ᠬᠤᠩ ᠾᠧ ᠪᠠᠯᠭᠠᠰᠤ ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠢ ᠲᠤᠬᠠᠶ ᠶᠢᠨ ᠲᠠᠯᠠᠪᠠᠢ ᠳᠤ ᠵᠣᠬᠢᠴᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2019-09-27
     ᠶᠠᠳᠠᠭᠤ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠳᠤ ᠳᠥᠭᠦᠮ ᠦᠭᠡᠢ ᠪᠠᠶᠢᠬᠤ ᠠᠰᠠᠭᠤᠳᠠᠯ ᠢ ᠰᠢᠶᠳᠪᠦᠷᠢᠯᠡᠵᠦ᠂ ᠶᠠᠳᠠᠭᠤ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠶᠠᠰᠤ ᠴᠢᠨᠠᠷ ᠢ ᠰᠠᠶᠢᠵᠢᠷᠠᠭᠤᠯᠬᠤ ᠶᠢᠨ ᠳᠤᠰᠠᠳᠠ᠂ ᠬᠤᠩ ᠾᠧ ᠪᠠᠯᠭᠠᠰᠤ ᠶᠢᠨ ᠲᠦᠷ ᠴᠠᠭ ᠲᠤᠰᠢᠶᠠᠯ ᠡᠭᠦᠷᠭᠡᠯᠡᠬᠦ ᠳᠡᠳ᠋ ᠪᠠᠯᠭᠠᠰᠤᠨ ᠳᠠᠷᠤᠭ᠎ᠠ᠂ ᠭᠤᠤ ᠮᠤᠤ ᠴᠢᠤᠸᠠᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠦ ᠯᠢ ᠱᠧᠩ ᠠᠵᠢᠯᠴᠢ ᠠᠷᠪᠢᠴᠢ ᠪᠠᠷ ᠰᠤᠷᠪᠤᠯᠵᠢᠯᠠᠬᠤ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠨ ᠣᠯᠠᠨ ᠲᠦᠮᠡᠨ ᠳᠤ ᠠᠭᠤᠰᠤᠯᠴᠠᠵᠤ᠂ ᠶᠠᠳᠠᠭᠤ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠳᠤ ᠳᠥᠭᠦᠮ ᠦᠭᠡᠢ ᠪᠠᠶᠢᠬᠤ ᠶᠢ ᠭᠦᠨᠵᠡᠭᠡᠢ ᠣᠶᠢᠯᠠᠭᠠᠪᠠ᠃ ᠲᠡᠷᠡ ᠣᠯᠠᠨ ᠲᠠᠯ᠎ᠠ ᠪᠠᠷ ᠠᠷᠭ᠎ᠠ ᠪᠣᠳᠣᠵᠤ᠂ ᠠᠷᠭ᠎ᠠ ᠵᠠᠮ ᠡᠷᠢᠵᠦ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠡᠮᠳᠡᠭᠴᠦᠳ ᠤᠨ ᠬᠤᠯᠪᠣᠭ᠎ᠠ ᠳᠤ ᠭᠤᠶᠤᠴᠢᠯᠠᠯ ᠭᠠᠷᠭᠠᠵᠤ᠂ ᠪᠦᠬᠦ ᠪᠠᠯᠭᠠᠰᠤᠨ ᠤ ᠶᠠᠳᠠᠭᠤ ᠬᠦᠴᠢᠷᠳᠡᠯᠲᠡᠶ ᠵᠡᠮᠳᠡᠭᠴᠦᠳ ᠤᠨ ᠬᠡᠷᠡᠭᠰᠡᠬᠦ ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠢ ᠰᠢᠶᠳᠪᠦᠷᠢᠯᠡᠵᠦ᠂ ᠲᠣᠰ ᠤᠳᠠᠭ᠎ᠠ  ᠶᠢᠨ ᠲᠣᠬᠢᠷᠠᠮᠵᠢᠲᠠᠶ ᠠᠵᠢᠯᠯᠠᠭ᠎ᠠ ᠶᠢ ᠠᠬᠢᠭᠤᠯᠪᠠ᠃      9 ᠳ᠋ᠦ᠋ᠭᠡᠷ ᠰᠠᠷ᠎ᠠ ᠶᠢᠨ 20 ᠤ ᠡᠳᠦᠷ ᠤᠨ ᠦᠳᠡ ᠡᠮᠦᠨ᠎ᠡ᠂ ᠪᠠᠯᠭᠠᠰᠤᠨ ᠤ ᠵᠠᠰᠠᠭ ᠤᠨ ᠣᠷᠳᠣᠨ ᠪᠥᠬᠦ ᠪᠠᠯᠭᠠᠰᠤᠨ ᠤ ᠶᠠᠳᠠᠭᠤ ᠬᠦᠴᠢᠷᠳᠡᠯᠲᠡᠶ ᠵᠡᠮᠳᠡᠭᠴᠦᠳ ᠢ ᠵᠣᠬᠢᠶᠠᠨ ᠪᠠᠶᠢᠭᠤᠯᠵᠤ ᠭᠡᠷ ᠣᠷᠣᠨ ᠳᠤ ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠢ ᠲᠤᠬᠠᠶ ᠶᠢᠨ ᠲᠠᠯᠠᠪᠤᠷ ᠲᠤ ᠲᠤᠬᠢᠷᠠᠭᠤᠯᠤᠨ ᠲᠠᠭᠠᠷᠠᠭᠤᠯᠬᠤ ᠠᠵᠢᠯᠯᠠᠭ᠎ᠠ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ ᠶᠢᠨ ᠲᠤᠰᠠᠯᠠᠬᠤ ᠪᠠᠭᠠᠵᠢ ᠬᠡᠷᠡᠭᠰᠡᠯ  ᠤᠨ ᠲᠥᠪ ᠤᠨ ᠡᠷᠬᠢᠯᠡᠭᠴᠢ ᠵᠦᠩ ᠴᠢ ᠺᠠᠶ᠂ ᠥᠪᠡᠷᠲᠡᠭᠡᠨ ᠵᠠᠰᠠᠬᠤ ᠣᠷᠣᠨ ᠤ ᠲᠤᠰᠠᠯᠠᠬᠤ ᠪᠠᠭᠠᠵᠢ ᠬᠡᠷᠡᠭᠰᠡᠯ ᠤᠨ ᠲᠥᠪ ᠤᠨ ᠠᠯᠪᠠᠨ ᠭᠡᠷ ᠤᠨ ᠡᠷᠬᠢᠯᠡᠭᠴᠢ ᠯᠢ ᠽᠢ ᠢ ᠵᠢᠴᠢ ᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠰᠢᠤᠸᠠᠢ ᠭᠤᠸᠠᠩ ᠵᠢᠶᠠᠨ᠂ ᠸᠧᠶ ᠯᠧᠦ᠂ ᠸᠠᠩ ᠮᠢᠨ᠂ ᠪᠠᠯᠭᠠᠰᠤᠨ ᠤ ᠵᠠᠰᠠᠭ ᠤᠨ ᠣᠷᠳᠣᠨ ᠤ ᠳᠠᠷᠤᠭ᠎ᠠ ᠴᠢᠶᠣᠤ ᡁᠢ ᠶᠦᠩ᠂ ᠨᠢᠭᠡᠳᠦᠭᠡᠷ ᠱᠦᠵᠢ ᠶᠢᠦ ᠯᠢ ᠱᠧᠩ᠂ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ ᠶᠢᠨ ᠳᠡᠳ᠋ ᠲᠡᠷᠢᠭᠦᠯᠡᠭᠴᠢ ᠶᠦᠨ ᠲᠢᠩ ᠲᠣᠰ ᠠᠵᠢᠯᠯᠠᠭ᠎ᠠ ᠳᠤ ᠣᠷᠣᠯᠴᠠᠪᠠ᠃      ᠲᠣᠰ ᠤᠳᠠᠭ᠎ᠠ ᠨᠡᠶᠢᠲᠡ 76 ᠬᠥᠮᠦᠨ᠂ 90 ᠲᠤᠰᠠᠯᠠᠬᠤ ᠪᠠᠭᠠᠵᠢ ᠬᠡᠷᠡᠭᠰᠡᠯ ᠲᠣᠬᠢᠷᠠᠭᠤᠯᠵᠤ᠂ ᠵᠡᠮᠳᠡᠭᠴᠦᠳ ᠤᠨ ᠭᠠᠳᠠᠭᠰᠢ ᠭᠠᠷᠬᠤ᠂ ᠠᠮᠢᠳᠤᠷᠠᠯ ᠵᠡᠷᠭᠡ ᠡᠯ᠎ᠡ ᠲᠠᠯ᠎ᠠ ᠳᠤ ᠬᠤᠯᠪᠣᠭᠳᠠᠨ᠎ᠠ᠃ ᠲᠣᠰ ᠤᠳᠠᠭᠠᠨ ᠤ ᠲᠤᠰᠠᠯᠠᠬᠤ ᠪᠠᠭᠠᠵᠢ ᠬᠡᠷᠡᠭᠰᠡᠯ ᠢ ᠲᠤᠬᠢᠷᠠᠭᠤᠯᠤᠨ ᠲᠠᠭᠠᠷᠠᠭᠤᠯᠤᠭᠰᠠᠨ ᠨᠢ ᠵᠡᠮᠳᠡᠭᠴᠦᠳ ᠤᠨ ᠠᠮᠢᠳᠤᠷᠠᠯ ᠳᠥᠭᠦᠮ ᠦᠭᠡᠢ ᠪᠠᠶᠢᠬᠤ ᠠᠰᠠᠭᠤᠳᠠᠯ ᠢ ᠰᠢᠶᠳᠪᠦᠷᠢᠯᠡᠭᠰᠡᠨ ᠢᠶᠠᠷ ᠪᠠᠷᠠᠬᠤ ᠦᠭᠡᠢ ᠪᠠᠰᠠ ᠶᠠᠳᠠᠭᠤ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠶᠠᠰᠤ ᠴᠢᠨᠠᠷ ᠢ ᠰᠠᠶᠢᠵᠢᠷᠠᠭᠤᠯᠵᠤ᠂ ᠥᠷᠭᠡᠨ ᠣᠯᠠᠨ ᠶᠠᠳᠠᠭᠤ ᠬᠦᠴᠢᠷᠳᠡᠯᠲᠡᠶ ᠵᠡᠮᠳᠡᠭᠴᠦᠳ᠂ ᠭᠡᠷ ᠪᠦᠯᠢ ᠶᠢᠨ ᠬᠢᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠨᠢᠭᠡᠳᠦᠯᠲᠡᠶ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1