ᠴᠧᠩ ᠭᠤᠸᠠᠨ ᠵᠧᠨ ᠪᠠᠯᠭᠠᠰᠤᠨ ᠳᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠲᠣᠰᠬᠤᠨ ᠳᠤ ᠰᠠᠭᠤᠬᠤ ᠠᠵᠢᠯ ᠶᠢᠨ ᠠᠩᠬᠠᠳᠤᠭᠠᠷ ᠤᠳᠠᠭ᠎ᠠ ᠶᠢᠨ ᠵᠣᠷᠰᠢᠯᠲᠤ ᠬᠤᠷᠠᠯ ᠬᠢᠪᠡ
ᠨᠡᠶᠢᠲᠡᠯᠡᠭᠰᠡᠨ ᠴᠠᠭ᠄
2019-08-16
     8 ᠳ᠋ᠤᠭᠠᠷ ᠰᠠᠷ᠎ᠠ ᠶᠢᠨ 12 ᠤᠨ ᠦᠳᠡ ᠡᠮᠦᠨ᠎ᠡ᠂ ᠴᠧᠩ ᠭᠤᠸᠠᠨ ᠪᠠᠯᠭᠠᠰᠤᠨ ᠤ ᠨᠠᠮ ᠤᠨ ᠬᠤᠷᠢᠶ᠎ᠠ ᠪᠠᠯᠭᠠᠰᠤᠨ ᠤ ᠭᠤᠷᠪᠠᠳᠤᠭᠠᠷ ᠳᠠᠪᠬᠤᠷᠯᠢᠭ ᠲᠤ ᠲᠣᠰᠬᠤᠨ ᠳᠤ ᠰᠠᠭᠤᠬᠤ ᠨᠢᠭᠡᠳᠦᠭᠡᠷ ᠱᠦᠵᠢ ᠶᠢᠨ ᠲᠣᠰᠬᠤᠨ ᠳᠤ ᠰᠠᠭᠤᠬᠤ ᠠᠵᠢᠯ ᠶᠢᠨ ᠠᠩᠬᠠᠳᠤᠭᠠᠷ ᠤᠳᠠᠭ᠎ᠠ ᠶᠢᠨ ᠵᠤᠷᠰᠢᠯᠲᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠤᠬᠠᠭᠤᠯᠬᠤ ᠭᠡᠰᠢᠭᠦᠨ ᠷᠧᠨ ᠬᠦᠶ ᠾᠧ ᠪᠠᠯᠭᠠᠰᠤᠨ ᠤ ᠡᠯ᠎ᠡ ᠲᠣᠰᠬᠤᠨ ᠤ ᠨᠢᠭᠡᠳᠦᠭᠡᠷ ᠱᠦᠵᠢ ᠬᠤᠷᠠᠯ ᠳᠤ ᠣᠷᠣᠯᠴᠠᠪᠠ᠃      ᠬᠤᠷᠠᠯ ᠠᠴᠠ ᠡᠯ᠎ᠡ ᠲᠣᠰᠬᠤᠨ ᠤ ᠨᠢᠭᠡᠳᠦᠭᠡᠷ ᠱᠦᠵᠢ ᠶᠢᠨ ᠡᠮᠦᠨᠡᠬᠢ ᠱᠠᠲᠤᠨ ᠤ ᠠᠵᠢᠯ ᠵᠢᠴᠢ ᠳᠠᠷᠠᠭᠠᠴᠢ  ᠶᠢᠨ ᠠᠯᠬᠤᠮ ᠤᠨ ᠠᠵᠢᠯ ᠶᠢᠨ ᠲᠥᠯᠥᠪᠯᠡᠭᠡ ᠶᠢ ᠰᠣᠨᠣᠰᠴᠠᠶ᠃      ᠪᠠᠯᠭᠠᠰᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠮᠠ ᠳ᠋ᠠᠶ ᠰᠢᠶᠠᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ 2019 ᠣᠨ ᠤ 15 ᠳ᠋ᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠴᠧᠩ ᠭᠤᠸᠠᠨ ᠪᠠᠯᠭᠠᠰᠤ ᠶᠢᠨ ᠨᠠᠮ ᠤᠨ ᠬᠤᠷᠢᠶ᠎ᠠ ᠶᠢᠨ ︽ᠲᠣᠰᠬᠤᠨ ᠳᠤ ᠰᠠᠭᠤᠭ᠎ᠠ ᠠᠵᠢᠯ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠪᠠᠶᠢᠳᠠᠯ ᠤᠨ ᠲᠤᠬᠠᠶ ᠵᠠᠷᠯᠠᠯ︾ ᠢ ᠤᠩᠰᠢᠨ ᠨᠡᠶᠢᠲᠡᠯᠡᠪᠡ᠃ ᠬᠤᠷᠠᠯ ᠠᠴᠠ ᠱᠠᠭᠠᠷᠳᠠᠭᠰᠠᠨ ᠨᠢ᠂ ᠲᠣᠰᠬᠤᠨ ᠳᠤ ᠰᠠᠭᠤᠬᠤ ᠡᠯ᠎ᠡ ᠭᠠᠵᠠᠷ ᠤᠨ ᠬᠢᠨ ᠡᠭᠦᠨ ᠢᠶᠠᠷ ᠴᠡᠭᠡᠷᠯᠡᠯ ᠪᠣᠯᠭᠠᠵᠤ᠂ ᠲᠣᠰᠬᠤᠨ ᠳᠤ ᠰᠠᠭᠤᠬᠤ ᠬᠠᠮᠢᠶᠠᠷᠤᠯᠲᠠ ᠶᠢᠨ ᠠᠷᠭ᠎ᠠ ᠶᠢ ᠴᠢᠩᠭ᠎ᠠ ᠵᠢᠷᠤᠮᠯᠠᠨ ᠲᠣᠰᠬᠤᠨ ᠳᠤ ᠰᠠᠭᠤᠬᠤ ᠠᠵᠢᠯ ᠢ ᠥᠷᠨᠢᠭᠦᠯᠬᠦ ᠬᠡᠷᠡᠭᠲᠡᠶ᠃ ᠡᠭᠦᠨ ᠤ ᠳᠤ ᠬᠠᠮᠲᠤ᠂ ᠡᠯ᠎ᠡ ᠭᠠᠴᠠᠭᠠᠨ ᠤ ᠲᠠᠷᠠᠭᠠᠴᠢ  ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠤᠬᠠᠭᠤᠯᠬᠤ ᠭᠡᠰᠢᠭᠦᠨ ᠷᠧᠨ ᠬᠦᠶ ᠲᠠᠷᠠᠭᠠᠴᠢ ᠶᠢᠨ ᠱᠠᠲᠤᠨ ᠤ ᠲᠣᠰᠬᠤᠨ ᠳᠤ ᠰᠠᠭᠤᠬᠤ ᠠᠵᠢᠯ ᠢ ᠰᠠᠶᠢᠲᠤᠷ ᠬᠢᠬᠦ ᠲᠤᠬᠠᠶ ᠪᠣᠳᠠᠲᠠᠶ ᠰᠠᠨᠠᠯ ᠢ ᠴᠢᠬᠤᠯᠠᠴᠢᠯᠠᠪᠠ᠃ ᠲᠡᠷᠡ᠂ ᠨᠢᠭᠡ ᠳᠤ᠂ ᠲᠣᠰᠬᠤᠨ ᠳᠤ ᠰᠠᠭᠤᠬᠤ ᠠᠵᠢᠯ ᠶᠢᠨ ᠰᠠᠬᠢᠯᠭ᠎ᠠ ᠪᠠᠲᠤ  ᠶᠢ ᠴᠢᠩᠭᠠᠳᠬᠠᠵᠤ᠂ ᠲᠣᠰᠬᠤᠨ ᠳᠤ ᠰᠠᠭᠤᠬᠤ ᠠᠵᠢᠯ ᠶᠢᠨ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠣᠰᠬᠤᠨ ᠳᠤ ᠰᠠᠭᠤᠬᠤ ᠠᠵᠢᠯ ᠶᠢᠨ ᠴᠢᠳᠠᠪᠤᠷᠢ ᠪᠣᠯᠤᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠶ︔ ᠲᠣᠰᠬᠤᠨ ᠤ ︽ᠬᠤᠶᠠᠷ ᠵᠥᠪᠯᠡᠯ︾ ᠲᠠᠢ ᠨᠢᠭᠲᠠ ᠬᠠᠮᠵᠢᠯᠴᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ︔ ᠡᠯ᠎ᠡ ᠲᠣᠰᠬᠤᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠨᠠᠮ ᠤᠨ ᠪᠠᠶᠢᠭᠤᠯᠤᠯᠲᠠ ᠪᠠᠷ ᠬᠥᠳᠡᠯᠦᠨ ᠳᠠᠭᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠᠷ ᠭᠤᠤᠯᠳᠠᠯᠭ᠎ᠠ ᠪᠣᠯᠭᠠᠵᠤ᠂ ᠡᠯ᠎ᠡ ᠵᠦᠶᠯ ᠤᠨ ᠠᠵᠢᠯ ᠢ ᠨᠢᠭᠡᠳᠦᠯᠲᠡᠶ ᠳᠤ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠶ ᠭᠡᠵᠡᠢ᠃  
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1