠤᠨ ᠤ ᠯᠢᠩ ᡁᠢ ᠺᠠᠩ ᠶᠠᠩ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠳᠤ ᠰᠠᠭᠤᠷᠢ ᠲᠠᠯᠪᠢᠬᠤ ᠶᠣᠰᠣᠯᠠᠯ ᠶᠠᠪᠤᠭᠤᠯᠪᠠ᠃ ᠰᠢᠶᠠᠨ ᠤ ᠳᠡᠳ᠋ ᠳᠠᠷᠤᠭ᠎ᠠ ᠯᠢ ᠵᠢᠶᠦ᠋ᠨ᠂ ᠵᠢᠦ ᠼᠠᠢ ᠵᠤᠸᠠᠩ ᠰᠢᠶᠠᠩ ᠤᠨ ᠨᠠᠮ ᠤᠨ ᠬᠤᠷᠢᠶ᠎ᠠ ᠶᠢᠨ ᠱᠦᠵᠢ ᠴᠢᠶᠣᠤ ᠱᠧᠩ᠂ ᠰᠢᠶᠠᠩ ᠤᠨ ᠳᠠᠷᠤᠭ᠎ᠠ ᠸᠠᠩ ᠶᠦᠨ ᠹᠧᠩ ᠰᠠᠭᠤᠷᠢ ᠲᠠᠯᠪᠢᠬᠤ ᠶᠣᠰᠣᠯᠠᠯ ᠳᠤ ᠣᠷᠣᠯᠴᠠᠪᠠ᠃      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ  ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠤᠰᠠᠳᠠ᠂ ᠰᠠᠨ ᠴᠠ ᠾᠧ ᠲᠣᠰᠬᠤᠨ ᠤ ᠨᠠᠮ ᠤᠨ ᠡᠭᠦᠷ ᠬᠠᠷᠢᠶ᠎ᠠ ᠣᠷᠣᠨ ᠤ ᠳᠣᠲᠣᠷᠠᠬᠢ ᠪᠠᠶᠢᠭᠠᠯᠢ ᠶᠢᠨ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠷ ᠳᠠᠮᠵᠢᠭᠤᠯᠵᠤ᠂ ᠪᠤᠭᠤᠲᠤ ᠶᠢᠨ ᠵᠡᠭᠦᠨ ᠬᠤᠶᠢᠲᠤ ᠣᠷᠣᠨ ᠤ ᠬᠤᠳᠠᠯᠳᠤᠭᠠᠴᠢᠳ ᠤᠨ ᠡᠪᠯᠡᠯ ᠠᠴᠠ ᠪᠡᠯᠡ ᠣᠷᠣᠭᠤᠯᠵᠤ᠂ ᠨᠠᠨᠵᠢᠩ ᠤᠨ ᠣᠢ ᠰᠢᠭᠤᠶ ᠶᠢᠨ ᠶᠡᠭᠡ ᠰᠤᠷᠭᠠᠭᠤᠯᠢ  ᠠᠴᠠ ᠵᠢᠷᠤᠭ ᠲᠥᠯᠥᠪᠯᠡᠭᠡ ᠬᠢᠵᠦ᠂ ᠰᠡᠯᠡᠭᠦᠴᠡᠯ ᠵᠢᠮᠢᠰ ᠨᠣᠭᠤᠭ᠎ᠠ ᠲᠡᠭᠦᠬᠦ ᠡᠷᠡᠭᠦᠯ ᠴᠠᠷᠬᠢᠷᠠᠭ ᠰᠤᠪᠢᠯᠠᠬᠤ ᠲᠣᠭᠤᠷᠢᠭ᠂ ᠠᠮᠢ ᠠᠬᠤᠢ ᠶᠢᠨ ᠬᠠᠳᠠᠭᠠᠯᠠᠨ ᠬᠠᠮᠠᠭᠠᠯᠠᠬᠤ ᠲᠣᠭᠤᠷᠢᠭ᠂ ᠬᠥᠳᠡᠭᠡ ᠲᠣᠰᠬᠤᠨ ᠤ ᠵᠢᠭᠤᠯᠴᠢᠯᠠᠯ ᠤᠨ ᠦᠵᠡᠮᠵᠢ ᠶᠢᠨ ᠲᠣᠭᠤᠷᠢᠭ᠂ ᠠᠮᠢ ᠠᠬᠤᠢ ᠶᠢᠨ ᠰᠡᠯᠡᠭᠦᠴᠡᠯ ᠵᠢᠭᠤᠯᠴᠢᠯᠠᠯ ᠤᠨ ᠲᠣᠭᠤᠷᠢᠭ᠂ ᠭᠡᠷ ᠤᠨ ᠭᠠᠳᠠᠨᠠᠬᠢ ᠪᠡᠶ᠎ᠡ ᠴᠢᠭᠢᠷᠠᠭᠵᠢᠭᠤᠯᠤᠯᠲᠠ ᠶᠢᠨ ᠲᠣᠭᠤᠷᠢᠭ᠂ ᠬᠥᠳᠡᠭᠡ ᠠᠵᠤ ᠠᠬᠤᠢ ᠶᠢᠨ ᠠᠮᠢ ᠠᠬᠤᠢ ᠶᠢᠨ ᠵᠢᠱᠢᠶ᠎ᠡ ᠦᠵᠡᠭᠦᠯᠬᠦ ᠲᠣᠭᠤᠷᠢᠭ ᠵᠡᠷᠭᠡ 6 ᠲᠣᠭᠤᠷᠢᠭ ᠢ ᠨᠢᠭᠡ ᠴᠣᠭᠴᠠᠵᠢᠭᠤᠯᠤᠭᠰᠠᠨ ᠯᠢᠩ ᡁᠢ ᠶᠢᠨ ᠺᠠᠩ ᠶᠠᠩ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠪᠠ᠃      ᠲᠣᠰ ᠲᠥᠷᠥᠯ ᠵᠦᠶᠯ ᠨᠢ ︽ᠠᠮᠢ ᠠᠬᠤᠶ ᠶᠢ ᠲᠡᠷᠢᠭᠦᠨ ᠳᠤ ᠲᠠᠯᠪᠢᠵᠤ  ᠪᠣᠬᠢᠷᠲᠤᠯ ᠥᠬᠡᠶ ᠬᠥᠭᠵᠢᠭᠦᠯᠬᠦ︾ ᠣᠨᠣᠯᠵᠢᠬᠤᠨ ᠶᠣᠰᠣᠭᠠᠷ᠂ ᠵᠢᠦ ᠼᠠᠢ ᠵᠤᠸᠠᠩ ᠰᠢᠶᠠᠩ ᠤᠨ ︽ᠠᠮᠢ ᠠᠬᠤᠶ ᠪᠠᠷ ᠬᠥᠳᠡᠭᠡ ᠲᠣᠰᠬᠤᠨ ᠢ ᠪᠠᠶᠢᠭᠤᠯᠵᠤ᠂ ᠮᠠᠯ ᠠᠵᠤ ᠠᠬᠤᠶ ᠲᠠᠷᠢᠶᠠᠯᠠᠩ ᠢ ᠲᠣᠭᠲᠠᠪᠤᠷᠢᠵᠢᠭᠤᠯᠵᠤ᠂ ᠡᠳ᠋ ᠪᠠᠷᠠᠭ᠎ᠠ ᠶᠢᠨ ᠭᠦᠶᠯᠭᠡᠭᠡᠨ ᠤ ᠦᠶᠯᠡᠰ  ᠢᠶᠠᠷ ᠬᠥᠳᠡᠭᠡ ᠲᠣᠰᠬᠤᠨ ᠢ ᠬᠥᠭᠵᠢᠭᠦᠯᠵᠦ᠂ ᠵᠢᠭᠤᠯᠴᠢᠯᠠᠯ ᠤᠨ ᠦᠶᠯᠡᠰ ᠢᠶᠠᠷ ᠬᠥᠳᠡᠭᠡ ᠲᠣᠰᠬᠤᠨ ᠢ ᠴᠢᠨᠡᠭᠡᠯᠢᠭᠵᠢᠭᠦᠯᠬᠦ︾ ᠦᠷᠭᠦᠯᠵᠢᠯᠡᠬᠦ ᠬᠥᠭᠵᠢᠯᠲᠡ ᠶᠢᠨ ᠵᠠᠮ ᠢᠶᠠᠷ ᠵᠠᠮᠨᠠᠵᠤ᠂ ᠰᠠᠨ ᠴᠠ ᠾᠧ ᠲᠣᠰᠬᠤᠨ ᠤ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠶᠯᠡᠰ ᠢ ᠬᠠᠮᠵᠢᠯᠴᠠᠨ ᠬᠥᠭᠵᠢᠭᠦᠯᠵᠦ᠂ ᠠᠮᠢ ᠠᠬᠤᠢ ᠶᠢᠨ ᠦᠷ᠎ᠡ ᠠᠰᠢᠭ ᠪᠣᠯᠤᠨ ᠠᠵᠤ ᠠᠬᠤᠢ ᠶᠢᠨ ᠦᠷ᠎ᠡ ᠠᠰᠢᠭ ᠤᠨ ᠬᠤᠤᠰ ᠠᠮᠵᠢᠯᠲᠠ ᠣᠯᠬᠤ ᠪᠠᠶᠢᠳᠠᠯ ᠢ ᠴᠢᠷᠮᠠᠶᠢᠨ ᠪᠡᠶᠡᠯᠡᠭᠦᠯᠬᠦ ᠪᠣᠯᠣᠨ᠎ᠠ᠃      ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ᠂ ᠲᠤᠬᠠᠶ ᠶᠢᠨ ᠭᠠᠵᠠᠷ ᠤᠨ ᠲᠣᠰᠬᠤᠨ ᠤ ᠠᠷᠠᠳ ᠭᠠᠵᠠᠷ ᠰᠢᠷᠣᠶ ᠰᠤᠯᠠ ᠪᠠᠶᠢᠬᠤ ᠠᠰᠠᠭᠤᠳᠠᠯ ᠢ ᠰᠢᠶᠳᠪᠦᠷᠢᠯᠡᠵᠦ ᠪᠣᠯᠬᠤ ᠪᠠᠷ ᠪᠠᠷᠠᠬᠤ ᠥᠬᠡᠶ᠂ ᠪᠠᠰᠠ ᠲᠥᠷᠥᠯ ᠵᠦᠶᠯ ᠤᠨ ᠲᠣᠭᠤᠷᠢᠭ ᠳᠣᠲᠣᠷ᠎ᠠ ᠬᠥᠯᠥᠰᠥᠨ ᠠᠵᠢᠯ ᠬᠢᠵᠦ ᠬᠥᠯᠥᠰᠥᠨ ᠠᠵᠢᠯ ᠬᠢᠵᠦ ᠣᠷᠣᠯᠭ᠎ᠠ ᠣᠯᠵᠤ᠂ ᠲᠤᠬᠠᠶ ᠶᠢᠨ ᠭᠠᠵᠠᠷ ᠤᠨ ᠲᠠᠷᠢᠶᠠᠴᠢᠨ ᠡᠷᠦᠬᠡ ᠪᠠ ᠶᠠᠳᠠᠭᠤ ᠬᠦᠴᠢᠷᠳᠡᠯᠲᠡᠶ ᠡᠷᠦᠬᠡ ᠶᠢ ᠭᠠᠵᠠᠷ ᠰᠢᠷᠣᠶ ᠶᠢᠨ ᠡᠷᠭᠢᠯᠲᠡ᠂ ᠯᠢᠩ ᡁᠢ ᠵᠡᠷᠭᠡ ᠢᠳᠡᠭᠡᠨ ᠤ ᠮᠥᠭᠦ ᠲᠠᠷᠢᠬᠤ᠂ ᠬᠠᠮᠲᠤ ᠶᠢᠨ ᠠᠵᠤ ᠠᠬᠤᠶ ᠳᠤ ᠬᠤᠪᠢ ᠣᠷᠣᠭᠤᠯᠬᠤ᠂ ᠲᠠᠷᠢᠶᠠᠴᠢᠨ ᠠᠶᠢᠯ ᠤᠨ ᠪᠠᠶᠠᠰᠤᠯ ᠢ ᠬᠥᠭᠵᠢᠭᠦᠯᠬᠦ᠂ ᠲᠠᠷᠢᠶᠠᠯᠠᠩ ᠮᠠᠯ ᠠᠵᠤ ᠠᠬᠤᠢ ᠶᠢᠨ ᠵᠢᠭᠤᠯᠴᠢᠯᠠᠯ᠂ ᠰᠡᠯᠡᠭᠦᠴᠡᠯ ᠤᠨ ᠲᠠᠷᠢᠶᠠᠯᠠᠩ ᠵᠡᠷᠭᠡ ᠠᠵᠤ ᠦᠢᠯᠡᠰ ᠤᠨ ᠲᠥᠷᠥᠯ ᠵᠦᠶᠯ ᠢᠶᠠᠷ ᠳᠠᠮᠵᠢᠭᠤᠯᠤᠨ ᠣᠷᠣᠯᠭ᠎ᠠ ᠶᠢ ᠨᠢ ᠨᠡᠮᠡᠭᠳᠡᠭᠦᠯᠵᠦ ᠪᠣᠯᠤᠨ᠎ᠠ᠃ ᠡᠭᠦᠨ ᠤ ᠳᠤ ᠬᠠᠮᠲᠤ᠂ ᠬᠤᠪᠢ ᠣᠷᠣᠭᠤᠯᠬᠤ ᠵᠡᠷᠭᠡ ᠠᠷᠭ᠎ᠠ ᠬᠡᠯᠪᠡᠷᠢ ᠪᠠᠷ ᠲᠣᠰᠬᠤᠨ ᠤ ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ ᠶᠢ ᠨᠡᠮᠡᠭᠳᠡᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ  ᠢ ᠲᠠᠰᠤᠷᠠᠯᠲᠠ ᠦᠭᠡᠢ ᠪᠠᠬᠢᠵᠢᠭᠦᠯᠬᠦ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1